ᠲᠦᠮᠡᠳ ᠵᠡᠭᠦᠨ ᠬᠤᠰᠢᠭᠤᠨ ᠤ ᠬᠢᠨ ᠬᠥᠳᠡᠭᠡ ᠲᠣᠰᠬᠤᠨ ᠤ ᠬᠦᠮᠦᠨ ᠠᠮᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ‌ᠵᠠᠰᠠᠭᠰᠠᠨ ᠦᠷ᠎ᠡ ᠪᠦᠲᠦᠮᠵᠢ
ᠨᠡᠶᠢᠲᠡᠯᠡᠭᠰᠡᠨ ᠴᠠᠭ᠄
2023/8/11
      8 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠯᠢ ᠮᠢᠨ ᠪᠦᠯᠬᠦᠮ ᠳᠠᠭᠠᠭᠤᠯᠤᠨ ᠪᠠᠢ ᠮᠢᠶᠣᠣ ᠽᠢ ᠪᠠᠯᠭᠠᠰᠤᠨ ᠳᠤ ᠬᠦᠷᠴᠦ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠪᠣᠳᠠᠲᠠᠢ ᠭᠠᠵᠠᠷ ᠲᠤ ᠨᠢ ᠬᠢᠨᠠᠨ ᠵᠢᠯᠤᠭᠤᠳᠴᠤ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠨ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠪᠠ᠃ᠠᠵᠢᠯᠯᠠᠬᠤ ᠳᠤᠭᠤᠶᠢᠯᠠᠩ ᠤᠨ ᠬᠢᠨ ᠵᠢᠭᠠᠵᠤ ᠭᠠᠷᠭᠠᠭᠰᠠᠨ ᠨᠢ᠂ ᠡᠯ᠎ᠡ ᠨᠢᠭᠡᠴᠡ ᠡᠯ᠎ᠡ ᠰᠠᠯᠠᠭ᠎ᠠ ᠮᠥᠴᠢᠷ᠂ ᠢᠯᠠᠩᠭᠤᠶ᠎ᠠ ᠪᠠᠢ ᠮᠢᠶᠣᠣ ᠽᠢ ᠪᠠᠯᠭᠠᠰᠤᠨ ᠤ  ᠬᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠴᠢᠩᠭ᠎ᠠ ᠠᠩᠬᠠᠷᠴᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠵᠠᠰᠠᠬᠤ ᠡᠭᠦᠷᠭᠡ ᠪᠠ ᠪᠠᠷᠢᠮᠵᠢᠶ᠎ᠠ ᠶᠢ ᠪᠠᠷᠢᠮᠵᠢᠶ᠎ᠠ ᠳᠤ ᠵᠣᠬᠢᠴᠠᠭᠤᠯᠵᠤ᠂ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠰᠬᠠᠵᠤ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠪᠠᠯᠭᠠᠰᠤ ᠲᠣᠰᠬᠤᠨ ᠤ ᠺᠠᠳ᠋ᠷ᠂ ᠬᠤᠳᠠᠯᠳᠤᠭᠠᠴᠢᠨ ᠡᠷᠦᠬᠡ᠂ ᠰᠠᠭᠤᠭᠠᠯᠢ ᠠᠷᠠᠳ ᠵᠡᠷᠭᠡ ᠬᠦᠴᠦᠨ ᠢ ᠵᠣᠬᠢᠶᠠᠨ ᠪᠠᠶᠢᠭᠤᠯᠤᠨ ᠳᠠᠶᠢᠴᠢᠯᠠᠵᠤ᠂ ᠭᠤᠣᠯ ᠪᠠ ᠳᠡᠳ᠋ ᠭᠤᠣᠯ ᠵᠠᠮ᠂ ᠵᠢᠵᠢᠭ ᠵᠡᠭᠡᠯᠢ ᠭᠤᠳᠤᠮᠵᠢ᠂ ᠨᠣᠭᠤᠭᠠᠷᠠᠭᠤᠯᠤᠯᠲᠠ ᠶᠢᠨ ᠪᠦᠰᠡ᠂ ᠬᠡᠷᠡᠮ ᠵᠡᠷᠭᠡ ᠶᠢ ᠴᠡᠪᠡᠷᠯᠡᠨ ᠲᠢᠭᠯᠡᠬᠦ ᠵᠢᠴᠢ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠭᠤᠯᠬᠤ︾᠂ ᠲᠡᠷᠭᠡ ᠬᠥᠰᠬᠡ ᠵᠣᠭᠰᠤᠭᠠᠬᠤ ᠬᠠᠮᠢᠶᠠᠷᠤᠯᠲᠠ ᠵᠡᠷᠭᠡ ᠬᠥᠮᠥᠰ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠨᠠᠷᠢᠯᠢᠭᠵᠢᠭᠤᠯᠤᠨ ᠰᠠᠶᠢᠲᠤᠷ ᠬᠢᠵᠦ᠂ ᠡᠷᠬᠢᠨ ᠲᠣᠭᠤᠷᠢᠨ ᠤ ᠭᠠᠵᠠᠷ ᠣᠷᠣᠨ ᠤ ᠠᠮᠵᠢᠯᠲᠠ ᠲᠠᠢ ᠲᠤᠷᠰᠢᠯᠭ᠎ᠠ ᠪᠠ ᠠᠷᠭ᠎ᠠ ᠬᠢᠳᠡᠯ ᠢ ᠰᠠᠶᠢᠲᠤᠷ ᠰᠤᠷᠤᠯᠴᠠᠨ ᠲᠣᠯᠢᠯᠠᠵᠤ᠂ ᠬᠠᠮᠵᠢᠯᠴᠠᠨ ᠬᠠᠮᠲᠤᠷᠠᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠠᠷᠢᠭᠤᠨ ᠴᠡᠪᠡᠷ᠂ ᠴᠡᠪᠡᠷ ᠲᠡᠭᠰᠢ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠪᠤᠢ ᠪᠣᠯᠭᠠᠨ᠎ᠠ᠃          ᠬᠤᠰᠢᠭᠤᠨ ᠤ ᠤᠳᠤᠷᠢᠳᠤᠯᠭ᠎ᠠ ᠯᠢᠦᠢ ᠸᠧᠨ ᠫᠢᠩ᠂ ᠸᠠᠩ ᠵᠥᠩ ᠭᠠᠩ᠂ ᠮᠧᠩ ᠵᠢᠶᠦ᠋ᠨ ᠴᠢᠤᠸᠠᠨ ᠣᠷᠣᠯᠴᠠᠵᠠᠢ᠃ 
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号