ᠦᠰᠦᠭ ᠢᠶᠠᠷ ᠥᠭᠦᠯᠡᠬᠦᠢ᠄ ᠲᠦᠮᠡᠳ ᠵᠡᠭᠦᠨ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾
ᠨᠡᠶᠢᠲᠡᠯᠡᠭᠰᠡᠨ ᠴᠠᠭ᠄
2023/6/23
ᠨᠢᠭᠡ᠂ ᠠᠵᠢᠯ ᠤᠨ ᠠᠬᠤᠢ ᠪᠠᠶᠢᠳᠠᠯ     ᠲᠣᠰ ᠲᠥᠰᠥᠯ ᠪᠣᠯ ᠮᠠᠨ ᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠪ ᠤᠨ ᠰᠢᠰᠲ᠋ᠧᠮ ᠤᠨ ᠶᠡᠷᠦᠩᠬᠡᠢ ᠬᠥᠲᠥᠯᠪᠦᠷᠢ ᠮᠥᠨ᠂ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠶᠢᠨ ᠭᠡᠨᠡᠳᠲᠡ ᠶᠢᠨ ᠬᠡᠷᠡᠭ ᠢ ᠠᠷᠭᠠᠴᠠᠬᠤ ᠶᠡᠷᠦᠩᠬᠡᠢ ᠳᠦᠷᠢᠮ ᠤᠨ ᠲᠣᠬᠢᠷᠠᠭᠤᠯᠤᠯᠲᠠ ᠪᠠᠶᠢᠵᠤ᠂ ᠪᠥᠬᠦ ᠬᠤᠰᠢᠭᠤᠨ ᠤ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ᠂ ᠬᠡᠷᠡᠭ ᠤᠨ ᠳᠠᠷᠠᠭ᠎ᠠ ᠰᠡᠷᠭᠦᠭᠡᠬᠦ ᠪᠠ ᠳᠠᠬᠢᠨ ᠪᠠᠶᠢᠭᠤᠯᠬᠤ ᠵᠡᠷᠭᠡ ᠠᠵᠢᠯ ᠢ ᠵᠢᠯᠣᠭᠤᠳᠤᠨ᠎ᠠ᠃     ᠲᠤᠰ ᠪᠡᠯᠡᠳᠬᠡᠯ ᠲᠥᠰᠥᠯ ᠳᠤ ᠬᠡᠯᠡᠵᠦ ᠪᠠᠶᠢᠭ᠎ᠠ ᠭᠡᠨᠡᠳᠲᠡ ᠶᠢᠨ ᠬᠡᠷᠡᠭ ᠭᠡᠳᠡᠭ ᠪᠣᠯ ᠭᠡᠨᠡᠳᠲᠡ ᠡᠭᠦᠰᠦᠭᠰᠡᠨ᠂ ᠬᠦᠨᠳᠦ ᠨᠣᠴᠢᠲᠠᠢ ᠨᠡᠶᠢᠭᠡᠮ ᠤᠨ ᠬᠤᠣᠷ ᠬᠥᠨᠥᠭᠡᠯ ᠤᠴᠠᠷᠠᠭᠤᠯᠤᠭᠰᠠᠨ ᠪᠤᠶᠤ ᠤᠴᠠᠷᠠᠭᠤᠯᠵᠤ ᠮᠡᠳᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ ᠠᠷᠭᠠᠴᠠᠬᠤ ᠴᠢᠬᠤᠯᠠᠲᠠᠢ ᠪᠠᠶᠢᠭᠠᠯᠢ ᠶᠢᠨ ᠭᠠᠮᠰᠢᠭ᠂ ᠡ᠊ᠨᠳᠡᠯ ᠤᠨ ᠭᠠᠢ ᠭᠠᠮᠰᠢᠭ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠪᠠ ᠨᠡᠶᠢᠭᠡᠮ ᠤᠨ ᠠᠮᠤᠷ ᠲᠦᠪᠰᠢᠨ ᠤ ᠬᠡᠷᠡᠭ ᠢ ᠵᠢᠭᠠᠵᠤ ᠪᠠᠶᠢᠨ᠎ᠠ᠃     ᠶᠡᠷᠦᠩᠬᠡᠢ ᠲᠥᠰᠥᠯ ᠨᠢ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠶᠡᠷᠦᠩᠬᠡᠢ ᠬᠥᠲᠥᠯᠪᠦᠷᠢ ᠪᠣᠯᠤᠭᠰᠠᠨ ᠤ ᠬᠤᠪᠢ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠡᠨᠡᠳᠲᠡ ᠶᠢᠨ ᠬᠡᠷᠡᠭ ᠢ ᠠᠷᠭᠠᠴᠠᠬᠤ ᠶᠡᠷᠦᠩᠬᠡᠢ ᠳᠦᠷᠢᠮ ᠤᠨ ᠲᠣᠬᠢᠷᠠᠭᠤᠯᠤᠯᠲᠠ ᠪᠣᠯᠣᠨ᠎ᠠ᠃︽ᠲᠦᠮᠡᠳ ᠵᠡᠭᠦᠨ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ᠢ 2023 ᠣᠨ ᠳᠤ ᠳᠠᠷᠤᠮᠠᠯᠯᠠᠨ ᠲᠠᠷᠬᠠᠭᠠᠪᠠ᠃ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭᠠᠬᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠨ᠎ᠡ ᠪᠠᠶᠢᠳᠠᠯ ᠪᠣᠯᠣᠨ ᠰᠢᠨ᠎ᠡ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠥᠯᠥᠭᠡ᠂ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ᠤᠨ ᠰᠢᠰᠲ᠋ᠧᠮ ᠢ ᠪᠠᠶᠢᠭᠤᠯᠬᠤ᠂ ᠦᠢᠯᠡᠳᠦᠯᠭᠡ ᠶᠢ ᠵᠢᠯᠤᠭᠤᠳᠬᠤ᠂ ᠲᠣᠭᠲᠠᠴᠠ ᠶᠢ ᠲᠡᠭᠦᠯᠳᠡᠷᠵᠢᠭᠦᠯᠬᠦ ᠦᠢᠯᠡᠳᠦᠯ ᠪᠠ ᠴᠢᠳᠠᠮᠵᠢ ᠶᠢ ᠭᠦᠢᠴᠡᠳ ᠪᠠᠳᠠᠷᠠᠭᠤᠯᠵᠤ᠂ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠣᠬᠤᠯᠠᠪᠤᠷᠢ ᠶᠢᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠪᠤᠰᠤᠳ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠᠷ ᠲᠣᠯᠢ ᠪᠣᠯᠭᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠤᠯᠤᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾᠂ ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ᠤᠨ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ︵ᠲᠤᠷᠰᠢᠨ ᠬᠡᠷᠡᠭᠵᠢᠭᠦᠯᠬᠦ︶︾᠂ ︽ᠬᠥᠬᠡᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠮᠠᠨ ᠤ ᠬᠤᠰᠢᠭᠤᠨ ᠤ ᠭᠡᠨᠡᠳᠲᠡ ᠶᠢᠨ ᠬᠡᠷᠡᠭ ᠢ ᠠᠷᠭᠠᠴᠠᠬᠤ ᠠᠵᠢᠯ ᠤᠨ ᠪᠣᠳᠠᠲᠠᠢ ᠱᠠᠭᠠᠷᠳᠠᠯᠭ᠎ᠠ ᠲᠠᠢ ᠤᠶᠠᠯᠳᠤᠭᠤᠯᠤᠨ᠂ ᠲᠣᠰ ᠪᠡᠯᠡᠳᠬᠡᠯ ᠲᠥᠰᠥᠯ ᠢ ᠲᠦᠷᠦᠭᠦᠯᠡᠨ ᠨᠠᠶᠢᠷᠠᠭᠤᠯᠤᠨ ᠵᠣᠬᠢᠶᠠᠪᠠ᠃ᠬᠤᠰᠢᠭᠤᠨ ᠠᠷᠠᠳ ᠤᠨ ᠵᠠᠰᠠᠭ ᠤᠨ ᠣᠷᠳᠣᠨ ᠤ 2023 ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠪᠠᠲᠤᠯᠠᠭᠰᠠᠨ ᠢᠶᠠᠷ ᠂ ᠬᠤᠰᠢᠭᠤᠨ ᠠᠷᠠᠳ ᠤᠨ ᠵᠠᠰᠠᠭ ᠤᠨ ᠣᠷᠳᠣᠨ 2023 ᠣᠨ ᠤ 6 ᠰᠠᠷ᠎ᠠ ᠶᠢᠨ 21 ᠤ ᠡᠳᠦᠷ ︽ᠲᠦᠮᠡᠳ ᠵᠡᠭᠦᠨ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ︵ᠲᠦᠮᠡᠳ ᠵᠡᠭᠦᠨ ᠵᠠᠰᠠᠭ ᠥᠰᠥᠭ ﹇2023﹈ 133 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠳᠣᠷᠣᠭᠰᠢ ︽ᠪᠡᠯᠡᠳᠬᠡᠯ ᠲᠥᠰᠥᠯ︾ ᠭᠡᠵᠦ ᠲᠣᠪᠴᠢᠯᠠᠨ᠎ᠠ᠃ᠬᠤᠶᠠᠷ᠂ ᠭᠤᠣᠯ ᠠᠭᠤᠯᠭ᠎ᠠ     ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ᠳᠤ ᠶᠡᠷᠦᠩᠬᠡᠢ ᠳᠦᠷᠢᠮ᠂ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮ᠂ ᠠᠵᠢᠯᠯᠠᠭᠠᠨ ᠤ ᠲᠣᠭᠲᠠᠴᠠ᠂ ᠪᠡᠯᠡᠳᠬᠡᠯ ᠪᠠ ᠳᠡᠮᠵᠢᠯᠭᠡ᠂ ᠪᠡᠯᠡᠳᠬᠡᠯ ᠲᠥᠰᠥᠯ ᠤᠨ ᠬᠠᠮᠢᠶᠠᠷᠤᠯᠲᠠ᠂ ᠳᠠᠭᠠᠯᠳᠤᠭᠤᠯᠤᠯ ᠳᠦᠷᠢᠮ ᠬᠢᠭᠡᠳ ᠳᠠᠭᠠᠯᠳᠤᠭᠤᠯᠤᠯ ᠵᠡᠷᠭᠡ 7 ᠬᠡᠰᠡᠭ ᠢ ᠪᠠᠭᠲᠠᠭᠠᠵᠤ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠠᠴᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠦᠷᠲᠡᠯᠡᠬᠢ᠂ ᠳᠠᠭᠢᠵᠤ ᠰᠡᠷᠭᠦᠭᠡᠨ ᠳᠠᠬᠢᠨ ᠪᠠᠶᠢᠭᠤᠯᠬᠤ ᠬᠦᠷᠲᠡᠯᠡᠬᠢ ᠪᠦᠬᠦ᠋ᠢᠯᠡ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠥᠬᠦ ᠶᠠᠪᠤᠴᠠ ᠶᠢᠨ ᠠᠭᠤᠯᠭ᠎ᠠ ᠶᠢ ᠬᠠᠮᠤᠷᠴᠤ᠂ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠨᠢᠭᠡᠨ ᠪᠦᠷᠢᠨ ᠪᠦᠲᠦᠨ ᠪᠣᠷᠣ ᠲᠥᠯᠥᠪ ᠢ ᠪᠠᠶᠢᠭᠤᠯᠤᠭᠰᠠᠨ ᠪᠠᠶᠢᠨ᠎ᠠ᠃ᠰᠢᠨ᠎ᠡ ᠪᠠᠷ ᠨᠡᠶᠢᠲᠡᠯᠡᠭᠰᠡᠨ ᠪᠡᠯᠡᠳᠬᠡᠯ ᠲᠥᠰᠥᠯ ᠳᠤ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠲᠠᠯ᠎ᠠ ᠶᠢᠨ ᠠᠭᠤᠯᠭ᠎ᠠ ᠶᠢ ᠲᠣᠬᠢᠷᠠᠭᠤᠯᠤᠨ ᠵᠢᠷᠤᠮᠵᠢᠭᠤᠯᠵᠤ᠂ ᠲᠡᠭᠦᠨ ᠢ ᠪᠠᠴᠢᠮ ᠪᠠᠶᠢᠳᠠᠯ ᠢ ᠠᠷᠭᠠᠴᠠᠬᠤ ᠡᠬᠢ ᠪᠠᠶᠠᠯᠢᠭ ᠢ ᠨᠥᠭᠡᠴᠡᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠲᠠᠢ ᠵᠣᠬᠢᠴᠠᠯᠳᠤᠭᠤᠯᠪᠠ᠃ᠭᠤᠷᠪᠠ᠂ ᠣᠨᠴᠠᠯᠢᠭᠲᠤ ᠭᠢᠯᠠᠰ ᠴᠡᠭ     ︵ᠨᠢᠭᠡ︶ ᠨᠠᠮ ᠤᠨ ᠭᠡᠨᠡᠳᠲᠡ ᠶᠢᠨ ᠬᠡᠷᠡᠭ ᠢ ᠠᠷᠭᠠᠴᠠᠬᠤ ᠠᠵᠢᠯ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠲᠤᠪᠤᠶᠢᠯᠭᠠᠪᠠ    ᠨᠢᠭᠡ ᠳᠤ ᠠᠵᠢᠯ ᠤᠨ ᠵᠠᠷᠴᠢᠮ ᠳᠡᠭᠡᠷ᠎ᠡ ᠪᠠᠨ ᠨᠠᠮ ᠤᠨ ᠬᠤᠷᠢᠶᠠᠨ ᠤ ᠤᠳᠤᠷᠢᠳᠤᠯᠭ᠎ᠠ ᠶᠢ ᠪᠠᠷᠢᠮᠲᠠᠯᠠᠬᠤ ᠦᠨᠳᠦᠰᠦᠨ ᠵᠠᠷᠴᠢᠮ ᠢ ᠲᠣᠳᠣᠷᠬᠠᠢ ᠲᠣᠭᠲᠠᠭᠠᠵᠤ᠂ ᠬᠤᠰᠢᠭᠤᠨ ᠤ ᠨᠠᠮ ᠤᠨ ᠬᠤᠷᠢᠶᠠᠨ ᠤ ᠭᠡᠨᠡᠳᠲᠡ ᠶᠢᠨ ᠬᠡᠷᠡᠭ ᠢ ᠠᠷᠭᠠᠴᠠᠬᠤ ᠠᠵᠢᠯ ᠢ ᠤᠳᠤᠷᠢᠳᠬᠤ ᠪᠠᠶᠢᠷᠢᠰᠢᠯ ᠢ ᠲᠣᠭᠲᠠᠭᠠᠵᠠᠢ᠃     ᠬᠤᠶᠠᠷ ᠲᠤ᠂ ᠠᠵᠢᠯ ᠤᠨ ᠬᠠᠷᠠᠯᠲᠠ ᠶᠢᠨ ᠲᠠᠯ᠎ᠠ ᠪᠠᠷ᠂ ︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ᠂ ᠰᠢᠰᠲ᠋ᠧᠮ ᠬᠡᠰᠡᠭ ᠤᠶᠠᠯᠳᠤᠬᠤ᠂ ᠲᠤᠰᠬᠠᠢ ᠮᠡᠷᠭᠡᠵᠢᠯ ᠢᠶᠠᠷ ᠰᠢᠢᠳᠪᠦᠷᠢᠯᠡᠬᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ︾ ᠠᠵᠢᠯ ᠤᠨ ᠪᠠᠶᠢᠷᠢᠰᠢᠯ ᠢ ᠲᠣᠭᠲᠠᠭᠠᠪᠠ᠃     ︵ᠬᠤᠶᠠᠷ︶ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢ ᠨᠠᠩ ᠰᠢᠯᠢᠳᠡᠭ ᠨᠠᠩ ᠪᠣᠳᠠᠲᠠᠢ ᠪᠣᠯᠭᠠᠨ᠎ᠠ     ᠨᠢᠭᠡ ᠳᠤ᠂ ᠲᠤᠰᠬᠠᠢ ᠵᠢᠯᠤᠭᠤᠳᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠤᠨ᠎ᠠ᠃ᠪᠠᠶᠢᠩᠭᠤ ᠶᠢᠨ ᠲᠤᠰᠬᠠᠢ ᠵᠢᠯᠤᠭᠤᠳᠬᠤ ᠪᠠᠶᠢᠭᠤᠯᠤᠮᠵᠢ  ᠠᠴᠠ ᠭᠠᠳᠠᠨ᠎ᠠ᠂ ᠬᠡᠷᠪᠡ ᠪᠤᠰᠤᠳ ᠭᠡᠨᠡᠳᠲᠡ ᠶᠢᠨ ᠬᠡᠷᠡᠭ ᠡᠭᠦᠰᠴᠦ᠂ ᠪᠠᠶᠢᠩᠭᠤ ᠶᠢᠨ ᠲᠤᠰᠬᠠᠢ ᠵᠢᠯᠤᠭᠤᠳᠬᠤ ᠪᠠᠶᠢᠭᠤᠯᠤᠮᠵᠢ ᠪᠠᠶᠢᠬᠤ ᠦᠭᠡᠢ ᠪᠣᠯ ᠬᠤᠰᠢᠭᠤᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠥᠰᠥᠯ ᠤᠨ ᠶᠣᠰᠣᠭᠠᠷ ᠲᠦᠷ ᠴᠠᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠢ ᠵᠣᠬᠢᠶᠠᠨ ᠪᠠᠶᠢᠭᠤᠯᠵᠤ᠂ ᠠᠷᠭᠠᠴᠠᠬᠤ ᠠᠵᠢᠯ ᠢ ᠬᠠᠷᠢᠭᠤᠴᠠᠨ ᠥᠷᠨᠢᠭᠦᠯᠦᠨ᠎ᠡ ᠭᠡᠵᠦ ᠲᠣᠳᠣᠷᠬᠠᠢ ᠲᠣᠭᠲᠠᠭᠠᠪᠠ᠃     ᠬᠤᠶᠠᠷ ᠲᠤ᠂ ᠦᠨᠳᠦᠰᠦᠨ ᠱᠠᠲᠤᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠲᠠᠨ ᠤ ᠲᠣᠬᠢᠷᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠲᠣᠰᠬᠤᠨ ︵ᠨᠡᠶᠢᠭᠡᠮ ᠲᠣᠭᠤᠷᠢᠭ︶ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠ ᠱᠠᠭᠠᠷᠳᠠᠯᠭ᠎ᠠ ᠶᠢ ᠲᠣᠭᠲᠠᠭᠠᠪᠠ᠃     ᠭᠤᠷᠪᠠ ᠳᠤ ᠴᠢᠬᠤᠯᠠ ᠶᠡᠭᠡ ᠠᠵᠢᠯᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠪᠡᠯᠡᠳᠬᠡᠯ ᠲᠥᠰᠥᠯ ᠳᠤ ᠴᠢᠬᠤᠯᠠ ᠶᠡᠭᠡ ᠠᠵᠢᠯᠯᠠᠭ᠎ᠠ ᠶᠢ ᠭᠤᠣᠯᠯᠠᠨ ᠡᠷᠭᠢᠯᠡᠬᠦ ᠪᠤᠶᠤ ᠳᠠᠭᠠᠭᠠᠨ ᠭᠦᠢᠴᠡᠳᠬᠡᠬᠦ ᠪᠠᠶᠢᠭᠤᠯᠤᠮᠵᠢ ᠨᠤᠭᠤᠳ ᠪᠠᠴᠢᠮ ᠪᠠᠶᠢᠳᠠᠯ ᠢ ᠠᠷᠭᠠᠴᠠᠬᠤ ᠪᠠᠶᠢᠭᠤᠯᠤᠮᠵᠢ ᠪᠠᠶᠢᠭᠤᠯᠬᠤ ᠶᠢ ᠨᠠᠷᠢᠯᠢᠭᠵᠢᠭᠤᠯᠵᠤ᠂ ᠭᠡᠨᠡᠳᠲᠡ ᠶᠢᠨ ᠬᠡᠷᠡᠭ ᠢ ᠠᠷᠭᠠᠴᠠᠬᠤ ᠲᠣᠭᠲᠠᠴᠠ ᠶᠢ ᠪᠠᠶᠢᠭᠤᠯᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠡ ᠨᠦᠭᠦᠳ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠠᠬᠢ ᠵᠠᠮ ᠬᠠᠷᠢᠯᠴᠠᠭ᠎ᠠ᠂ ᠮᠡᠳᠡᠭᠡ ᠬᠤᠯᠪᠣᠭ᠎ᠠ᠂ ᠤᠰᠤ ᠬᠠᠩᠭᠠᠬᠤ᠂ ᠤᠰᠤ ᠵᠠᠯᠠᠬᠤ᠂ ᠴᠠᠬᠢᠯᠭᠠᠨ ᠬᠦᠴᠦ ᠵᠡᠷᠭᠡ ᠬᠤᠲᠠ ᠶᠢᠨ ᠠᠵᠢᠯᠯᠠᠭᠠᠨ ᠤ ᠪᠠᠲᠤᠯᠠᠭ᠎ᠠ ᠪᠠ ᠨᠡᠶᠢᠭᠡᠮ ᠤᠨ ᠲᠠᠯ᠎ᠠ ᠶᠢᠨ ᠭᠡᠨᠡᠳᠲᠡ ᠶᠢᠨ ᠬᠡᠷᠡᠭ ᠢ ᠵᠢᠯᠣᠭᠤᠳᠤᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃     ︵ᠭᠤᠷᠪᠠ︶ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠨᠠᠩ ᠰᠢᠨᠵᠢᠯᠡᠬᠦ ᠤᠬᠠᠭᠠᠨᠴᠢ ᠪᠣᠯᠭᠠᠬᠤ ᠬᠡᠷᠡᠭᠲᠡᠢ     ᠨᠢᠭᠡ ᠳᠤ ᠮᠡᠳᠡᠭᠡ ᠵᠠᠩᠭᠢ ᠶᠢᠨ ᠲᠣᠣᠷ ᠰᠦᠯᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ᠪᠡᠯᠡᠳᠬᠡᠯ ᠲᠥᠰᠥᠯ ᠳᠤ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠭᠡᠨᠡᠳᠲᠡ ᠶᠢᠨ ᠬᠡᠷᠡᠭ ᠢ ᠠᠷᠭᠠᠴᠠᠬᠤ ᠪᠥᠬᠦ ᠶᠠᠪᠤᠴᠠ ᠳᠤ ᠲᠤᠤᠱᠯᠠᠭᠤᠯᠬᠤ ᠬᠡᠷᠡᠭᠲᠡᠢ ᠭᠡᠵᠦ ᠴᠢᠬᠤᠯᠠᠴᠢᠯᠠᠵᠤ᠂ ᠭᠠᠢ ᠭᠠᠮᠰᠢᠭ ᠤᠨ ᠮᠡᠳᠡᠭᠡ ᠵᠠᠩᠭᠢᠴᠢ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠠᠵᠢᠯᠲᠠᠨ ᠵᠡᠷᠭᠡ ᠲᠤᠰᠬᠠᠢ ᠲᠤᠰᠢᠶᠠᠯᠲᠤ ᠠᠵᠢᠯᠲᠠᠨ ᠤ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠮᠡᠳᠡᠭᠦᠯᠬᠦ ᠲᠤᠰᠢᠶᠠᠯ ᠬᠠᠷᠢᠭᠤᠴᠠᠯᠭ᠎ᠠ ᠶᠢ ᠨᠠᠷᠢᠯᠢᠭᠵᠢᠭᠤᠯᠵᠤ᠂ ᠮᠡᠳᠡᠭᠦᠯᠦᠨ ᠬᠦᠷᠭᠡᠬᠦ ᠴᠠᠭ ᠤᠨ ᠬᠢᠵᠠᠭᠠᠷ ᠪᠠ ᠭᠥᠯᠢᠶᠡᠨ ᠠᠪᠬᠤ ᠪᠡᠶᠡᠴᠢ ᠴᠣᠭᠴᠠ ᠶᠢ ᠲᠣᠳᠣᠷᠬᠠᠢ ᠪᠣᠯᠭᠠᠵᠤ᠂ ᠵᠡᠷᠭᠡ ᠳᠡᠰ ᠢ ᠨᠢ ᠲᠦᠷ ᠮᠠᠭᠠᠳᠯᠠᠨ ᠲᠣᠳᠣᠯᠠᠬᠤ ᠶᠢᠨ ᠠᠷᠭ᠎ᠠ ᠦᠭᠡᠢ ᠭᠡᠨᠡᠳᠲᠡ ᠶᠢᠨ ᠬᠡᠷᠡᠭ ᠢ ᠮᠡᠳᠡᠭᠦᠯᠦᠨ ᠬᠦᠷᠭᠡᠬᠦ ᠠᠵᠢᠯ ᠢ ᠵᠢᠷᠤᠮᠵᠢᠭᠤᠯᠪᠠ᠃     ᠬᠤᠶᠠᠷ ᠲᠤ᠂ ᠤᠯᠠᠨ ᠨᠡᠶᠢᠲᠡ ᠶᠢᠨ ᠴᠤᠤᠷᠢᠶᠠᠲᠤᠯ ᠤᠨ ᠬᠤᠯᠪᠣᠭᠳᠠᠯ ᠪᠦᠬᠦᠢ ᠠᠭᠤᠯᠭ᠎ᠠ ᠶᠢ ᠨᠡᠮᠡᠪᠡ᠃ᠪᠡᠯᠡᠳᠬᠡᠯ ᠲᠥᠰᠥᠯ ᠳᠤ ᠤᠯᠠᠨ ᠨᠡᠶᠢᠲᠡ ᠶᠢᠨ ᠴᠤᠤᠷᠢᠶᠠᠲᠤᠨ ᠲᠠᠭᠠᠬᠤ ᠶᠢ ᠠᠩᠬ᠎ᠠ ᠤᠳᠠᠭ᠎ᠠ ᠭᠡᠨᠡᠳᠲᠡ ᠶᠢᠨ ᠬᠡᠷᠡᠭ ᠢ ᠤᠷᠢᠳᠴᠢᠯᠠᠨ ᠰᠢᠢᠳᠪᠦᠷᠢᠯᠡᠬᠦ ᠠᠭᠤᠯᠭ᠎ᠠ ᠳᠤ ᠣᠷᠣᠭᠤᠯᠵᠤ᠂ ᠭᠡᠨᠡᠳᠲᠡ ᠶᠢᠨ ᠬᠡᠷᠡᠭ ᠢ ᠠᠷᠭᠠᠴᠠᠬᠤ ᠬᠤᠭᠤᠴᠠᠭᠠᠨ ᠳᠤ᠂ ᠨᠥᠯᠥᠭᠡᠯᠡᠭᠳᠡᠭᠰᠡᠨ ᠠᠷᠠᠳ ᠢᠷᠭᠡᠨ᠂ ᠬᠠᠤᠯᠢ ᠶᠢᠨ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠴᠠᠭ ᠲᠤᠬᠠᠢ ᠳᠤᠨᠢ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠠᠵᠢᠯ ᠢ ᠥᠷᠨᠢᠭᠦᠯᠵᠦ᠂ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠪᠠᠶᠢᠭᠠᠳ ᠬᠤᠣᠷ ᠬᠥᠨᠥᠭᠡᠯ ᠤᠨ ᠥᠷᠭᠡᠳᠬᠦ ᠶᠢ ᠰᠡᠷᠭᠡᠶᠢᠯᠡᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ ᠭᠡᠵᠦ ᠳᠤᠷᠠᠳᠪᠠ᠃     ᠭᠤᠷᠪᠠ ᠳᠤ᠂  ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠎ᠠ᠃ᠪᠡᠯᠡᠳᠬᠡᠯ ᠲᠥᠰᠥᠯ ᠳᠤ ᠠᠩᠬ᠎ᠠ ᠠᠯᠬᠤᠮ ᠤᠨ ᠲᠠᠰᠤᠯᠤᠯᠲᠠ ᠶᠢᠨ ᠲᠠᠰ ᠢ ᠠᠩᠬ᠎ᠠ ᠤᠳᠠᠭ᠎ᠠ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠪᠠᠷᠢᠮᠵᠢᠶ᠎ᠠ ᠪᠣᠯᠭᠠᠵᠤ᠂ ᠠᠳᠠᠯᠢ ᠪᠤᠰᠤ ᠲᠠᠰ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠭᠤᠣᠯ ᠴᠣᠭᠴᠠ ᠪᠠ ᠳᠠᠭᠠᠬᠤ ᠠᠷᠭ᠎ᠠ ᠬᠡᠮᠵᠢᠶ᠎ᠡ᠂ ᠱᠠᠭᠠᠷᠳᠠᠯᠭ᠎ᠠ ᠶᠢ ᠲᠣᠳᠣᠷᠬᠠᠶᠢᠯᠠᠵᠤ᠂ ᠳᠠᠭᠠᠬᠤ ᠶᠠᠪᠤᠴᠠ ᠳᠠᠬᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠦᠷ᠎ᠡ ᠪᠦᠲᠦᠮᠵᠢ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠪᠡ᠃     ᠳᠥᠷᠪᠡ ᠳᠤ᠂ ᠲᠤᠬᠠᠢ ᠶᠢᠨ ᠲᠠᠯᠠᠪᠠᠢ ᠶᠢᠨ ᠵᠢᠯᠤᠭᠤᠳᠬᠤ ᠠᠵᠢᠯ ᠢ ᠵᠢᠷᠤᠮᠵᠢᠭᠤᠯᠤᠨ᠎ᠠ᠃ ᠪᠡᠯᠡᠳᠬᠡᠯ ᠲᠥᠰᠥᠯ ᠳᠤ ᠲᠤᠬᠠᠢ ᠶᠢᠨ ᠲᠠᠯᠠᠪᠤᠷ ᠤᠨ ᠵᠢᠯᠤᠭᠤᠳᠬᠤ ᠭᠠᠵᠠᠷ ᠢ ᠪᠠᠶᠢᠭᠤᠯᠬᠤ ᠪᠡᠶᠡᠴᠢ ᠴᠣᠭᠴᠠ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠵᠢᠯᠲᠠᠨ ᠤ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠲᠤᠬᠠᠢ ᠶᠢᠨ ᠲᠠᠯᠠᠪᠤᠷ ᠤᠨ ᠵᠢᠯᠤᠭᠤᠳᠬᠤ ᠭᠠᠵᠠᠷ ᠤᠨ ᠨᠢᠭᠡᠳᠦᠯᠲᠡᠢ ᠵᠢᠯᠤᠭᠤᠳᠬᠤ ᠡᠷᠬᠡ ᠪᠠ ᠰᠢᠢᠳᠪᠦᠷᠢᠯᠡᠬᠦ ᠡᠷᠬᠡ ᠶᠢ ᠴᠢᠩᠭᠠᠷᠠᠭᠤᠯᠤᠨ᠂ ᠲᠤᠬᠠᠢ ᠶᠢᠨ ᠲᠠᠯᠠᠪᠤᠷ ᠤᠨ ᠬᠠᠮᠵᠢᠯᠴᠠᠨ ᠬᠥᠳᠡᠯᠦᠯᠴᠡᠬᠦ ᠠᠵᠢᠯ ᠢ ᠨᠠᠷᠢᠯᠢᠭᠵᠢᠭᠤᠯᠪᠠ᠃ ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠳᠤᠮᠳᠠ᠂ ᠶᠡᠷᠦᠩᠬᠡᠢ ᠵᠢᠯᠣᠭᠤᠳᠤᠭᠴᠢ ᠪᠠ ᠵᠢᠯᠣᠭᠤᠳᠤᠯᠭ᠎ᠠ ᠶᠢ ᠭᠦᠢᠴᠡᠳᠬᠡᠬᠦ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠵᠢᠷᠤᠮᠵᠢᠭᠤᠯᠵᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠰᠠᠶᠢᠨ ᠮᠡᠳᠡᠳᠡᠭ᠂ ᠵᠣᠬᠢᠶᠠᠨ ᠪᠠᠶᠢᠭᠤᠯᠬᠤ᠂ ᠵᠢᠯᠤᠭᠤᠳᠬᠤ ᠪᠠ ᠵᠣᠬᠢᠴᠠᠭᠤᠯᠬᠤ ᠨᠡᠯᠢᠶᠡᠳ ᠴᠢᠩᠭ᠎ᠠ ᠴᠢᠳᠠᠪᠤᠷᠢ ᠲᠠᠢ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ ᠪᠣᠳᠠᠲᠤ ᠪᠠᠶᠢᠯᠳᠤᠭᠠᠨ ᠤ ᠵᠣᠬᠢᠬᠤ ᠲᠤᠷᠰᠢᠯᠭ᠎ᠠ ᠲᠠᠢ ᠬᠥᠮᠥᠨ ᠢᠶᠠᠷ ᠬᠠᠷᠢᠭᠤᠴᠠᠭᠤᠯᠬᠤ ᠪᠠᠷ ᠲᠣᠭᠲᠠᠭᠠᠵᠤ᠂ ᠲᠤᠬᠠᠢ ᠶᠢᠨ ᠲᠠᠯᠠᠪᠤᠷ ᠤᠨ ᠵᠢᠯᠤᠭᠤᠳᠬᠤ ᠭᠠᠵᠠᠷ ᠤᠨ ᠪᠣᠳᠠᠲᠤ ᠪᠠᠶᠢᠯᠳᠤᠭᠠᠨ ᠤ ᠰᠢᠨᠵᠢ ᠴᠢᠨᠠᠷ ᠢ ᠲᠤᠪᠤᠶᠢᠯᠭᠠᠪᠠ᠃     ᠲᠠᠪᠤ ᠳᠤ᠂ ᠲᠥᠷᠥᠯ ᠬᠤᠪᠢᠶᠠᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠣᠭᠲᠠᠭᠠᠨ᠎ᠠ᠃ᠭᠡᠨᠡᠳᠲᠡ ᠶᠢᠨ ᠬᠡᠷᠡᠭ ᠤᠨ ᠲᠦᠷᠤᠯ ᠢᠯᠭᠠᠯ ᠢ ᠦᠨᠳᠦᠰᠦᠯᠡᠨ᠂ ᠪᠠᠶᠢᠭᠠᠯᠢ ᠶᠢᠨ ᠭᠠᠮᠰᠢᠭ ᠪᠠ ᠡ᠊ᠨᠳᠡᠯ ᠤᠨ ᠭᠠᠢ ᠭᠠᠮᠰᠢᠭ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠨᠡᠶᠢᠭᠡᠮ ᠤᠨ ᠠᠮᠤᠷ ᠲᠦᠪᠰᠢᠨ ᠤ ᠲᠦᠷᠤᠯ ᠢᠯᠭᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠤᠰ ᠲᠤᠰ ᠲᠣᠭᠲᠠᠭᠠᠵᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢᠨ ᠬᠠᠨᠳᠤᠯᠭᠠᠲᠤ ᠴᠢᠨᠠᠷ ᠪᠠ ᠠᠵᠢᠯᠯᠠᠭᠠᠨ ᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ᠪᠠᠶᠢᠭᠠᠯᠢ ᠶᠢᠨ ᠭᠠᠮᠰᠢᠭ ᠪᠠ ᠡ᠊ᠨᠳᠡᠯ ᠤᠨ ᠭᠠᠢ ᠭᠠᠮᠰᠢᠭ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠦᠷᠦᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠳᠤ᠂ ᠪᠠᠶᠢᠳᠠᠯ ᠢ ᠦᠵᠡᠵᠦ ᠪᠠᠶᠢᠭᠠᠳ ᠣᠷᠣᠨ ᠪᠦᠰᠡ ᠶᠢᠨ ᠴᠢᠨᠠᠷᠲᠠᠢ ᠲᠡᠭᠡᠭᠡᠪᠦᠷᠢᠯᠡᠬᠦ ᠶᠢ ᠵᠣᠭᠰᠤᠭᠠᠬᠤ᠂ ᠠᠵᠢᠯ ᠢ ᠵᠣᠭᠰᠤᠭᠠᠬᠤ᠂ ᠦᠢᠯᠡᠳᠪᠦᠷᠢᠯᠡᠯ ᠢ ᠵᠣᠭᠰᠤᠭᠠᠬᠤ᠂ ᠬᠢᠴᠢᠶᠡᠯ ᠢ ᠵᠣᠭᠰᠤᠭᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ ᠭᠡᠵᠦ ᠳᠠᠬᠢᠨᠲᠠ ᠲᠣᠳᠣᠷᠬᠠᠶᠢᠯᠠᠪᠠ᠃     ᠵᠢᠷᠭᠤᠭ᠎ᠠ ᠳᠤ᠂ ᠮᠡᠳᠡᠭᠡ ᠵᠠᠩᠭᠢ ᠨᠡᠶᠢᠲᠡᠯᠡᠬᠦ ᠶᠢ ᠴᠢᠩᠭᠠᠳᠬᠠᠨ᠎ᠠ᠃ᠪᠡᠯᠡᠳᠬᠡᠯ ᠲᠥᠰᠥᠯ ᠳᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠵᠤ᠂ ᠮᠡᠳᠡᠭᠡ ᠵᠠᠩᠭᠢ ᠶᠢ ᠨᠡᠶᠢᠲᠡᠯᠡᠬᠦ ᠴᠠᠭ ᠤᠨ ᠬᠢᠵᠠᠭᠠᠷ ᠤᠨ ᠱᠠᠭᠠᠷᠳᠠᠯᠭ᠎ᠠ ᠪᠠ ᠠᠵᠢᠯ ᠤᠨ ᠠᠷᠭ᠎ᠠ ᠬᠡᠮᠵᠢᠶ᠎ᠡ ᠶᠢ ᠴᠢᠩᠭ᠎ᠠ ᠲᠣᠭᠲᠠᠭᠠᠵᠠᠢ᠃ᠳᠥᠷᠪᠡ᠂ ᠰᠡᠷᠭᠦᠭᠡᠵᠦ ᠲᠠᠬᠢᠨ ᠪᠠᠶᠢᠭᠤᠯᠬᠤ ᠠᠵᠢᠯ ᠢ ᠨᠡᠩ ᠪᠣᠳᠠᠲᠠᠢ ᠪᠣᠯᠭᠠᠨ᠎ᠠ     ᠨᠢᠭᠡ ᠳᠤ᠂ ᠲᠤᠰᠢᠶᠠᠯ ᠬᠠᠷᠢᠭᠤᠴᠠᠯᠭ᠎ᠠ ᠶᠢᠨ ᠠᠵᠢᠯ ‍ᠤᠨ‌‍ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ ᠤᠨ ᠲᠥᠯᠦᠪᠵᠢᠭᠦᠯᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠣᠷᠴᠢᠨ ᠲᠣᠭᠤᠷᠢᠨ᠂ ᠬᠥᠭᠵᠢᠭᠦᠯᠦᠯᠲᠡ ᠥᠭᠡᠷᠡᠴᠢᠯᠡᠯᠲᠡ᠂ ᠬᠢᠨᠠᠨ ᠪᠣᠳᠣᠯᠲᠠ ᠵᠡᠷᠭᠡ ᠰᠠᠯᠠᠭ᠎ᠠ ᠮᠥᠴᠢᠷ ᠤᠨ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ ᠠᠵᠢᠯ ᠤᠨ ᠳᠤᠮᠳᠠᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠵᠤ᠂ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ ᠠᠵᠢᠯ ᠤᠨ ᠤᠷᠤᠭᠰᠢᠲᠠᠢ ᠶᠠᠪᠤᠭᠳᠠᠬᠤ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃     ᠬᠤᠶᠠᠷ ᠲᠤ᠂ ᠠᠪᠤᠷᠠᠨ ᠲᠤᠰᠠᠯᠠᠬᠤ ᠠᠰᠠᠷᠠᠮᠵᠢ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠠᠪᠤᠴᠠ ᠳᠤ᠂ ᠨᠠᠰᠤᠲᠠᠨ᠂ ᠨᠢᠯᠬ᠎ᠠ᠂ ᠡᠪᠡᠳᠴᠢᠨ ᠲᠠᠢ᠂ ᠵᠡᠮᠳᠡᠭ᠂ ᠵᠢᠷᠮᠦᠰᠦᠨ ᠵᠢᠴᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ᠂ ᠰᠠᠭᠠᠲᠠᠵᠤ ᠪᠠᠶᠢᠭ᠎ᠠ ᠬᠥᠮᠥᠰ ᠵᠡᠷᠭᠡ ᠬᠠᠮᠲᠤᠯᠢᠭ ᠢ ᠭᠤᠣᠯᠳᠠᠯᠭ᠎ᠠ ᠲᠠᠢ ᠠᠩᠬᠠᠷᠴᠤ ᠪᠠᠶᠢᠬᠤ ᠶᠢ ᠳᠣᠪᠤᠶᠢᠯᠭᠠᠵᠠᠶ᠃ᠬᠡᠷᠡᠭ ᠶᠠᠪᠤᠳᠠᠯ ᠢ ᠰᠢᠢᠳᠪᠦᠷᠢᠯᠡᠬᠦ ᠭᠤᠣᠯ ᠬᠠᠷᠢᠭᠤᠴᠠᠯᠭ᠎ᠠ ᠶᠢᠨ ᠰᠠᠯᠠᠭ᠎ᠠ ᠮᠥᠴᠢᠷ ᠪᠣᠯᠣᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠲᠣᠳᠣᠷᠬᠠᠶᠢᠯᠠᠵᠤ᠂ ᠠᠷᠠᠳ ᠢᠷᠭᠡᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠰᠠᠨ ᠪᠤᠶᠤ ᠨᠡᠶᠢᠭᠡᠮ ᠤᠨ ᠡᠮᠬᠢ ᠵᠢᠷᠤᠮ ᠢ ᠬᠠᠮᠵᠢᠨ ᠬᠠᠮᠠᠭᠠᠯᠠᠭᠰᠠᠨ ᠦᠢᠯᠡ ᠠᠵᠢᠯᠯᠠᠭ᠎ᠠ ᠶᠢ ᠮᠠᠭᠠᠳᠯᠠᠨ ᠲᠣᠭᠲᠠᠭᠠᠬᠤ ᠶᠢᠨ ᠬᠠᠮᠲᠤ ᠭᠡᠷᠡᠴᠢ ᠭᠠᠷᠭᠠᠵᠤ᠂ ᠠᠷᠠᠳ ᠢᠷᠭᠡᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠰᠠᠨ ᠪᠤᠶᠤ ᠨᠡᠶᠢᠭᠡᠮ ᠤᠨ ᠡᠮᠬᠢ ᠵᠢᠷᠤᠮ ᠢ ᠬᠠᠮᠵᠢᠨ ᠬᠠᠮᠠᠭᠠᠯᠠᠭᠰᠠᠨ ᠬᠤᠭᠤᠴᠠᠭᠠᠨ ᠳᠤ ᠤᠤᠯ ᠤᠨ ᠨᠢᠭᠡᠴᠢ ᠶᠢᠨ ᠴᠠᠯᠢᠩ ᠣᠯᠭᠤᠮᠵᠢ ᠪᠠ ᠠᠰᠠᠷᠠᠮᠵᠢ ᠶᠢ ᠬᠡᠪ ᠢᠶᠠᠷ ᠪᠠᠶᠢᠯᠭᠠᠬᠤ ᠦᠨᠳᠦᠰᠦᠯᠡᠯ ᠪᠣᠯᠭᠠᠵᠤ᠂ ︽ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ᠶᠢᠨ ᠬᠤᠯᠪᠣᠭᠳᠠᠯ ᠪᠦᠬᠦᠢ ᠵᠦᠢᠯ ᠵᠤᠷᠪᠤᠰ ᠲᠠᠢ ᠵᠣᠯᠭᠠᠯᠳᠤᠭᠤᠯᠬᠤ ᠶᠢ ᠪᠡᠶᠡᠯᠡᠭᠦᠯᠪᠡ᠃     ᠭᠤᠷᠪᠠ ᠳᠤ᠂ ᠪᠠᠶᠢᠴᠠᠭᠠᠨ ᠦᠨᠡᠯᠡᠬᠦ ᠠᠵᠢᠯ ᠢ ᠵᠢᠷᠤᠮᠵᠢᠭᠤᠯᠪᠠ᠃ᠭᠡᠨᠡᠳᠲᠡ ᠶᠢᠨ ᠬᠡᠷᠡᠭ ᠡᠭᠦᠰᠦᠭᠰᠡᠨ ᠤ ᠳᠠᠷᠠᠭᠠᠬᠢ ᠪᠠᠶᠢᠴᠠᠭᠠᠯᠲᠠ ᠶᠢᠨ ᠪᠡᠶᠡᠴᠢ ᠴᠣᠭᠴᠠ᠂ ᠦᠨᠳᠦᠰᠦ ᠪᠠᠷᠢᠮᠲᠠ᠂ ᠱᠠᠭᠠᠷᠳᠠᠯᠭ᠎ᠠ ᠶᠢ ᠲᠣᠳᠣᠷᠬᠠᠶᠢᠯᠠᠵᠤ᠂ ᠭᠡᠨᠡᠳᠲᠡ ᠶᠢᠨ ᠬᠡᠷᠡᠭ ᠢ ᠳ᠋ᠦᠩᠨᠡᠵᠦ ᠦᠨᠡᠯᠡᠨ ᠵᠢᠱᠢᠬᠦ ᠪᠡᠶᠡᠴᠢ ᠴᠣᠭᠴᠠ ᠪᠠ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠵᠢᠷᠤᠮᠵᠢᠭᠤᠯᠪᠠ᠃   ᠲᠠᠪᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢ ᠨᠡᠩ ᠪᠦᠬᠦ ᠲᠠᠯ᠎ᠠ ᠪᠠᠷ ᠪᠠᠲᠤᠯᠠᠨ᠎ᠠ      ᠨᠢᠭᠡ ᠳᠤ᠂ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ‍ᠦ‌‍ᠪᠡᠯᠡᠳᠬᠡᠯ ᠲᠥᠰᠥᠯ ᠳᠤ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠠᠪᠤᠷᠠᠨ ᠲᠤᠰᠠᠯᠠᠬᠤ ᠡᠩᠨᠡᠭᠡ᠂ ᠣᠷᠣᠨ ᠨᠤᠲᠤᠭ ᠤᠨ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠡᠩᠨᠡᠭᠡ᠂ ᠪᠠᠴᠢᠮ ᠪᠠᠶᠢᠳᠠᠯ ᠢ ᠠᠷᠭᠠᠴᠠᠬᠤ ᠲᠤᠰᠬᠠᠢ ᠡᠩᠨᠡᠭᠡ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠡᠩᠨᠡᠭᠡ᠂ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ᠂ ᠬᠤᠰᠢᠭᠤᠨ ᠳᠤ ᠰᠠᠭᠤᠭ᠎ᠠ ᠴᠡᠷᠢᠭ ᠠᠩᠭᠢ᠂ ᠪᠠᠴᠢᠮ ᠪᠠᠶᠢᠳᠠᠯ ᠢ ᠠᠷᠭᠠᠴᠠᠬᠤ ᠲᠤᠰᠬᠠᠢ ᠮᠡᠷᠭᠡᠵᠢᠯᠲᠡᠨ ᠤ ᠡᠩᠨᠡᠭᠡ ᠪᠠᠷ ᠪᠦᠷᠢᠯᠳᠦᠭᠰᠡᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠰᠢᠰᠲ᠋ᠧᠮ᠂ ᠢᠯᠠᠩᠭᠤᠶ᠎ᠠ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠪᠠᠶᠢᠷᠢ ᠲᠣᠭᠲᠠᠭᠠᠯᠲᠠ᠂ ᠡᠭᠦᠷᠭᠡ᠂ ᠳᠡᠮᠵᠢᠯᠭᠡ᠂ ᠵᠢᠯᠣᠭᠤᠳᠤᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠪᠥᠬᠦ ᠨᠡᠶᠢᠭᠡᠮ ᠢᠶᠠᠷ ᠢᠶᠠᠨ ᠣᠷᠣᠯᠴᠠᠬᠤ ᠵᠠᠷᠴᠢᠮ ᠢ ᠬᠠᠷᠠᠭᠤᠯᠵᠠᠢ᠃     ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠲᠤᠪᠤᠶᠢᠯᠭᠠᠨ᠎ᠠ᠃ᠪᠡᠯᠡᠳᠬᠡᠯ ᠲᠥᠰᠥᠯ ᠳᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠰᠢᠰᠲ᠋ᠧᠮ ᠤᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠠᠭ ᠵᠠᠩᠭᠢᠵᠢᠯᠲᠠ ᠶᠢᠨ ᠪᠠᠲᠤᠯᠠᠭ᠎ᠠ ᠶᠢᠨ ᠴᠢᠳᠠᠪᠤᠷᠢ ᠶᠢᠨ ᠳᠡᠭᠡᠭᠰᠢᠯᠡᠯᠲᠡ ᠳᠤ ᠪᠣᠳᠠᠲᠠᠢ ᠱᠠᠭᠠᠷᠳᠠᠯᠭ᠎ᠠ ᠳᠤᠷᠠᠳᠴᠤ᠂ ᠪᠦᠭᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠰᠢᠰᠲ᠋ᠧᠮ ᠤᠨ ᠪᠠᠶᠢᠭᠤᠯᠤᠯᠲᠠ ᠶᠢᠨ ᠭᠤᠣᠯ ᠴᠣᠭᠴᠠ᠂ ᠴᠢᠳᠠᠪᠬᠢ ᠶᠢᠨ ᠪᠦᠷᠢᠯᠳᠦᠯ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠰᠤᠷᠠᠭ ᠵᠠᠩᠭᠢᠵᠢᠯᠲᠠ ᠶᠢᠨ ᠣᠶᠤᠨᠴᠢᠯᠠᠭᠰᠠᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠰᠢᠰᠲ᠋ᠧᠮ ᠢ ᠪᠠᠶᠢᠭᠤᠯᠬᠤ ᠳᠤ ᠲᠤᠯᠭᠠᠭᠤᠷᠢᠯᠠᠯ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃     ᠭᠤᠷᠪᠠ ᠳᠤ᠂ ᠡᠳ᠋ ᠪᠣᠳᠠᠰ ᠤᠨ ᠪᠠᠲᠤᠯᠠᠭ᠎ᠠ ᠪᠠ ᠲᠣᠨᠣᠭᠯᠠᠯ ᠤᠨ ᠪᠠᠲᠤᠯᠠᠭ᠎ᠠ ᠶᠢ ᠴᠢᠩᠭᠠᠳᠬᠠᠨ᠎ᠠ᠃ᠪᠡᠯᠡᠳᠬᠡᠯ ᠲᠥᠰᠥᠯ ᠳᠤ ᠡᠩ ᠤᠨ ᠦᠶ᠎ᠡ ᠶᠢᠨ ᠦᠢᠯᠡᠴᠢᠯᠡᠭᠡ ᠪᠣᠯᠣᠨ ᠭᠠᠮᠰᠢᠭ ᠤᠨ ᠦᠶ᠎ᠡ ᠶᠢᠨ ᠪᠠᠴᠢᠮ ᠪᠠᠶᠢᠳᠠᠯ ᠢ ᠠᠷᠭᠠᠴᠠᠬᠤ ᠶᠢ ᠤᠶᠠᠯᠳᠤᠭᠤᠯᠤᠭᠰᠠᠨ᠂ ᠪᠣᠳᠠᠲᠤ ᠪᠣᠳᠠᠰ ᠤᠨ ᠨᠥᠭᠡᠴᠡ ᠪᠣᠯᠣᠨ ᠦᠢᠯᠡᠳᠪᠦᠷᠢᠯᠡᠬᠦ ᠴᠢᠳᠠᠪᠤᠷᠢ ᠶᠢᠨ ᠨᠥᠭᠡᠴᠡ ᠶᠢ ᠤᠶᠠᠯᠳᠤᠭᠤᠯᠤᠭᠰᠠᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ ᠭᠡᠵᠦ ᠳᠤᠷᠠᠳᠤᠨ ᠭᠠᠷᠭᠠᠵᠠᠢ᠃ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠨᠠᠷᠢᠯᠢᠭᠵᠢᠭᠤᠯᠪᠠ᠃ 
 
ᠢᠷᠡᠯᠲᠡ᠄ ᠲᠦᠮᠡᠳ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号