ᠦᠰᠦᠭ ᠢᠶᠠᠷ ᠥᠭᠦᠯᠡᠬᠦᠢ᠄ ︽ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ︵2021 ︱ 2025 ᠣᠨ︶︾
ᠨᠡᠶᠢᠲᠡᠯᠡᠭᠰᠡᠨ ᠴᠠᠭ᠄
2023/6/30
     ᠨᠢᠭᠡ᠂ ︽ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ︵2021 ︱ 2025 ᠣᠨ︶︾ ︵ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ︶ ᠶᠢ ᠲᠣᠭᠲᠠᠭᠠᠵᠤ ᠨᠡᠶᠢᠲᠡᠯᠡᠭᠰᠡᠨ ᠠᠬᠤᠢ ᠪᠠᠶᠢᠳᠠᠯ ᠪᠠ ᠶᠠᠪᠤᠴᠠ᠃     ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂ ︽ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾᠂ ︽ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠮᠠᠯ ᠵᠢᠭᠦᠷᠲᠡᠨ ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠠᠬᠢ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠤᠷᠢᠳᠴᠢᠯᠠᠭᠰᠠᠨ ᠠᠭᠤᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ  ᠃ ︽ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠷᠭᠡᠳᠬᠡᠨ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︽ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠲᠠᠷᠢᠶᠠᠨ ᠭᠠᠵᠠᠷ ᠲᠤ ᠪᠤᠴᠠᠭᠠᠨ ᠠᠰᠢᠭᠯᠠᠬᠤ  ᠶᠢ ᠠᠬᠢᠭᠤᠯᠵᠤ ᠲᠡᠵᠢᠭᠡᠨ ᠦᠷᠡᠵᠢᠭᠦᠯᠬᠦ ᠪᠣᠬᠢᠷᠲᠤᠯ ᠢ ᠬᠠᠤᠯᠢ ᠶᠣᠰᠣᠭᠠᠷ ᠵᠠᠰᠠᠬᠤ  ᠶᠢ ᠴᠢᠩᠭᠠᠳᠬᠠᠬᠤ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠠᠯᠪᠠᠨ ᠲᠢᠩᠬᠢᠮ ᠤᠨ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠠᠯᠪᠠᠨ ᠲᠢᠩᠬᠢᠮ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠲᠠᠷᠢᠶᠠᠨ ᠭᠠᠵᠠᠷ ᠲᠤ ᠪᠤᠴᠠᠭᠠᠨ ᠠᠰᠢᠭᠯᠠᠬᠤ ᠱᠠᠭᠠᠷᠳᠠᠯᠭ᠎ᠠ  ᠶᠢ ᠤᠯᠠᠮ ᠨᠢᠭᠡ ᠠᠯᠬᠤᠮ ᠲᠣᠳᠣᠷᠬᠠᠶᠢᠯᠠᠵᠤ ᠲᠡᠵᠢᠭᠡᠨ ᠦᠷᠡᠵᠢᠭᠦᠯᠬᠦ ᠪᠣᠬᠢᠷᠲᠤᠯ ᠤᠨ ᠬᠢᠨᠠᠯᠲᠠ ᠬᠠᠮᠢᠶᠠᠷᠤᠯᠲᠠ  ᠶᠢ ᠴᠢᠩᠭᠠᠳᠬᠠᠬᠤ ᠲᠤᠬᠠᠢ ᠮᠡᠳᠡᠭᠳᠡᠯ︾ ᠵᠡᠷᠭᠡ ᠰᠠᠨᠠᠯ ᠤᠨ ᠵᠣᠷᠢᠭ ᠰᠠᠨᠠᠭ᠎ᠠ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠡᠵᠢᠭᠡᠨ ᠦᠷᠡᠵᠢᠭᠦᠯᠬᠦ ᠶᠢᠨ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠦᠢᠯᠡᠰ ᠤᠨ ᠡᠷᠡᠭᠦᠯ ᠢᠶᠠᠷ ᠬᠥᠭᠵᠢᠬᠦ ᠶᠢ ᠪᠠᠲᠤᠯᠠᠵᠤ᠂ ᠬᠥᠳᠡᠭᠡ ᠲᠣᠰᠬᠤᠨ ᠤ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠨ ᠰᠠᠶᠢᠵᠢᠷᠠᠭᠤᠯᠤᠨ᠎ᠠ᠃ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠪᠠ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ︽ᠮᠠᠯ ᠵᠢᠭᠦᠷᠲᠡᠨ ᠲᠡᠵᠢᠭᠡᠨ ᠦᠷᠡᠵᠢᠭᠦᠯᠬᠦ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠴᠠᠭᠠᠷᠢᠭ ᠠᠯᠪᠠᠨ ﹇2022﹈ 47 ᠳ᠋ᠤᠭᠠᠷ ᠲᠣᠭᠠᠲᠤ︶ ᠵᠢᠴᠢ ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠪᠠ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ︽ᠮᠠᠯ ᠵᠢᠭᠦᠷᠲᠡᠨ ᠲᠡᠵᠢᠭᠡᠨ ᠦᠷᠡᠵᠢᠭᠦᠯᠬᠦ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠶᠢ ᠬᠤᠭᠤᠴᠠᠭ᠎ᠠ ᠬᠢᠵᠠᠭᠠᠷᠯᠠᠨ ᠨᠠᠶᠢᠷᠠᠭᠤᠯᠤᠨ ᠵᠣᠬᠢᠶᠠᠬᠤ ᠲᠤᠬᠠᠢ ᠵᠠᠬᠢᠳᠠᠯ︾ ︵ᠬᠥᠬᠡᠬᠤᠲᠠ ᠴᠠᠭᠠᠷᠢᠭ ᠵᠠᠬᠢᠳᠠᠯ ﹇2022﹈ 134 ᠳ᠋ᠦᠭᠡᠷ ᠲᠣᠭᠠᠲᠤ︶ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠲᠦᠮᠡᠳ ᠵᠡᠭᠦᠨ ᠬᠤᠰᠢᠭᠤᠨ ᠤ ᠬᠢᠨ ︽ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠬᠤᠣᠷ ᠦᠭᠡᠢ ᠪᠣᠯᠭᠠᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ᠂ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ︾ ᠪᠠ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ᠂ ᠲᠠᠷᠢᠶᠠᠯᠠᠩ ᠮᠠᠯ ᠠᠵᠤ ᠠᠬᠤᠢ ᠶᠢ ᠡᠷᠭᠢᠯᠳᠦᠭᠦᠯᠦᠨ ᠬᠥᠭᠵᠢᠭᠦᠯᠬᠦ ᠰᠢᠨ᠎ᠡ ᠪᠠᠶᠢᠷᠢᠰᠢᠯ ᠢ ᠲᠦᠷᠭᠡᠨ ᠪᠠᠶᠢᠭᠤᠯᠬᠤ ᠦᠨᠳᠦᠰᠦᠨ ᠬᠠᠷᠠᠯᠲᠠ ᠶᠢᠨ ᠲᠣᠭᠤᠷᠢᠨ ᠳᠤ᠂ ᠡᠭᠦᠨ ᠤ ᠬᠠᠮᠲᠤ ᠬᠠᠷᠢᠶᠠᠲᠤ ᠣᠷᠣᠨ ᠤ ᠮᠠᠯ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠲᠠᠢ ᠵᠣᠯᠭᠠᠭᠤᠯᠵᠤ᠂ ᠲᠤᠬᠠᠢ ᠶᠢᠨ ᠲᠠᠯᠠᠪᠤᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠥᠷᠭᠡᠨ ᠢᠶᠠᠷ ᠮᠠᠲ᠋ᠧᠷᠢᠶᠠᠯ ᠴᠤᠭᠯᠠᠭᠤᠯᠬᠤ ᠪᠠ ᠡᠯ᠎ᠡ ᠲᠠᠯ᠎ᠠ ᠶᠢᠨ ᠰᠠᠨᠠᠯ ᠢ ᠭᠦᠢᠴᠡᠳ ᠬᠤᠷᠢᠶᠠᠭᠰᠠᠨ ᠰᠠᠭᠤᠷᠢᠨ ᠳᠡᠭᠡᠷ᠎ᠡ᠂ ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠪᠠ ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ   ᠠᠴᠠ ︽ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠦᠢᠯᠡᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ︾ ︵2021 ︱ 2025 ᠣᠨ︶ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠬᠤᠷᠠᠯ  ᠠᠴᠠ ᠡᠮᠦᠨ᠎ᠡ᠂ ᠪᠢᠳᠡ ᠡᠯ᠎ᠡ ᠬᠠᠷᠢᠭᠤᠴᠠᠯᠭᠠᠲᠤ ᠨᠢᠭᠡᠴᠡ᠂ ᠡᠯ᠎ᠡ ᠰᠢᠶᠠᠩ ᠪᠠᠯᠭᠠᠰᠤᠨ ᠤ ᠰᠠᠨᠠᠯ  ᠢ ᠬᠤᠷᠢᠶᠠᠵᠤ᠂ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ ︽ᠲᠥᠯᠦᠪᠵᠢᠭᠦᠯᠭᠡ︾ ᠶᠢ ᠪᠤᠶ ᠪᠣᠯᠭᠠᠵᠤ᠂ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠭᠰᠡᠨ ᠪᠠᠶᠢᠨ᠎ᠠ᠃   ᠢ ᠬᠤᠷᠠᠯ  ᠠᠴᠠ ᠡᠮᠦᠨ᠎ᠡ᠂ ᠪᠢᠳᠡ ᠡᠯ᠎ᠡ ᠬᠠᠷᠢᠭᠤᠴᠠᠯᠭᠠᠲᠤ ᠨᠢᠭᠡᠴᠡ ᠂ ᠡᠯ᠎ᠡ ᠰᠢᠶᠠᠩ ᠪᠠᠯᠭᠠᠰᠤᠨ ᠤ ᠰᠠᠨᠠᠯ  ᠢ ᠬᠤᠷᠢᠶᠠᠵᠤ᠂ ᠤᠯᠠᠮ ᠨᠢᠭᠡ ᠠᠯᠬᠤᠮ ᠵᠠᠰᠠᠵᠤ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ︽ᠲᠥᠯᠦᠪᠵᠢᠭᠦᠯᠭᠡ︾ ᠶᠢ ᠪᠤᠶ ᠪᠣᠯᠭᠠᠵᠤ᠂ ᠠᠯᠪᠠᠨ ᠶᠣᠰᠣᠭᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠭᠰᠡᠨ ᠪᠠᠶᠢᠨ᠎ᠠ᠃     ᠬᠤᠶᠠᠷ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ     ︽ᠲᠥᠯᠦᠪᠵᠢᠭᠦᠯᠭᠡ︾ ᠨᠢ ᠨᠠᠶᠢᠳᠠ ᠨᠠᠢᠮᠠᠨ ᠶᠡᠭᠡ ᠬᠡᠰᠡᠭ ᠲᠤ ᠬᠤᠪᠢᠶᠠᠭᠳᠠᠨ᠎ᠠ᠄ᠨᠢᠭᠡᠳᠦᠭᠡᠷ ᠬᠡᠰᠡᠭ ᠢ ᠨᠢ ︽ᠶᠡᠷᠦᠩᠬᠡᠢ ᠳᠦᠷᠢᠮ︾ ᠭᠡᠵᠦ ᠬᠤᠪᠢᠶᠠᠨ᠎ᠠ᠃ᠡᠭᠦᠨ ᠳᠤ ᠭᠤᠣᠯᠳᠠᠭᠤ ︽ᠲᠥᠯᠦᠪᠵᠢᠭᠦᠯᠭᠡ︾ ᠶᠢᠨ ᠵᠢᠯᠤᠭᠤᠳᠬᠤ ᠦᠵᠡᠯ ᠰᠠᠨᠠᠭ᠎ᠠ᠂ ᠲᠥᠯᠦᠪᠵᠢᠭᠦᠯᠭᠡ ᠶᠢᠨ ᠠᠬᠤᠢ ᠪᠠᠶᠢᠳᠠᠯ᠂ ᠨᠠᠶᠢᠷᠠᠭᠤᠯᠤᠨ ᠵᠣᠬᠢᠶᠠᠬᠤ ᠦᠨᠳᠦᠰᠦᠯᠡᠯ᠂ ᠨᠠᠶᠢᠷᠠᠭᠤᠯᠤᠨ ᠵᠣᠬᠢᠶᠠᠬᠤ ᠵᠠᠷᠴᠢᠮ᠂ ᠲᠥᠯᠦᠪᠵᠢᠭᠦᠯᠭᠡ ᠶᠢᠨ ᠬᠤᠭᠤᠴᠠᠭ᠎ᠠ᠂ ᠲᠥᠯᠦᠪᠵᠢᠭᠦᠯᠭᠡ ᠶᠢᠨ ᠬᠡᠪᠴᠢᠶ᠎ᠡ᠂ ᠠᠵᠢᠯ ᠳᠤ ᠭᠠᠷᠴᠤ ᠲᠡᠵᠢᠭᠡᠨ ᠦᠷᠡᠵᠢᠭᠦᠯᠬᠦ ᠬᠡᠪᠴᠢᠶ᠎ᠡ ᠶᠢ ᠲᠣᠳᠣᠷᠬᠠᠶᠢᠯᠠᠪᠠ᠃     ᠬᠤᠶᠠᠳᠤᠭᠠᠷ ᠬᠡᠰᠡᠭ ᠨᠢ ︽ᠣᠷᠣᠨ ᠪᠦᠰᠡ ᠶᠢᠨ ᠲᠣᠶᠢᠮᠣ ᠪᠠᠶᠢᠳᠠᠯ︾ ᠪᠣᠯᠣᠨ᠎ᠠ᠃ᠭᠤᠣᠯᠳᠠᠭᠤ ᠲᠦᠮᠡᠳ ᠵᠡᠭᠦᠨ ᠬᠤᠰᠢᠭᠤᠨ ᠤ ᠪᠠᠶᠢᠭᠠᠯᠢ ᠶᠢᠨ ᠠᠭᠤᠷ ᠠᠮᠢᠰᠬᠤᠯ ᠤᠨ ᠨᠥᠬᠦᠴᠡᠯ᠂ ᠨᠡᠶᠢᠭᠡᠮ ᠤᠨ ᠠᠵᠤ ᠠᠬᠤᠢ ᠶᠢᠨ ᠪᠠᠶᠢᠳᠠᠯ᠂ ᠠᠮᠢ ᠠᠬᠤᠢ ᠶᠢᠨ ᠣᠷᠴᠢᠨ ᠨᠥᠬᠦᠴᠡᠯ ᠤᠨ ᠪᠠᠶᠢᠳᠠᠯ᠂ ᠲᠡᠵᠢᠭᠡᠨ ᠦᠷᠡᠵᠢᠭᠦᠯᠬᠦ ᠪᠣᠬᠢᠷᠲᠤᠯ ᠢ ᠰᠡᠷᠭᠡᠶᠢᠯᠡᠨ ᠵᠠᠰᠠᠬᠤ ᠣᠳᠣᠬᠢ ᠪᠠᠶᠢᠳᠠᠯ ᠢ ᠲᠠᠨᠢᠯᠴᠠᠭᠤᠯᠪᠠ᠃     ᠭᠤᠷᠪᠠᠳᠤᠭᠠᠷ ᠬᠡᠰᠡᠭ ᠨᠢ ︽ᠲᠥᠯᠦᠪᠵᠢᠭᠦᠯᠭᠡ ᠶᠢᠨ ᠬᠠᠷᠠᠯᠲᠠ︾ ᠪᠣᠯᠣᠨ᠎ᠠ᠃ᠡᠭᠦᠨ ᠳᠤ ᠭᠤᠣᠯᠳᠠᠭᠤ ᠲᠥᠯᠦᠪᠵᠢᠭᠦᠯᠭᠡ ᠶᠢᠨ ᠬᠠᠷᠠᠯᠲᠠ ᠶᠢᠨ ᠭᠦᠢᠴᠡᠳᠬᠡᠬᠦ ᠲᠤᠭ᠎ᠠ ᠶᠢ ᠵᠢᠭᠰᠠᠭᠠᠪᠠ᠂ ᠡᠭᠦᠨ ᠳᠤ᠄ ᠮᠠᠯ ᠵᠢᠭᠦᠷᠲᠡᠨ ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠠᠭᠠᠰᠤᠨ ᠪᠣᠬᠢᠷᠲᠤᠯ ᠢ ᠰᠢᠢᠳᠪᠦᠷᠢᠯᠡᠬᠦ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠨᠤᠷᠮ᠎ᠠ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠤᠷᠮ᠎ᠠ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠡᠬᠡ ᠲᠠᠩᠰᠠ ᠶᠢᠨ ᠪᠦᠲᠦᠭᠡᠨ ᠪᠠᠶᠢᠭᠤᠯᠤᠯᠲᠠ ᠶᠢᠨ ᠨᠤᠷᠮ᠎ᠠ᠂ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠤᠭᠰᠠᠨ ᠮᠠᠯ ᠵᠢᠭᠦᠷᠲᠡᠨ ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠥᠪᠡᠰᠦᠪᠡᠨ ᠬᠢᠨᠠᠨ ᠬᠡᠮᠵᠢᠬᠦ ᠪᠦᠷᠬᠦᠴᠡ ᠶᠢᠨ ᠨᠤᠷᠮ᠎ᠠ ᠶᠢ ᠪᠠᠭᠲᠠᠭᠠᠨ᠎ᠠ᠃ᠲᠦᠮᠡᠳ ᠵᠡᠭᠦᠨ ᠬᠤᠰᠢᠭᠤᠨ ᠤ ᠮᠠᠯ ᠵᠢᠭᠦᠷᠲᠡᠨ ᠤ ᠪᠠᠭᠠᠰᠤᠨ ᠪᠣᠬᠢᠷᠲᠤᠯ ᠤᠨ ᠭᠠᠵᠠᠷ ᠰᠢᠷᠣᠢ ᠶᠢᠨ ᠳᠠᠭᠠᠭᠠᠴᠠ ᠶᠢᠨ ᠵᠠᠳᠠᠯᠤᠯᠲᠠ᠂ ᠮᠠᠯ ᠵᠢᠭᠦᠷᠲᠡᠨ ᠤ ᠲᠡᠵᠢᠭᠡᠨ ᠦᠷᠡᠵᠢᠭᠦᠯᠬᠦ ᠤᠰᠤᠨ ᠤ ᠣᠷᠴᠢᠨ ᠲᠣᠭᠤᠷᠢᠨ ᠪᠠ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠵᠠᠳᠠᠯᠤᠯᠲᠠ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠤᠨ ᠣᠷᠴᠢᠨ ᠲᠣᠭᠤᠷᠢᠨ ᠤ ᠳᠠᠭᠠᠭᠠᠴᠠ ᠶᠢᠨ ᠵᠠᠳᠠᠯᠤᠯᠲᠠ ᠵᠢᠴᠢ ᠮᠠᠯ ᠵᠢᠭᠦᠷᠲᠡᠨ ᠤ ᠲᠡᠵᠢᠭᠡᠨ ᠦᠷᠡᠵᠢᠭᠦᠯᠬᠦ ᠬᠡᠮᠵᠢᠶ᠎ᠡ ᠶᠢᠨ ᠬᠢᠵᠠᠭᠠᠷᠯᠠᠯ ᠢ ᠪᠠᠭᠲᠠᠭᠠᠭᠰᠠᠨ ᠮᠠᠯ ᠵᠢᠭᠦᠷᠲᠡᠨ ᠤ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠶᠢ ᠨᠠᠷᠢᠨ ᠨᠢᠭᠲᠠ ᠪᠤᠳᠤᠵᠤ ᠭᠠᠷᠭᠠᠵᠠᠢ᠃ᠬᠠᠮᠤᠭ ᠰᠡᠭᠦᠯ ᠳᠤ ᠬᠠᠷᠠᠯᠲᠠ ᠶᠢᠨ ᠪᠡᠶᠡᠯᠡᠭᠳᠡᠬᠦ ᠴᠢᠨᠠᠷ ᠢ ᠵᠠᠳᠠᠯᠤᠭᠰᠠᠨ ᠪᠠᠶᠢᠨ᠎ᠠ᠃     ᠳᠥᠷᠪᠡᠳᠦᠭᠡᠷ ᠬᠡᠰᠡᠭ ᠨᠢ ︽ᠭᠤᠣᠯ ᠡᠭᠦᠷᠭᠡ︾ ᠭᠡᠵᠦ ᠬᠤᠪᠢᠶᠠᠵᠠᠢ᠃ᠡᠭᠦᠨ ᠳᠤ ᠭᠤᠣᠯᠳᠠᠭᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠦᠢᠯᠡᠰ ᠤᠨ ᠪᠠᠶᠢᠷᠢᠰᠢᠭᠤᠯᠤᠯᠲᠠ ᠶᠢ ᠵᠦᠢ ᠵᠣᠬᠢᠰᠲᠠᠢ ᠰᠢᠯᠢᠳᠡᠭᠵᠢᠭᠦᠯᠦᠨ ᠲᠣᠳᠣᠷᠬᠠᠶᠢᠯᠠᠵᠤ ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠠᠭᠠᠰᠤᠨ ᠪᠣᠬᠢᠷᠲᠤᠯ ᠢ ᠰᠢᠢᠳᠪᠦᠷᠢᠯᠡᠵᠦ ᠨᠡᠶᠢᠯᠡᠭᠦᠯᠦᠨ ᠠᠰᠢᠭᠯᠠᠬᠤ ᠪᠡᠯᠡᠳᠬᠡᠮᠵᠢ ᠶᠢ ᠲᠡᠭᠦᠯᠳᠡᠷᠵᠢᠭᠦᠯᠵᠦ᠂ ᠡᠬᠡ ᠲᠠᠩᠰᠠ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠤᠨ᠂ ᠬᠢᠨᠠᠯᠲᠠ ᠲᠠᠯᠪᠢᠵᠤ ᠬᠢᠨᠠᠨ ᠬᠠᠮᠢᠶᠠᠷᠬᠤ ᠶᠢ ᠴᠢᠩᠭᠠᠷᠠᠭᠤᠯᠤᠨ᠎ᠠ᠃     ᠲᠠᠪᠤᠳᠤᠭᠠᠷ ᠬᠡᠰᠡᠭ ᠨᠢ ︽ᠭᠤᠣᠯᠳᠠᠯᠭ᠎ᠠ ᠲᠠᠢ ᠢᠨᠵᠧᠨᠧᠷᠢᠩ︾ ᠪᠣᠯᠣᠨ᠎ᠠ᠃ᠭᠤᠣᠯ ᠪᠣᠯᠬᠤ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠡᠷᠦᠬᠡ ᠶᠢᠨ ᠪᠠᠭᠠᠰᠤᠨ ᠪᠣᠬᠢᠷᠲᠤᠯ ᠢ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠲᠥᠪᠯᠡᠷᠡᠭᠦᠯᠦᠨ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠲᠠᠷᠢᠶᠠᠨ ᠭᠠᠵᠠᠷ ᠤᠨ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠢᠨᠠᠨ ᠬᠠᠮᠢᠶᠠᠷᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ᠃     ᠵᠢᠷᠭᠤᠳᠤᠭᠠᠷ ᠬᠡᠰᠡᠭ ᠨᠢ ︽ᠪᠠᠷᠢᠯᠭ᠎ᠠ ᠶᠢ ᠪᠠᠷᠤᠭᠯᠠᠨ ᠪᠤᠳᠤᠬᠤ ᠪᠠ ᠪᠡᠯᠡ ᠮᠥᠩᠭᠦ ᠴᠤᠭᠯᠠᠭᠤᠯᠬᠤ︾ ᠭᠡᠵᠦ ᠬᠤᠪᠢᠶᠠᠨ᠎ᠠ᠃ᠡᠭᠦᠨ ᠳᠤ ᠭᠤᠣᠯᠳᠠᠭᠤ ᠪᠠᠷᠢᠯᠭ᠎ᠠ ᠶᠢᠨ ᠪᠡᠯᠡ ᠣᠷᠣᠭᠤᠯᠤᠯᠲᠠ ᠶᠢ ᠵᠢᠱᠢᠨ ᠪᠤᠳᠤᠬᠤ᠂ ᠪᠡᠯᠡ ᠮᠥᠩᠭᠦ ᠴᠤᠭᠯᠠᠭᠤᠯᠬᠤ ᠵᠡᠷᠭᠡ ᠪᠠᠭᠲᠠᠨ᠎ᠠ᠃ᠳᠣᠯᠣᠳᠤᠭᠠᠷ ᠬᠡᠰᠡᠭ ᠨᠢ ︽ᠦᠷ᠎ᠡ ᠠᠰᠢᠭ ᠤᠨ ᠵᠠᠳᠠᠯᠤᠯᠲᠠ︾ ᠪᠣᠯᠣᠨ᠎ᠠ᠃ᠭᠤᠣᠯᠳᠠᠭᠤ ᠣᠷᠴᠢᠨ ᠲᠣᠭᠤᠷᠢᠨ ᠤ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠵᠡᠷᠭᠡ ᠲᠠᠯ᠎ᠠ ᠠᠴᠠ ᠵᠠᠳᠠᠯᠤᠯᠲᠠ ᠬᠢᠨ᠎ᠡ᠃     ᠨᠠᠢᠮᠠᠳᠤᠭᠠᠷ ᠬᠡᠰᠡᠭ ᠢ ︽ᠪᠠᠲᠤᠯᠠᠭ᠎ᠠ ᠶᠢᠨ ᠠᠷᠭ᠎ᠠ ᠬᠡᠮᠵᠢᠶ᠎ᠡ︾ ᠭᠡᠵᠦ ᠬᠤᠪᠢᠶᠠᠨ᠎ᠠ᠃ᠡᠭᠦᠨ ᠳᠤ ᠭᠤᠣᠯᠳᠠᠭᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠮᠡᠷᠭᠡᠵᠢᠯ ᠤᠨ ᠵᠢᠯᠣᠭᠤᠳᠤᠯᠭ᠎ᠠ᠂ ᠬᠢᠨᠠᠯᠲᠠ ᠲᠠᠯᠪᠢᠵᠤ ᠬᠢᠨᠠᠨ ᠰᠢᠯᠭᠠᠬᠤ᠂ ᠤᠬᠠᠭᠤᠯᠤᠨ ᠬᠥᠲᠥᠯᠥᠨ ᠵᠢᠯᠤᠭᠤᠳᠬᠤ ᠵᠢᠴᠢ ᠣᠯᠠᠨ ᠨᠡᠶᠢᠲᠡ ᠪᠠᠷ ᠢᠶᠠᠨ ᠣᠷᠣᠯᠴᠠᠬᠤ ᠵᠡᠷᠭᠡ ᠬᠡᠳᠦᠨ ᠲᠠᠯ᠎ᠠ ᠪᠠᠭᠲᠠᠨ᠎ᠠ᠃ 
 
ᠢᠷᠡᠯᠲᠡ᠄ ᠬᠥᠬᠡᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠲᠦᠮᠡᠳ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号