ᠦᠰᠦᠭ ᠢᠶᠠᠷ ᠥᠭᠦᠯᠡᠬᠦᠢ᠄ ᠲᠦᠮᠡᠳ ᠵᠡᠭᠦᠨ ᠬᠤᠰᠢᠭᠤᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠲᠥᠰᠥᠯ ᠤᠨ ᠲᠤᠬᠠᠢ
ᠨᠡᠶᠢᠲᠡᠯᠡᠭᠰᠡᠨ ᠴᠠᠭ᠄
2023/6/22
     ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠣᠶᠢᠷ᠎ᠠ ᠳᠤ ︽ᠲᠦᠮᠡᠳ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ᠡᠳᠦᠭᠡ ︽ᠲᠥᠰᠥᠯ︾ ᠢ ᠨᠡᠶᠢᠲᠡᠯᠡᠭᠰᠡᠨ ᠠᠬᠤᠢ ᠪᠠᠶᠢᠳᠠᠯ᠂ ᠲᠥᠷᠥ ᠶᠢᠨ ᠪᠣᠳᠣᠯᠭ᠎ᠠ ᠶᠢᠨ ᠠᠭᠤᠯᠭ᠎ᠠ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠵᠡᠷᠭᠡ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠶ᠎ᠠ᠃ᠨᠢᠭᠡ᠂ ᠠᠬᠤᠢ ᠪᠠᠶᠢᠳᠠᠯ ᠤᠨ ᠲᠠᠨᠢᠯᠴᠠᠭᠤᠯᠭ᠎ᠠ     ᠪᠦᠬᠦ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠣᠯᠠᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠬᠡᠷᠡᠭᠴᠡᠭᠡ  ᠶᠢ ᠨᠡᠩ ᠰᠠᠶᠢᠨ ᠬᠠᠩᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠳᠣᠲᠣᠭᠠᠳᠤ ᠡᠷᠡᠭᠦᠯ ᠬᠠᠮᠠᠭᠠᠯᠠᠯ ᠤᠨ ᠠᠯᠪᠠᠨ ᠭᠡᠷ ᠬᠢᠲᠠᠳ ︵ᠮᠣᠩᠭᠤᠯ︶ ᠬᠠᠮᠢᠶᠠᠷᠤᠯᠲᠠ ᠦᠰᠦᠭ ︽2022︾ 73 ᠳ᠋ᠤᠭᠠᠷ ᠲᠣᠭᠠᠲᠤ︶᠂ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽ᠬᠥᠬᠡᠬᠤᠲᠠ ᠶᠢᠨ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︿︽2022︾ 133 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠲᠣᠰ ᠬᠤᠰᠢᠭᠤᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠲᠥᠰᠥᠯ︾ ᠢ ᠲᠣᠭᠲᠠᠭᠠᠨ᠎ᠠ᠃ᠬᠤᠶᠠᠷ᠂ ᠲᠥᠷᠥ ᠶᠢᠨ ᠪᠣᠳᠣᠯᠭ᠎ᠠ ᠶᠢᠨ ᠲᠤᠶᠢᠮᠣᠴᠢᠯᠡᠯ     ︽ᠲᠥᠰᠥᠯ︾ ᠨᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠭᠤᠣᠯᠳᠠᠭᠤᠯᠵᠤ᠂ ᠴᠢᠨᠠᠷ ᠰᠠᠶᠢᠲᠠᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ  ᠶᠢ ᠪᠠᠶᠢᠭᠤᠯᠵᠤ᠂ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠦᠬᠦ ᠬᠤᠰᠢᠭᠤᠨ ᠤ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ  ᠶᠢ ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯᠲᠠᠨ ᠤ ᠠᠵᠢᠯ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠪᠠᠷ ᠳᠠᠭᠠᠭᠤᠯᠤᠭᠴᠢ ᠪᠣᠯᠭᠠᠭᠰᠠᠨ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠬᠦᠢᠰᠦ ᠪᠣᠯᠭᠠᠭᠰᠠᠨ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢᠶᠠᠷ ᠰᠠᠭᠤᠷᠢ ᠪᠣᠯᠭᠠᠭᠰᠠᠨ ᠭᠤᠷᠪᠠᠳᠤᠭᠠᠷ ᠳᠡᠰ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠠᠯᠬᠤᠮ ᠠᠯᠬᠤᠮ ᠢᠶᠠᠷ ᠪᠣᠶ ᠪᠣᠯᠭᠠᠵᠤ᠂ ᠪᠥᠬᠦ ᠬᠤᠰᠢᠭᠤᠨ ᠤ ᠠᠷᠠᠳ ᠣᠯᠠᠨ ᠤ ᠬᠢᠲᠠᠳ ᠡᠮᠨᠡᠯᠭᠡ ᠶᠢ ᠮᠡᠳᠡᠬᠦ᠂ ᠬᠢᠲᠠᠳ ᠡᠮᠨᠡᠯᠭᠡ ᠶᠢ ᠢᠲᠡᠭᠡᠬᠦ᠂ ᠬᠢᠲᠠᠳ ᠡᠮᠨᠡᠯᠭᠡ ᠶᠢ ᠬᠠᠶᠢᠷᠠᠯᠠᠬᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠭᠤᠷᠪᠠ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠲᠡᠭᠡᠳ ᠪᠠ ᠬᠦᠷᠢᠶ᠎ᠡ ᠬᠡᠪᠴᠢᠶ᠎ᠡ     ᠲᠣᠰ ︽ᠲᠥᠰᠥᠯ︾ ᠢ ᠪᠥᠬᠦ ᠬᠤᠰᠢᠭᠤᠨ ᠤ ᠪᠣᠶ ᠪᠦᠬᠦᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠳᠤ ᠬᠡᠷᠡᠭᠯᠡᠨ᠎ᠡ᠃ᠳᠥᠷᠪᠡ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠠᠭ     ᠲᠥᠰᠥᠯ ᠢ ᠲᠠᠶᠢᠴᠢᠯᠠᠨ ᠪᠠᠶᠢᠷᠢᠯᠠᠭᠤᠯᠬᠤ᠂ ᠭᠤᠶᠤᠴᠢᠯᠠᠨ ᠮᠡᠳᠡᠭᠦᠯᠵᠦ ᠬᠡᠷᠡᠭᠵᠢᠭᠦᠯᠬᠦ᠂ ᠪᠦᠬᠦ ᠲᠠᠯ᠎ᠠ ᠪᠠᠷ ᠠᠬᠢᠭᠤᠯᠬᠤ ᠭᠤᠷᠪᠠᠨ ᠱᠠᠲᠤ ᠬᠤᠪᠢᠶᠠᠨ᠎ᠠ᠃ᠲᠠᠪᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠪᠣᠳᠠᠲᠠᠢ ᠲᠠᠶᠢᠯᠪᠤᠷᠢᠯᠠᠯᠲᠠ ᠪᠠ ᠲᠣᠳᠣᠷᠬᠠᠶᠢᠯᠠᠯᠲᠠ     ︵ᠨᠢᠭᠡ︶ ᠠᠵᠢᠯ ᠤᠨ ᠬᠠᠷᠠᠯᠲᠠ ᠪᠠᠨ ᠲᠣᠳᠣᠷᠬᠠᠶᠢᠯᠠᠬᠤ ᠬᠡᠷᠡᠭᠲᠡᠢ  ︽ᠲᠥᠰᠥᠯ︾ ᠢ ᠦᠨᠳᠦᠰᠦᠯᠡᠪᠡᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠭᠡᠷ ᠬᠢᠲᠠᠳ ︵ᠮᠣᠩᠭᠤᠯ︶ ᠬᠠᠮᠢᠶᠠᠷᠤᠯᠲᠠ ᠥᠰᠥᠭ ︽2022︾ 73 ᠳ᠋ᠤᠭᠠᠷ ᠲᠣᠭᠠᠲᠤ︶᠂ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽ᠬᠥᠬᠡᠬᠤᠲᠠ ᠶᠢᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ ︶ ᠶᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠲᠥᠰᠥᠯ ᠢ ᠡᠭᠦᠰᠬᠡᠬᠦ ᠲᠤᠬᠠᠢ ᠮᠡᠳᠡᠭᠳᠡᠯ︾ ︵ᠬᠥᠬᠡᠬᠤᠲᠠ ᠸᠧᠢ ᠵᠢᠶᠠᠨ ᠥᠰᠥᠭ ︽2022︾ 133 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠮᠠᠨ ᠤ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠭᠤᠣᠯᠳᠠᠯᠭ᠎ᠠ ᠲᠠᠢ ᠤᠶᠠᠯᠳᠤᠭᠤᠯᠤᠨ᠂ ᠡᠯ᠎ᠡ ᠲᠥᠷᠥᠯ ᠤᠨ ᠠᠵᠢᠯ ᠨᠢ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠤ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠠᠵᠢᠯ ᠤᠨ ᠬᠠᠷᠠᠯᠲᠠ ᠳᠤ ᠭᠦᠷᠦᠭᠰᠡᠨ ᠪᠤᠶᠤ ᠳᠠᠪᠠᠭᠰᠠᠨ ᠪᠠᠶᠢᠨ᠎ᠠ᠃     ︵ᠬᠤᠶᠠᠷ︶ ᠠᠵᠢᠯ ᠤᠨ ᠡᠭᠦᠷᠭᠡ ᠪᠠᠨ ᠲᠣᠳᠣᠷᠬᠠᠶᠢᠯᠠᠬᠤ ᠬᠡᠷᠡᠭᠲᠡᠢ᠃︽ᠲᠥᠰᠥᠯ︾ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠬᠠᠮᠢᠶᠠᠷᠤᠯᠲᠠ ᠶᠢ ᠴᠢᠩᠭᠠᠳᠬᠠᠬᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠬᠦ᠂ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠬᠤ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠲᠣᠬᠢᠷᠠᠬᠤ ᠮᠡᠷᠭᠡᠵᠢᠯ ᠢ ᠳᠡᠯᠭᠡᠷᠡᠭᠦᠯᠬᠦ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠬᠡᠳᠦᠨ ᠲᠠᠯ᠎ᠠ ᠪᠠᠷ ᠠᠵᠢᠯ ᠤᠨ ᠡᠭᠦᠷᠭᠡ ᠶᠢ ᠲᠣᠳᠣᠷᠬᠠᠶᠢᠯᠠᠪᠠ᠃     ︵ᠭᠤᠷᠪᠠ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃︽ᠲᠥᠰᠥᠯ︾  ᠨᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠲᠤ ᠬᠤᠰᠢᠭᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ᠂ ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠬᠤᠰᠢᠭᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠰᠢᠭᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠤᠰᠢᠭᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠰᠢᠭᠤᠨ ᠠᠷᠠᠳ ᠤᠨ ᠡᠮᠨᠡᠯᠭᠡ ᠶᠢᠨ ᠬᠤᠷᠢᠶ᠎ᠠ᠂ ᠬᠤᠰᠢᠭᠤᠨ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ᠂ ᠡᠯ᠎ᠡ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ  ᠠᠵᠢᠯ ᠤᠨ ᠬᠤᠪᠢᠶᠠᠷᠢᠯᠠᠯ ᠢ ᠲᠤᠳᠤᠷᠬᠠᠶᠢᠯᠠᠪᠠ᠃     ︵ᠳᠥᠷᠪᠡ︶ ᠠᠵᠢᠯ ᠤᠨ ᠠᠯᠬᠤᠮ ᠳᠠᠷᠠᠭ᠎ᠠ ᠪᠠᠨ ᠲᠣᠳᠣᠷᠬᠠᠶᠢᠯᠠᠬᠤ ᠬᠡᠷᠡᠭᠲᠡᠢ᠃︽ᠲᠥᠰᠥᠯ︾ ᠳᠤ ᠠᠵᠢᠯ ᠤᠨ ᠠᠯᠬᠤᠮ ᠳᠠᠷᠠᠭ᠎ᠠ ᠶᠢ ᠲᠣᠳᠣᠷᠬᠠᠶᠢᠯᠠᠵᠤ᠂ ᠭᠤᠷᠪᠠᠨ ᠱᠠᠲᠤ ᠬᠤᠪᠢᠶᠠᠨ᠎ᠠ᠃ᠨᠢᠭᠡ ᠳᠤ ᠲᠠᠶᠢᠴᠢᠯᠠᠨ ᠪᠠᠶᠢᠷᠢᠯᠠᠭᠤᠯᠬᠤ ᠱᠠᠲᠤ ᠦᠶ᠎ᠡ᠂ ᠬᠤᠶᠠᠷ ᠲᠤ ᠭᠤᠶᠤᠴᠢᠯᠠᠨ ᠮᠡᠳᠡᠭᠦᠯᠵᠦ ᠬᠡᠷᠡᠭᠵᠢᠭᠦᠯᠬᠦ ᠱᠠᠲᠤ ᠦᠶ᠎ᠡ᠂ ᠭᠤᠷᠪᠠ ᠳᠤ ᠪᠦᠬᠦ ᠲᠠᠯ᠎ᠠ ᠪᠠᠷ ᠠᠬᠢᠭᠤᠯᠬᠤ ᠱᠠᠲᠤ ᠦᠶ᠎ᠡ᠃     ︵ᠲᠠᠪᠤ︶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠎ᠠ᠃ᠡᠭᠦᠨ ᠳᠤ ᠭᠤᠷᠪᠠᠨ ᠲᠠᠯ᠎ᠠ ᠪᠠᠭᠲᠠᠨ᠎ᠠ᠄ ᠨᠢᠭᠡ ᠳᠤ ᠲᠠᠨᠢᠯᠲᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠪᠠᠨ ᠴᠢᠩᠭᠠᠳᠬᠠᠬᠤ;ᠬᠤᠶᠠᠷ ᠲᠤ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠎ᠠ︔ᠭᠤᠷᠪᠠ ᠳᠤ ᠤᠬᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠢ ᠪᠣᠶ ᠪᠣᠯᠭᠠᠨ᠎ᠠ᠃ᠵᠢᠷᠭᠤᠭ᠎ᠠ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢᠨ ᠵᠢᠱᠢᠯᠲᠡ ᠵᠢᠴᠢ ᠦᠨᠡᠯᠡᠨ ᠵᠢᠱᠢᠬᠦ ᠠᠷᠭ᠎ᠠ ᠮᠠᠶ᠋ᠢᠭ     ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠪᠡᠳᠴᠢᠯᠡᠭᠡᠳᠦᠢ ᠶᠢ ᠵᠠᠰᠠᠬᠤ᠂ ᠡᠷᠡᠭᠦᠯᠵᠢᠭᠦᠯᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠵᠡᠷᠭᠡ ᠬᠦᠷᠢᠶ᠎ᠡ ᠴᠠᠷᠠᠭ᠎ᠠ ᠳᠠᠬᠢ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠣᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠢᠲᠠᠳ ᠡᠮᠨᠡᠯᠭᠡ ᠶᠢᠨ ᠣᠷᠳᠣᠨ ︵ᠮᠣᠩᠭᠤᠯ ᠡᠮᠨᠡᠯᠭᠡ ᠶᠢᠨ ᠣᠷᠳᠣᠨ︶ ᠤ ᠠᠭᠤᠯᠤᠭᠳᠠᠬᠤᠨ ᠤ ᠪᠠᠶᠢᠭᠤᠯᠤᠯᠲᠠ ᠶᠢ ᠴᠢᠩᠭᠠᠳᠬᠠᠵᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ  ᠠᠬᠢᠬᠭᠤᠯᠤᠨ᠎ᠠ᠃     ᠳᠣᠯᠤᠭ᠎ᠠ᠂ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠳᠡᠯᠭᠡᠷᠡᠭᠦᠯᠬᠦ ᠠᠷᠭ᠎ᠠ ᠬᠡᠮᠵᠢᠶ᠎ᠡ     ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠨᠢᠭᠡᠴᠡ ᠶᠢᠨ ᠠᠵᠢᠯᠯᠠᠭ᠎ᠠ ᠶᠢᠨ ᠭᠠᠷ ᠳᠡᠪᠲᠡᠷ᠂ ᠤᠬᠠᠭᠤᠯᠭ᠎ᠠ ᠶᠢᠨ ᠡᠪᠬᠡᠮᠡᠯ ᠬᠠᠭᠤᠳᠠᠰᠤ ᠵᠡᠷᠭᠡ ᠶᠢ ᠨᠢᠭᠡᠳᠦᠯᠲᠡᠢ ᠦᠢᠯᠡᠳᠬᠦ ᠪᠠᠷ ᠳᠠᠮᠵᠢᠭᠤᠯᠤᠨ ᠡᠭᠦᠳᠦᠨLed ᠲᠣᠮᠣ ᠳᠡᠯᠭᠡᠴᠡ᠂ ᠰᠣᠨᠢᠨ ᠰᠡᠳᠬᠦᠯ ᠵᠡᠷᠭᠡ ᠤᠯᠠᠮᠵᠢᠯᠠᠯᠲᠤ ᠵᠠᠭᠤᠴᠢᠯᠠᠭᠤᠷ ᠪᠣᠯᠣᠨ ᠰᠢᠨ᠎ᠡ ᠵᠠᠭᠤᠴᠢᠯᠠᠭᠤᠷ᠂ ᠰᠢᠯᠵᠢᠮᠡᠯ ᠦᠵᠦᠭᠦᠷ ᠵᠡᠷᠭᠡ ᠰᠢᠨ᠎ᠡ ᠬᠡᠯᠪᠡᠷᠢ ᠶᠢᠨ ᠠᠴᠢᠶᠠᠯᠠᠪᠤᠷᠢ ᠶᠢ ᠭᠦᠢᠴᠡᠳ ᠬᠡᠷᠡᠭᠯᠡᠨ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠤᠯᠪᠣᠭᠳᠠᠯ ᠪᠦᠬᠦᠢ ᠬᠢᠲᠠᠳ ᠡᠮ ᠡᠮᠨᠡᠯᠭᠡ ᠶᠢᠨ ᠴᠢᠭᠯᠡᠯᠲᠡ ᠲᠦᠷᠦ ᠶᠢᠨ ᠪᠣᠳᠣᠯᠭ᠎ᠠ ᠶᠢ ᠤᠬᠠᠭᠤᠯᠵᠤ᠂ ᠬᠢᠲᠠᠳ ᠡᠮ ᠡᠮᠨᠡᠯᠭᠡ ᠶᠢᠨ ᠰᠣᠶᠣᠯ ᠢ ᠶᠡᠬᠡᠪᠡᠷ ᠪᠠᠳᠠᠷᠠᠭᠤᠯᠵᠤ᠂ ᠡᠭᠦᠳᠦᠨ ᠪᠠᠶᠢᠭᠤᠯᠬᠤ ᠠᠵᠢᠯ ᠢ ᠬᠠᠮᠲᠤᠪᠠᠷ ᠲᠦᠯᠬᠢᠨ ᠠᠬᠢᠭᠤᠯᠤᠨ᠎ᠠ᠃ᠨᠠᠢᠮᠠ᠂ ᠪᠤᠰᠤᠳ ᠠᠩᠬᠠᠷᠬᠤ ᠵᠦᠢᠯ     ᠡᠯ᠎ᠡ ᠰᠠᠯᠠᠭ᠎ᠠ ᠮᠥᠴᠢᠷ᠂ ᠨᠢᠭᠡᠴᠡ ᠨᠦᠭᠦᠳ ᠬᠠᠷᠢᠯᠴᠠᠭ᠎ᠠ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ ᠂ ᠡᠭᠦᠳᠦᠨ ᠪᠠᠶᠢᠭᠤᠯᠬᠤ ᠠᠵᠢᠯ ᠢ ᠬᠠᠮᠲᠤᠪᠠᠷ ᠠᠬᠢᠭᠤᠯᠬᠤ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ᠃ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠪᠥᠬᠦ ᠬᠤᠰᠢᠭᠤᠨ ᠤ ᠬᠢᠲᠠᠳ ᠡᠮ ᠡᠮᠨᠡᠯᠭᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠰᠠᠯᠠᠭ᠎ᠠ ᠮᠥᠴᠢᠷ᠂ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠵᠦ᠂ ᠡᠯ᠎ᠡ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ 
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号