| ᠬᠥᠬᠡᠬᠤᠲᠠ ᠵᠠᠰᠠᠭ ᠲᠠᠷᠬᠠᠭᠠᠭᠰᠠᠨ ︹2023︺ 10 ᠳ᠋ᠤᠭᠠᠷ ᠲᠣᠭᠠᠲᠤ 2023 ᠣᠨ ᠤ 3 ᠳ᠋ᠤᠭᠠᠷ | ᠰᠠᠷ᠎ᠠ ᠶᠢᠨ 27 ᠤ ᠡᠳᠦᠷ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠶᠡᠷᠦᠩᠬᠡᠶᠢᠯᠡᠭᠰᠡᠨ ᠭᠠᠶᠢᠯᠢ | ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ | ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ | ᠪᠠᠲᠤᠯᠠᠬᠤ ᠣᠷᠣᠨ ᠤ ᠬᠥᠭᠵᠢᠯᠲᠡ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠬᠡᠬᠤᠲᠠ ᠶᠢᠨ ᠤᠯᠤᠰ ᠤᠨ ︽ | ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠳᠤ ᠢᠳᠡᠪᠬᠢᠲᠡᠢ ᠠᠭᠤᠰᠤᠯᠴᠠᠬᠤ ᠶᠢ ᠠᠬᠢᠭᠤᠯᠤᠨ᠂ ᠳᠤᠮᠳᠠᠳᠤ | ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ | ᠲᠤᠰᠠᠳᠠ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ | ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ | ᠦᠨᠳᠦᠰᠦᠯᠡᠨ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ ᠨᠢᠭᠡ᠂ ᠨᠡᠶᠢᠳᠡᠮ ᠬᠡᠷᠡᠭᠯᠡᠬᠦ ᠲᠦᠷᠦ ᠶᠢᠨ | ᠪᠣᠳᠣᠯᠭ᠎ᠠ ︵ᠨᠢᠭᠡ︶ ᠠᠵᠤ ᠠᠬᠤᠶᠢᠯᠠᠯ ᠤᠨ ᠪᠠᠶᠢᠭᠠᠯᠢ ᠵᠢᠯ ᠪᠦᠷᠢ ᠶᠢᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠲᠤᠭ᠎ᠠ ᠳᠣᠣᠷᠠᠬᠢ ᠪᠠᠷᠢᠮᠵᠢᠶ᠎ᠠ ᠳᠤ ᠬᠦᠷᠦᠭᠰᠡᠨ ᠳᠤ ᠣᠨᠴᠠᠭᠠᠢ ᠬᠤᠪᠢ ᠨᠡᠮᠡᠷᠢ ᠶᠢᠨ | ᠱᠠᠩᠨᠠᠯ ᠣᠯᠭᠤᠨ᠎ᠠ︔ ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ | 100 ᠲᠦᠮᠡᠨ ᠳ᠋ᠣᠯᠯᠠᠷ ᠠᠴᠠ 1000 ᠲᠦᠮᠡᠨ ᠳ᠋ᠣᠯᠯᠠᠷ ︵ᠪᠠᠭᠲᠠᠨ᠎ᠠ︶ ᠠᠴᠠ ᠳᠣᠷᠣᠭᠰᠢ ᠬᠦᠷᠦᠭᠰᠡᠨ ᠪᠣᠯ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ 1 ᠳ᠋ᠣᠯᠯᠠᠷ ᠪᠦᠷᠢ ᠳᠤ 0.03 ᠲᠥᠭᠦᠷᠢᠭ | ᠠᠷᠠᠳ ᠤᠨ ᠵᠣᠭᠤᠰ ᠤᠨ ᠱᠠᠩᠨᠠᠯ ᠣᠯᠭᠤᠨ᠎ᠠ︔ ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠲᠤᠭ᠎ᠠ ᠨᠡᠶᠢᠲᠡ 1000 ᠲᠦᠮᠡᠨ ᠳ᠋ᠣᠯᠯᠠᠷ ᠠᠴᠠ 5000 ᠲᠦᠮᠡᠨ ᠳ᠋ᠣᠯᠯᠠᠷ ︵ᠪᠠᠭᠲᠠᠨ᠎ᠠ︶ ᠠᠴᠠ | ᠳᠣᠷᠣᠭᠰᠢ ᠬᠦᠷᠦᠭᠰᠡᠨ ᠪᠣᠯ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ 1 ᠳ᠋ᠣᠯᠯᠠᠷ ᠪᠦᠷᠢ ᠳᠤ 0. | 04 ᠲᠥᠭᠦᠷᠢᠭ ᠠᠷᠠᠳ ᠤᠨ ᠵᠣᠭᠤᠰ ᠤᠨ ᠱᠠᠩᠨᠠᠯ ᠣᠯᠭᠤᠨ᠎ᠠ︔ ᠣᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 5000 ᠲᠦᠮᠡᠨ ᠳ᠋ᠣᠯᠯᠠᠷ ᠢ ᠳᠠᠪᠠᠭᠰᠠᠨ ᠪᠣᠯ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ 1 ᠳ᠋ᠣᠯᠯᠠᠷ ᠪᠦᠷᠢ ᠳᠤ 0.05 ᠲᠥᠭᠦᠷᠢᠭ ᠠᠷᠠᠳ ᠤᠨ ᠵᠣᠭᠤᠰ ᠤᠨ | ᠱᠠᠩᠨᠠᠯ ᠣᠯᠭᠤᠨ᠎ᠠ᠃ ᠳᠠᠩ ᠭᠠᠭᠴᠠ ᠠᠵᠤ ᠠᠬᠤᠶᠢᠯᠠᠯ ᠤᠨ ᠣᠨ ᠤ ᠱᠠᠩᠨᠠᠯ ᠢ ᠬᠠᠮᠤᠭ ᠤᠨ ᠥᠨᠳᠥᠷ ᠲᠡᠭᠡᠨ | 500 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ︔ ︵ᠬᠤᠶᠠᠷ︶ ᠡᠯ᠎ᠡ ᠲᠥᠷᠥᠯ ᠤᠨ | ᠠᠵᠤ ᠠᠬᠤᠶᠢᠯᠠᠯ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠰᠠᠭᠤᠷᠢᠰᠢᠨ ᠬᠥᠭᠵᠢᠬᠦ ᠶᠢ | ᠵᠣᠷᠢᠭᠵᠢᠭᠤᠯᠤᠨ᠂ ᠭᠠᠶᠢᠯᠢ ᠪᠠᠲᠤᠯᠠᠬᠤ ᠣᠷᠣᠨ ᠤ ᠦᠢᠯᠡᠳᠪᠦᠷᠢ ᠶᠢᠨ ᠭᠡᠷ ᠪᠠᠶᠢᠰᠢᠩ ᠢ ᠲᠦᠷᠢᠶᠡᠰᠦᠯᠡᠨ ᠬᠡᠷᠡᠭᠯᠡᠭᠰᠡᠨ | ᠠᠵᠤ ᠠᠬᠤᠶᠢᠯᠠᠯ ᠤᠨ ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ | 5000 ᠲᠦᠮᠡᠨ ᠳ᠋ᠣᠯᠯᠠᠷ ︵ᠪᠠᠭᠲᠠᠨ᠎ᠠ︶ ᠠᠴᠠ 1 ᠳ᠋ᠦᠩᠰᠢᠭᠤᠷ ᠳ᠋ᠣᠯᠯᠠᠷ ᠲᠤ ᠬᠦᠷᠦᠭᠰᠡᠨ ᠪᠣᠯ᠂ ᠲᠡᠭᠦᠨ ᠤ | ᠲᠤᠬᠠᠢ ᠶᠢᠨ ᠵᠢᠯ ᠤᠨ ᠪᠣᠳᠠᠲᠠᠢ ᠲᠤᠰᠢᠶᠠᠭᠰᠠᠨ ᠲᠦᠷᠢᠶᠡᠰᠦᠨ ᠮᠥᠩᠭᠦ ᠶᠢᠨ 50% ᠪᠠᠷ ᠨᠥᠬᠦᠪᠦᠷᠢ ᠣᠯᠭᠤᠨ᠎ᠠ︔ | ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 1 ᠳ᠋ᠦᠩᠰᠢᠭᠤᠷ ︵ | ᠪᠠᠭᠲᠠᠨ᠎ᠠ︶ ᠳ᠋ᠣᠯᠯᠠᠷ ᠠᠴᠠ ᠳᠠᠪᠠᠭᠰᠠᠨ ᠪᠣᠯ᠂ ᠲᠡᠭᠦᠨ ᠤ ᠲᠤᠬᠠᠢ ᠶᠢᠨ ᠵᠢᠯ ᠤᠨ ᠪᠣᠳᠠᠲᠠᠢ ᠲᠤᠰᠢᠶᠠᠭᠰᠠᠨ | ᠲᠦᠷᠢᠶᠡᠰᠦᠨ ᠮᠥᠩᠭᠦ ᠶᠢᠨ ᠪᠥᠬᠦ ᠲᠤᠭ᠎ᠠ ᠪᠠᠷ ᠨᠥᠬᠦᠪᠦᠷᠢ ᠣᠯᠭᠤᠨ᠎ᠠ᠃ ᠠᠵᠤ ᠠᠬᠤᠶᠢᠯᠠᠯ ᠨᠢᠭᠡᠪᠦᠷᠢ ᠶᠢᠨ | ᠲᠦᠷᠢᠶᠡᠰᠦᠨ ᠮᠥᠩᠭᠦ ᠶᠢᠨ ᠨᠥᠬᠦᠪᠦᠷᠢ ᠶᠢ ᠠᠷᠠᠳ ᠤᠨ ᠵᠣᠭᠤᠰ ᠢᠶᠠᠷ 500 ᠲᠦᠮᠡᠨ ᠲᠥᠭᠦᠷᠢᠭ ᠠᠴᠠ | ᠬᠡᠲᠦᠷᠡᠭᠦᠯᠬᠦ ᠦᠭᠡᠢ᠃ ︵ᠭᠤᠷᠪᠠ︶ ᠬᠠᠮᠢᠶ᠎ᠠ ᠪᠦᠬᠦᠢ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ | ᠣᠷᠣᠨ ᠳᠤ ᠪᠡᠯᠡ ᠣᠷᠣᠭᠤᠯᠬᠤ ᠶᠢ ᠳᠡᠮᠵᠢᠨ᠎ᠡ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠳᠣᠲᠣᠷᠠᠬᠢ | ᠮᠠᠰᠢᠨ ᠲᠥᠬᠦᠭᠡᠷᠦᠮᠵᠢ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯ ᠪᠣᠯᠭᠠᠭᠰᠠᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠭᠠᠵᠠᠷ ᠰᠢᠷᠣᠢ ᠬᠤᠳᠠᠯᠳᠤᠨ ᠠᠪᠬᠤ ᠶᠢ ᠪᠠᠭᠲᠠᠭᠠᠬᠤ ᠦᠭᠡᠢ︶ | ᠶᠢᠨ ᠲᠥᠷᠥᠯ ᠵᠦᠢᠯ ᠳᠤ᠂ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ | ᠲᠡᠭᠦᠨ ᠤ ᠪᠣᠳᠠᠲᠠᠢ ᠪᠡᠶᠡᠯᠡᠭᠦᠯᠦᠭᠰᠡᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠲᠤᠭ᠎ᠠ ᠶᠢᠨ | 5% ᠪᠠᠷ ᠨᠢᠭᠡ ᠤᠳᠠᠭ᠎ᠠ ᠶᠢᠨ ᠴᠢᠨᠠᠷᠲᠠᠢ ᠪᠡᠯᠡ ᠣᠷᠤᠭᠤᠯᠤᠯᠲᠠ ᠶᠢᠨ ᠱᠠᠩᠨᠠᠯ ᠨᠥᠬᠦᠪᠦᠷᠢ ᠣᠯᠭᠤᠵᠤ᠂ | ᠨᠥᠬᠦᠪᠦᠷᠢ ᠶᠢᠨ ᠪᠦᠬᠦ ᠲᠤᠭ᠎ᠠ ᠶᠢ 1000 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ | ᠬᠥᠬᠡᠬᠤᠲᠠ ᠶᠢᠨ ︽ᠠᠵᠤ ᠦᠢᠯᠡᠳᠪᠦᠷᠢ ᠶᠢᠨ ᠠᠷᠪᠠᠨ ᠵᠤᠷᠪᠤᠰ︾ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ | ᠲᠥᠷᠥᠯ ᠵᠦᠢᠯ ᠳᠤ ᠠᠵᠤ ᠠᠬᠤᠶᠢᠯᠠᠯ ᠤᠳ ᠬᠤᠲᠠ ᠶᠢᠨ ᠱᠠᠲᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ | ᠬᠤᠶᠠᠷ ᠱᠠᠲᠤᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠳᠠᠪᠬᠤᠴᠠᠭᠤᠯᠤᠨ ᠭᠥᠷᠳᠡᠵᠦ ᠪᠣᠯᠣᠨ᠎ᠠ᠃ ︵ | ᠳᠥᠷᠪᠡ︶ ᠬᠦᠷᠢᠶᠡᠯᠡᠩ ᠲᠣᠭᠤᠷᠢᠭ ᠤᠨ ᠳᠣᠲᠣᠷ᠎ᠠ ᠪᠠᠷᠠᠭ᠎ᠠ ᠬᠠᠳᠠᠭᠠᠯᠠᠭᠰᠠᠨ᠂ ᠴᠤᠭᠯᠠᠭᠤᠯᠤᠭᠰᠠᠨ᠂ ᠬᠤᠪᠢᠶᠠᠨ | ᠰᠠᠯᠭᠠᠵᠤ ︵ᠪᠣᠭᠤᠮᠲᠠ ᠶᠢᠨ ᠪᠦᠷᠢᠳᠬᠡᠭᠰᠡᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ︶᠂ ᠣᠨ ᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 50 ᠪᠠᠷᠢᠮᠵᠢᠶ᠎ᠠ ᠬᠠᠶᠢᠷᠴᠠᠭ ᠠᠴᠠ ᠳᠣᠣᠷ᠎ᠠ | ᠦᠭᠡᠢ ᠪᠣᠯ 20 ᠲᠣᠬᠤᠢ ᠪᠠᠷᠢᠮᠵᠢᠶ᠎ᠠ ᠬᠠᠶᠢᠷᠴᠠᠭ ᠪᠦᠷᠢ ᠳᠤ 1000 ᠲᠥᠭᠦᠷᠢᠭ ᠠᠷᠠᠳ ᠤᠨ ᠵᠣᠭᠤᠰ ᠤᠨ | ᠱᠠᠩᠨᠠᠯ ᠣᠯᠭᠤᠵᠤ᠂ 40 ᠲᠣᠬᠤᠢ ᠪᠠᠷᠢᠮᠵᠢᠶ᠎ᠠ ᠬᠠᠶᠢᠷᠴᠠᠭ ᠪᠦᠷᠢ ᠳᠤ 2000 ᠲᠥᠭᠦᠷᠢᠭ ᠠᠷᠠᠳ ᠤᠨ | ᠵᠣᠭᠤᠰ ᠤᠨ ᠱᠠᠩᠨᠠᠯ ᠣᠯᠭᠤᠨ᠎ᠠ᠃ ᠳᠠᠩ ᠭᠠᠭᠴᠠ ᠠᠵᠤ ᠠᠬᠤᠶᠢᠯᠠᠯ ᠤᠨ ᠵᠢᠯ ᠪᠦᠷᠢ ᠶᠢᠨ ᠱᠠᠩᠨᠠᠯ ᠤᠨ ᠶᠡᠷᠦᠩᠬᠡᠢ | ᠲᠤᠭ᠎ᠠ ᠶᠢ 200 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ ᠬᠤᠶᠠᠷ᠂ ᠲᠤᠰᠬᠠᠢ | ᠵᠦᠢᠯ ᠤᠨ ᠲᠥᠷᠥ ᠶᠢᠨ ᠪᠣᠳᠣᠯᠭ᠎ᠠ ︵ᠲᠠᠪᠤ︶ ᠥᠩᠭᠡᠲᠦ ᠲᠡᠮᠦᠷᠯᠢᠭ ᠵᠢᠴᠢ ᠰᠤᠪᠤᠳ ᠡᠷᠳᠡᠨᠢ ᠵᠠᠰᠠᠯ ᠴᠢᠮᠡᠭᠯᠡᠯ ᠤᠨ | ᠡᠳ᠋ᠰᠢᠭᠦᠯᠬᠦ ᠠᠵᠢᠯ ᠢ ᠥᠷᠨᠢᠭᠦᠯᠦᠭᠰᠡᠨ ᠠᠵᠤ ᠠᠬᠤᠶᠢᠯᠠᠯ ᠤᠨ ᠠᠰᠢᠭᠯᠠᠯᠲᠠ ᠳᠤ ᠣᠷᠣᠭᠤᠯᠤᠭᠰᠠᠨ ᠤ ᠳᠠᠷᠠᠭᠠᠬᠢ | ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠣᠳᠠᠲᠠᠢ ᠲᠤᠭ᠎ᠠ ᠨᠢ 10 ᠳ᠋ᠦᠩᠰᠢᠭᠤᠷ | ᠳ᠋ᠣᠯᠯᠠᠷ ︵ᠪᠠᠭᠲᠠᠬᠤ ᠦᠭᠡᠢ︶᠂ 20 ᠳ᠋ᠦᠩᠰᠢᠭᠤᠷ ᠳ᠋ᠣᠯᠯᠠᠷ ︵ᠪᠠᠭᠲᠠᠬᠤ ᠦᠭᠡᠢ︶᠂ 30 ᠳ᠋ᠦᠩᠰᠢᠭᠤᠷ ᠳ᠋ᠣᠯᠯᠠᠷ | ︵ᠪᠠᠭᠲᠠᠬᠤ ᠦᠭᠡᠢ︶ ᠠᠴᠠ ᠳᠠᠪᠠᠭᠰᠠᠨ ᠪᠣᠯ᠂ ᠣᠨ ᠢᠶᠠᠷ ᠲᠣᠰ ᠲᠣᠰ 100 ᠲᠦᠮᠡᠨ ᠲᠥᠭᠦᠷᠢᠭ ᠠᠷᠠᠳ ᠤᠨ | ᠵᠣᠭᠤᠰ᠂ 200 ᠲᠦᠮᠡᠨ ᠲᠥᠭᠦᠷᠢᠭ ᠠᠷᠠᠳ ᠤᠨ ᠵᠣᠭᠤᠰ᠂ 300 ᠲᠦᠮᠡᠨ ᠲᠥᠭᠦᠷᠢᠭ ᠠᠷᠠᠳ ᠤᠨ | ᠵᠣᠭᠤᠰ ᠢᠶᠠᠷ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ︵ᠵᠢᠷᠭᠤᠭ᠎ᠠ︶ ᠤᠯᠤᠰ ᠤᠨ 3A᠂ 4A᠂ | 5A ᠲᠠᠰ ᠢᠶᠠᠷ ᠦᠨᠡᠯᠡᠭᠳᠡᠭᠰᠡᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠳᠤ ᠲᠣᠰ ᠲᠣᠰ ᠨᠢᠭᠡ ᠤᠳᠠᠭ᠎ᠠ ᠶᠢᠨ | ᠴᠢᠨᠠᠷᠲᠠᠢ ᠪᠠᠷ 10 ᠲᠦᠮᠡᠨ ᠲᠥᠭᠦᠷᠢᠭ᠂ 30 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠠᠷᠠᠳ ᠤᠨ | ᠵᠣᠭᠤᠰ ᠤᠨ ᠱᠠᠩᠨᠠᠯ ᠣᠯᠭᠤᠨ᠎ᠠ᠃ ︵ᠳᠣᠯᠤᠭ᠎ᠠ︶ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢ | ᠲᠡᠳᠡᠨ ᠠᠪᠴᠢᠷᠠᠵᠤ᠂ ᠲᠤᠬᠠᠢ ᠶᠢᠨ ᠵᠢᠯ ᠳᠤ ᠰᠢᠨ᠎ᠡ ᠪᠠᠷ ᠳᠠᠩᠰᠠᠯᠠᠭᠤᠯᠤᠭᠰᠠᠨ ᠪᠤᠶᠤ ᠪᠡᠯᠡ ᠮᠥᠩᠭᠦ ᠨᠡᠮᠡᠭᠰᠡᠨ | ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠭᠰᠠᠨ ᠠᠵᠤ ᠠᠬᠤᠶᠢᠯᠠᠯ ᠪᠠ ᠭᠠᠳᠠᠭᠠᠳᠤ ᠪᠡᠯᠡ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠱᠠᠩᠨᠠᠯ | ᠣᠯᠭᠤᠵᠤ᠂ ᠠᠷᠠᠳ ᠤᠨ ᠵᠣᠭᠤᠰ ᠢᠶᠠᠷ ᠱᠠᠩᠨᠠᠬᠤ ᠪᠠᠷᠢᠮᠵᠢᠶ᠎ᠠ ᠶᠢ ᠲᠤᠬᠠᠢ ᠶᠢᠨ ᠵᠢᠯ ᠤᠨ ᠪᠣᠳᠠᠲᠠᠢ ᠠᠰᠢᠭᠯᠠᠭᠰᠠᠨ | ᠭᠠᠳᠠᠭᠠᠳᠤ ᠪᠡᠯᠡ ᠶᠢᠨ ᠵᠣᠭᠤᠰ ᠤᠨ ᠲᠤᠭ᠎ᠠ ᠶᠢᠨ 1% ︵ᠭᠠᠳᠠᠭᠠᠳᠤ ᠶᠢᠨ ᠲᠠᠯ᠎ᠠ ᠶᠢᠨ ᠬᠤᠪᠢ | ᠣᠷᠣᠭᠤᠯᠤᠭᠴᠢ ᠶᠢᠨ ᠵᠢᠭᠡᠯᠡᠯᠭᠡ ᠶᠢ ᠪᠠᠭᠲᠠᠭᠠᠬᠤ ᠦᠭᠡᠢ︶ ᠪᠠᠷ ᠲᠣᠭᠲᠠᠭᠠᠵᠤ᠂ ᠳᠠᠩ ᠭᠠᠭᠴᠠ ᠠᠵᠤ | ᠠᠬᠤᠶᠢᠯᠠᠯ ᠤᠨ ᠱᠠᠩᠨᠠᠯ ᠤᠨ ᠶᠡᠷᠦᠩᠬᠡᠢ ᠲᠤᠭ᠎ᠠ ᠶᠢ ᠠᠷᠠᠳ ᠤᠨ ᠵᠣᠭᠤᠰ ᠢᠶᠠᠷ 500 ᠲᠦᠮᠡᠨ ᠲᠥᠭᠦᠷᠢᠭ ᠠᠴᠠ | ᠬᠡᠲᠦᠷᠡᠭᠦᠯᠬᠦ ᠦᠭᠡᠢ᠃ ︵ᠨᠠᠢᠮᠠ︶ ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ | ᠠᠬᠤᠶᠢᠯᠠᠯ ᠢ ᠪᠤᠶᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠦᠨᠡᠯᠡᠨ ᠲᠤᠭᠲᠠᠭᠠᠭᠰᠠᠨ | ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠳᠤ ᠨᠢᠭᠡ ᠤᠳᠠᠭ᠎ᠠ ᠶᠢᠨ | ᠴᠢᠨᠠᠷᠲᠠᠢ 100 ᠲᠦᠮᠡᠨ ᠲᠥᠭᠦᠷᠢᠭ ᠠᠷᠠᠳ ᠤᠨ ᠵᠣᠭᠤᠰ ᠤᠨ ᠱᠠᠩᠨᠠᠯ ᠣᠯᠭᠤᠨ᠎ᠠ᠃ ︵ᠶᠢᠰᠦ︶ | ᠦᠢᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢ ᠳᠡᠮᠵᠢᠨ᠎ᠡ᠃ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ | ᠲᠤᠬᠠᠶᠢᠯᠠᠭᠰᠠᠨ ᠠᠵᠢᠯ ᠡᠷᠭᠢᠯᠡᠵᠦ ᠪᠠᠶᠢᠭ᠎ᠠ ᠠᠵᠤ ᠠᠬᠤᠶᠢᠯᠠᠯ ᠳᠤ᠂ ᠲᠤᠬᠠᠢ ᠶᠢᠨ ᠵᠢᠯ ᠤᠨ ᠬᠢᠯᠢ ᠶᠢᠨ ᠭᠠᠳᠠᠨᠠᠬᠢ | ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠤᠭᠰᠠᠨ ᠠᠷᠠᠯᠵᠢᠶᠠᠨ ᠤ ᠪᠥᠬᠦ ᠲᠤᠭ᠎ᠠ ᠨᠢ 100 ᠲᠦᠮᠡᠨ | ᠳ᠋ᠣᠯᠯᠠᠷ ᠠᠴᠠ ᠳᠠᠪᠠᠭᠰᠠᠨ ᠪᠣᠯ᠂ 1 ᠳ᠋ᠣᠯᠯᠠᠷ ᠪᠦᠷᠢ ᠳᠤ ᠠᠷᠠᠳ ᠤᠨ ᠵᠣᠭᠤᠰ ᠢᠶᠠᠷ 0.01 ᠲᠥᠭᠦᠷᠢᠭ ᠱᠠᠩᠨᠠᠵᠤ᠂ | ᠠᠷᠠᠳ ᠤᠨ ᠵᠣᠭᠤᠰ ᠢᠶᠠᠷ ᠬᠠᠮᠤᠭ ᠥᠨᠳᠥᠷ ᠲᠡᠭᠡᠨ 10 ᠲᠦᠮᠡᠨ ᠲᠥᠭᠦᠷᠢᠭ ᠱᠠᠩᠨᠠᠨ᠎ᠠ᠃ ︵ᠠᠷᠪᠠ︶ ᠪᠠᠶᠢᠴᠠᠭᠠᠨ | ᠰᠢᠯᠭᠠᠵᠤ ᠭᠡᠷᠡᠴᠢᠯᠡᠬᠦ᠂ ᠪᠥᠬᠦ ᠪᠥᠮᠪᠥᠷᠴᠡᠭ ᠤᠨ ᠭᠠᠶᠢᠯᠢ ᠪᠠᠲᠤᠯᠠᠬᠤ ᠰᠡᠯᠪᠢᠨ ᠵᠠᠰᠠᠬᠤ ᠦᠢᠯᠡᠴᠢᠯᠡᠭᠡᠨ ᠤ ᠠᠵᠤ | ᠠᠬᠤᠶᠢᠯᠠᠯ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠡᠵᠡᠩᠨᠡᠬᠦ ᠪᠠᠷ ᠳᠠᠩᠰᠠᠯᠠᠭᠤᠯᠤᠭᠰᠠᠨ ᠪᠦᠭᠡᠳ | ᠲᠤᠬᠠᠶᠢᠯᠠᠭᠰᠠᠨ ᠠᠵᠢᠯ ᠢᠶᠠᠨ ᠪᠣᠳᠠᠲᠠᠢ ᠥᠷᠨᠢᠭᠦᠯᠦᠭᠰᠡᠨ ᠤ ᠳᠠᠷᠠᠭ᠎ᠠ᠂ ᠨᠢᠭᠡ ᠤᠳᠠᠭ᠎ᠠ ᠶᠢᠨ ᠴᠢᠨᠠᠷᠲᠠᠢ 10 ᠲᠦᠮᠡᠨ | ᠲᠥᠭᠦᠷᠢᠭ ᠠᠷᠠᠳ ᠤᠨ ᠵᠣᠭᠤᠰ ᠤᠨ ᠱᠠᠩᠨᠠᠯ ᠣᠯᠭᠤᠨ᠎ᠠ᠃ ︵ᠠᠷᠪᠠᠨ ᠨᠢᠭᠡ︶ ᠭᠠᠷ ᠳᠠᠮᠵᠢᠭᠰᠠᠨ ᠮᠠᠰᠢᠨ | ᠲᠡᠷᠭᠡ ᠶᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ᠬᠥᠭᠵᠢᠯᠲᠡ ᠶᠢ ᠳᠡᠮᠵᠢᠨ᠎ᠡ᠃ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠳᠤ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ | ᠠᠵᠢᠯ ᠢ ᠥᠷᠨᠢᠭᠦᠯᠵᠦ ᠪᠠᠶᠢᠭ᠎ᠠ ᠠᠵᠤ ᠠᠬᠤᠶᠢᠯᠠᠯ ᠳᠤ 2000 ᠲᠥᠭᠦᠷᠢᠭ ᠤᠨ ᠠᠷᠠᠳ ᠤᠨ ᠵᠣᠭᠤᠰ / ᠲᠡᠷᠭᠡ ᠪᠠᠷ | ᠪᠠᠷᠢᠮᠵᠢᠶ᠎ᠠ ᠪᠣᠯᠭᠠᠵᠤ᠂ ᠳᠠᠩ ᠭᠠᠭᠴᠠ ᠠᠵᠤ ᠠᠬᠤᠶᠢᠯᠠᠯ ᠳᠤ ᠵᠢᠯ ᠤᠨ 200 ᠲᠦᠮᠡᠨ ᠲᠥᠭᠦᠷᠢᠭ ᠠᠷᠠᠳ ᠤᠨ | ᠵᠣᠭᠤᠰ ᠠᠴᠠ ᠬᠡᠳᠦᠷᠡᠭᠦᠯᠬᠦ ᠦᠭᠡᠢ ᠪᠠᠷ ᠱᠠᠩᠨᠠᠯ ᠣᠯᠭᠤᠨ᠎ᠠ᠃ ︵ᠠᠷᠪᠠᠨ ᠬᠤᠶᠠᠷ︶ ᠠᠵᠤ ᠠᠬᠤᠶᠢᠯᠠᠯ᠂ | ᠨᠡᠶᠢᠭᠡᠮ ᠤᠨ ᠪᠦᠯᠬᠦᠮ ᠪᠠ ᠬᠤᠪᠢ ᠬᠥᠮᠥᠨ ᠤ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ | ᠬᠥᠭᠵᠢᠯᠲᠡ ᠪᠠ ᠲᠥᠯᠦᠪᠵᠢᠭᠦᠯᠭᠡ ᠳᠤ ᠨᠡᠶᠢᠴᠡᠬᠦ ᠠᠵᠤ ᠠᠬᠤᠶᠢᠯᠠᠯ᠂ ᠲᠥᠷᠥᠯ ᠵᠦᠢᠯ ᠢ ᠬᠤᠳᠠᠯᠳᠤᠭᠠᠴᠢᠨ ᠢᠶᠠᠷ | ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠵᠣᠷᠢᠭᠵᠢᠭᠤᠯᠤᠨ᠎ᠠ᠃ | ᠰᠢᠨ᠎ᠡ ᠪᠠᠷ ᠤᠷᠢᠵᠤ ᠢᠷᠡᠭᠰᠡᠨ ᠠᠵᠤ ᠠᠬᠤᠶᠢᠯᠠᠯ ᠨᠢ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠣᠷᠣᠵᠤ | ᠰᠠᠭᠤᠭᠠᠳ ᠲᠤᠬᠠᠶᠢᠯᠠᠭᠰᠠᠨ ᠠᠵᠢᠯ ᠢᠶᠠᠨ ᠥᠷᠨᠢᠭᠦᠯᠦᠭᠰᠡᠨ ᠤ ᠳᠠᠷᠠᠭ᠎ᠠ᠂ ᠬᠤᠳᠠᠯᠳᠤᠭᠠᠴᠢᠨ ᠢᠶᠠᠷ ᠬᠤᠳᠠᠯᠳᠤᠭᠠᠴᠢᠨ | ᠤᠷᠢᠭᠰᠠᠨ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠭᠰᠠᠨ ᠠᠵᠤ ᠠᠬᠤᠶᠢᠯᠠᠯ᠂ ᠨᠡᠶᠢᠭᠡᠮ ᠤᠨ | ᠪᠦᠯᠬᠦᠮ ᠪᠠ ᠬᠤᠪᠢ ᠬᠥᠮᠥᠨ ᠢ ᠱᠠᠩᠨᠠᠨ ᠬᠥᠬᠢᠭᠦᠯᠵᠦ᠂ ᠤᠷᠢᠵᠤ ᠢᠷᠡᠭᠰᠡᠨ ᠠᠵᠤ ᠠᠬᠤᠶᠢᠯᠠᠯ ᠤᠨ ᠵᠢᠯ ᠤᠨ | ᠪᠣᠳᠠᠲᠠᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 5000 ᠲᠦᠮᠡᠨ ᠲᠥᠭᠦᠷᠢᠭ | ᠠᠷᠠᠳ ᠤᠨ ᠵᠣᠭᠤᠰ ︵ᠪᠠᠭᠲᠠᠨ᠎ᠠ︶ ᠠᠴᠠ 1 ᠳ᠋ᠦᠩᠰᠢᠭᠤᠷ ᠲᠥᠭᠦᠷᠢᠭ ᠠᠷᠠᠳ ᠤᠨ ᠵᠣᠭᠤᠰ ︵ᠪᠠᠭᠲᠠᠬᠤ ᠦᠭᠡᠢ︶ | ᠬᠦᠷᠦᠭᠰᠡᠨ ᠪᠣᠯ᠂ ᠨᠢᠭᠡ ᠤᠳᠠᠭ᠎ᠠ ᠶᠢᠨ ᠴᠢᠨᠠᠷᠲᠠᠢ 5 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠱᠠᠩᠨᠠᠨ᠎ᠠ︔ | ᠤᠷᠢᠵᠤ ᠢᠷᠡᠭᠰᠡᠨ ᠠᠵᠤ ᠠᠬᠤᠶᠢᠯᠠᠯ ᠤᠨ ᠪᠣᠳᠠᠲᠠᠢ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠲᠤᠭ᠎ᠠ ᠨᠢ 1 ᠳ᠋ᠦᠩᠰᠢᠭᠤᠷ ᠲᠥᠭᠦᠷᠢᠭ ᠠᠷᠠᠳ ᠤᠨ ᠵᠣᠭᠤᠰ ︵ᠪᠠᠭᠲᠠᠨ᠎ᠠ︶ ᠠᠴᠠ 5 ᠳ᠋ᠦᠩᠰᠢᠭᠤᠷ | ᠲᠥᠭᠦᠷᠢᠭ ᠠᠷᠠᠳ ᠤᠨ ᠵᠣᠭᠤᠰ ︵ᠪᠠᠭᠲᠠᠬᠤ ᠦᠭᠡᠢ︶ ᠬᠦᠷᠦᠭᠰᠡᠨ ᠪᠣᠯ᠂ ᠨᠢᠭᠡ ᠤᠳᠠᠭ᠎ᠠ ᠶᠢᠨ ᠴᠢᠨᠠᠷᠲᠠᠢ 10 | ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠱᠠᠩᠨᠠᠨ᠎ᠠ︔ ᠤᠷᠢᠵᠤ ᠢᠷᠡᠭᠰᠡᠨ ᠠᠵᠤ ᠠᠬᠤᠶᠢᠯᠠᠯ ᠤᠨ ᠪᠣᠳᠠᠲᠠᠢ | ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 5 ᠳ᠋ᠦᠩᠰᠢᠭᠤᠷ ᠲᠥᠭᠦᠷᠢᠭ | ᠠᠷᠠᠳ ᠤᠨ ᠵᠣᠭᠤᠰ ︵ᠪᠠᠭᠲᠠᠨ᠎ᠠ︶ ᠠᠴᠠ 20 ᠳ᠋ᠦᠩᠰᠢᠭᠤᠷ ᠲᠥᠭᠦᠷᠢᠭ ᠠᠷᠠᠳ ᠤᠨ ᠵᠣᠭᠤᠰ ︵ᠪᠠᠭᠲᠠᠬᠤ ᠦᠭᠡᠢ | ︶ ᠬᠦᠷᠦᠭᠰᠡᠨ ᠪᠣᠯ᠂ ᠨᠢᠭᠡ ᠤᠳᠠᠭ᠎ᠠ ᠶᠢᠨ ᠴᠢᠨᠠᠷᠲᠠᠢ 20 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠱᠠᠩᠨᠠᠨ᠎ᠠ | ︔ ᠤᠷᠢᠵᠤ ᠢᠷᠡᠭᠰᠡᠨ ᠠᠵᠤ ᠠᠬᠤᠶᠢᠯᠠᠯ ᠤᠨ ᠪᠣᠳᠠᠲᠠᠢ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠲᠤᠭ᠎ᠠ ᠨᠢ 20 ᠳ᠋ᠦᠩᠰᠢᠭᠤᠷ ᠲᠥᠭᠦᠷᠢᠭ ᠠᠷᠠᠳ ᠤᠨ ᠵᠣᠭᠤᠰ ︵ᠪᠠᠭᠲᠠᠨ᠎ᠠ︶ ᠠᠴᠠ 50 | ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠬᠦᠷᠦᠭᠰᠡᠨ ᠪᠣᠯ᠂ ᠨᠢᠭᠡ ᠤᠳᠠᠭ᠎ᠠ ᠶᠢᠨ ᠴᠢᠨᠠᠷᠲᠠᠢ 30 ᠲᠦᠮᠡᠨ | ᠲᠥᠭᠦᠷᠢᠭ ᠠᠷᠠᠳ ᠤᠨ ᠵᠣᠭᠤᠰ ᠢᠶᠠᠷ ᠱᠠᠩᠨᠠᠨ᠎ᠠ᠃ ᠳᠠᠩ ᠭᠠᠭᠴᠠ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠪᠠ | ᠬᠤᠪᠢ ᠬᠥᠮᠥᠨ ᠤ ᠣᠨ ᠤ ᠱᠠᠩᠨᠠᠯ ᠢ ᠠᠷᠠᠳ ᠤᠨ ᠵᠣᠭᠤᠰ ᠢᠶᠠᠷ 200 ᠲᠦᠮᠡᠨ ᠲᠥᠭᠦᠷᠢᠭ ᠠᠴᠠ ᠬᠡᠲᠦᠷᠡᠭᠦᠯᠬᠦ | ᠦᠭᠡᠢ᠃ ᠴᠢᠬᠤᠯᠠ ᠣᠨᠴᠠ ᠶᠡᠭᠡ ᠭᠠᠳᠠᠭᠠᠳᠤ ᠳᠤ ᠬᠠᠨᠳᠤᠭᠤᠯᠤᠭᠰᠠᠨ ᠲᠥᠷᠥᠯ ᠵᠦᠢᠯ ᠢ ᠤᠷᠢᠵᠤ ᠢᠷᠡᠬᠦ ᠵᠢᠴᠢ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠣᠨᠴᠠᠭᠠᠢ | ᠬᠤᠪᠢ ᠨᠡᠮᠡᠷᠢ ᠦᠵᠡᠭᠦᠯᠦᠭᠰᠡᠨ ᠲᠠᠪᠴᠠᠩ᠂ ᠬᠤᠳᠠᠯᠳᠤᠭᠠᠴᠢᠨ ᠤ ᠨᠡᠶᠢᠭᠡᠮᠯᠢᠭ ︵ᠡᠪᠯᠡᠯ︶ ᠂ ᠠᠵᠤ ᠠᠬᠤᠶᠢᠯᠠᠯ | ᠵᠢᠴᠢ ᠬᠤᠪᠢ ᠬᠥᠮᠥᠨ ᠢ ᠨᠢᠭᠡ ᠤᠴᠢᠷ ᠢ ᠨᠢᠭᠡ ᠵᠥᠪᠯᠡᠬᠦ ᠠᠷᠭ᠎ᠠ ᠮᠠᠶ᠋ᠢᠭ ᠢᠶᠠᠷ ᠱᠠᠩᠨᠠᠨ ᠬᠥᠬᠢᠭᠦᠯᠦᠨ᠎ᠡ᠃ ᠭᠤᠷᠪᠠ᠂ | ᠴᠢᠳᠠᠪᠤᠷᠢᠲᠠᠨ ᠤ ᠲᠦᠷᠦ ᠶᠢᠨ ᠪᠣᠳᠣᠯᠭ᠎ᠠ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢ ︽ᠬᠥᠬᠡᠬᠤᠲᠠ ᠶᠢᠨ ᠴᠢᠳᠠᠪᠤᠷᠢᠲᠠᠨ | ᠲᠠᠲᠠᠬᠤ ᠲᠥᠷᠥ ᠶᠢᠨ ᠪᠣᠳᠣᠯᠭ᠎ᠠ 10 ᠵᠤᠷᠪᠤᠰ ᠤᠨ ᠴᠢᠳᠠᠪᠤᠷᠢᠲᠠᠨ ᠤ ᠠᠵᠢᠯ ᠣᠯᠵᠤ ᠦᠢᠯᠡᠰ ᠴᠣᠭᠴᠠᠯᠠᠬᠤ ᠶᠢ | ᠳᠡᠮᠵᠢᠬᠦ ᠢᠵᠢ ᠪᠦᠷᠢᠳᠦᠭᠦᠯᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︽ᠬᠥᠬᠡᠬᠤᠲᠠ ᠶᠢᠨ | ᠴᠢᠳᠠᠪᠤᠷᠢᠲᠠᠨ ᠲᠠᠲᠠᠬᠤ ᠲᠥᠷᠥ ᠶᠢᠨ ᠪᠣᠳᠣᠯᠭ᠎ᠠ 10 ᠵᠤᠷᠪᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠬᠦᠷᠢᠶ᠎ᠡ ᠴᠠᠷᠠᠭ᠎ᠠ ᠶᠢᠨ ᠢᠵᠢ ᠪᠦᠷᠢᠳᠦᠭᠦᠯᠬᠦ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ | ︵ᠬᠥᠬᠡᠬᠤᠲᠠ ᠵᠠᠰᠠᠭ ᠲᠠᠷᠬᠠᠭᠠᠭᠰᠠᠨ ︹2022︺ 26 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠢᠶᠠᠷ | ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠳᠥᠷᠪᠡ᠂ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠭᠤᠮᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ | ᠬᠠᠮᠢᠶᠠᠷᠤᠯᠲᠠ ᠶᠢᠨ ᠠᠷᠭ᠎ᠠ︾ ᠶᠢᠨ ᠠᠷᠪᠠᠨ ᠬᠤᠶᠠᠳᠤᠭᠠᠷ ᠵᠦᠢᠯ ᠤᠨ ᠲᠣᠭᠲᠠᠭᠠᠯ ᠶᠣᠰᠣᠭᠠᠷ᠂ ᠬᠠᠤᠯᠢ ᠴᠠᠭᠠᠵᠠ | ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠶᠢ ᠭᠠᠷᠭᠠᠪᠠᠯ᠂ ᠳᠣᠣᠷ᠎ᠠ ᠵᠢᠭᠰᠠᠭᠠᠭᠰᠠᠨ ᠪᠠᠷᠠᠭ᠎ᠠ ᠶᠢ | ᠬᠢᠯᠢ ᠶᠢᠨ ᠭᠠᠳᠠᠨ᠎ᠠ ᠠᠴᠠ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠣᠷᠣᠭᠤᠯᠪᠠᠯ᠂ ᠪᠣᠭᠤᠮᠲᠠ | ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ ᠭᠠᠶᠢᠯᠢ ᠪᠠ ᠭᠠᠳᠠᠭᠠᠳᠤ ᠠᠴᠠ ᠣᠷᠣᠭᠤᠯᠬᠤ ᠭᠤᠭᠴᠤᠭ᠎ᠠ ᠶᠢᠨ | ᠭᠠᠶᠢᠯᠢ ᠶᠢ ᠬᠡᠯᠲᠦᠷᠢᠭᠦᠯᠦᠨ᠎ᠡ᠄ ︵ᠨᠢᠭᠡ︶ ᠣᠷᠣᠨ ᠳᠣᠲᠣᠷᠠᠬᠢ ᠦᠢᠯᠡᠳᠪᠦᠷᠢᠯᠡᠯ ᠤᠨ ᠴᠢᠨᠠᠷᠲᠠᠢ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠰᠡᠬᠦ ᠮᠠᠰᠢᠨ᠂ ᠲᠥᠬᠦᠭᠡᠷᠦᠮᠵᠢ ᠪᠠ | ᠪᠦᠲᠦᠭᠡᠨ ᠪᠠᠶᠢᠭᠤᠯᠤᠯᠲᠠ ᠦᠢᠯᠡᠳᠪᠦᠷᠢᠯᠡᠯ ᠤᠨ ᠦᠢᠯᠡᠳᠪᠦᠷᠢ ᠶᠢᠨ ᠭᠡᠷ ᠪᠠᠶᠢᠰᠢᠩ᠂ ᠬᠥᠮᠥᠷᠭᠡᠯᠡᠨ ᠬᠠᠳᠠᠭᠠᠯᠠᠬᠤ | ᠪᠡᠯᠡᠳᠬᠡᠮᠵᠢ ᠶᠢ ᠪᠦᠲᠦᠭᠡᠨ ᠪᠠᠶᠢᠭᠤᠯᠬᠤ ᠳᠤ ᠬᠡᠷᠡᠭᠰᠡᠬᠦ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠪᠣᠳᠠᠰ︔ | ︵ᠬᠤᠶᠠᠷ︶ ᠣᠷᠣᠨ ᠳᠣᠲᠣᠷᠠᠬᠢ ᠠᠵᠤ ᠠᠬᠤᠶᠢᠯᠠᠯ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠪᠣᠭᠤᠮᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠠᠷᠭ᠎ᠠ︾ ᠶᠢᠨ ᠲᠠᠪᠤᠳᠤᠭᠠᠷ | ᠵᠦᠢᠯ ᠳᠤ ᠵᠢᠭᠰᠠᠭᠠᠭᠰᠠᠨ ᠲᠤᠬᠠᠶᠢᠯᠠᠭᠰᠠᠨ ᠠᠵᠢᠯ ᠢ ᠥᠷᠨᠢᠭᠦᠯᠬᠦ ᠳᠤ ᠬᠡᠷᠡᠭᠰᠡᠬᠦ ᠮᠠᠰᠢᠨ᠂ ᠲᠥᠬᠦᠭᠡᠷᠦᠮᠵᠢ᠂ ᠬᠡᠪ | ᠵᠢᠴᠢ ᠰᠡᠯᠪᠢᠨ ᠵᠠᠰᠠᠬᠤ ᠳᠤ ᠬᠡᠷᠡᠭᠯᠡᠬᠦ ᠰᠡᠯᠪᠢᠭ ᠲᠣᠨᠤᠭ︔ ︵ᠭᠤᠷᠪᠠ︶ ᠶᠡᠷᠦᠩᠬᠡᠶᠢᠯᠡᠭᠰᠡᠨ ᠭᠠᠶᠢᠯᠢ ᠪᠠᠲᠤᠯᠠᠬᠤ | ᠣᠷᠣᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠪᠣᠯᠣᠨ ᠣᠷᠣᠨ ᠳᠣᠲᠣᠷᠠᠬᠢ ᠠᠵᠤ | ᠠᠬᠤᠶᠢᠯᠠᠯ ᠤᠨ ᠥᠪᠡᠷᠲᠡᠭᠡᠨ ᠬᠡᠷᠡᠭᠯᠡᠬᠦ ᠵᠦᠢ ᠵᠣᠬᠢᠰᠲᠠᠢ ᠲᠤᠭ᠎ᠠ ᠬᠡᠮᠵᠢᠶᠡᠨ ᠤ ᠠᠯᠪᠠᠨ ᠠᠵᠢᠯ ᠤᠨ ᠬᠡᠷᠡᠭᠰᠡᠯ᠃ ᠲᠠᠪᠤ | ᠂ ᠪᠤᠰᠤᠳ ᠵᠦᠢᠯ ︵ᠨᠢᠭᠡ︶ ᠲᠣᠰ ᠰᠠᠨᠠᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠤ ᠳᠠᠩᠰᠠᠯᠠᠭᠤᠯᠤᠨ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠣᠷᠣᠵᠤ | ᠰᠠᠭᠤᠭᠰᠠᠨ ᠪᠣᠶ ᠪᠦᠬᠦᠢ ᠠᠵᠤ ᠠᠬᠤᠶᠢᠯᠠᠯ ᠳᠤ ᠬᠡᠷᠡᠭᠯᠡᠨ᠎ᠡ᠃ ᠡᠭᠦᠨ ᠤ ᠬᠠᠮᠲᠤ ᠤᠯᠤᠰ᠂ ᠥᠪᠡᠷᠲᠡᠭᠡᠨ ᠵᠠᠰᠠᠬᠤ | ᠣᠷᠣᠨ ᠤ ᠨᠡᠶᠢᠲᠡᠯᠡᠭᠰᠡᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠷᠢᠶ᠎ᠠ ᠭᠠᠵᠠᠷ ᠲᠤ ᠲᠣᠬᠢᠷᠠᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ | ᠶᠣᠰᠣᠭᠠᠷ ᠨᠢ ᠬᠡᠷᠡᠭᠵᠢᠭᠦᠯᠦᠨ᠎ᠡ᠃ ᠨᠡᠶᠢᠳᠡᠮ ᠬᠡᠷᠡᠭᠯᠡᠬᠦ ᠲᠥᠷᠥ ᠶᠢᠨ ᠪᠣᠳᠣᠯᠭ᠎ᠠ ᠬᠢᠭᠡᠳ ᠪᠤᠰᠤᠳ ᠲᠥᠷᠥᠯ | ᠢᠯᠭᠠᠯ ᠤᠨ ᠲᠥᠷᠥ ᠶᠢᠨ ᠪᠣᠳᠣᠯᠭ᠎ᠠ ᠶᠢ ᠳᠠᠪᠬᠤᠴᠠᠭᠤᠯᠤᠨ ᠬᠡᠷᠡᠭᠯᠡᠵᠦ ᠪᠣᠯᠤᠨ᠎ᠠ᠂ ᠠᠳᠠᠯᠢ ᠱᠠᠲᠤᠨ ᠤ ᠲᠥᠷᠥ ᠶᠢᠨ | ᠪᠣᠳᠣᠯᠭ᠎ᠠ ᠶᠢᠨ ᠳᠣᠲᠣᠷᠠᠬᠢ ᠡᠯ᠎ᠡ ᠵᠦᠢᠯ ᠵᠤᠷᠪᠤᠰ ᠤᠨ ᠰᠢᠯᠢᠳᠡᠭ ᠢ ᠨᠢ ᠰᠣᠩᠭᠤᠨ ᠬᠡᠷᠡᠭᠯᠡᠨ᠎ᠡ᠃ ︵ᠬᠤᠶᠠᠷ︶ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠳᠠᠩᠰᠠᠯᠠᠭᠤᠯᠤᠭᠰᠠᠨ ᠪᠡᠶ᠎ᠡ ᠪᠠᠨ ᠳᠠᠭᠠᠭᠠᠭᠰᠠᠨ ᠬᠠᠤᠯᠢ ᠶᠢᠨ | ᠡᠷᠬᠡᠲᠡᠨ ᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠥᠷᠨᠢᠭᠦᠯᠬᠦ ᠶᠢ | ᠵᠣᠷᠢᠭᠵᠢᠭᠤᠯᠬᠤ ᠪᠠ ᠳᠡᠮᠵᠢᠨ᠎ᠡ᠃ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠨᠡᠶᠢᠲᠡᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠣᠰᠣᠭᠠᠷ᠂ ᠱᠠᠩᠨᠠᠯ ᠪᠠ ᠨᠥᠬᠦᠪᠦᠷᠢ ᠣᠯᠭᠤᠨ᠎ᠠ᠃ ︵ᠭᠤᠷᠪᠠ︶ ᠬᠤᠲᠠ ᠶᠢᠨ ᠠᠷᠠᠳ ᠤᠨ ᠵᠠᠰᠠᠭ ᠤᠨ | ᠣᠷᠳᠣᠨ ᠠᠴᠠ ᠪᠡᠯᠡ ᠭᠠᠷᠭᠠᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠠᠵᠤ ᠦᠢᠯᠡᠰ ᠤᠨ | ᠬᠥᠭᠵᠢᠯᠲᠡ ᠶᠢ ᠬᠥᠲᠥᠯᠥᠨ ᠵᠢᠯᠤᠭᠤᠳᠬᠤ ᠲᠤᠰᠬᠠᠢ ᠪᠡᠯᠡ ᠮᠥᠩᠭᠦ ︵ᠡᠳ᠋ ᠤᠨ ᠵᠠᠰᠠᠭ ᠤᠨ ᠲᠥᠰᠥᠪ ᠲᠤ | ᠣᠷᠣᠭᠤᠯᠤᠨ᠎ᠠ︶ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ︵ᠳᠥᠷᠪᠡ︶ | ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠪᠠᠶᠢᠭ᠎ᠠ ᠠᠵᠤ ᠠᠬᠤᠶᠢᠯᠠᠯ ᠪᠥᠬᠦᠨ ︽ | ᠴᠠᠭᠠᠵᠠᠯᠠᠬᠤ ᠦᠭᠡᠢ ᠪᠣᠯ ᠵᠥᠪᠰᠢᠶᠡᠷᠡᠬᠦ᠂ ᠬᠢᠵᠠᠭᠠᠷᠯᠠᠬᠤ ᠦᠭᠡᠢ ᠪᠣᠯ ᠵᠥᠪᠰᠢᠶᠡᠷᠡᠬᠦ︾ ᠵᠠᠷᠴᠢᠮ ᠶᠣᠰᠣᠭᠠᠷ᠂ | ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠪᠠᠨ ᠨᠡᠮᠡᠭᠳᠡᠭᠦᠯᠬᠦ ᠪᠤᠶᠤ ᠥᠷᠭᠡᠳᠬᠡᠬᠦ ᠶᠢ ᠵᠥᠪᠰᠢᠶᠡᠷᠡᠨ᠎ᠡ᠃ ︵ᠲᠠᠪᠤ︶ | ᠴᠢᠬᠤᠯᠠ ᠶᠡᠭᠡ ᠲᠥᠷᠥᠯ ᠵᠦᠢᠯ᠂ ᠴᠢᠬᠤᠯᠠ ᠶᠡᠭᠡ ᠤᠴᠢᠷ ᠶᠠᠪᠤᠳᠠᠯ ᠤᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠲᠣᠭᠲᠠᠭᠠᠨ᠎ᠠ᠃ ︵ᠵᠢᠷᠭᠤᠭ᠎ᠠ︶ ᠲᠣᠰ | ᠰᠠᠨᠠᠯ ᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠲᠠᠶᠢᠯᠪᠤᠷᠢᠯᠠᠵᠤ᠂ ᠬᠡᠷᠡᠭᠵᠢᠭᠦᠯᠬᠦ | ᠶᠠᠪᠤᠴᠠ ᠳᠠᠬᠢ ᠪᠣᠳᠠᠲᠠᠢ ᠲᠠᠶᠢᠯᠪᠤᠷᠢᠯᠠᠬᠤ ᠠᠵᠢᠯ ᠢ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ | ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠡᠭᠦᠷᠭᠡᠯᠡᠨ᠎ᠡ᠃ ︵ᠳᠣᠯᠤᠭ᠎ᠠ︶ ᠲᠣᠰ ᠰᠠᠨᠠᠯ ᠢ ᠨᠡᠶᠢᠲᠡᠯᠡᠭᠰᠡᠨ | ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠠᠴᠠ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 2025 | ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠃ ︽ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ | ᠪᠠᠲᠤᠯᠠᠬᠤ ᠣᠷᠣᠨ ᠤ ᠬᠥᠭᠵᠢᠯᠲᠡ ᠶᠢ ᠳᠡᠮᠵᠢᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠰᠠᠨᠠᠯ︾ ︵ᠬᠥᠬᠡᠬᠤᠲᠠ ᠵᠠᠰᠠᠭ ᠲᠠᠷᠬᠠᠭᠠᠭᠰᠠᠨ ︹ 2019︺ 30 ᠳ᠋ᠤᠭᠠᠷ ᠲᠣᠭᠠᠲᠤ︶ ᠢ ᠬᠠᠮᠲᠤ ᠳᠤᠨᠢ | ᠬᠦᠴᠦᠨ ᠦᠭᠡᠢ ᠪᠣᠯᠭᠠᠨ᠎ᠠ᠃ | |