ᠦᠰᠦᠭ ᠢᠶᠠᠷ ᠥᠭᠦᠯᠡᠬᠦᠢ᠄ ︽ᠲᠦᠮᠡᠳ ᠵᠡᠭᠦᠨ ᠬᠤᠰᠢᠭᠤᠨ ᠤ 2023 ᠣᠨ ᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ︿ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ﹀ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾
ᠨᠡᠶᠢᠲᠡᠯᠡᠭᠰᠡᠨ ᠴᠠᠭ᠄
2023/7/4
ᠨᠢᠭᠡ᠂ ᠠᠬᠤᠢ ᠪᠠᠶᠢᠳᠠᠯ ᠤᠨ ᠲᠠᠨᠢᠯᠴᠠᠭᠤᠯᠭ᠎ᠠ     ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ  ᠶᠢ ᠪᠠᠶᠢᠭᠤᠯᠬᠤ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠥᠯᠥᠰᠦᠨ ᠠᠵᠢᠯᠴᠢᠨ ᠤ ᠴᠠᠯᠢᠩ ᠥᠭᠬᠦ  ᠶᠢ ᠪᠠᠲᠤᠯᠠᠬᠤ ᠳᠦᠷᠢᠮ︾ ᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠪᠠᠷ ᠭᠠᠷᠳᠠᠴᠠ ᠪᠣᠯᠭᠠᠵᠤ᠂ ︽ᠲᠠᠪᠤᠨ ᠵᠦᠢᠯ ᠤᠨ ᠲᠣᠭᠲᠠᠴᠠ︾ ︵ᠡᠬᠢ ᠡᠭᠦᠰᠦᠯ ᠠᠴᠠ ᠨᠢ ᠵᠠᠰᠠᠬᠤ ᠲᠣᠭᠲᠠᠴᠠ᠂ ᠡᠳᠦᠷ ᠲᠤᠲᠤᠮ ᠤᠨ ᠵᠢᠭᠰᠠᠭᠠᠨ ᠪᠠᠶᠢᠴᠠᠭᠠᠬᠤ ᠲᠣᠭᠲᠠᠴᠠ᠂ ᠲᠥᠪᠯᠡᠷᠡᠭᠦᠯᠦᠨ ᠪᠣᠭᠤᠮᠲᠠ ᠰᠢᠪᠲᠤᠯᠬᠤ ᠲᠣᠭᠲᠠᠴᠠ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠲᠣᠭᠲᠠᠴᠠ ᠪᠠ ᠬᠠᠮᠲᠤᠷᠠᠨ ᠠᠵᠢᠯᠯᠠᠬᠤ ᠲᠣᠭᠲᠠᠴᠠ︶ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠬᠤᠶᠠᠷ ᠬᠠᠷᠢᠭᠤᠴᠠᠯᠭ᠎ᠠ︾ ︵ᠬᠠᠷᠢᠶᠠᠲᠤ ᠣᠷᠣᠨ ᠤ ᠵᠠᠰᠠᠭ ᠤᠨ ᠣᠷᠳᠣᠨ ᠤ ᠬᠠᠷᠢᠭᠤᠴᠠᠯᠭ᠎ᠠ᠂ ᠠᠵᠢᠯ ᠲᠥᠷᠥᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ︶ ᠶᠢ ᠴᠢᠩᠭ᠎ᠠ ᠠᠳᠬᠤᠵᠤ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠯᠡᠨ᠂ ᠪᠥᠬᠦ ᠬᠤᠰᠢᠭᠤᠨ ᠤ ᠡᠯ᠎ᠡ ᠲᠥᠷᠥᠯ ᠤᠨ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠫᠷᠤᠭ᠍ᠷᠡᠮ ᠤᠨ ᠬᠥᠯᠥᠰᠦᠨ ᠠᠵᠢᠯᠴᠢᠨ ᠤ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠪᠦᠲᠦᠮᠵᠢᠲᠡᠶ ᠰᠡᠷᠭᠡᠶᠢᠯᠡᠬᠦ ᠪᠠ ᠰᠢᠢᠳᠪᠦᠷᠢᠯᠡᠵᠦ᠂ ᠴᠠᠯᠢᠩ ᠥᠷᠢᠲᠦᠬᠦ ᠳᠠᠯᠳᠠ ᠬᠡᠮ ᠢ ᠬᠥᠳᠡᠯᠦᠩᠭᠦᠢ ᠪᠠᠷ ᠠᠷᠢᠯᠭᠠᠵᠤ᠂ ᠴᠠᠯᠢᠩ ᠥᠷᠢᠲᠦᠬᠦ ᠠᠴᠠ ᠪᠣᠯᠤᠭᠰᠠᠨ ᠴᠢᠬᠤᠯᠠ ᠶᠡᠭᠡ ᠬᠠᠮᠲᠤᠯᠢᠭ ᠤᠨ ᠴᠢᠨᠠᠷᠲᠠᠢ ᠬᠡᠷᠡᠭ ᠪᠤᠶᠤ ᠬᠦᠨᠳᠦ ᠨᠣᠴᠢᠲᠠᠢ ᠬᠡᠲᠦᠷᠡᠮᠡᠬᠡᠢ ᠬᠡᠷᠡᠭ ᠡᠭᠦᠰᠬᠦ ᠦᠭᠡᠢ ᠪᠠᠶᠢᠬᠤ ᠶᠢ ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠤ ᠶᠡᠭᠡ ᠲᠠᠯ᠎ᠠ ᠶᠢ ᠬᠠᠮᠠᠭᠠᠯᠠᠨ᠎ᠠ᠃ᠬᠤᠶᠠᠷ᠂ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢᠨ ᠲᠣᠶᠢᠮᠣᠴᠢᠯᠠᠯ ︵ᠭᠤᠣᠯ ᠠᠭᠤᠯᠭ᠎ᠠ︶     ᠪᠥᠬᠦ ᠬᠤᠰᠢᠭᠤᠨ ᠤ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠫᠷᠤᠭ᠍ᠷᠡᠮ ᠤᠨ ᠬᠥᠯᠥᠰᠦᠨ ᠠᠵᠢᠯᠴᠢᠨ ᠤ ᠴᠠᠯᠢᠩ ᠤᠨ ᠠᠰᠠᠭᠤᠳᠠᠯ ᠢ ᠨᠡᠶᠢᠳᠡᠮ ᠴᠡᠭᠴᠡᠯᠡᠨ ᠵᠠᠰᠠᠵᠤ᠂ ᠪᠠᠶᠢᠭᠤᠯᠵᠤ ᠪᠠᠶᠢᠭ᠎ᠠ ᠢᠨᠵᠧᠨᠧᠷᠢᠩ ᠤᠨ ᠫᠷᠤᠭ᠍ᠷᠡᠮ ᠢᠯᠠᠩᠭᠤᠶ᠎ᠠ ᠵᠠᠰᠠᠭ ᠤᠨ ᠣᠷᠳᠣᠨ  ᠠᠴᠠ ᠪᠡᠯᠡ ᠣᠷᠣᠭᠤᠯᠤᠭᠰᠠᠨ ᠢᠨᠵᠧᠨᠧᠷᠢᠩ ᠤᠨ ᠫᠷᠤᠭ᠍ᠷᠡᠮ ᠤᠨ ᠬᠥᠯᠥᠰᠦᠨ ᠠᠵᠢᠯᠴᠢᠨ ᠤ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ 2023 ᠣᠨ ᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ  ᠠᠴᠠ ᠡᠮᠦᠨ᠎ᠡ ᠪᠠᠶᠢᠴᠠᠭᠠᠨ ᠲᠣᠳᠣᠯᠠᠭᠰᠠᠨ ᠴᠠᠯᠢᠩ ᠥᠷᠢᠲᠦᠭᠰᠡᠨ ᠬᠡᠷᠡᠭ ᠢ ᠪᠦᠬᠦᠨ ᠢ ᠴᠡᠪᠡᠷᠯᠡᠨ᠎ᠡ᠃ᠭᠤᠷᠪᠠ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠲᠡᠭᠡᠳ ᠪᠠ ᠬᠦᠷᠢᠶ᠎ᠡ ᠬᠡᠪᠴᠢᠶ᠎ᠡ     ᠨᠢᠭᠡ ᠳᠤ ᠬᠥᠮᠥᠨ ᠬᠡᠷᠡᠭᠯᠡᠬᠦ ᠨᠢᠭᠡᠴᠢ ᠠᠴᠠ ᠬᠥᠯᠥᠰᠦᠨ ᠠᠵᠢᠯᠴᠢᠨ ᠤ ᠴᠠᠯᠢᠩ ᠢ ᠬᠠᠤᠯᠢ ᠶᠣᠰᠣᠭᠠᠷ ᠴᠠᠭ ᠲᠤᠬᠠᠢ ᠳᠤᠨᠢ ᠲᠤᠭ᠎ᠠ ᠶᠣᠰᠣᠭᠠᠷ ᠥᠭᠭᠦᠭᠰᠡᠨ ᠪᠠᠶᠢᠳᠠᠯ︔ᠬᠤᠶᠠᠷ ᠲᠤ ︽ᠲᠠᠪᠤᠨ ᠳᠦᠷᠢᠮ ᠨᠢᠭᠡ ᠮᠥᠩᠭᠦ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠃︵︽ᠲᠠᠪᠤᠨ ᠳᠦᠷᠢᠮ︾ ᠭᠡᠳᠡᠭ ᠨᠢ ᠪᠠᠷᠢᠯᠭ᠎ᠠ ᠶᠢᠨ ᠠᠵᠤ ᠠᠬᠤᠶᠢᠯᠠᠯ ᠤᠨ ᠪᠠᠩᠬᠢ ᠠᠴᠠ ᠴᠠᠯᠢᠩ ᠢ ᠣᠷᠣᠯᠠᠨ ᠲᠠᠷᠬᠠᠭᠠᠬᠤ ᠳᠦᠷᠢᠮ᠂ ᠲᠤᠬᠠᠢ ᠶᠢᠨ ᠲᠠᠯᠠᠪᠤᠷ ᠲᠤ ᠡᠷᠬᠡ ᠪᠠᠨ ᠬᠠᠮᠠᠭᠠᠯᠠᠬᠤ ᠵᠠᠷᠯᠠᠯ ᠤᠨ ᠳᠦᠷᠢᠮ᠂ ᠬᠥᠳᠡᠯᠮᠦᠷᠢ ᠶᠢᠨ ᠭᠡᠷ᠎ᠡ ᠲᠣᠭᠲᠠᠭᠠᠬᠤ ᠳᠦᠷᠢᠮ᠂ ᠴᠠᠯᠢᠩ ᠬᠢᠭᠡᠳ ᠪᠠᠷᠢᠯᠭ᠎ᠠ ᠶᠢᠨ ᠵᠣᠭᠤᠰ ᠢ ᠲᠠᠩᠰᠠ ᠬᠤᠪᠢᠶᠠᠨ ᠬᠠᠮᠢᠶᠠᠷᠬᠤ ᠳᠦᠷᠢᠮ᠂ ᠠᠵᠢᠯᠴᠢᠨ ᠤ ᠦᠨᠡᠨ ᠨᠡᠷ᠎ᠡ ᠶᠢᠨ ᠳᠦᠷᠢᠮ ᠢ ᠪᠢᠴᠢᠵᠦ ᠣᠷᠣᠭᠤᠯᠬᠤ ᠳᠦᠷᠢᠮ ᠢ ᠵᠢᠭᠠᠵᠤ ᠪᠠᠶᠢᠨ᠎ᠠ;︽ᠨᠢᠭᠡ ᠮᠥᠩᠭᠦ︾ ᠭᠡᠳᠡᠭ ᠨᠢ ᠬᠥᠯᠥᠰᠦᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ  ᠶᠢ ᠵᠢᠭᠠᠵᠤ ᠪᠠᠶᠢᠨ᠎ᠠ︶ ᡽ᠭᠤᠷᠪᠠ ᠳᠤ ᠬᠠᠤᠯᠢ ᠶᠢ ᠵᠥᠷᠢᠴᠡᠨ ᠳᠠᠭᠠᠭᠠᠴᠢᠯᠠᠭᠤᠯᠤᠭᠰᠠᠨ᠂ ᠰᠢᠯᠵᠢᠭᠦᠯᠦᠨ ᠳᠠᠭᠠᠭᠠᠴᠢᠯᠠᠭᠤᠯᠤᠭᠰᠠᠨ᠂ ᠬᠠᠤᠯᠢ ᠶᠢ ᠵᠥᠷᠢᠴᠡᠨ ᠬᠤᠪᠢᠶᠠᠨ ᠳᠠᠭᠠᠭᠠᠴᠢᠯᠠᠭᠤᠯᠤᠭᠰᠠᠨ᠂ ᠲᠦᠰᠢᠭᠦᠯᠦᠭᠰᠡᠨ ᠵᠡᠷᠭᠡ ᠶᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠥᠯᠥᠰᠦᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠬᠦ ᠳᠤ ᠬᠦᠷᠦᠭᠦᠯᠦᠭᠰᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠨ ᠵᠣᠭᠰᠣᠭᠠᠵᠤ᠂ ᠵᠠᠯᠠᠷᠠᠭᠤᠯᠵᠤ᠂ ᠬᠥᠳᠡᠯᠮᠦᠷᠢ ᠶᠢᠨ ᠬᠥᠯᠥᠰᠦ ᠣᠯᠭᠤᠮᠵᠢ ᠥᠭᠬᠦ ᠶᠢ ᠲᠡᠪᠴᠢᠭᠰᠡᠨ ᠶᠠᠯᠠᠲᠤ ᠠᠵᠢᠯᠯᠠᠭ᠎ᠠ ᠶᠢᠨ ᠪᠠᠶᠢᠳᠠᠯ ᠳᠤ ᠴᠢᠩᠭ᠎ᠠ ᠴᠣᠬᠢᠯᠲᠠ ᠥᠭᠭᠦᠨ᠎ᠡ;ᠳᠥᠷᠪᠡ ᠳᠤ ᠴᠠᠯᠢᠩ ᠥᠷᠢᠲᠦᠬᠦ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠢᠲᠡᠭᠡᠮᠵᠢ ᠶᠢᠨ ᠵᠠᠯᠬᠠᠭᠠᠯ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ᠳᠥᠷᠪᠡ᠂ ᠳᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠴᠠᠭ ᠤᠨ ᠬᠦᠰᠦᠨᠦᠭᠲᠦ ︵ᠰᠢᠨ᠎ᠡ ᠬᠠᠭᠤᠴᠢᠨ ᠳᠦᠷᠦ ᠶᠢᠨ ᠪᠣᠳᠣᠯᠭ᠎ᠠ ᠶᠢᠨ ᠬᠠᠷᠢᠴᠠᠯ︶     ︵ᠨᠢᠭᠡ︶ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠱᠠᠲᠤ ᠦᠶ᠎ᠡ ︵7 ᠳ᠋ᠤᠭᠠᠷ ᠰᠠᠷ᠎ᠠ ᠶᠢᠨ 1 ᠤ ᠡᠳᠦᠷ ᠠᠴᠠ 7 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ︶     ᠡᠯ᠎ᠡ ᠬᠠᠮᠢᠶ᠎ᠠ ᠪᠦᠬᠦᠢ ᠨᠢᠭᠡᠴᠡ ᠲᠤᠰ ᠰᠠᠯᠠᠭ᠎ᠠ ᠮᠥᠴᠢᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠲᠥᠯᠥᠪᠯᠡᠭᠡ ᠲᠣᠭᠲᠠᠭᠠᠵᠤ᠂ ᠠᠵᠢᠯ ᠤᠨ ᠡᠭᠦᠷᠭᠡ ᠪᠠᠨ ᠰᠠᠯᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠰᠬᠠᠵᠤ᠂ ᠲᠣᠰ ᠭᠠᠵᠠᠷ ᠣᠷᠣᠨ᠂ ᠲᠣᠰ ᠠᠵᠢᠯ ᠲᠥᠷᠥᠯ ᠤᠨ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠫᠷᠤᠭ᠍ᠷᠡᠮ ᠪᠠ ᠭᠤᠣᠯᠳᠠᠯᠭ᠎ᠠ ᠲᠠᠢ ᠨᠢᠭᠡᠴᠡ ᠶᠢ ᠡᠷᠦᠬᠡ ᠳᠠᠷᠠᠭᠠᠯᠠᠨ ᠰᠤᠷᠪᠤᠯᠵᠢᠯᠠᠬᠤ ᠪᠠ ᠣᠶᠢᠯᠠᠭᠠᠨ ᠵᠢᠭᠰᠠᠭᠠᠵᠤ᠂ ᠪᠠᠶᠢᠭᠤᠯᠵᠤ ᠪᠠᠶᠢᠭ᠎ᠠ ᠪᠥᠬᠦ ᠫᠷᠤᠭ᠍ᠷᠡᠮ ᠤᠨ ᠲᠤᠭ᠎ᠠ ᠬᠡᠮᠵᠢᠶ᠎ᠡ᠂ ᠫᠷᠤᠭ᠍ᠷᠡᠮ ᠤᠨ ᠬᠠᠶ᠋ᠢᠭ᠂ ᠠᠵᠢᠯᠴᠢᠨ ᠬᠡᠷᠡᠭᠯᠡᠬᠦ ᠬᠥᠮᠥᠨ ᠤ ᠲᠤᠭ᠎ᠠ᠂ ᠴᠠᠯᠢᠩ ᠥᠭᠬᠦ ᠵᠡᠷᠭᠡ ᠪᠠᠶᠢᠳᠠᠯ ᠢ ᠣᠨᠣᠪᠴᠢᠲᠠᠶ ᠡᠵᠡᠮᠰᠢᠵᠦ᠂ ᠪᠠᠶᠢᠳᠠᠯ ᠢ ᠲᠣᠳᠣᠷᠬᠠᠢ᠂ ᠰᠠᠭᠤᠷᠢ ᠲᠤᠭ᠎ᠠ ᠶᠢ ᠲᠣᠳᠣᠷᠬᠠᠢ᠂ ᠲᠤᠭ᠎ᠠ ᠶᠢ ᠣᠨᠣᠪᠴᠢᠲᠠᠶ᠂ ᠳᠦᠷᠢᠮ ᠢ ᠪᠣᠳᠠᠲᠠᠢ ᠪᠠᠶᠢᠯᠭᠠᠬᠤ ᠶᠢᠨ ᠬᠠᠮᠲᠤ ᠣᠷᠣᠰᠢᠵᠤ ᠪᠠᠶᠢᠭ᠎ᠠ ᠬᠥᠳᠡᠯᠮᠦᠷᠢ ᠬᠦᠴᠦᠨ ᠢ ᠬᠡᠷᠡᠭᠯᠡᠬᠦ ᠬᠠᠤᠯᠢ ᠴᠠᠭᠠᠵᠠ ᠶᠢᠨ ᠲᠦᠭᠰᠢᠭᠦᠷᠢ ᠳᠤ ︽ᠠᠵᠢᠯᠴᠢᠨ ᠬᠡᠷᠡᠭᠯᠡᠬᠦ ᠵᠣᠷ︾ ᠭᠠᠷᠭᠠᠵᠤ᠂ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠬᠤ ᠬᠡᠷᠡᠭᠲᠡᠢ᠃     ︵ᠬᠤᠶᠠᠷ︶ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ ︵7 ᠳ᠋ᠤᠭᠠᠷ ᠰᠠᠷ᠎ᠠ ᠶᠢᠨ 21 ᠤ ᠡᠳᠦᠷ ᠠᠴᠠ 9 ᠳ᠋ᠦᠭᠡᠷ ᠰᠠᠷ᠎ᠠ ᠶᠢᠨ 25 ᠤ ᠡᠳᠦᠷ ᠪᠣᠯᠲᠠᠯ᠎ᠠ︶     ᠡᠯ᠎ᠡ ᠬᠠᠮᠢᠶ᠎ᠠ ᠪᠦᠬᠦᠢ ᠨᠢᠭᠡᠴᠡ ᠶᠢᠨ ᠬᠢᠨ ᠡᠮᠦᠨᠡᠬᠢ ᠬᠤᠭᠤᠴᠠᠭᠠᠨ ᠤ ᠵᠢᠭᠰᠠᠭᠠᠨ ᠪᠠᠶᠢᠴᠠᠭᠠᠯᠲᠠ ᠳᠤ ᠢᠯᠡᠷᠡᠭᠦᠯᠦᠭᠰᠡᠨ ᠴᠠᠯᠢᠩ ᠥᠷᠢᠲᠦᠬᠦ ᠠᠰᠠᠭᠤᠳᠠᠯ ᠤᠨ ᠲᠠᠯ᠎ᠠ ᠪᠠᠷ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠬᠤ᠂ ᠢᠳᠡᠭ ᠢᠳᠡᠭ ᠢᠶᠠᠷ ᠦᠯᠡᠳᠡᠭᠡᠬᠦ ᠶᠢ ᠬᠢᠵᠠᠭᠠᠷᠯᠠᠬᠤ᠂ ᠲᠥᠷᠥᠯ ᠬᠤᠪᠢᠶᠠᠨ ᠰᠢᠢᠳᠪᠦᠷᠢᠯᠡᠬᠦ᠂ ᠭᠤᠣᠯᠳᠠᠯᠭ᠎ᠠ ᠶᠢ ᠳᠣᠪᠤᠶᠢᠯᠭᠠᠬᠤ ᠱᠠᠭᠠᠷᠳᠠᠯᠭ᠎ᠠ ᠶᠣᠰᠣᠭᠠᠷ᠂ ᠲᠣᠰ ᠭᠠᠵᠠᠷ ᠣᠷᠣᠨ᠂ ᠲᠣᠰ ᠠᠵᠢᠯ ᠲᠥᠷᠥᠯ ᠤᠨ ᠳᠣᠲᠣᠷᠠᠬᠢ ᠡᠯ᠎ᠡ ᠲᠥᠷᠥᠯ ᠤᠨ ᠬᠥᠮᠥᠨ ᠬᠡᠷᠡᠭᠯᠡᠬᠦ ᠨᠢᠭᠡᠴᠡ ᠶᠢᠨ ᠴᠠᠯᠢᠩ ᠥᠭᠭᠦᠭᠰᠡᠨ ᠪᠠᠶᠢᠳᠠᠯ ᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠪᠠ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠣᠯᠵᠤ ᠮᠡᠳᠡᠭᠰᠡᠨ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠨᠢᠭᠡᠳᠦᠯᠲᠡᠢ ᠡᠬᠡ ᠲᠠᠩᠰᠠ ᠶᠢᠨ ᠬᠠᠮᠢᠶᠠᠷᠤᠯᠲᠠ ᠳᠤ ᠣᠷᠣᠭᠤᠯᠤᠨ᠂ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠠᠷᠢᠯᠭᠠᠬᠤ ᠴᠠᠭ ᠬᠤᠭᠤᠴᠠᠭ᠎ᠠ ᠶᠢ ᠲᠣᠭᠲᠠᠭᠠᠨ᠂ ᠨᠣᠮᠧᠷ ᠢ ᠨᠢ ᠬᠠᠰᠤᠬᠤ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ᠴᠠᠯᠢᠩ ᠥᠷᠢᠲᠦᠬᠦ ᠪᠠ ᠵᠣᠭᠤᠰ ᠥᠷᠢᠲᠦᠬᠦ ᠵᠢᠴᠢ ᠬᠥᠯᠥᠰᠦᠨ ᠠᠵᠢᠯᠴᠢᠨ ᠤ ᠴᠠᠯᠢᠩ ᠢ ᠥᠭᠬᠦ ᠳᠠᠭᠠᠭᠠᠯᠲᠠ᠂ ᠬᠥᠯᠥᠰᠦᠨ ᠠᠵᠢᠯᠴᠢᠨ ᠤ ᠴᠠᠯᠢᠩ ᠤᠨ ᠲᠤᠰᠬᠠᠢ ᠳᠠᠩᠰᠠᠨ ᠡᠷᠦᠬᠡ᠂ ᠴᠠᠯᠢᠩ ᠤᠨ ᠪᠠᠲᠤᠯᠠᠭ᠎ᠠ ᠶᠢᠨ ᠮᠥᠩᠭᠦ ᠵᠡᠷᠭᠡ ᠳᠦᠷᠢᠮ ᠢ ᠨᠠᠶᠢᠳᠠᠪᠤᠷᠢᠵᠢᠭᠤᠯᠤᠭᠠᠳᠤᠢ ᠪᠠᠶᠢᠭᠤᠯᠵᠤ ᠪᠠᠶᠢᠭ᠎ᠠ ᠵᠦᠢᠯᠡᠰ ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠤᠶᠤ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠦᠭᠡᠢ ᠪᠠᠶᠢᠪᠠᠯ ᠬᠠᠤᠯᠢ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠃     ︵ᠭᠤᠷᠪᠠ︶ ᠳ᠋ᠦᠩᠨᠡᠨ ᠳᠡᠭᠡᠭᠰᠢᠯᠡᠭᠦᠯᠬᠦ ᠱᠠᠲᠤ ᠦᠶ᠎ᠡ ︵9 ᠳ᠋ᠦᠭᠡᠷ ᠰᠠᠷ᠎ᠠ ᠶᠢᠨ 26 ᠤ ᠡᠳᠦᠷ ᠠᠴᠠ 10 ᠳ᠋ᠤᠭᠠᠷ ᠰᠠᠷ᠎ᠠ ᠶᠢᠨ 16 ᠤ ᠡᠳᠦᠷ ᠪᠣᠯᠲᠠᠯ᠎ᠠ︶     ᠡᠯ᠎ᠡ ᠬᠠᠮᠢᠶ᠎ᠠ ᠪᠦᠬᠦᠢ ᠨᠢᠭᠡᠴᠡ ᠶᠢᠨ ᠬᠢᠨ ᠠᠰᠠᠭᠤᠳᠠᠯ ᠢ ᠴᠡᠭᠴᠡᠯᠡᠨ ᠵᠣᠬᠢᠴᠠᠭᠤᠯᠬᠤ ᠶᠢ ᠠᠬᠢᠭᠤᠯᠬᠤ ᠶᠢᠨ ᠬᠠᠮᠲᠤ᠂ ᠠᠵᠢᠯ ᠤᠨ ᠠᠬᠢᠴᠠ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠳᠦᠷᠢᠮ ᠤᠨ ᠪᠠᠶᠢᠭᠤᠯᠤᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠵᠡᠷᠭᠡ ᠪᠠᠷ ᠡᠷᠢᠵᠦ᠂ ᠨᠢᠭᠡ ᠲᠠᠯ᠎ᠠ ᠪᠠᠷ ᠴᠡᠭᠴᠡᠯᠡᠨ ᠵᠠᠰᠠᠵᠤ᠂ ᠨᠢᠭᠡ ᠲᠠᠯ᠎ᠠ ᠪᠠᠷ ᠳ᠋ᠦᠩᠨᠡᠵᠦ᠂ ᠨᠢᠭᠡ ᠲᠠᠯ᠎ᠠ ᠪᠠᠷ ᠳᠡᠭᠡᠭᠰᠢᠯᠡᠭᠦᠯᠵᠦ᠂ ᠴᠠᠯᠢᠩ ᠥᠷᠢᠲᠦᠬᠦ ᠵᠥᠷᠢᠴᠡᠯ ᠤᠨ ᠪᠠᠶᠢᠳᠠᠯ ᠢ ᠨᠠᠷᠢᠨ ᠬᠢᠨᠠᠮᠠᠭᠠᠢ ᠳ᠋ᠦᠩᠨᠡᠨ ᠪᠠᠶᠢᠴᠠᠭᠠᠨ ᠡᠮᠬᠢᠯᠡᠵᠦ᠂ ᠪᠦᠲᠦᠮᠵᠢᠲᠡᠢ ᠠᠷᠭ᠎ᠠ ᠬᠢᠳᠡᠯ ᠢ ᠴᠠᠭ ᠲᠤᠬᠠᠢ ᠳᠤᠨᠢ ᠪᠣᠯᠪᠠᠰᠤᠷᠠᠭᠤᠯᠤᠨ ᠲᠤᠷᠰᠢᠯᠭ᠎ᠠ ᠪᠠᠨ ᠳ᠋ᠦᠩᠨᠡᠵᠦ᠂ ᠤᠷᠳᠤ ᠬᠤᠭᠤᠴᠠᠭ᠎ᠠ ᠪᠠᠷ ᠰᠢᠢᠳᠪᠦᠷᠢᠯᠡᠵᠦ ᠳᠡᠶᠢᠯᠬᠦ ᠦᠭᠡᠢ ᠠᠶᠤᠯ ᠲᠦᠭᠰᠢᠭᠦᠷᠢ ᠶᠢᠨ ᠭᠡᠮ ᠰᠣᠭᠤᠭ ᠤᠨ ᠰᠢᠯᠲᠠᠭᠠᠨ ᠢ ᠭᠦᠨᠵᠡᠭᠡᠢ ᠡᠷᠢᠵᠦ᠂ ᠠᠰᠠᠭᠤᠳᠠᠯ ᠢ ᠰᠢᠢᠳᠪᠦᠷᠢᠯᠡᠬᠦ ᠰᠡᠳᠬᠢᠴᠡ ᠪᠠ ᠠᠷᠭᠠᠴᠠᠬᠤ ᠪᠣᠳᠣᠯᠭ᠎ᠠ ᠶᠢ ᠬᠠᠩᠭᠠᠬᠤ ᠬᠡᠷᠡᠭᠲᠡᠢ᠃ᠣᠲᠣ ᠶᠢᠨ ᠪᠠᠶᠢᠭ᠎ᠠ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠣᠷᠳᠣ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠥᠷᠢᠲᠦᠬᠦ ᠦᠭᠡᠢ ᠦᠵᠡᠭᠳᠡᠯ ᠭᠠᠷᠬᠤ ᠶᠢ ᠴᠢᠷᠮᠠᠶᠢᠨ ᠪᠡᠶᠡᠯᠡᠭᠦᠯᠵᠦ᠂ ᠬᠥᠯᠥᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠢ᠃ᠲᠠᠪᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠪᠣᠳᠠᠲᠠᠢ ᠲᠠᠶᠢᠯᠪᠤᠷᠢᠯᠠᠯᠲᠠ ᠪᠠ ᠲᠣᠳᠣᠷᠬᠠᠶᠢᠯᠠᠯᠲᠠ     ︽ᠬᠠᠷᠢᠶ᠎ᠠ ᠣᠷᠣᠨ ᠨᠢ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ᠂ ᠬᠡᠨ ᠭᠤᠣᠯᠴᠢᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠰᠢᠭᠤᠨ ᠠᠷᠠᠳ ᠤᠨ ᠵᠠᠰᠠᠭ ᠤᠨ ᠣᠷᠳᠣᠨ ᠶᠡᠷᠦᠩᠬᠡᠢ ᠬᠠᠷᠢᠭᠤᠴᠠᠯᠭ᠎ᠠ ᠶᠢ ᠬᠠᠷᠢᠭᠤᠴᠠᠬᠤ ᠂ ᠡᠯ᠎ᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠳᠠᠲᠠᠢ ᠬᠠᠷᠢᠭᠤᠴᠠᠬᠤ᠂ ᠬᠠᠮᠢᠶ᠎ᠠ ᠪᠦᠬᠦᠢ ᠰᠠᠯᠠᠭ᠎ᠠ ᠮᠥᠴᠢᠷ ᠣᠷᠣᠯᠴᠠᠭᠰᠠᠨ ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠣᠰ ᠭᠠᠵᠠᠷ ᠣᠷᠣᠨ᠂ ᠲᠣᠰ ᠠᠵᠢᠯ ᠲᠥᠷᠥᠯ ᠤᠨ ᠳᠣᠲᠣᠷᠠᠬᠢ ᠴᠠᠯᠢᠩ ᠥᠷᠢᠲᠦᠭᠰᠡᠨ ᠬᠡᠷᠡᠭ ᠢ ᠴᠠᠭ ᠲᠤᠬᠠᠢ ᠳᠤᠨᠢ ᠰᠢᠢᠳᠪᠦᠷᠢᠯᠡᠨ᠎ᠡ᠃     ︵ᠨᠢᠭᠡ︶ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ  ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠫᠷᠤᠭ᠍ᠷᠡᠮ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ ᠪᠡᠯᠡ ᠮᠥᠩᠭᠦ ᠶᠢᠨ ᠢᠷᠡᠯᠲᠡ ᠪᠣᠯᠣᠨ ᠪᠠᠵᠠᠭᠠᠬᠤ ᠠᠷᠭ᠎ᠠ  ᠮᠠᠶ᠋ᠢᠭ ᠢ ᠴᠢᠩᠭ᠎ᠠ ᠬᠢᠨᠠᠨ ᠪᠠᠶᠢᠴᠠᠭᠠᠵᠤ᠂ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠤᠳᠠᠭᠠᠰᠢᠷᠠᠭᠤᠯᠤᠨ ᠥᠷᠢᠲᠦᠵᠦ ᠢᠲᠡᠭᠡᠯ  ᠢᠶᠠᠨ ᠠᠯᠳᠠᠭᠰᠠᠨ ᠠᠵᠤ ᠠᠬᠤᠶᠢᠯᠠᠯ  ᠢ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠲᠤ ᠬᠠᠤᠯᠢ ᠶᠣᠰᠣᠭᠠᠷ ᠣᠷᠣᠭᠤᠯᠬᠤ ᠶᠢᠨ ᠬᠠᠮᠲᠤ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃     ︵ᠬᠤᠶᠠᠷ︶  ᠡᠳ᠋ ᠤᠨ ᠵᠠᠰᠠᠭ  ᠤᠨ ᠰᠠᠯᠠᠭ᠎ᠠ ᠮᠥᠴᠢᠷ   ᠵᠠᠰᠠᠭ  ᠤᠨ ᠣᠷᠳᠣᠨ ᠤ ᠪᠡᠯᠡ ᠣᠷᠣᠭᠤᠯᠤᠭᠰᠠᠨ ᠪᠠᠷᠢᠯᠭ᠎ᠠ  ᠶᠢᠨ ᠫᠷᠤᠭ᠍ᠷᠡᠮ ᠤᠨ ᠪᠡᠯᠡ ᠮᠥᠩᠭᠦ  ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂  ᠡᠳ᠋ ᠤᠨ ᠵᠠᠰᠠᠭ  ᠤᠨ ᠪᠡᠯᠡ ᠮᠥᠩᠭᠦ ᠶᠢ ᠲᠣᠭᠲᠠᠭᠠᠯ ᠶᠣᠰᠣᠭᠠᠷ ᠴᠠᠭ ᠲᠤᠬᠠᠢ ᠲᠤᠨᠢ ᠭᠦᠢᠴᠡᠳ ᠲᠤᠭ᠎ᠠ ᠪᠠᠷ ᠰᠠᠯᠭᠠᠨ ᠥᠭᠭᠦᠨ᠎ᠡ᠃ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃     ︵ᠭᠤᠷᠪᠠ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠪᠠᠷᠢᠯᠭ᠎ᠠ ᠶᠢᠨ ᠫᠷᠤᠭ᠍ᠷᠡᠮ ᠤᠨ ᠡᠳᠦᠷ ᠲᠤ ᠠᠵᠢᠯ ᠡᠬᠢᠯᠡᠭᠦᠯᠬᠦ ᠵᠥᠪᠰᠢᠶᠡᠷᠡᠯ ᠤᠨ ᠬᠢᠨᠠᠨ ᠵᠥᠪᠰᠢᠶᠡᠷᠡᠯ ᠢ ᠴᠢᠩᠳᠠᠯᠠᠵᠤ᠂ ᠬᠥᠯᠥᠰᠦᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ᠂ ᠪᠠᠷᠢᠯᠭ᠎ᠠ ᠪᠠᠷᠢᠬᠤ ᠶᠠᠪᠤᠴᠠ ᠶᠢ ᠳ᠋ᠦᠩᠨᠡᠨ ᠪᠤᠳᠤᠬᠤ᠂ ᠴᠠᠯᠢᠩ ᠬᠢᠭᠡᠳ ᠪᠠᠷᠢᠯᠭ᠎ᠠ ᠶᠢᠨ ᠵᠣᠭᠤᠰ ᠢ ᠲᠠᠩᠰᠠ ᠬᠤᠪᠢᠶᠠᠨ ᠬᠠᠮᠢᠶᠠᠷᠬᠤ᠂ ᠬᠥᠯᠥᠰᠦᠨ ᠠᠵᠢᠯᠴᠢᠨ ᠤ ᠴᠠᠯᠢᠩ ᠢ ᠦᠨᠡᠨ ᠨᠡᠷ᠎ᠡ ᠪᠠᠷ ᠨᠢ ᠲᠡᠮᠳᠡᠭᠯᠡᠬᠦ ᠳᠦᠷᠢᠮ ᠢᠶᠠᠷ ᠬᠠᠮᠢᠶᠠᠷᠬᠤ᠂ ᠪᠠᠩᠬᠢ  ᠠᠴᠠ ᠴᠠᠯᠢᠩ ᠢ ᠰᠠᠷ᠎ᠠ ᠪᠠᠷ ᠣᠷᠣᠯᠠᠨ ᠲᠠᠷᠬᠠᠭᠠᠬᠤ ᠬᠠᠮᠢᠶᠠᠷᠤᠯᠲᠠ᠂ ᠪᠠᠷᠢᠯᠭ᠎ᠠ ᠶᠢᠨ ᠵᠣᠭᠤᠰ ᠢ ᠥᠭᠬᠦ ᠳᠠᠭᠠᠭᠠᠯᠲᠠ᠂ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠡᠷᠬᠡ ᠪᠠᠨ ᠬᠠᠮᠠᠭᠠᠯᠠᠬᠤ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠵᠡᠷᠭᠡ ᠳᠦᠷᠢᠮ ᠢ ᠪᠠᠶᠢᠭᠤᠯᠬᠤ ᠶᠢᠨ ᠬᠠᠮᠲᠤ ᠨᠠᠶᠢᠳᠠᠪᠤᠷᠢᠵᠢᠭᠤᠯᠬᠤ ᠬᠡᠷᠡᠭᠲᠡᠢ᠃ᠶᠡᠷᠦᠩᠬᠡᠶᠢᠯᠡᠨ ᠳᠠᠭᠠᠭᠠᠴᠢᠯᠠᠭᠰᠠᠨ ᠠᠵᠤ ᠠᠬᠤᠶᠢᠯᠠᠯ ᠢ ᠰᠢᠪᠠᠳᠠᠵᠤ ᠪᠠᠶᠢᠭᠠᠳ ᠬᠤᠪᠢᠶᠠᠨ ᠳᠠᠭᠠᠭᠠᠴᠢᠯᠠᠭᠰᠠᠨ ᠠᠵᠤ ᠠᠬᠤᠶᠢᠯᠠᠯ ᠤᠨ ᠬᠥᠳᠡᠯᠮᠦᠷᠢ ᠬᠦᠴᠦᠨ ᠢ ᠬᠡᠷᠡᠭᠯᠡᠬᠦ ᠪᠠ ᠴᠠᠯᠢᠩ ᠣᠯᠭᠤᠬᠤ ᠬᠠᠮᠢᠶᠠᠷᠤᠯᠲᠠ ᠶᠢ ᠴᠢᠩᠭᠠᠳᠬᠠᠨ᠎ᠠ᠃ᠴᠠᠯᠢᠩ ᠥᠭᠬᠦ ᠶᠢ ᠬᠢᠨᠠᠨ ᠡᠵᠡᠮᠳᠡᠬᠦ ᠲᠣᠣᠷ ᠰᠦᠯᠵᠢᠶ᠎ᠡ᠂ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠪᠠ ᠠᠵᠤ ᠠᠬᠤᠶᠢᠯᠠᠯ ᠤᠨ ᠢᠲᠡᠭᠡᠯ ᠢᠶᠠᠨ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ᠎ᠠ᠃ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠪᠠᠷᠢᠯᠭ᠎ᠠ ᠶᠢᠨ ᠠᠵᠤ ᠠᠬᠤᠶᠢᠯᠠᠯ ᠤᠨ ᠬᠥᠯᠥᠰᠦᠨ ᠠᠵᠢᠯᠴᠢᠨ ᠤ ᠴᠠᠯᠢᠩ ᠢ ᠪᠢᠴᠢᠭ ᠢᠶᠠᠷ ᠥᠭᠬᠦ ᠠᠵᠢᠯ ᠤᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠵᠣᠭᠤᠰ ᠢ ᠤᠳᠠᠭᠠᠰᠢᠷᠠᠭᠤᠯᠤᠭᠰᠠᠨ᠂ ᠲᠦᠰᠢᠵᠦ ᠳᠠᠭᠠᠭᠠᠴᠢᠯᠠᠭᠤᠯᠤᠭᠰᠠᠨ᠂ ᠬᠠᠤᠯᠢ ᠶᠢ ᠵᠥᠷᠢᠴᠡᠨ ᠬᠤᠪᠢᠶᠠᠨ ᠳᠠᠭᠠᠭᠠᠴᠢᠯᠠᠭᠤᠯᠵᠤ ᠰᠢᠯᠵᠢᠭᠦᠯᠦᠨ ᠳᠠᠭᠠᠭᠠᠴᠢᠯᠠᠭᠤᠯᠤᠭᠰᠠᠨ ᠵᠡᠷᠭᠡ ᠠᠴᠠ ᠪᠣᠯᠤᠭᠰᠠᠨ ᠬᠥᠯᠥᠰᠦᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃     ︵ᠳᠥᠷᠪᠡ︶ ᠵᠠᠮ ᠬᠠᠷᠢᠯᠴᠠᠭ᠎ᠠ᠂ ᠤᠰᠤᠨ ᠤ ᠶᠠᠪᠤᠳᠠᠯ᠂ ᠰᠤᠷᠭᠠᠨ ᠬᠥᠮᠦᠵᠢᠯ᠂ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ ᠮᠥᠴᠢᠷ ᠤᠳ ᠲᠤᠰ ᠲᠤᠰ ᠤᠨ ᠠᠵᠢᠯ ᠲᠥᠷᠥᠯ ᠤᠨ ᠳᠣᠲᠣᠷ᠎ᠠ ᠪᠠᠨ ᠠᠵᠢᠯ ᠲᠥᠷᠥᠯ ᠤᠨ ᠣᠨᠴᠠᠯᠢᠭ ᠢᠶᠠᠨ ᠦᠨᠳᠦᠰᠦᠯᠡᠨ ᠬᠥᠯᠥᠰᠦᠨ ᠠᠵᠢᠯᠴᠢᠨ ᠤ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ᠂ ᠪᠠᠩᠬᠢ ᠠᠴᠠ ᠰᠠᠷ᠎ᠠ ᠰᠠᠷ᠎ᠠ  ᠪᠠᠷ ᠴᠠᠯᠢᠩ ᠢ ᠣᠷᠣᠯᠠᠨ ᠥᠭᠬᠦ᠂ ᠴᠠᠯᠢᠩ ᠬᠢᠭᠡᠳ ᠢᠨᠵᠧᠨᠧᠷᠢᠩ ᠤᠨ ᠵᠣᠭᠤᠰ ᠢ ᠳᠠᠩᠰᠠ ᠬᠤᠪᠢᠶᠠᠨ ᠬᠠᠮᠢᠶᠠᠷᠬᠤ ᠵᠡᠷᠭᠡ ᠠᠵᠢᠯ ᠤᠨ ᠳᠦᠷᠢᠮ᠂ ᠠᠷᠭ᠎ᠠ ᠪᠠ ᠠᠷᠭ᠎ᠠ ᠬᠡᠮᠵᠢᠶ᠎ᠡ  ᠶᠢ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠤᠰ ᠲᠤᠰ ᠤᠨ ᠠᠵᠢᠯ ᠲᠥᠷᠥᠯ ᠤᠨ ᠳᠣᠲᠣᠷᠠᠬᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠠᠵᠢᠯ ᠢ ᠴᠢᠩᠭᠠᠳᠬᠠᠵᠤ᠂ ᠲᠤᠰ ᠲᠤᠰ ᠤᠨ ᠠᠵᠢᠯ ᠲᠥᠷᠥᠯ ᠤᠨ ᠳᠣᠲᠣᠷᠠᠬᠢ ᠬᠥᠯᠥᠰᠦᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃     ︵ᠲᠠᠪᠤ︶ ᠵᠠᠬᠢᠳᠠᠯ ᠰᠣᠷᠪᠤᠯᠵᠢᠯᠠᠭ᠎ᠠ ᠶᠢᠨ ᠰᠠᠯᠠᠭ᠎ᠠ ᠮᠥᠴᠢᠷ ︽ᠬᠠᠷᠢᠶ᠎ᠠ ᠣᠷᠣᠨ ᠳᠤᠨᠢ ᠬᠠᠮᠢᠶᠠᠷᠤᠭᠤᠯᠬᠤ᠂ ᠠᠵᠢᠯ ᠲᠥᠷᠥᠯ ᠢ ᠨᠢ ᠰᠢᠰᠲ᠋ᠧᠮᠵᠢᠭᠦᠯᠬᠦ᠂ ᠬᠡᠨ ᠡᠷᠬᠢᠯᠡᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ ᠴᠠᠯᠢᠩ ᠥᠷᠢᠲᠦᠵᠦ ᠳᠡᠭᠡᠭᠰᠢ ᠰᠤᠷᠪᠤᠯᠵᠢᠯᠠᠬᠤ ᠬᠡᠷᠡᠭ ᠢ ᠬᠦᠯᠢᠶᠡᠨ ᠠᠪᠴᠤ ᠳᠠᠮᠵᠢᠭᠤᠯᠬᠤ ᠪᠥᠭᠡᠳ ᠡᠯ᠎ᠡ ᠡᠷᠬᠡ ᠲᠤᠰᠢᠶᠠᠯᠲᠤ ᠰᠠᠯᠠᠭ᠎ᠠ ᠮᠥᠴᠢᠷ ᠢ ᠰᠢᠪᠠᠳᠠᠨ ᠵᠣᠬᠢᠴᠠᠭᠤᠯᠵᠤ ᠪᠠᠶᠢᠭᠠᠳ ᠲᠣᠪᠣᠶᠢᠮ᠎ᠠ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠳᠡᠭᠡᠭᠰᠢ ᠰᠤᠷᠪᠤᠯᠵᠢᠯᠠᠬᠤ ᠬᠥᠮᠥᠰ ᠢ ᠲᠠᠶᠢᠯᠪᠤᠷᠢᠯᠠᠬᠤ᠂ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠨ᠎ᠡ᠃     ︵ᠵᠢᠷᠭᠤᠭ᠎ᠠ︶ ᠬᠥᠳᠡᠯᠮᠦᠷᠢ ᠶᠢᠨ ᠬᠥᠯᠥᠰᠦ ᠣᠯᠭᠤᠮᠵᠢ ᠥᠭᠬᠦ ᠶᠢ ᠲᠡᠪᠴᠢᠭᠰᠡᠨ ᠶᠠᠯ᠎ᠠ ᠬᠢᠭᠰᠡᠨ ᠰᠡᠵᠢᠭᠯᠡᠯᠲᠡᠢ ᠬᠡᠷᠡᠭ ᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠲᠠᠩᠨᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ᠴᠠᠯᠢᠩ ᠨᠡᠬᠡᠬᠦ ᠨᠡᠷ᠎ᠡ ᠪᠠᠷ ᠪᠠᠷᠢᠯᠭ᠎ᠠ ᠶᠢᠨ ᠵᠣᠭᠤᠰ ᠨᠡᠬᠡᠵᠦ ᠠᠪᠤᠭᠠᠳ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢ ᠵᠥᠷᠢᠴᠡᠭᠰᠡᠨ ᠠᠵᠢᠯᠯᠠᠭ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠥᠭᠬᠦ ᠬᠡᠷᠡᠭᠲᠡᠢ;ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ᠴᠠᠯᠢᠩ ᠥᠷᠢᠲᠦᠬᠦ ᠪᠠ ᠡᠳ᠋ ᠬᠥᠷᠥᠩᠭᠡ ᠪᠠᠨ ᠰᠢᠯᠵᠢᠭᠦᠯᠬᠦ ᠵᠡᠷᠭᠡ ᠦᠢᠯᠡ ᠠᠵᠢᠯᠯᠠᠭ᠎ᠠ ᠶᠢ ᠪᠦᠲᠦᠮᠵᠢᠲᠡᠶ ᠰᠡᠷᠭᠡᠶᠢᠯᠡᠵᠦ᠂ ᠬᠥᠯᠥᠰᠦᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠠᠴᠠ ᠪᠣᠯᠤᠭᠰᠠᠨ ᠬᠡᠪ ᠤᠨ ᠪᠤᠰᠤ ᠪᠠᠷ ᠳᠡᠭᠡᠭᠰᠢ ᠰᠤᠷᠪᠤᠯᠵᠢᠯᠠᠬᠤ᠂ ᠮᠠᠭᠤ ᠰᠠᠨᠠᠭ᠎ᠠ ᠲᠠᠢ ᠪᠠᠷ ᠴᠠᠯᠢᠩ ᠨᠡᠬᠡᠬᠦ ᠪᠠ ᠬᠠᠮᠲᠤᠯᠢᠭ ᠤᠨ ᠴᠢᠨᠠᠷᠲᠠᠢ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠨ᠎ᠡ᠃     ︵ᠳᠣᠯᠤᠭ᠎ᠠ︶ ᠤᠬᠠᠭᠤᠯᠬᠤ ᠰᠠᠯᠠᠭ᠎ᠠ ᠮᠥᠴᠢᠷ ᠤᠳ ᠡᠯ᠎ᠡ ᠲᠠᠯ᠎ᠠ ᠶᠢᠨ ᠰᠣᠨᠢᠨ ᠮᠡᠳᠡᠭᠡᠨ ᠤ ᠵᠠᠭᠤᠴᠢᠯᠠᠭᠤᠷ ᠤᠨ ᠬᠠᠮᠢᠶ᠎ᠠ ᠪᠦᠬᠦᠢ ᠮᠡᠳᠡᠭᠡᠯᠡᠯ ᠢ ᠰᠠᠶᠢᠲᠤᠷ ᠬᠢᠬᠦ ᠶᠢ ᠬᠠᠷᠢᠭᠤᠴᠠᠨ ᠵᠣᠬᠢᠴᠠᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠪᠠ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃     ︵ ᠨᠠᠢᠮᠠ︶ ᠫᠠᠨ ᠯᠧ ᠴᠤᠸᠠᠨᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ᠂ ᠡᠯ᠎ᠡ ᠰᠢᠶᠠᠩ ᠪᠠᠯᠭᠠᠰᠤ ᠲᠤᠰ ᠨᠢᠭᠡᠴᠢ ᠶᠢᠨ ᠲᠦᠷᠦᠭᠦᠯᠡᠨ ᠬᠠᠷᠢᠭᠤᠴᠠᠵᠤ ᠪᠠᠶᠢᠭ᠎ᠠ ᠪᠠᠶᠢᠭᠤᠯᠵᠤ ᠪᠠᠶᠢᠭ᠎ᠠ ᠫᠷᠤᠭ᠍ᠷᠡᠮ ᠤᠨ ᠬᠥᠯᠥᠰᠦᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠵᠦ ᠪᠠᠶᠢᠭ᠎ᠠ ᠠᠰᠠᠭᠤᠳᠠᠯ ᠢ ᠪᠣᠳᠠᠲᠠᠢ ᠬᠠᠷᠢᠭᠤᠴᠠᠨ᠎ᠠ᠃ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠵᠥᠷᠢᠴᠡᠯ ᠢ ᠵᠢᠭᠰᠠᠭᠠᠨ ᠪᠠᠶᠢᠴᠠᠭᠠᠬᠤ ᠪᠠ ᠡᠶᠡᠳᠡᠭᠦᠯᠦᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠵᠥᠷᠢᠴᠡᠯ ᠢ ᠰᠡᠷᠭᠡᠶᠢᠯᠡᠬᠦ ᠪᠠ ᠨᠠᠮᠳᠠᠭᠤᠯᠤᠨ᠂ ᠴᠠᠭ ᠲᠤᠬᠠᠢ ᠳᠤᠨᠢ ᠵᠢᠭᠤᠷᠠᠯᠳᠤᠭᠠᠨ ᠢ ᠡᠶᠡᠳᠡᠭᠦᠯᠵᠦ᠂ ᠴᠠᠯᠢᠩ ᠥᠷᠢᠲᠦᠭᠰᠡᠨ ᠬᠡᠷᠡᠭ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠫᠷᠤᠭ᠍ᠷᠡᠮ ᠤᠨ ᠪᠠᠷᠢᠯᠭ᠎ᠠ ᠪᠠᠷᠢᠬᠤ ︵ᠶᠡᠷᠦᠩᠬᠡᠢ︶ ᠳᠠᠭᠠᠭᠠᠴᠢᠯᠠᠭᠰᠠᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠣᠯᠭᠤᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃     ︵ᠶᠢᠰᠦ︶ ᠬᠥᠮᠥᠨ  ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ  ᠪᠠᠲᠤᠯᠠᠬᠤ ︽ᠵᠠᠭᠤᠨ ᠡᠳᠦᠷ  ᠤᠨ ᠪᠣᠭᠤᠮᠲᠠ ᠰᠢᠪᠲᠤᠯᠬᠤ︾ ᠲᠤᠰᠬᠠᠢ ᠵᠦᠢᠯ  ᠤᠨ ᠠᠵᠢᠯᠯᠠᠭ᠎ᠠ ᠶᠢᠨ ᠡᠳᠦᠷ ᠲᠤᠳᠤᠮ  ᠤᠨ ᠠᠵᠢᠯ ᠶᠢ ᠰᠠᠶᠢᠲᠤᠷ ᠬᠢᠬᠦ ᠶᠢ ᠬᠠᠷᠢᠭᠤᠴᠠᠵᠤ᠂ ᠵᠣᠬᠢᠴᠠᠭᠤᠯᠬᠤ ᠪᠠ ᠲᠣᠬᠢᠷᠠᠭᠤᠯᠬᠤ ᠠᠵᠢᠯ  ᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ︽ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ︾ ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠬᠤ ᠪᠠ ᠰᠢᠮᠳᠠᠭᠤᠯᠤᠨ ᠪᠠᠶᠢᠴᠠᠭᠠᠨ᠎ᠠ᠃ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢ ᠬᠠᠤᠯᠢ ᠶᠣᠰᠣᠭᠠᠷ ᠥᠷᠨᠢᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠬᠥᠯᠥᠰᠦᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠶᠠᠯ᠎ᠠ ᠬᠢᠭᠰᠡᠨ ᠰᠡᠵᠢᠭᠯᠡᠯᠲᠡᠢ ᠡᠲᠡᠭᠡᠳ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠠᠤᠯᠢ ᠶᠣᠰᠣᠭᠠᠷ ᠰᠢᠯᠵᠢᠭᠦᠯᠦᠨ ᠬᠦᠷᠭᠡᠨ᠎ᠡ᠃ᠵᠢᠷᠭᠤᠭ᠎ᠠ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢᠨ ᠵᠢᠱᠢᠯᠲᠡ ᠵᠢᠴᠢ ᠦᠨᠡᠯᠡᠨ ᠵᠢᠱᠢᠬᠦ ᠠᠷᠭ᠎ᠠ ᠮᠠᠶ᠋ᠢᠭ     ᠪᠥᠬᠦ ᠬᠤᠰᠢᠭᠤᠨ ᠤ ᠡᠯ᠎ᠡ ᠲᠥᠷᠥᠯ ᠤᠨ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠫᠷᠤᠭ᠍ᠷᠡᠮ ᠤᠨ ᠬᠥᠯᠥᠰᠦᠨ ᠠᠵᠢᠯᠴᠢᠨ ᠤ ᠴᠠᠯᠢᠩ ᠢ ᠥᠷᠢᠲᠦᠬᠦ ᠠᠰᠠᠭᠤᠳᠠᠯ ᠢ ᠪᠦᠲᠦᠮᠵᠢᠲᠡᠶ ᠰᠡᠷᠭᠡᠶᠢᠯᠡᠬᠦ ᠪᠠ ᠰᠢᠢᠳᠪᠦᠷᠢᠯᠡᠵᠦ᠂ ᠵᠠᠰᠠᠭ ᠤᠨ ᠣᠷᠳᠣᠨ ᠤ ᠲᠥᠷᠥᠯ ᠤᠨ ᠪᠡᠯᠡ ᠣᠷᠣᠭᠤᠯᠤᠯᠲᠠ ᠶᠢᠨ ᠫᠷᠤᠭ᠍ᠷᠡᠮ ᠳᠤ ᠴᠠᠯᠢᠩ ᠥᠷᠢᠲᠦᠬᠦ ᠦᠭᠡᠢ᠂ ᠨᠡᠶᠢᠭᠡᠮ ᠤᠨ ᠲᠥᠷᠥᠯ ᠤᠨ ᠪᠡᠯᠡ ᠣᠷᠣᠭᠤᠯᠤᠯᠲᠠ ᠶᠢᠨ ᠫᠷᠤᠭ᠍ᠷᠡᠮ ᠳᠤ ᠦᠨᠳᠦᠰᠦᠨ ᠳᠡᠭᠡᠨ ᠥᠷᠢᠲᠦᠬᠦ ᠦᠭᠡᠢ ᠪᠠᠶᠢᠬᠤ ᠬᠠᠷᠠᠯᠲᠠ ᠶᠢ ᠪᠡᠶᠡᠯᠡᠭᠦᠯᠦᠨ᠎ᠡ᠃ᠵᠢᠯ ᠤᠨ ᠡᠴᠦᠰ ᠲᠤ ︽ᠬᠤᠶᠠᠷ ᠢ ᠦᠭᠡᠶᠢᠰᠬᠡᠬᠦ︾ ︽ᠭᠤᠷᠪᠠ ᠶᠢ ᠥᠯᠥ ᠭᠠᠷᠭᠠᠬᠤ ︾ ᠶᠢ ᠦᠨᠡᠨ ᠬᠦ ᠪᠠᠲᠤᠯᠠᠨ᠎ᠠ᠃ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠠᠵᠢᠯ ᠤᠨ ᠬᠢᠨᠠᠨ ᠰᠢᠯᠭᠠᠬᠤ ᠭᠦᠢᠴᠡᠳᠬᠡᠯ ᠲᠤᠭ᠎ᠠ ᠶᠣᠰᠣᠭᠠᠷ ᠦᠨᠡᠯᠡᠨ ᠵᠢᠱᠢᠯᠲᠡ ᠬᠢᠨ᠎ᠡ᠃ᠳᠣᠯᠤᠭ᠎ᠠ᠂ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠳᠡᠯᠭᠡᠷᠡᠭᠦᠯᠬᠦ ᠠᠷᠭ᠎ᠠ ᠬᠡᠮᠵᠢᠶ᠎ᠡ     ᠤᠬᠠᠭᠤᠯᠬᠤ ᠰᠠᠯᠠᠭ᠎ᠠ ᠮᠥᠴᠢᠷ ᠤᠳ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠤᠨ ᠬᠠᠮᠢᠶ᠎ᠠ ᠪᠦᠬᠦᠢ ᠮᠡᠳᠡᠭᠡᠯᠡᠯ ᠢ ᠰᠠᠶᠢᠲᠤᠷ ᠬᠢᠬᠦ ᠶᠢ ᠬᠠᠷᠢᠭᠤᠴᠠᠨ ᠵᠣᠬᠢᠴᠠᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠪᠠ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ᠨᠠᠢᠮᠠ᠂ ᠪᠤᠰᠤᠳ ᠠᠩᠬᠠᠷᠬᠤ ᠵᠦᠢᠯ     ᠲᠣᠰ ᠤᠳᠠᠭᠠᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠳᠤ ᠭᠠᠷᠠᠭ ᠤᠨ ᠲᠣᠬᠢᠷᠠᠭᠤᠯᠤᠯᠲᠠ ᠶᠢᠨ ᠳᠦᠷᠢᠮ ᠢ ᠬᠡᠷᠡᠭᠵᠢᠭᠦᠯᠵᠦ᠂ ᠴᠡᠭᠴᠡᠯᠡᠨ ᠵᠠᠰᠠᠬᠤ ᠠᠵᠢᠯ ᠢ ᠬᠦᠴᠦᠲᠡᠢ ᠬᠢᠭᠰᠡᠨ ᠦᠭᠡᠢ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ᠂ ᠴᠡᠭᠴᠡᠯᠡᠨ ᠵᠠᠰᠠᠬᠤ ᠠᠵᠢᠯ ᠢ ᠲᠤᠶᠢᠯᠪᠤᠷᠢᠲᠠᠢ ᠬᠢᠭᠰᠡᠨ ᠦᠭᠡᠢ ᠶᠢ ᠨᠢ ᠡᠷᠡᠰ ᠢᠶᠠᠷ ᠨᠡᠷ᠎ᠡ ᠳᠤᠷᠠᠳᠴᠤ ᠵᠠᠷᠯᠠᠨ ᠮᠡᠳᠡᠭᠳᠡᠨ᠎ᠡ︔ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ ᠠᠵᠢᠯ ᠢ ᠲᠡᠷᠡ ᠶᠣᠰᠣᠭᠠᠷ ᠨᠢ ᠬᠢᠭᠰᠡᠨ ᠦᠭᠡᠢ᠂ ᠵᠢᠴᠢ ᠬᠥᠯᠥᠰᠦᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠠᠰᠠᠭᠤᠳᠠᠯ ᠠᠴᠠ ᠪᠣᠯᠵᠤ ᠬᠡᠲᠦᠷᠡᠮᠡᠬᠡᠢ ᠬᠡᠷᠡᠭ ᠪᠠ ᠬᠠᠮᠲᠤᠯᠢᠭ ᠤᠨ ᠴᠢᠨᠠᠷᠲᠠᠢ ᠬᠡᠷᠡᠭ ᠡᠭᠦᠰᠦᠭᠰᠡᠨ ᠪᠠᠶᠢᠪᠠᠯ᠂ ᠬᠤᠯᠪᠣᠭᠳᠠᠯ ᠪᠦᠬᠦᠢ ᠤᠳᠤᠷᠢᠳᠤᠯᠭ᠎ᠠ ᠪᠠ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ 
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号