ᠲᠦᠮᠡᠳ ᠵᠡᠭᠦᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/6
    7 ᠰᠠᠷ᠎ᠠ ᠶᠢᠨ 3 ᠤ ᠡᠳᠦᠷ᠂ ᠲᠦᠮᠡᠳ ᠵᠡᠭᠦᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠴᠧᠨ ᠰᠢ ᠯᠧ ᠬᠤᠷᠠᠯ ᠢ ᠡᠷᠭᠢᠯᠡᠪᠡ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ︔ ᠠᠵᠢᠯᠲᠠᠨ ᠤ ᠶᠠᠪᠤᠳᠠᠯ ᠤᠨ ᠬᠠᠮᠢᠶ᠎ᠠ ᠪᠦᠬᠦᠢ ᠵᠦᠢᠯᠡᠰ ᠢ ᠬᠢᠨᠠᠨ ᠵᠥᠪᠯᠡᠵᠦ ᠪᠠᠲᠤᠯᠠᠪᠠ︔ ᠪᠥᠬᠦ ᠬᠤᠰᠢᠭᠤᠨ ᠤ 2023 ᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠵᠠᠷᠯᠠᠯ ᠢ ᠰᠣᠨᠣᠰᠪᠠ︔ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠮᠴᠢᠯᠡᠬᠦ ᠡᠷᠬᠡ ᠪᠠ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠰᠡᠳᠦᠪ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠢ ᠪᠠᠶᠢᠭᠤᠯᠬᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ᠂ ᠦᠢᠯᠡᠴᠢᠯᠡᠭᠡᠨ ᠤ ᠲᠠᠪᠴᠠᠩ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠵᠥᠪᠳᠡᠯᠴᠡᠨ ᠶᠠᠷᠢᠯᠴᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠯ ᠪᠥᠬᠦ ᠣᠷᠣᠨ ᠤ ᠳᠡᠭᠡᠳᠦ ᠳᠣᠤᠷᠠᠳᠤ ᠱᠠᠲᠤᠨ ᠤ ᠲᠡᠷᠢᠭᠦᠨ ᠴᠢᠬᠤᠯᠠ ᠶᠠᠪᠤᠳᠠᠯ ᠮᠥᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠭᠡᠰᠢᠭᠦᠳ ᠡᠷᠬᠡᠪᠰᠢ ᠴᠠᠭ ᠲᠤᠬᠠᠶ ᠳᠤᠨᠢ ᠰᠤᠷᠤᠯᠴᠠᠨ ᠰᠤᠳᠤᠯᠵᠤ᠂ ᠤᠬᠠᠭᠤᠯᠤᠨ ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ᠂ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠤᠬᠠᠮᠰᠠᠷ ᠠᠴᠠ ᠪᠠᠨ ᠰᠢ ᠶᠢᠨ ᠫᠢᠩ ᠶᠡᠷᠦᠩᠬᠡᠶ ᠱᠦᠵᠢ ᠶᠢᠨ ᠬᠠᠶᠢᠷ᠎ᠠ ᠬᠠᠯᠠᠮᠵᠢᠯᠠᠯ ᠢ ᠠᠵᠢᠯ ᠬᠢᠵᠦ ᠦᠢᠯᠡᠰ ᠴᠣᠭᠴᠠᠯᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠤᠭᠳᠠᠭᠠᠭᠰᠠᠨ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠶᠢᠨ ᠬᠠᠮᠲᠤ ᠡᠭᠦᠨ ᠢᠶᠠᠷ ᠭᠤᠤᠯᠳᠠᠯᠭ᠎ᠠ ᠪᠣᠯᠭᠠᠨ ᠪᠠᠶᠢᠴᠠᠭᠠᠨ ᠰᠤᠳᠤᠯᠤᠯᠲᠠ ᠬᠢᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ᠂ ᠰᠠᠨᠠᠯ ᠳᠤᠷᠠᠳᠤᠯᠭ᠎ᠠ ᠶᠢᠨ ᠠᠵᠢᠯ ᠢ ᠰᠠᠶᠢᠲᠤᠷ ᠬᠢᠵᠦ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠢᠯᠡᠷᠡᠭᠦᠯᠵᠦ᠂ ᠭᠤᠤᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠠᠵᠢᠯ ᠤᠨ ᠪᠠᠶᠢᠷᠢ ᠲᠣᠭᠲᠠᠭᠠᠯᠲᠠ ᠶᠢ ᠦᠨᠡᠨ ᠬᠦ ᠢᠯᠡᠷᠡᠭᠦᠯᠵᠦ᠂ ᠨᠡᠶᠢᠭᠡᠮ ᠤᠨ ᠬᠥᠭᠵᠢᠯᠲᠡ ᠶᠢᠨ ᠬᠦᠴᠢᠷ ᠠᠰᠠᠭᠤᠳᠠᠯ᠂ ᠠᠷᠠᠳ ᠣᠯᠠᠨ ᠤ ᠠᠰᠠᠭᠤᠳᠠᠯ᠂ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠰᠡᠳᠦᠪ ᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠡᠯᠪᠡᠭ ᠪᠠᠶᠠᠯᠢᠭ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠶ᠃    ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠵᠥᠩ ᠲᠦᠩ ᠲᠦᠷᠭᠡᠨ ᠬᠦᠷᠭᠡᠯᠲᠡ ᠶᠢᠨ ᠪᠦᠯᠦᠭᠯᠡᠯ ᠤᠨ ᠬᠥᠬᠡᠬᠤᠲᠠ ᠶᠢᠨ ᠤᠶᠤᠨᠲᠤ ᠰᠢᠨᠵᠢᠯᠡᠬᠦ ᠤᠬᠠᠭᠠᠨ ᠮᠡᠷᠭᠡᠵᠢᠯ ᠡᠯᠧᠺᠳ᠋ᠷᠣᠨ ᠬᠤᠳᠠᠯᠳᠤᠭᠠᠨ ᠤ ᠲᠦᠷᠭᠡᠨ ᠬᠦᠷᠭᠡᠯᠲᠡ ᠶᠢᠨ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠤᠨ ᠬᠦᠷᠢᠶᠡᠯᠡᠩ ᠲᠣᠭᠤᠷᠢᠭ᠂ ᠢᠯᠢ ᠣᠲᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠶ ᠶᠢᠨ ᠪᠥᠬᠦ ᠪᠥᠮᠪᠥᠷᠴᠡᠭ ᠤᠨ ᠣᠶᠤᠨᠴᠢ ᠦᠶ᠋ᠯᠡᠳᠬᠦ ᠠᠵᠤ ᠦᠢᠯᠡᠰ ᠤᠨ ᠬᠦᠷᠢᠶᠡᠯᠡᠩ ᠳᠤ ᠬᠦᠷᠴᠦ ᠰᠢᠨᠵᠢᠯᠡᠨ ᠪᠠᠶᠢᠴᠠᠭᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠸᠠᠩ ᠵᠥᠩ ᠭᠠᠩ ᠪᠣᠯᠤᠨ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠵᠢᠴᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠣᠷᠣᠯᠴᠠᠵᠠᠶ᠃   
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号