︵ᠰᠤᠷᠪᠤᠯᠵᠢᠯᠠᠭᠴᠢ ᠯᠢᠦᠢ ᠬᠤᠢ ᠱᠧᠩ︶ ᠣᠶᠢᠷ᠎ᠠ ᠳᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ | ᠬᠤᠷᠢᠶ᠎ᠠ ᠶᠢᠨ ᠵᠠᠯᠠᠭᠤᠴᠤᠳ ᠤᠨ ᠬᠥᠭᠵᠢᠯᠲᠡ ᠶᠢᠨ ᠬᠡᠯᠲᠡᠰ ᠠᠴᠠ 2022 ᠣᠨ ᠤ ᠪᠦᠬᠦ ᠤᠯᠤᠰ ᠤᠨ | ᠣᠶᠤᠲᠠᠳ ᠤᠨ ︽ᠨᠤᠲᠤᠭ ᠲᠠᠭᠠᠨ ᠪᠤᠴᠠᠬᠤ︾ ᠨᠡᠶᠢᠭᠡᠮ ᠤᠨ ᠦᠢᠯᠡᠳᠦᠯᠭᠡ ᠳᠤᠮᠳᠠ ᠲᠣᠪᠤᠶᠢᠮ᠎ᠠ ᠢᠯᠡᠷᠡᠯ ᠲᠠᠢ | ᠨᠢᠭᠡᠴᠡ᠂ ᠠᠵᠢᠯᠲᠠᠨ᠂ ᠰᠤᠷᠤᠭᠴᠢ᠂ ᠲᠦᠷᠦᠯ ᠲᠡᠮᠳᠡᠭᠲᠦ ᠲᠥᠰᠥᠯ ᠢ ᠭᠦᠬᠢᠭᠦᠯᠦᠨ ᠰᠠᠶᠢᠰᠢᠶᠠᠵᠤ᠂ ᠮᠠᠨ ᠤ | ᠣᠷᠣᠨ ᠤ 5 ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ᠂ 6 ᠬᠤᠪᠢ ᠬᠥᠮᠥᠨ ᠪᠠ 1 | ᠲᠦᠷᠦᠯ ᠲᠡᠮᠳᠡᠭᠲᠦ ᠲᠥᠰᠥᠯ ᠡᠪᠯᠡᠯ ᠤᠨ ᠲᠥᠪ ᠬᠤᠷᠢᠶ᠎ᠠ ᠶᠢᠨ ᠰᠠᠶᠢᠰᠢᠶᠠᠯ ᠢ ᠣᠯᠪᠠ᠃ ᠡᠭᠦᠨ ᠤ ᠳᠣᠲᠣᠷ᠎ᠠ | ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠡᠪᠯᠡᠯ ᠤᠨ ᠬᠤᠷᠢᠶ᠎ᠠ ᠲᠣᠳᠣᠷᠠᠭᠰᠠᠨ ᠪᠠᠶᠢᠨ᠎ᠠ᠃ ᠨᠢᠳᠤᠨᠤᠨ᠂ | ᠲᠦᠮᠡᠳ ᠵᠡᠭᠦᠨ ᠬᠤᠰᠢᠭᠤᠨ ᠤ ᠡᠪᠯᠡᠯ ᠤᠨ ᠬᠤᠷᠢᠶ᠎ᠠ 2022 ᠣᠨ ᠤ ᠣᠶᠤᠲᠠᠳ ᠤᠨ ᠵᠤᠨ ᠤ ᠠᠮᠠᠷᠠᠯᠲᠠ ᠶᠢᠨ | ᠬᠤᠭᠤᠴᠠᠭᠠᠨ ᠤ ︽ᠨᠤᠲᠤᠭ ᠲᠠᠭᠠᠨ ᠪᠤᠴᠠᠬᠤ︾ ᠡᠬᠢᠯᠡᠯᠲᠡ ᠶᠢᠨ ᠶᠣᠰᠣᠯᠠᠯ ᠬᠢᠵᠦ᠂ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠶᠢ ᠭᠦᠢᠴᠡᠳ ᠠᠰᠢᠭᠯᠠᠨ ᠡᠯᠰᠡᠬᠦ ᠠᠯᠪᠠᠨ ᠵᠠᠷ ᠨᠡᠶᠢᠲᠡᠯᠡᠵᠦ᠂ ᠪᠥᠬᠦ ᠬᠤᠰᠢᠭᠤᠨ ᠤ ᠡᠯ᠎ᠡ | ᠨᠢᠭᠡᠴᠡ ᠶᠢᠨ ᠳᠠᠳᠤᠯᠭ᠎ᠠ ᠶᠢᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠤᠭᠯᠠᠭᠤᠯᠵᠤ᠂ ᠲᠤᠰᠬᠠᠢ ᠬᠥᠮᠥᠨ | ᠲᠣᠬᠢᠷᠠᠭᠤᠯᠤᠨ ᠴᠤᠭᠯᠠᠭᠤᠯᠤᠭᠰᠠᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠡᠪ ᠬᠠᠮᠲᠤ | ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠵᠠᠯᠠᠭᠤᠴᠤᠳ ᠤᠨ ᠬᠥᠭᠵᠢᠯᠲᠡ ᠶᠢᠨ ᠬᠡᠯᠲᠡᠰ ᠤᠨ ︽ | ᠨᠤᠲᠤᠭ ᠲᠠᠭᠠᠨ ᠪᠤᠴᠠᠬᠤ︾ ᠨᠡᠶᠢᠭᠡᠮ ᠤᠨ ᠦᠢᠯᠡᠳᠦᠯᠭᠡ ᠶᠢᠨ ᠠᠵᠢᠯ ᠤᠨ ᠪᠠᠶᠢᠷᠢ ᠶᠢ ᠵᠣᠯᠭᠠᠭᠤᠯᠬᠤ ᠰᠢᠰᠲ᠋ᠧᠮ ᠳᠤ | ᠣᠷᠣᠭᠤᠯᠵᠤ᠂ ᠡᠪᠯᠡᠯ ᠤᠨ ᠬᠠᠷᠢᠶ᠎ᠠ ᠰᠢᠨ᠎ᠡ ᠵᠠᠭᠤᠴᠢᠯᠠᠭᠤᠷ ︽ᠲᠦᠮᠡᠳ ᠵᠡᠭᠦᠨ ᠬᠤᠰᠢᠭᠤᠨ ᠤ ᠵᠠᠯᠠᠭᠤᠴᠤᠳ︾ | ᠸᠢᠴᠠᠲ ᠤᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠣᠶᠤᠲᠠᠳ ᠤᠨ ︽ᠨᠤᠲᠤᠭ ᠲᠠᠭᠠᠨ ᠪᠤᠴᠠᠬᠤ︾ | ᠨᠡᠶᠢᠭᠡᠮ ᠤᠨ ᠦᠢᠯᠡᠳᠦᠯᠭᠡ ᠶᠢᠨ ᠥᠯᠢᠭᠡᠷ ᠢ ᠤᠬᠠᠭᠤᠯᠤᠨ ᠮᠡᠳᠡᠭᠡᠯᠡᠪᠡ᠃ ᠲᠦᠮᠡᠳ ᠵᠡᠭᠦᠨ ᠬᠤᠰᠢᠭᠤ | ᠨᠤᠲᠤᠭ ᠲᠠᠭᠠᠨ ᠪᠤᠴᠠᠭᠰᠠᠨ ᠣᠶᠤᠲᠠᠳ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠨᠡᠶᠢᠭᠡᠮ ᠤᠨ ᠦᠢᠯᠡᠳᠦᠯᠭᠡ ᠳᠤ | ᠣᠷᠣᠯᠴᠠᠭᠤᠯᠵᠤ᠂ ᠣᠶᠤᠲᠠᠳ ᠢ ᠬᠠᠪᠰᠤᠷᠤᠨ ᠨᠡᠶᠢᠭᠡᠮ ᠤᠨ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠵᠦ᠂ ᠭᠠᠳᠠᠨ᠎ᠠ | ᠰᠤᠷᠤᠯᠴᠠᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠨᠤᠲᠤᠭ ᠤᠰᠤ ᠲᠠᠢ ᠪᠠᠨ ᠬᠠᠷᠢᠯᠴᠠᠬᠤ | ᠳᠦᠷᠢᠮᠵᠢᠭᠰᠡᠨ ᠠᠷᠭ᠎ᠠ ᠵᠠᠮ ᠢ ᠪᠠᠶᠢᠭᠤᠯᠵᠤ᠂ ᠥᠷᠭᠡᠨ ᠤᠯᠠᠨ ᠰᠤᠷᠤᠭᠴᠢᠳ ᠤᠨ ᠠᠮᠢᠳᠤᠯᠢᠭ ᠦᠢᠯᠡᠳᠦᠯᠭᠡ ᠶᠢᠨ | ᠳᠤᠮᠳᠠ ᠬᠥᠮᠦᠵᠢᠯ ᠬᠦᠷᠲᠡᠬᠦ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠬᠦ᠂ ᠬᠤᠪᠢ ᠨᠡᠮᠡᠷᠢ ᠦᠵᠡᠭᠦᠯᠬᠦ ᠶᠢ ᠦᠨᠡᠨᠬᠦ | ᠪᠡᠶᠡᠯᠡᠭᠦᠯᠦᠭᠰᠡᠨ ᠪᠠᠶᠢᠨ᠎ᠠ᠃ | |