ᠨᠢᠭᠡ᠂ ᠠᠵᠢᠯ ᠤᠨ ᠠᠬᠤᠢ ᠪᠠᠶᠢᠳᠠᠯ | | | ᠲᠣᠰ ᠲᠥᠰᠥᠯ ᠪᠣᠯ ᠮᠠᠨ ᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠲᠥᠰᠥᠪ ᠤᠨ ᠰᠢᠰᠲ᠋ᠧᠮ ᠤᠨ ᠶᠡᠷᠦᠩᠬᠡᠢ ᠬᠥᠲᠥᠯᠪᠦᠷᠢ ᠮᠥᠨ᠃ ᠵᠠᠰᠠᠭ ᠤᠨ ᠣᠷᠳᠣᠨ ᠤ ᠵᠣᠬᠢᠶᠠᠨ | ᠪᠠᠶᠢᠭᠤᠯᠤᠯᠲᠠ ᠶᠢᠨ ᠭᠡᠨᠡᠳᠲᠡ ᠶᠢᠨ ᠬᠡᠷᠡᠭ ᠢ ᠠᠷᠭᠠᠴᠠᠬᠤ ᠶᠡᠷᠦᠩᠬᠡᠢ ᠳᠦᠷᠢᠮ ᠤᠨ ᠲᠣᠬᠢᠷᠠᠭᠤᠯᠤᠯᠲᠠ ᠪᠠᠶᠢᠵᠤ᠂ | ᠪᠥᠬᠦ ᠬᠤᠰᠢᠭᠤᠨ ᠤ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ᠂ ᠬᠡᠷᠡᠭ ᠤᠨ ᠳᠠᠷᠠᠭ᠎ᠠ ᠰᠡᠷᠭᠦᠭᠡᠬᠦ ᠪᠠ ᠳᠠᠬᠢᠨ | ᠪᠠᠶᠢᠭᠤᠯᠬᠤ ᠵᠡᠷᠭᠡ ᠠᠵᠢᠯ ᠢ ᠵᠢᠯᠣᠭᠤᠳᠤᠨ᠎ᠠ᠃ | ᠲᠤᠰ ᠪᠡᠯᠡᠳᠬᠡᠯ ᠲᠥᠰᠥᠯ ᠳᠤ ᠬᠡᠯᠡᠵᠦ ᠪᠠᠶᠢᠭ᠎ᠠ ᠭᠡᠨᠡᠳᠲᠡ ᠶᠢᠨ ᠬᠡᠷᠡᠭ ᠭᠡᠳᠡᠭ ᠪᠣᠯ ᠭᠡᠨᠡᠳᠲᠡ ᠡᠭᠦᠰᠦᠭᠰᠡᠨ᠂ | ᠬᠦᠨᠳᠦ ᠨᠣᠴᠢᠲᠠᠢ ᠨᠡᠶᠢᠭᠡᠮ ᠤᠨ ᠬᠤᠣᠷ ᠬᠥᠨᠥᠭᠡᠯ ᠤᠴᠠᠷᠠᠭᠤᠯᠤᠭᠰᠠᠨ ᠪᠤᠶᠤ ᠤᠴᠠᠷᠠᠭᠤᠯᠵᠤ ᠮᠡᠳᠡᠬᠦ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ ᠠᠷᠭᠠᠴᠠᠬᠤ ᠴᠢᠬᠤᠯᠠᠲᠠᠢ ᠪᠠᠶᠢᠭᠠᠯᠢ ᠶᠢᠨ ᠭᠠᠮᠰᠢᠭ᠂ | ᠡ᠊ᠨᠳᠡᠯ ᠤᠨ ᠭᠠᠢ ᠭᠠᠮᠰᠢᠭ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠪᠠ ᠨᠡᠶᠢᠭᠡᠮ ᠤᠨ ᠠᠮᠤᠷ | ᠲᠦᠪᠰᠢᠨ ᠤ ᠬᠡᠷᠡᠭ ᠢ ᠵᠢᠭᠠᠵᠤ ᠪᠠᠶᠢᠨ᠎ᠠ᠃ | ᠶᠡᠷᠦᠩᠬᠡᠢ ᠲᠥᠰᠥᠯ ᠨᠢ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠶᠡᠷᠦᠩᠬᠡᠢ | ᠬᠥᠲᠥᠯᠪᠦᠷᠢ ᠪᠣᠯᠤᠭᠰᠠᠨ ᠤ ᠬᠤᠪᠢ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠭᠡᠨᠡᠳᠲᠡ ᠶᠢᠨ ᠬᠡᠷᠡᠭ ᠢ ᠠᠷᠭᠠᠴᠠᠬᠤ ᠶᠡᠷᠦᠩᠬᠡᠢ ᠳᠦᠷᠢᠮ ᠤᠨ ᠲᠣᠬᠢᠷᠠᠭᠤᠯᠤᠯᠲᠠ ᠪᠣᠯᠣᠨ᠎ᠠ᠃︽ᠲᠦᠮᠡᠳ ᠵᠡᠭᠦᠨ | ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ᠢ 2023 | ᠣᠨ ᠳᠤ ᠳᠠᠷᠤᠮᠠᠯᠯᠠᠨ ᠲᠠᠷᠬᠠᠭᠠᠪᠠ᠃ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭᠠᠬᠢ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠰᠢᠨ᠎ᠡ ᠪᠠᠶᠢᠳᠠᠯ ᠪᠣᠯᠣᠨ ᠰᠢᠨ᠎ᠡ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠥᠯᠥᠭᠡ᠂ | ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ᠤᠨ ᠰᠢᠰᠲ᠋ᠧᠮ ᠢ ᠪᠠᠶᠢᠭᠤᠯᠬᠤ᠂ ᠦᠢᠯᠡᠳᠦᠯᠭᠡ ᠶᠢ | ᠵᠢᠯᠤᠭᠤᠳᠬᠤ᠂ ᠲᠣᠭᠲᠠᠴᠠ ᠶᠢ ᠲᠡᠭᠦᠯᠳᠡᠷᠵᠢᠭᠦᠯᠬᠦ ᠦᠢᠯᠡᠳᠦᠯ ᠪᠠ ᠴᠢᠳᠠᠮᠵᠢ ᠶᠢ ᠭᠦᠢᠴᠡᠳ ᠪᠠᠳᠠᠷᠠᠭᠤᠯᠵᠤ᠂ | ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠣᠬᠤᠯᠠᠪᠤᠷᠢ ᠶᠢᠨ | ᠱᠠᠭᠠᠷᠳᠠᠯᠭ᠎ᠠ ᠶᠣᠰᠣᠭᠠᠷ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠪᠤᠰᠤᠳ ᠲᠡᠷᠢᠭᠦᠨ ᠤ ᠭᠠᠵᠠᠷ | ᠣᠷᠣᠨ ᠤ ᠲᠤᠷᠰᠢᠯᠭ᠎ᠠ ᠪᠠᠷ ᠲᠣᠯᠢ ᠪᠣᠯᠭᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠤᠯᠤᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠶᠡᠷᠦᠩᠬᠡᠢ ᠲᠥᠰᠥᠯ︾᠂ ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ | ᠲᠥᠰᠥᠯ ᠤᠨ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ︵ᠲᠤᠷᠰᠢᠨ ᠬᠡᠷᠡᠭᠵᠢᠭᠦᠯᠬᠦ︶︾᠂ | ︽ᠬᠥᠬᠡᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ᠵᠡᠷᠭᠡ | ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠮᠠᠨ ᠤ | ᠬᠤᠰᠢᠭᠤᠨ ᠤ ᠭᠡᠨᠡᠳᠲᠡ ᠶᠢᠨ ᠬᠡᠷᠡᠭ ᠢ ᠠᠷᠭᠠᠴᠠᠬᠤ ᠠᠵᠢᠯ ᠤᠨ ᠪᠣᠳᠠᠲᠠᠢ ᠱᠠᠭᠠᠷᠳᠠᠯᠭ᠎ᠠ ᠲᠠᠢ ᠤᠶᠠᠯᠳᠤᠭᠤᠯᠤᠨ᠂ | ᠲᠣᠰ ᠪᠡᠯᠡᠳᠬᠡᠯ ᠲᠥᠰᠥᠯ ᠢ ᠲᠦᠷᠦᠭᠦᠯᠡᠨ ᠨᠠᠶᠢᠷᠠᠭᠤᠯᠤᠨ ᠵᠣᠬᠢᠶᠠᠪᠠ᠃ᠬᠤᠰᠢᠭᠤᠨ ᠠᠷᠠᠳ ᠤᠨ ᠵᠠᠰᠠᠭ ᠤᠨ | ᠣᠷᠳᠣᠨ ᠤ 2023 ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠪᠠᠲᠤᠯᠠᠭᠰᠠᠨ ᠢᠶᠠᠷ | ᠂ ᠬᠤᠰᠢᠭᠤᠨ ᠠᠷᠠᠳ ᠤᠨ ᠵᠠᠰᠠᠭ ᠤᠨ ᠣᠷᠳᠣᠨ 2023 ᠣᠨ ᠤ 6 ᠰᠠᠷ᠎ᠠ ᠶᠢᠨ 21 ᠤ ᠡᠳᠦᠷ ︽ᠲᠦᠮᠡᠳ | ᠵᠡᠭᠦᠨ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ︵ | ᠲᠦᠮᠡᠳ ᠵᠡᠭᠦᠨ ᠵᠠᠰᠠᠭ ᠥᠰᠥᠭ ﹇2023﹈ 133 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ | ᠳᠣᠷᠣᠭᠰᠢ ︽ᠪᠡᠯᠡᠳᠬᠡᠯ ᠲᠥᠰᠥᠯ︾ ᠭᠡᠵᠦ ᠲᠣᠪᠴᠢᠯᠠᠨ᠎ᠠ᠃ | | | ᠬᠤᠶᠠᠷ᠂ ᠭᠤᠣᠯ ᠠᠭᠤᠯᠭ᠎ᠠ | | ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ᠳᠤ ᠶᠡᠷᠦᠩᠬᠡᠢ | ᠳᠦᠷᠢᠮ᠂ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮ᠂ ᠠᠵᠢᠯᠯᠠᠭᠠᠨ ᠤ ᠲᠣᠭᠲᠠᠴᠠ᠂ ᠪᠡᠯᠡᠳᠬᠡᠯ ᠪᠠ | ᠳᠡᠮᠵᠢᠯᠭᠡ᠂ ᠪᠡᠯᠡᠳᠬᠡᠯ ᠲᠥᠰᠥᠯ ᠤᠨ ᠬᠠᠮᠢᠶᠠᠷᠤᠯᠲᠠ᠂ ᠳᠠᠭᠠᠯᠳᠤᠭᠤᠯᠤᠯ ᠳᠦᠷᠢᠮ ᠬᠢᠭᠡᠳ ᠳᠠᠭᠠᠯᠳᠤᠭᠤᠯᠤᠯ ᠵᠡᠷᠭᠡ | 7 ᠬᠡᠰᠡᠭ ᠢ ᠪᠠᠭᠲᠠᠭᠠᠵᠤ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠠᠴᠠ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠬᠦᠷᠲᠡᠯᠡᠬᠢ᠂ ᠳᠠᠭᠢᠵᠤ ᠰᠡᠷᠭᠦᠭᠡᠨ ᠳᠠᠬᠢᠨ ᠪᠠᠶᠢᠭᠤᠯᠬᠤ ᠬᠦᠷᠲᠡᠯᠡᠬᠢ ᠪᠦᠬᠦᠶᠢᠯᠡ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠪᠥᠬᠦ ᠶᠠᠪᠤᠴᠠ ᠶᠢᠨ ᠠᠭᠤᠯᠭ᠎ᠠ ᠶᠢ ᠬᠠᠮᠤᠷᠴᠤ᠂ ᠪᠠᠴᠢᠮ ᠪᠠᠶᠢᠳᠠᠯ ᠢ ᠠᠷᠭᠠᠴᠠᠬᠤ | ᠰᠢᠰᠲ᠋ᠧᠮ ᠤᠨ ᠨᠢᠭᠡᠨ ᠪᠦᠷᠢᠨ ᠪᠦᠲᠦᠨ ᠪᠣᠷᠣ ᠲᠥᠯᠥᠪ ᠢ ᠪᠠᠶᠢᠭᠤᠯᠤᠭᠰᠠᠨ ᠪᠠᠶᠢᠨ᠎ᠠ᠃ᠰᠢᠨ᠎ᠡ ᠪᠠᠷ ᠨᠡᠶᠢᠲᠡᠯᠡᠭᠰᠡᠨ | ᠪᠡᠯᠡᠳᠬᠡᠯ ᠲᠥᠰᠥᠯ ᠳᠤ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠂ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠵᠡᠷᠭᠡ ᠲᠠᠯ᠎ᠠ ᠶᠢᠨ ᠠᠭᠤᠯᠭ᠎ᠠ ᠶᠢ ᠲᠣᠬᠢᠷᠠᠭᠤᠯᠤᠨ ᠵᠢᠷᠤᠮᠵᠢᠭᠤᠯᠵᠤ᠂ ᠲᠡᠭᠦᠨ ᠢ ᠪᠠᠴᠢᠮ | ᠪᠠᠶᠢᠳᠠᠯ ᠢ ᠠᠷᠭᠠᠴᠠᠬᠤ ᠡᠬᠢ ᠪᠠᠶᠠᠯᠢᠭ ᠢ ᠨᠥᠭᠡᠴᠡᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠴᠢᠳᠠᠪᠤᠷᠢ ᠲᠠᠢ ᠵᠣᠬᠢᠴᠠᠯᠳᠤᠭᠤᠯᠪᠠ᠃ | | | ᠭᠤᠷᠪᠠ᠂ ᠣᠨᠴᠠᠯᠢᠭᠲᠤ ᠭᠢᠯᠠᠰ ᠴᠡᠭ | | | ︵ᠨᠢᠭᠡ︶ ᠨᠠᠮ ᠤᠨ ᠭᠡᠨᠡᠳᠲᠡ ᠶᠢᠨ ᠬᠡᠷᠡᠭ ᠢ ᠠᠷᠭᠠᠴᠠᠬᠤ ᠠᠵᠢᠯ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠲᠤᠪᠤᠶᠢᠯᠭᠠᠪᠠ | ᠨᠢᠭᠡ ᠳᠤ᠂ ᠠᠵᠢᠯ ᠤᠨ ᠵᠠᠷᠴᠢᠮ ᠳᠡᠭᠡᠷ᠎ᠡ ᠪᠠᠨ ᠨᠠᠮ ᠤᠨ ᠬᠤᠷᠢᠶᠠᠨ ᠤ ᠤᠳᠤᠷᠢᠳᠤᠯᠭ᠎ᠠ ᠶᠢ ᠪᠠᠷᠢᠮᠲᠠᠯᠠᠬᠤ | ᠦᠨᠳᠦᠰᠦᠨ ᠵᠠᠷᠴᠢᠮ ᠢ ᠲᠣᠳᠣᠷᠬᠠᠢ ᠲᠣᠭᠲᠠᠭᠠᠵᠤ᠂ ᠬᠤᠰᠢᠭᠤᠨ ᠤ ᠨᠠᠮ ᠤᠨ ᠬᠤᠷᠢᠶᠠᠨ ᠤ ᠭᠡᠨᠡᠳᠲᠡ ᠶᠢᠨ ᠬᠡᠷᠡᠭ ᠢ | ᠠᠷᠭᠠᠴᠠᠬᠤ ᠠᠵᠢᠯ ᠢ ᠤᠳᠤᠷᠢᠳᠬᠤ ᠪᠠᠶᠢᠷᠢᠰᠢᠯ ᠢ ᠲᠣᠭᠲᠠᠭᠠᠵᠠᠢ᠃ | ᠬᠤᠶᠠᠷ ᠲᠤ᠂ ᠠᠵᠢᠯ ᠤᠨ ᠬᠠᠷᠠᠯᠲᠠ ᠶᠢᠨ ᠲᠠᠯ᠎ᠠ ᠪᠠᠷ᠂ ︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ | ᠣᠷᠳᠣᠨ ᠭᠤᠣᠯᠯᠠᠨ ᠤᠳᠤᠷᠢᠳᠬᠤ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ᠂ ᠰᠢᠰᠲ᠋ᠧᠮ ᠬᠡᠰᠡᠭ | ᠤᠶᠠᠯᠳᠤᠬᠤ᠂ ᠲᠤᠰᠬᠠᠢ ᠮᠡᠷᠭᠡᠵᠢᠯ ᠢᠶᠠᠷ ᠰᠢᠢᠳᠪᠦᠷᠢᠯᠡᠬᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ︾ ᠠᠵᠢᠯ ᠤᠨ | ᠪᠠᠶᠢᠷᠢᠰᠢᠯ ᠢ ᠲᠣᠭᠲᠠᠭᠠᠪᠠ᠃ | ︵ᠬᠤᠶᠠᠷ︶ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢ ᠨᠠᠩ ᠰᠢᠯᠢᠳᠡᠭ ᠨᠠᠩ ᠪᠣᠳᠠᠲᠠᠢ ᠪᠣᠯᠭᠠᠨ᠎ᠠ | ᠨᠢᠭᠡ ᠳᠤ᠂ ᠲᠤᠰᠬᠠᠢ ᠵᠢᠯᠤᠭᠤᠳᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠪᠠᠴᠢᠮ | ᠪᠠᠶᠢᠳᠠᠯ ᠢ ᠠᠷᠭᠠᠴᠠᠬᠤ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠤᠨ᠎ᠠ᠃ᠪᠠᠶᠢᠩᠭᠤ ᠶᠢᠨ ᠲᠤᠰᠬᠠᠢ ᠵᠢᠯᠤᠭᠤᠳᠬᠤ | ᠪᠠᠶᠢᠭᠤᠯᠤᠮᠵᠢ ᠠᠴᠠ ᠭᠠᠳᠠᠨ᠎ᠠ᠂ ᠬᠡᠷᠪᠡ ᠪᠤᠰᠤᠳ ᠭᠡᠨᠡᠳᠲᠡ ᠶᠢᠨ ᠬᠡᠷᠡᠭ ᠡᠭᠦᠰᠴᠦ᠂ ᠪᠠᠶᠢᠩᠭᠤ ᠶᠢᠨ ᠲᠤᠰᠬᠠᠢ | ᠵᠢᠯᠤᠭᠤᠳᠬᠤ ᠪᠠᠶᠢᠭᠤᠯᠤᠮᠵᠢ ᠪᠠᠶᠢᠬᠤ ᠦᠭᠡᠢ ᠪᠣᠯ ᠬᠤᠰᠢᠭᠤᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠲᠤᠰᠬᠠᠢ | ᠲᠥᠰᠥᠯ ᠤᠨ ᠶᠣᠰᠣᠭᠠᠷ ᠲᠦᠷ ᠴᠠᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠢ ᠵᠣᠬᠢᠶᠠᠨ | ᠪᠠᠶᠢᠭᠤᠯᠵᠤ᠂ ᠠᠷᠭᠠᠴᠠᠬᠤ ᠠᠵᠢᠯ ᠢ ᠬᠠᠷᠢᠭᠤᠴᠠᠨ ᠥᠷᠨᠢᠭᠦᠯᠦᠨ᠎ᠡ ᠭᠡᠵᠦ ᠲᠣᠳᠣᠷᠬᠠᠢ ᠲᠣᠭᠲᠠᠭᠠᠪᠠ᠃ | ᠬᠤᠶᠠᠷ ᠲᠤ᠂ ᠦᠨᠳᠦᠰᠦᠨ ᠱᠠᠲᠤᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ᠰᠢᠶᠠᠩ ᠪᠠᠯᠭᠠᠰᠤ ︵ᠵᠡᠭᠡᠯᠢ | ᠭᠤᠳᠤᠮᠵᠢ︶ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ | ᠠᠵᠢᠯᠲᠠᠨ ᠤ ᠲᠣᠬᠢᠷᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠲᠣᠰᠬᠤᠨ ︵ᠨᠡᠶᠢᠭᠡᠮ | ᠲᠣᠭᠤᠷᠢᠭ︶ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠ | ᠱᠠᠭᠠᠷᠳᠠᠯᠭ᠎ᠠ ᠶᠢ ᠲᠣᠭᠲᠠᠭᠠᠪᠠ᠃ | ᠭᠤᠷᠪᠠ ᠳᠤ᠂ ᠴᠢᠬᠤᠯᠠ ᠶᠡᠭᠡ ᠠᠵᠢᠯᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠢᠪᠡᠯᠡᠳᠬᠡᠯ | ᠲᠥᠰᠥᠯ ᠳᠤ ᠴᠢᠬᠤᠯᠠ ᠶᠡᠭᠡ ᠠᠵᠢᠯᠯᠠᠭ᠎ᠠ ᠶᠢ ᠭᠤᠣᠯᠯᠠᠨ ᠡᠷᠭᠢᠯᠡᠬᠦ ᠪᠤᠶᠤ ᠳᠠᠭᠠᠭᠠᠨ ᠭᠦᠢᠴᠡᠳᠬᠡᠬᠦ | ᠪᠠᠶᠢᠭᠤᠯᠤᠮᠵᠢ ᠨᠤᠭᠤᠳ ᠪᠠᠴᠢᠮ ᠪᠠᠶᠢᠳᠠᠯ ᠢ ᠠᠷᠭᠠᠴᠠᠬᠤ ᠪᠠᠶᠢᠭᠤᠯᠤᠮᠵᠢ ᠪᠠᠶᠢᠭᠤᠯᠬᠤ ᠶᠢ ᠨᠠᠷᠢᠯᠢᠭᠵᠢᠭᠤᠯᠵᠤ᠂ | ᠭᠡᠨᠡᠳᠲᠡ ᠶᠢᠨ ᠬᠡᠷᠡᠭ ᠢ ᠠᠷᠭᠠᠴᠠᠬᠤ ᠲᠣᠭᠲᠠᠴᠠ ᠶᠢ ᠪᠠᠶᠢᠭᠤᠯᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ | ᠨᠢᠭᠡᠴᠡ ᠨᠦᠭᠦᠳ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠠᠬᠢ ᠵᠠᠮ ᠬᠠᠷᠢᠯᠴᠠᠭ᠎ᠠ᠂ ᠮᠡᠳᠡᠭᠡ ᠬᠤᠯᠪᠣᠭ᠎ᠠ᠂ | ᠤᠰᠤ ᠬᠠᠩᠭᠠᠬᠤ᠂ ᠤᠰᠤ ᠵᠠᠯᠠᠬᠤ᠂ ᠴᠠᠬᠢᠯᠭᠠᠨ ᠬᠦᠴᠦ ᠵᠡᠷᠭᠡ ᠬᠤᠲᠠ ᠶᠢᠨ ᠠᠵᠢᠯᠯᠠᠭᠠᠨ ᠤ ᠪᠠᠲᠤᠯᠠᠭ᠎ᠠ ᠪᠠ | ᠨᠡᠶᠢᠭᠡᠮ ᠤᠨ ᠲᠠᠯ᠎ᠠ ᠶᠢᠨ ᠭᠡᠨᠡᠳᠲᠡ ᠶᠢᠨ ᠬᠡᠷᠡᠭ ᠢ ᠵᠢᠯᠣᠭᠤᠳᠤᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ | ᠭᠡᠵᠦ ᠲᠣᠳᠣᠷᠬᠠᠢ ᠲᠣᠭᠲᠠᠭᠠᠵᠠᠢ᠃ | ︵ᠭᠤᠷᠪᠠ︶ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠨᠠᠩ ᠰᠢᠨᠵᠢᠯᠡᠬᠦ ᠤᠬᠠᠭᠠᠨᠴᠢ ᠪᠣᠯᠭᠠᠬᠤ | ᠬᠡᠷᠡᠭᠲᠡᠢ | ᠨᠢᠭᠡ ᠳᠤ᠂ ᠮᠡᠳᠡᠭᠡ ᠵᠠᠩᠭᠢ ᠶᠢᠨ ᠲᠣᠣᠷ ᠰᠦᠯᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ | ᠪᠡᠯᠡᠳᠬᠡᠯ ᠲᠥᠰᠥᠯ ᠳᠤ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠭᠡᠨᠡᠳᠲᠡ ᠶᠢᠨ | ᠬᠡᠷᠡᠭ ᠢ ᠠᠷᠭᠠᠴᠠᠬᠤ ᠪᠥᠬᠦ ᠶᠠᠪᠤᠴᠠ ᠳᠤ ᠲᠤᠤᠱᠯᠠᠭᠤᠯᠬᠤ ᠬᠡᠷᠡᠭᠲᠡᠢ ᠭᠡᠵᠦ ᠴᠢᠬᠤᠯᠠᠴᠢᠯᠠᠵᠤ᠂ ᠭᠠᠢ ᠭᠠᠮᠰᠢᠭ ᠤᠨ | ᠮᠡᠳᠡᠭᠡ ᠵᠠᠩᠭᠢᠴᠢ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠠᠵᠢᠯᠲᠠᠨ ᠵᠡᠷᠭᠡ ᠲᠤᠰᠬᠠᠢ ᠲᠤᠰᠢᠶᠠᠯᠲᠤ | ᠠᠵᠢᠯᠲᠠᠨ ᠤ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠮᠡᠳᠡᠭᠦᠯᠬᠦ ᠲᠤᠰᠢᠶᠠᠯ ᠬᠠᠷᠢᠭᠤᠴᠠᠯᠭ᠎ᠠ ᠶᠢ | ᠨᠠᠷᠢᠯᠢᠭᠵᠢᠭᠤᠯᠵᠤ᠂ ᠮᠡᠳᠡᠭᠦᠯᠦᠨ ᠬᠦᠷᠭᠡᠬᠦ ᠴᠠᠭ ᠤᠨ ᠬᠢᠵᠠᠭᠠᠷ ᠪᠠ ᠭᠥᠯᠢᠶᠡᠨ ᠠᠪᠬᠤ ᠪᠡᠶᠡᠴᠢ ᠴᠣᠭᠴᠠ ᠶᠢ | ᠲᠣᠳᠣᠷᠬᠠᠢ ᠪᠣᠯᠭᠠᠵᠤ᠂ ᠵᠡᠷᠭᠡ ᠳᠡᠰ ᠢ ᠨᠢ ᠲᠦᠷ ᠮᠠᠭᠠᠳᠯᠠᠨ ᠲᠣᠳᠣᠯᠠᠬᠤ ᠶᠢᠨ ᠠᠷᠭ᠎ᠠ ᠦᠭᠡᠢ ᠭᠡᠨᠡᠳᠲᠡ ᠶᠢᠨ | ᠬᠡᠷᠡᠭ ᠢ ᠮᠡᠳᠡᠭᠦᠯᠦᠨ ᠬᠦᠷᠭᠡᠬᠦ ᠠᠵᠢᠯ ᠢ ᠵᠢᠷᠤᠮᠵᠢᠭᠤᠯᠪᠠ᠃ | ᠬᠤᠶᠠᠷ ᠲᠤ᠂ ᠤᠯᠠᠨ ᠨᠡᠶᠢᠲᠡ ᠶᠢᠨ ᠴᠤᠤᠷᠢᠶᠠᠲᠤᠯ ᠤᠨ ᠬᠤᠯᠪᠣᠭᠳᠠᠯ ᠪᠦᠬᠦᠢ ᠠᠭᠤᠯᠭ᠎ᠠ ᠶᠢ ᠨᠡᠮᠡᠪᠡ᠃ | ᠪᠡᠯᠡᠳᠬᠡᠯ ᠲᠥᠰᠥᠯ ᠳᠤ ᠤᠯᠠᠨ ᠨᠡᠶᠢᠲᠡ ᠶᠢᠨ ᠴᠤᠤᠷᠢᠶᠠᠲᠤᠨ ᠲᠠᠭᠠᠬᠤ ᠶᠢ ᠠᠩᠬ᠎ᠠ ᠤᠳᠠᠭ᠎ᠠ ᠭᠡᠨᠡᠳᠲᠡ ᠶᠢᠨ | ᠬᠡᠷᠡᠭ ᠢ ᠤᠷᠢᠳᠴᠢᠯᠠᠨ ᠰᠢᠢᠳᠪᠦᠷᠢᠯᠡᠬᠦ ᠠᠭᠤᠯᠭ᠎ᠠ ᠳᠤ ᠣᠷᠣᠭᠤᠯᠵᠤ᠂ ᠭᠡᠨᠡᠳᠲᠡ ᠶᠢᠨ ᠬᠡᠷᠡᠭ ᠢ ᠠᠷᠭᠠᠴᠠᠬᠤ | ᠬᠤᠭᠤᠴᠠᠭᠠᠨ ᠳᠤ᠂ ᠨᠥᠯᠥᠭᠡᠯᠡᠭᠳᠡᠭᠰᠡᠨ ᠠᠷᠠᠳ ᠢᠷᠭᠡᠨ᠂ ᠬᠠᠤᠯᠢ ᠶᠢᠨ ᠬᠥᠮᠥᠨ ᠪᠠ ᠪᠤᠰᠤᠳ ᠵᠣᠬᠢᠶᠠᠨ | ᠪᠠᠶᠢᠭᠤᠯᠤᠯᠲᠠ ᠴᠠᠭ ᠲᠤᠬᠠᠢ ᠳᠤᠨᠢ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠠᠵᠢᠯ ᠢ ᠥᠷᠨᠢᠭᠦᠯᠵᠦ᠂ | ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠪᠠᠶᠢᠭᠠᠳ ᠬᠤᠣᠷ ᠬᠥᠨᠥᠭᠡᠯ ᠤᠨ ᠥᠷᠭᠡᠳᠬᠦ ᠶᠢ ᠰᠡᠷᠭᠡᠶᠢᠯᠡᠵᠦ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ | ᠭᠡᠵᠦ ᠳᠤᠷᠠᠳᠪᠠ᠃ | ᠭᠤᠷᠪᠠ ᠳᠤ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠤᠨ᠎ᠠ᠃ᠪᠡᠯᠡᠳᠬᠡᠯ ᠲᠥᠰᠥᠯ ᠳᠤ ᠠᠩᠬ᠎ᠠ ᠠᠯᠬᠤᠮ ᠤᠨ ᠲᠠᠰᠤᠯᠤᠯᠲᠠ ᠶᠢᠨ ᠲᠠᠰ ᠢ ᠠᠩᠬ᠎ᠠ ᠤᠳᠠᠭ᠎ᠠ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠪᠠᠷᠢᠮᠵᠢᠶ᠎ᠠ ᠪᠣᠯᠭᠠᠵᠤ᠂ ᠠᠳᠠᠯᠢ ᠪᠤᠰᠤ | ᠲᠠᠰ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠭᠤᠣᠯ ᠴᠣᠭᠴᠠ ᠪᠠ ᠳᠠᠭᠠᠬᠤ ᠠᠷᠭ᠎ᠠ ᠬᠡᠮᠵᠢᠶ᠎ᠡ᠂ | ᠱᠠᠭᠠᠷᠳᠠᠯᠭ᠎ᠠ ᠶᠢ ᠲᠣᠳᠣᠷᠬᠠᠶᠢᠯᠠᠵᠤ᠂ ᠳᠠᠭᠠᠬᠤ ᠶᠠᠪᠤᠴᠠ ᠳᠠᠬᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢ ᠨᠠᠷᠢᠯᠢᠭᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠦᠷ᠎ᠡ ᠪᠦᠲᠦᠮᠵᠢ ᠶᠢ | ᠲᠤᠶᠢᠯ ᠤᠨ ᠶᠡᠭᠡ ᠪᠠᠷ ᠳᠡᠭᠡᠭᠰᠢᠯᠡᠭᠦᠯᠪᠡ᠃ | ᠳᠥᠷᠪᠡ ᠳᠤ᠂ ᠲᠤᠬᠠᠢ ᠶᠢᠨ ᠲᠠᠯᠠᠪᠠᠢ ᠶᠢᠨ ᠵᠢᠯᠤᠭᠤᠳᠬᠤ ᠠᠵᠢᠯ ᠢ ᠵᠢᠷᠤᠮᠵᠢᠭᠤᠯᠤᠨ᠎ᠠ᠃ᠪᠡᠯᠡᠳᠬᠡᠯ | ᠲᠥᠰᠥᠯ ᠳᠤ ᠲᠤᠬᠠᠢ ᠶᠢᠨ ᠲᠠᠯᠠᠪᠤᠷ ᠤᠨ ᠵᠢᠯᠤᠭᠤᠳᠬᠤ ᠭᠠᠵᠠᠷ ᠢ ᠪᠠᠶᠢᠭᠤᠯᠬᠤ ᠪᠡᠶᠡᠴᠢ ᠴᠣᠭᠴᠠ᠂ ᠵᠣᠬᠢᠶᠠᠨ | ᠪᠠᠶᠢᠭᠤᠯᠤᠯᠲᠠ ᠶᠢᠨ ᠪᠦᠲᠦᠴᠡ᠂ ᠠᠵᠢᠯᠲᠠᠨ ᠤ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠲᠤᠬᠠᠢ ᠶᠢᠨ | ᠲᠠᠯᠠᠪᠤᠷ ᠤᠨ ᠵᠢᠯᠤᠭᠤᠳᠬᠤ ᠭᠠᠵᠠᠷ ᠤᠨ ᠨᠢᠭᠡᠳᠦᠯᠲᠡᠢ ᠵᠢᠯᠤᠭᠤᠳᠬᠤ ᠡᠷᠬᠡ ᠪᠠ ᠰᠢᠢᠳᠪᠦᠷᠢᠯᠡᠬᠦ ᠡᠷᠬᠡ ᠶᠢ | ᠴᠢᠩᠭᠠᠷᠠᠭᠤᠯᠤᠨ᠂ ᠲᠤᠬᠠᠢ ᠶᠢᠨ ᠲᠠᠯᠠᠪᠤᠷ ᠤᠨ ᠬᠠᠮᠵᠢᠯᠴᠠᠨ ᠬᠥᠳᠡᠯᠦᠯᠴᠡᠬᠦ ᠠᠵᠢᠯ ᠢ ᠨᠠᠷᠢᠯᠢᠭᠵᠢᠭᠤᠯᠪᠠ᠃ | ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠳᠤᠮᠳᠠ᠂ ᠶᠡᠷᠦᠩᠬᠡᠢ | ᠵᠢᠯᠣᠭᠤᠳᠤᠭᠴᠢ ᠪᠠ ᠵᠢᠯᠣᠭᠤᠳᠤᠯᠭ᠎ᠠ ᠶᠢ ᠭᠦᠢᠴᠡᠳᠬᠡᠬᠦ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠵᠢᠷᠤᠮᠵᠢᠭᠤᠯᠵᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠰᠠᠶᠢᠨ ᠮᠡᠳᠡᠳᠡᠭ᠂ | ᠵᠣᠬᠢᠶᠠᠨ ᠪᠠᠶᠢᠭᠤᠯᠬᠤ᠂ ᠵᠢᠯᠤᠭᠤᠳᠬᠤ ᠪᠠ ᠵᠣᠬᠢᠴᠠᠭᠤᠯᠬᠤ ᠨᠡᠯᠢᠶᠡᠳ ᠴᠢᠩᠭ᠎ᠠ ᠴᠢᠳᠠᠪᠤᠷᠢ ᠲᠠᠢ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ ᠪᠣᠳᠠᠲᠤ ᠪᠠᠶᠢᠯᠳᠤᠭᠠᠨ ᠤ ᠵᠣᠬᠢᠬᠤ ᠲᠤᠷᠰᠢᠯᠭ᠎ᠠ ᠲᠠᠢ | ᠬᠥᠮᠥᠨ ᠢᠶᠠᠷ ᠬᠠᠷᠢᠭᠤᠴᠠᠭᠤᠯᠬᠤ ᠪᠠᠷ ᠲᠣᠭᠲᠠᠭᠠᠵᠤ᠂ ᠲᠤᠬᠠᠢ ᠶᠢᠨ ᠲᠠᠯᠠᠪᠤᠷ ᠤᠨ ᠵᠢᠯᠤᠭᠤᠳᠬᠤ ᠭᠠᠵᠠᠷ ᠤᠨ ᠪᠣᠳᠠᠲᠤ | ᠪᠠᠶᠢᠯᠳᠤᠭᠠᠨ ᠤ ᠰᠢᠨᠵᠢ ᠴᠢᠨᠠᠷ ᠢ ᠲᠤᠪᠤᠶᠢᠯᠭᠠᠪᠠ᠃ | ᠲᠠᠪᠤ ᠳᠤ᠂ ᠲᠥᠷᠥᠯ ᠬᠤᠪᠢᠶᠠᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ | ᠲᠣᠭᠲᠠᠭᠠᠨ᠎ᠠ᠃ᠭᠡᠨᠡᠳᠲᠡ ᠶᠢᠨ ᠬᠡᠷᠡᠭ ᠤᠨ ᠲᠦᠷᠤᠯ ᠢᠯᠭᠠᠯ ᠢ ᠦᠨᠳᠦᠰᠦᠯᠡᠨ᠂ ᠪᠠᠶᠢᠭᠠᠯᠢ ᠶᠢᠨ ᠭᠠᠮᠰᠢᠭ ᠪᠠ | ᠡ᠊ᠨᠳᠡᠯ ᠤᠨ ᠭᠠᠢ ᠭᠠᠮᠰᠢᠭ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠨᠡᠶᠢᠭᠡᠮ ᠤᠨ ᠠᠮᠤᠷ ᠲᠦᠪᠰᠢᠨ ᠤ ᠲᠦᠷᠤᠯ | ᠢᠯᠭᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠤᠰ | ᠲᠤᠰ ᠲᠣᠭᠲᠠᠭᠠᠵᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢᠨ ᠬᠠᠨᠳᠤᠯᠭᠠᠲᠤ | ᠴᠢᠨᠠᠷ ᠪᠠ ᠠᠵᠢᠯᠯᠠᠭᠠᠨ ᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ᠪᠠᠶᠢᠭᠠᠯᠢ ᠶᠢᠨ ᠭᠠᠮᠰᠢᠭ ᠪᠠ | ᠡ᠊ᠨᠳᠡᠯ ᠤᠨ ᠭᠠᠢ ᠭᠠᠮᠰᠢᠭ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠦᠷᠦᠯ ᠤᠨ ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠳᠤ᠂ ᠪᠠᠶᠢᠳᠠᠯ ᠢ ᠦᠵᠡᠵᠦ ᠪᠠᠶᠢᠭᠠᠳ ᠣᠷᠣᠨ | ᠪᠦᠰᠡ ᠶᠢᠨ ᠴᠢᠨᠠᠷᠲᠠᠢ ᠲᠡᠭᠡᠭᠡᠪᠦᠷᠢᠯᠡᠬᠦ ᠶᠢ ᠵᠣᠭᠰᠤᠭᠠᠬᠤ᠂ ᠠᠵᠢᠯ ᠢ ᠵᠣᠭᠰᠤᠭᠠᠬᠤ᠂ ᠦᠢᠯᠡᠳᠪᠦᠷᠢᠯᠡᠯ ᠢ ᠵᠣᠭᠰᠤᠭᠠᠬᠤ᠂ | ᠬᠢᠴᠢᠶᠡᠯ ᠢ ᠵᠣᠭᠰᠤᠭᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ ᠭᠡᠵᠦ ᠳᠠᠬᠢᠨᠲᠠ ᠲᠣᠳᠣᠷᠬᠠᠶᠢᠯᠠᠪᠠ᠃ | ᠵᠢᠷᠭᠤᠭ᠎ᠠ ᠳᠤ᠂ ᠮᠡᠳᠡᠭᠡ ᠵᠠᠩᠭᠢ ᠨᠡᠶᠢᠲᠡᠯᠡᠬᠦ ᠶᠢ ᠴᠢᠩᠭᠠᠳᠬᠠᠨ᠎ᠠ᠃ᠪᠡᠯᠡᠳᠬᠡᠯ ᠲᠥᠰᠥᠯ ᠳᠤ ᠬᠤᠰᠢᠭᠤᠨ ᠤ | ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠨᠡᠶᠢᠲᠡᠯᠡᠬᠦ | ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠵᠤ᠂ ᠮᠡᠳᠡᠭᠡ ᠵᠠᠩᠭᠢ ᠶᠢ ᠨᠡᠶᠢᠲᠡᠯᠡᠬᠦ ᠴᠠᠭ ᠤᠨ | ᠬᠢᠵᠠᠭᠠᠷ ᠤᠨ ᠱᠠᠭᠠᠷᠳᠠᠯᠭ᠎ᠠ ᠪᠠ ᠠᠵᠢᠯ ᠤᠨ ᠠᠷᠭ᠎ᠠ ᠬᠡᠮᠵᠢᠶ᠎ᠡ ᠶᠢ ᠴᠢᠩᠭ᠎ᠠ ᠲᠣᠭᠲᠠᠭᠠᠵᠠᠢ᠃ | ︵ᠳᠥᠷᠪᠡ︶ ᠰᠡᠷᠭᠦᠭᠡᠵᠦ ᠲᠠᠬᠢᠨ ᠪᠠᠶᠢᠭᠤᠯᠬᠤ ᠠᠵᠢᠯ ᠢ ᠨᠡᠩ ᠪᠣᠳᠠᠲᠠᠢ ᠪᠣᠯᠭᠠᠨ᠎ᠠ | ᠨᠢᠭᠡ ᠳᠤ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ | ᠡᠷᠡᠭᠦᠯ ᠬᠠᠮᠠᠭᠠᠯᠠᠯ ᠡᠷᠡᠭᠦᠯ ᠮᠡᠨᠳᠦ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ ᠤᠨ | ᠲᠥᠯᠦᠪᠵᠢᠭᠦᠯᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ | ᠣᠷᠴᠢᠨ ᠲᠣᠭᠤᠷᠢᠨ᠂ ᠬᠥᠭᠵᠢᠭᠦᠯᠦᠯᠲᠡ ᠥᠭᠡᠷᠡᠴᠢᠯᠡᠯᠲᠡ᠂ ᠬᠢᠨᠠᠨ ᠪᠣᠳᠣᠯᠲᠠ ᠵᠡᠷᠭᠡ ᠰᠠᠯᠠᠭ᠎ᠠ ᠮᠥᠴᠢᠷ ᠤᠨ | ᠰᠡᠷᠭᠦᠭᠡᠨ ᠳᠠᠬᠢᠨ ᠪᠦᠲᠦᠭᠡᠨ ᠪᠠᠶᠢᠭᠤᠯᠬᠤ ᠠᠵᠢᠯ ᠤᠨ ᠳᠤᠮᠳᠠᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ | ᠲᠣᠳᠣᠷᠬᠠᠶᠢᠯᠠᠵᠤ᠂ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ ᠠᠵᠢᠯ ᠤᠨ ᠤᠷᠤᠭᠰᠢᠲᠠᠢ ᠶᠠᠪᠤᠭᠳᠠᠬᠤ ᠳᠤ | ᠪᠠᠲᠤᠯᠠᠭ᠎ᠠ ᠬᠠᠩᠭᠠᠭᠰᠠᠨ ᠪᠠᠶᠢᠨ᠎ᠠ᠃ | ᠬᠤᠶᠠᠷ ᠲᠤ ᠂ ᠠᠪᠤᠷᠠᠨ ᠲᠤᠰᠠᠯᠠᠬᠤ ᠠᠰᠠᠷᠠᠮᠵᠢ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠠᠪᠤᠴᠠ ᠳᠤ᠂ ᠨᠠᠰᠤᠲᠠᠨ᠂ ᠨᠢᠯᠬ᠎ᠠ᠂ ᠡᠪᠡᠳᠴᠢᠨ ᠲᠠᠢ᠂ ᠵᠡᠮᠳᠡᠭ᠂ | ᠵᠢᠷᠮᠦᠰᠦᠨ ᠵᠢᠴᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ᠂ ᠰᠠᠭᠠᠲᠠᠵᠤ ᠪᠠᠶᠢᠭ᠎ᠠ ᠬᠥᠮᠥᠰ ᠵᠡᠷᠭᠡ ᠬᠠᠮᠲᠤᠯᠢᠭ ᠢ | ᠭᠤᠣᠯᠳᠠᠯᠭ᠎ᠠ ᠲᠠᠢ ᠠᠩᠬᠠᠷᠴᠤ ᠪᠠᠶᠢᠬᠤ ᠶᠢ ᠳᠣᠪᠤᠶᠢᠯᠭᠠᠵᠠᠶ᠃ᠬᠡᠷᠡᠭ ᠶᠠᠪᠤᠳᠠᠯ ᠢ ᠰᠢᠢᠳᠪᠦᠷᠢᠯᠡᠬᠦ ᠭᠤᠣᠯ | ᠬᠠᠷᠢᠭᠤᠴᠠᠯᠭ᠎ᠠ ᠶᠢᠨ ᠰᠠᠯᠠᠭ᠎ᠠ ᠮᠥᠴᠢᠷ ᠪᠣᠯᠣᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠢ ᠲᠣᠳᠣᠷᠬᠠᠶᠢᠯᠠᠵᠤ᠂ ᠠᠷᠠᠳ ᠢᠷᠭᠡᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ | ᠣᠷᠣᠯᠴᠠᠭᠰᠠᠨ ᠪᠤᠶᠤ ᠨᠡᠶᠢᠭᠡᠮ ᠤᠨ ᠡᠮᠬᠢ ᠵᠢᠷᠤᠮ ᠢ ᠬᠠᠮᠵᠢᠨ ᠬᠠᠮᠠᠭᠠᠯᠠᠭᠰᠠᠨ ᠦᠢᠯᠡ ᠠᠵᠢᠯᠯᠠᠭ᠎ᠠ ᠶᠢ ᠮᠠᠭᠠᠳᠯᠠᠨ | ᠲᠣᠭᠲᠠᠭᠠᠬᠤ ᠶᠢᠨ ᠬᠠᠮᠲᠤ ᠭᠡᠷᠡᠴᠢ ᠭᠠᠷᠭᠠᠵᠤ᠂ ᠠᠷᠠᠳ ᠢᠷᠭᠡᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠠᠵᠢᠯ ᠳᠤ ᠣᠷᠣᠯᠴᠠᠭᠰᠠᠨ ᠪᠤᠶᠤ ᠨᠡᠶᠢᠭᠡᠮ ᠤᠨ ᠡᠮᠬᠢ ᠵᠢᠷᠤᠮ ᠢ ᠬᠠᠮᠵᠢᠨ ᠬᠠᠮᠠᠭᠠᠯᠠᠭᠰᠠᠨ | ᠬᠤᠭᠤᠴᠠᠭᠠᠨ ᠳᠤ ᠤᠤᠯ ᠤᠨ ᠨᠢᠭᠡᠴᠢ ᠶᠢᠨ ᠴᠠᠯᠢᠩ ᠣᠯᠭᠤᠮᠵᠢ ᠪᠠ ᠠᠰᠠᠷᠠᠮᠵᠢ ᠶᠢ ᠬᠡᠪ ᠢᠶᠠᠷ ᠪᠠᠶᠢᠯᠭᠠᠬᠤ | ᠦᠨᠳᠦᠰᠦᠯᠡᠯ ᠪᠣᠯᠭᠠᠵᠤ᠂ ︽ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ᠶᠢᠨ ᠬᠤᠯᠪᠣᠭᠳᠠᠯ ᠪᠦᠬᠦᠢ ᠵᠦᠢᠯ | ᠵᠤᠷᠪᠤᠰ ᠲᠠᠢ ᠵᠣᠯᠭᠠᠯᠳᠤᠭᠤᠯᠬᠤ ᠶᠢ ᠪᠡᠶᠡᠯᠡᠭᠦᠯᠪᠡ᠃ | ᠭᠤᠷᠪᠠ ᠳᠤ ᠪᠠᠶᠢᠴᠠᠭᠠᠨ ᠦᠨᠡᠯᠡᠬᠦ ᠠᠵᠢᠯ ᠢ ᠵᠢᠷᠤᠮᠵᠢᠭᠤᠯᠪᠠ᠃ᠭᠡᠨᠡᠳᠲᠡ ᠶᠢᠨ ᠬᠡᠷᠡᠭ ᠡᠭᠦᠰᠦᠭᠰᠡᠨ ᠤ | ᠳᠠᠷᠠᠭᠠᠬᠢ ᠪᠠᠶᠢᠴᠠᠭᠠᠯᠲᠠ ᠶᠢᠨ ᠪᠡᠶᠡᠴᠢ ᠴᠣᠭᠴᠠ᠂ ᠦᠨᠳᠦᠰᠦ ᠪᠠᠷᠢᠮᠲᠠ᠂ ᠱᠠᠭᠠᠷᠳᠠᠯᠭ᠎ᠠ ᠶᠢ ᠲᠣᠳᠣᠷᠬᠠᠶᠢᠯᠠᠵᠤ᠂ | ᠭᠡᠨᠡᠳᠲᠡ ᠶᠢᠨ ᠬᠡᠷᠡᠭ ᠢ ᠳ᠋ᠦᠩᠨᠡᠵᠦ ᠦᠨᠡᠯᠡᠨ ᠵᠢᠱᠢᠬᠦ ᠪᠡᠶᠡᠴᠢ ᠴᠣᠭᠴᠠ ᠪᠠ ᠱᠠᠭᠠᠷᠳᠠᠯᠭ᠎ᠠ ᠶᠢ ᠤᠯᠠᠮ ᠨᠢᠭᠡ | ᠠᠯᠬᠤᠮ ᠨᠠᠷᠢᠯᠢᠭᠵᠢᠭᠤᠯᠤᠨ ᠵᠢᠷᠤᠮᠵᠢᠭᠤᠯᠪᠠ᠃ | ︵ᠲᠠᠪᠤ︶ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠨᠡᠩ ᠪᠦᠷᠢᠨ ᠪᠦᠲᠦᠮᠵᠢᠲᠠᠢ | ᠨᠢᠭᠡ ᠳᠤ᠂ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ ᠪᠡᠯᠡᠳᠬᠡᠯ ᠲᠥᠰᠥᠯ ᠳᠤ ᠤᠯᠤᠰ ᠤᠨ | ᠶᠡᠷᠦᠩᠬᠡᠶᠢᠯᠡᠭᠰᠡᠨ ᠴᠢᠨᠠᠷᠲᠠᠢ ᠠᠪᠤᠷᠠᠨ ᠲᠤᠰᠠᠯᠠᠬᠤ ᠡᠩᠨᠡᠭᠡ᠂ ᠣᠷᠣᠨ ᠨᠤᠲᠤᠭ ᠤᠨ ᠶᠡᠷᠦᠩᠬᠡᠶᠢᠯᠡᠭᠰᠡᠨ ᠠᠪᠤᠷᠠᠨ | ᠲᠤᠰᠠᠯᠠᠬᠤ ᠡᠩᠨᠡᠭᠡ᠂ ᠪᠠᠴᠢᠮ ᠪᠠᠶᠢᠳᠠᠯ ᠢ ᠠᠷᠭᠠᠴᠠᠬᠤ ᠲᠤᠰᠬᠠᠢ ᠡᠩᠨᠡᠭᠡ᠂ ᠦᠨᠳᠦᠰᠦᠨ ᠱᠠᠲᠤᠨ ᠤ ᠪᠠᠴᠢᠮ | ᠪᠠᠶᠢᠳᠠᠯ ᠢ ᠠᠷᠭᠠᠴᠠᠬᠤ ᠡᠩᠨᠡᠭᠡ᠂ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ᠂ ᠬᠤᠰᠢᠭᠤᠨ ᠳᠤ | ᠰᠠᠭᠤᠭ᠎ᠠ ᠴᠡᠷᠢᠭ ᠠᠩᠭᠢ᠂ ᠪᠠᠴᠢᠮ ᠪᠠᠶᠢᠳᠠᠯ ᠢ ᠠᠷᠭᠠᠴᠠᠬᠤ ᠲᠤᠰᠬᠠᠢ ᠮᠡᠷᠭᠡᠵᠢᠯᠲᠡᠨ ᠤ ᠡᠩᠨᠡᠭᠡ ᠪᠠᠷ ᠪᠦᠷᠢᠯᠳᠦᠭᠰᠡᠨ | ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠰᠢᠰᠲ᠋ᠧᠮ᠂ ᠢᠯᠠᠩᠭᠤᠶ᠎ᠠ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠬᠤ | ᠡᠩᠨᠡᠭᠡ ᠶᠢᠨ ᠪᠠᠶᠢᠷᠢ ᠲᠣᠭᠲᠠᠭᠠᠯᠲᠠ᠂ ᠡᠭᠦᠷᠭᠡ᠂ ᠳᠡᠮᠵᠢᠯᠭᠡ᠂ ᠵᠢᠯᠣᠭᠤᠳᠤᠯᠭ᠎ᠠ ᠵᠡᠷᠭᠡ ᠠᠭᠤᠯᠭ᠎ᠠ ᠶᠢ | ᠲᠣᠳᠣᠷᠬᠠᠶᠢᠯᠠᠵᠤ᠂ ᠪᠥᠬᠦ ᠨᠡᠶᠢᠭᠡᠮ ᠢᠶᠠᠷ ᠢᠶᠠᠨ ᠣᠷᠣᠯᠴᠠᠬᠤ ᠵᠠᠷᠴᠢᠮ ᠢ ᠬᠠᠷᠠᠭᠤᠯᠵᠠᠢ᠃ | ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠲᠤᠪᠤᠶᠢᠯᠭᠠᠨ᠎ᠠ᠃ᠪᠡᠯᠡᠳᠬᠡᠯ | ᠲᠥᠰᠥᠯ ᠳᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠰᠢᠰᠲ᠋ᠧᠮ ᠤᠨ ᠪᠠᠶᠢᠭᠤᠯᠤᠯᠲᠠ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠰᠤᠷᠠᠭ ᠵᠠᠩᠭᠢᠵᠢᠯᠲᠠ ᠶᠢᠨ ᠪᠠᠲᠤᠯᠠᠭ᠎ᠠ ᠶᠢᠨ ᠴᠢᠳᠠᠪᠤᠷᠢ ᠶᠢᠨ ᠳᠡᠭᠡᠭᠰᠢᠯᠡᠯᠲᠡ ᠳᠤ ᠪᠣᠳᠠᠲᠠᠢ | ᠱᠠᠭᠠᠷᠳᠠᠯᠭ᠎ᠠ ᠳᠤᠷᠠᠳᠴᠤ᠂ ᠪᠦᠭᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠰᠢᠰᠲ᠋ᠧᠮ ᠤᠨ | ᠪᠠᠶᠢᠭᠤᠯᠤᠯᠲᠠ ᠶᠢᠨ ᠭᠤᠣᠯ ᠴᠣᠭᠴᠠ᠂ ᠴᠢᠳᠠᠪᠬᠢ ᠶᠢᠨ ᠪᠦᠷᠢᠯᠳᠦᠯ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠰᠤᠷᠠᠭ ᠵᠠᠩᠭᠢᠵᠢᠯᠲᠠ ᠶᠢᠨ ᠣᠶᠤᠨᠴᠢᠯᠠᠭᠰᠠᠨ ᠪᠠᠴᠢᠮ ᠪᠠᠶᠢᠳᠠᠯ ᠢ | ᠠᠷᠭᠠᠴᠠᠬᠤ ᠵᠢᠯᠤᠭᠤᠳᠬᠤ ᠰᠢᠰᠲ᠋ᠧᠮ ᠢ ᠪᠠᠶᠢᠭᠤᠯᠬᠤ ᠳᠤ ᠲᠤᠯᠭᠠᠭᠤᠷᠢᠯᠠᠯ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ | ᠭᠤᠷᠪᠠ ᠳᠤ᠂ ᠡᠳ᠋ ᠪᠣᠳᠠᠰ ᠤᠨ ᠪᠠᠲᠤᠯᠠᠭ᠎ᠠ ᠪᠠ ᠲᠣᠨᠣᠭᠯᠠᠯ ᠤᠨ ᠪᠠᠲᠤᠯᠠᠭ᠎ᠠ ᠶᠢ ᠴᠢᠩᠭᠠᠳᠬᠠᠨ᠎ᠠ᠃ᠪᠡᠯᠡᠳᠬᠡᠯ | ᠲᠥᠰᠥᠯ ᠳᠤ ᠡᠩ ᠤᠨ ᠦᠶ᠎ᠡ ᠶᠢᠨ ᠦᠢᠯᠡᠴᠢᠯᠡᠭᠡ ᠪᠣᠯᠣᠨ ᠭᠠᠮᠰᠢᠭ ᠤᠨ ᠦᠶ᠎ᠡ ᠶᠢᠨ ᠪᠠᠴᠢᠮ ᠪᠠᠶᠢᠳᠠᠯ ᠢ | ᠠᠷᠭᠠᠴᠠᠬᠤ ᠶᠢ ᠤᠶᠠᠯᠳᠤᠭᠤᠯᠤᠭᠰᠠᠨ᠂ ᠪᠣᠳᠠᠲᠤ ᠪᠣᠳᠠᠰ ᠤᠨ ᠨᠥᠭᠡᠴᠡ ᠪᠣᠯᠣᠨ ᠦᠢᠯᠡᠳᠪᠦᠷᠢᠯᠡᠬᠦ ᠴᠢᠳᠠᠪᠤᠷᠢ ᠶᠢᠨ | ᠨᠥᠭᠡᠴᠡ ᠶᠢ ᠤᠶᠠᠯᠳᠤᠭᠤᠯᠤᠭᠰᠠᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢᠨ | ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ ᠭᠡᠵᠦ ᠳᠤᠷᠠᠳᠤᠨ ᠭᠠᠷᠭᠠᠵᠠᠢ᠃ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ | ᠵᠡᠷᠭᠡ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠢ ᠨᠠᠷᠢᠯᠢᠭᠵᠢᠭᠤᠯᠪᠠ᠃ | | |