ᠲᠦᠮᠡᠳ ᠵᠡᠭᠦᠨ ᠬᠤᠰᠢᠭᠤᠨ ᠠᠴᠠ ︽ᠭᠤᠶᠤᠲᠤ ᠲᠦᠮᠡᠳ ᠵᠡᠭᠦᠨ ᠬᠤᠰᠢᠭᠤ᠂ ᠲᠠᠨ ᠤ ᠢᠷᠡᠬᠦ ᠶᠢ ᠬᠦᠰᠡᠨ᠎ᠡ︾ ︱ 2023 ᠣᠨ ᠤ ︽  ᠶᠡᠭᠡ ᠰᠤᠷᠭᠠᠭᠤᠯᠢ ᠶᠢᠨ ᠣᠶᠤᠲᠠᠨ ᠢ ᠬᠥᠬᠡᠬᠤᠲᠠ ᠳᠤ ᠦᠯᠡᠳᠡᠭᠡᠬᠦ︾ ᠲᠤᠰᠬᠠᠢ ᠠᠵᠢᠯᠯᠠᠭ᠎ᠠ ᠵᠢᠴᠢ ᠠᠯᠲᠠᠨ ᠨᠠᠮᠤᠷ ᠤᠨ ᠲᠣᠮᠣ ᠬᠡᠯᠪᠡᠷᠢ ᠶᠢᠨ ᠲᠤᠬᠠᠢ ᠶᠢᠨ ᠲᠠᠯᠠᠪᠠᠶ ᠶᠢᠨ ᠠᠵᠢᠯᠲᠠᠨ ᠡᠯᠰᠡᠬᠦ ᠴᠤᠭᠯᠠᠭᠠᠨ ᠡᠷᠭᠢᠯᠡᠪᠡ
ᠨᠡᠶᠢᠲᠡᠯᠡᠭᠰᠡᠨ ᠴᠠᠭ᠄
2023/8/14
     8 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠲᠦᠮᠡᠳ ᠵᠡᠭᠦᠨ ᠬᠤᠰᠢᠭᠤ ᠪᠥᠬᠦ ᠬᠤᠲᠠ ᠲᠠᠢ ᠬᠠᠮᠲᠤ ᠪᠠᠷ 2023 ᠣᠨ ᠤ ︽ᠭᠤᠣᠯᠲᠤ ᠪᠣᠷᠣ ᠶᠢᠨ ᠦᠨᠳᠦᠰᠦ ᠬᠠᠳᠬᠤᠭᠰᠠᠨ ᠣᠶᠤᠲᠠᠨ ᠬᠥᠬᠡᠬᠤᠲᠠ ᠳᠤ ᠦᠯᠡᠳᠡᠬᠦ︾ ᠲᠤᠰᠬᠠᠢ ᠠᠵᠢᠯᠯᠠᠭ᠎ᠠ ᠵᠢᠴᠢ ᠠᠯᠲᠠᠨ ᠨᠠᠮᠤᠷ ᠤᠨ ᠲᠣᠮᠣ ᠬᠡᠯᠪᠡᠷᠢ ᠶᠢᠨ ᠲᠤᠬᠠᠢ ᠶᠢᠨ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠵᠦ᠂ ᠲᠤᠬᠠᠢ ᠶᠢᠨ ᠲᠠᠯᠠᠪᠤᠷ ᠲᠤ ᠢᠯᠢ᠂ ᠪᠸᠢᠢᠫᠢᠩ ᠨᠡᠬᠡᠮᠡᠯ᠂ ᠵᠢᠢ ᠬᠤᠩ ᠪᠣᠭᠤᠳᠠᠯ᠂ ᠪᠧᠨ ᠲᠧᠩ ᠮᠠᠯ ᠠᠵᠤ ᠠᠬᠤᠢ ᠵᠡᠷᠭᠡ 34 ᠠᠵᠤ ᠠᠬᠤᠶᠢᠯᠠᠯ ᠢ ᠲᠡᠳᠡᠨ ᠣᠷᠣᠯᠴᠠᠭᠤᠯᠵᠤ᠂ ᠬᠠᠮᠢᠶᠠᠷᠤᠯᠲᠠ᠂ ᠪᠢᠴᠢᠭ ᠤᠨ ᠠᠵᠢᠯᠲᠠᠨ᠂ ᠪᠣᠷᠤᠯᠠᠭᠤᠯᠭ᠎ᠠ ᠶᠢᠨ ᠠᠵᠢᠯᠲᠠᠨ᠂ ᠢᠨᠵᠧᠨᠧᠷ᠂ ᠭᠤᠸᠠᠨ ᠫᠧᠢ ᠱᠧᠩ ᠵᠡᠷᠭᠡ ᠠᠵᠢᠯ ᠤᠨ ᠪᠠᠶᠢᠷᠢ ᠶᠢ ᠨᠡᠶᠢᠲᠡ 532 ᠬᠠᠩᠭᠠᠭᠰᠠᠨ ᠪᠠᠶᠢᠨ᠎ᠠ᠃     ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠲᠤᠬᠠᠢ ᠶᠢᠨ ᠲᠠᠯᠠᠪᠤᠷ ᠤᠨ ᠠᠵᠢᠯᠲᠠᠨ ᠡᠯᠰᠡᠬᠦ ᠪᠠ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠭᠠᠭᠤᠯᠬᠤ ᠪᠠᠷ ᠳᠡᠮᠵᠢᠨ ᠵᠡᠷᠭᠡᠪᠡᠷ ᠶᠠᠪᠤᠭᠳᠠᠬᠤ ᠪᠣᠯᠣᠨ᠎ᠠ᠃ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠤᠷ ᠲᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠠᠵᠢᠯ ᠡᠷᠢᠬᠦ ᠳᠠᠩᠰᠠᠯᠠᠯᠲᠠ ᠬᠢᠬᠦ ᠵᠡᠷᠭᠡ ᠦᠢᠯᠡᠴᠢᠯᠡᠭᠡᠨ ᠤ ᠴᠣᠩᠬᠤ ᠭᠠᠷᠭᠠᠵᠤ᠂ ᠠᠵᠢᠯ ᠣᠯᠬᠤ ᠶᠠᠪᠤᠴᠠ ᠳᠠᠬᠢ ᠠᠰᠠᠭᠤᠳᠠᠯ ᠳᠤ ᠴᠢᠭᠯᠡᠭᠦᠯᠦᠨ ᠮᠠᠳᠠᠭ ᠲᠠᠢ ᠠᠰᠠᠭᠤᠳᠠᠯ ᠢ ᠨᠢ ᠰᠢᠢᠳᠪᠦᠷᠢᠯᠡᠵᠦ ᠲᠥᠭᠡᠷᠢᠭᠳᠡᠯ ᠢ ᠨᠢ ᠲᠠᠶᠢᠯᠤᠨ᠎ᠠ᠃ᠡᠭᠦᠨ ᠤ ᠵᠡᠷᠭᠡ ᠳᠤ᠂ ᠠᠵᠢᠯᠲᠠᠨ ᠡᠯᠰᠡᠬᠦ ᠪᠠᠷ ᠢᠷᠡᠭᠰᠡᠨ ᠠᠵᠢᠯ ᠡᠷᠢᠭᠰᠡᠳ ᠲᠤ ᠠᠵᠢᠯ ᠤᠨ ᠪᠠᠶᠢᠷᠢ  ᠶᠢᠨ ᠱᠠᠭᠠᠷᠳᠠᠯᠭ᠎ᠠ᠂ ᠠᠵᠢᠯ ᠤᠨ ᠠᠭᠤᠯᠭ᠎ᠠ᠂ ᠴᠠᠯᠢᠩ ᠬᠥᠯᠥᠰᠦ ᠵᠡᠷᠭᠡ ᠠᠰᠠᠭᠤᠳᠠᠯ  ᠢ ᠨᠠᠷᠢᠨ ᠲᠠᠨᠢᠯᠴᠠᠭᠤᠯᠵᠤ᠂ ᠠᠵᠢᠯ ᠡᠷᠢᠭᠰᠡᠳ ᠲᠤ ᠠᠵᠤ ᠠᠬᠤᠶᠢᠯᠠᠯ  ᠢ ᠨᠡᠩ ᠰᠢᠭᠤᠳ ᠪᠥᠭᠡᠳ ᠪᠦᠬᠦ ᠲᠠᠯ᠎ᠠ ᠪᠠᠷ ᠣᠶᠢᠯᠠᠭᠠᠭᠤᠯᠬᠤ ᠪᠣᠯᠣᠨ᠎ᠠ᠃ᠪᠦᠷᠢᠳᠬᠡᠯ ᠢ ᠦᠨᠳᠦᠰᠦᠯᠡᠪᠡᠯ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠤᠷ ᠲᠤ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ ᠵᠢᠴᠢ ᠪᠤᠰᠤᠳ ᠠᠵᠢᠯ ᠡᠷᠢᠭᠰᠡᠳ ᠤᠨ 1000 ᠭᠠᠷᠤᠢ ᠬᠥᠮᠥᠨ ᠢ ᠲᠡᠳᠡᠨ ᠣᠷᠣᠯᠴᠠᠭᠤᠯᠵᠤ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ ᠠᠵᠢᠯ ᠤᠨ ᠪᠠᠶᠢᠷᠢ ᠳᠠᠭᠠᠭᠤᠯᠤᠨ ᠣᠷᠣᠯᠴᠠᠭᠰᠠᠨ ᠬᠥᠮᠥᠨ ᠤ ᠲᠤᠭ᠎ᠠ ᠪᠠᠷᠤᠭ 1800 ᠬᠥᠮᠥᠨ ᠤᠳᠠᠭ᠎ᠠ ᠳᠤ ᠬᠦᠷᠴᠦ᠂ 160 ᠬᠥᠮᠥᠨ ᠳᠤ ᠠᠵᠢᠯ ᠣᠯᠭᠤᠬᠤ ᠰᠠᠨᠠᠯ ᠲᠠᠢ ᠪᠣᠯᠪᠠ᠃      ᠡᠨᠡ ᠵᠢᠯ ᠠᠴᠠ ᠨᠠᠰᠢ᠂ ᠲᠦᠮᠡᠳ ᠵᠡᠭᠦᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠬᠥᠮᠥᠨ ᠬᠡᠷᠡᠭᠯᠡᠬᠦ ᠨᠢᠭᠡᠴᠡ ᠪᠠ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯᠲᠠᠨ ᠡᠯᠰᠡᠬᠦ ᠪᠠ ᠠᠵᠢᠯ ᠡᠷᠢᠬᠦ ᠶᠢ ᠵᠣᠯᠭᠠᠭᠤᠯᠬᠤ ᠲᠠᠪᠴᠠᠩ ᠢ ᠢᠳᠡᠪᠬᠢᠲᠡᠢ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ ᠬᠤᠷᠠᠯ ᠢ 8 ᠤᠳᠠᠭ᠎ᠠ ᠬᠤᠷᠠᠯᠳᠤᠭᠤᠯᠵᠤ᠂ ᠨᠡᠶᠢᠲᠡ 169 ᠠᠵᠤ ᠠᠬᠤᠶᠢᠯᠠᠯ ᠳᠤ 7852 ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ᠡᠭᠦᠨ ᠤ ᠵᠡᠷᠭᠡ ᠳᠤ᠂ ᠠᠵᠤ ᠠᠬᠤᠶᠢᠯᠠᠯ ᠤᠨ ᠬᠥᠮᠥᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ  ᠶᠢ ᠣᠯᠠᠨ ᠲᠠᠯ᠎ᠠ  ᠠᠴᠠ ᠴᠤᠭᠯᠠᠭᠤᠯᠵᠤ᠂ ᠲᠠᠷᠠᠬᠠᠢ ᠪᠤᠲᠠᠷᠬᠠᠢ ᠠᠵᠢᠯᠲᠠᠨ ᠬᠡᠷᠡᠭᠯᠡᠬᠦ ᠠᠵᠢᠯ ᠤᠨ ᠪᠠᠶᠢᠷᠢ  ᠶᠢᠨ ᠮᠡᠳᠡᠭᠡ ᠵᠠᠩᠭᠢ  ᠶᠢ ᠡᠮᠬᠢᠯᠡᠨ ᠨᠡᠶᠢᠯᠡᠭᠦᠯᠵᠦ᠂ ᠬᠤᠶᠠᠷ ᠬᠤᠭᠤᠴᠠᠭᠠᠨ ᠤ ︽ᠲᠦᠮᠡᠳ ᠵᠡᠭᠦᠨ ᠬᠤᠰᠢᠭᠤᠨ ᠤ ᠬᠥᠮᠥᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ  ᠶᠢᠨ ᠴᠠᠭᠠᠨ ᠭᠠᠳᠠᠷᠲᠤ ᠪᠢᠴᠢᠭ︾ ᠢ ᠨᠠᠶᠢᠷᠠᠭᠤᠯᠤᠨ ᠵᠣᠬᠢᠶᠠᠵᠤ᠂ 91 ᠠᠵᠤ ᠠᠬᠤᠶᠢᠯᠠᠯ ᠤᠨ 2959 ᠠᠵᠢᠯ ᠤᠨ ᠪᠠᠶᠢᠷᠢ  ᠶᠢ ᠡᠯᠰᠡᠨ ᠠᠪᠴᠤ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠣᠯᠬᠤ  ᠶᠢ ᠪᠦᠬᠦ ᠲᠠᠯ᠎ᠠ ᠪᠠᠷ ᠳᠡᠮᠵᠢᠪᠡ᠃︽ᠢᠨᠲ᠋ᠧᠷ ᠰᠦᠯᠵᠢᠶ᠎ᠡ + ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡ︾ ᠳᠤ ᠲᠦᠰᠢᠭᠯᠡᠨ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠦᠨᠡᠨ ᠨᠡᠷ᠎ᠡ ᠶᠢᠨ ᠳᠦᠷᠢᠮ ᠤᠨ ᠡᠬᠡ ᠲᠠᠩᠰᠠ ᠶᠢ ᠪᠠᠶᠢᠭᠤᠯᠵᠤ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ 468 ᠲᠡᠭᠦᠰᠬᠦ ᠰᠤᠷᠤᠭᠴᠢᠳ ᠲᠤ ᠮᠥᠷᠳᠡᠨ ᠦᠢᠯᠡᠴᠢᠯᠡᠵᠦ᠂ ᠬᠡᠷᠡᠭᠴᠡᠭᠡ ᠶᠢ ᠨᠢ ᠦᠨᠳᠦᠰᠦᠯᠡᠨ 168 ᠬᠥᠮᠥᠨ ᠳᠤ ᠠᠵᠢᠯ ᠣᠯᠭᠤᠬᠤ ᠠᠵᠢᠯ ᠤᠨ ᠪᠠᠶᠢᠷᠢ ᠶᠢ ᠲᠠᠨᠢᠯᠴᠠᠭᠤᠯᠪᠠ᠃ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠰᠤᠷᠠᠯᠲᠠ ᠦᠭᠡᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠨᠠᠩ ᠣᠯᠠᠨ ᠳᠡᠭᠡᠳᠦ ᠰᠤᠷᠭᠠᠭᠤᠯᠢ ᠲᠡᠭᠦᠰᠦᠭᠰᠡᠳ ᠢ ︽ᠠᠵᠢᠯ ᠣᠯᠭᠤᠯᠲᠠ ᠶᠢᠨ ᠵᠠᠮ︾ ᠢᠶᠠᠷ ᠯᠠᠪᠳᠠᠭᠤᠨ ᠪᠠᠲᠤᠲᠠᠢ ᠵᠠᠮᠨᠠᠭᠤᠯᠵᠤ᠂ ᠰᠠᠶᠢᠲᠤᠷ ᠵᠠᠮᠨᠠᠭᠤᠯᠬᠤ ᠬᠡᠷᠡᠭᠲᠡᠢ᠃      ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠣᠯᠭᠤᠯᠲᠠ ᠶᠢᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠠᠵᠢᠯ ᠣᠯᠭᠤᠯᠲᠠ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠣᠯᠠᠨ ᠬᠡᠯᠪᠡᠷᠢ ᠶᠢᠨ ᠡᠯ᠎ᠡ ᠲᠥᠷᠥᠯ ᠤᠨ ᠠᠵᠢᠯᠲᠠᠨ ᠡᠯᠰᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠵᠢᠯᠣᠭᠤᠳᠤᠯᠭ᠎ᠠ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠪᠠ ᠡᠷᠬᠡ ᠠᠰᠢᠭ ᠢ ᠪᠠᠲᠤᠯᠠᠬᠤ ᠦᠢᠯᠡᠴᠢᠯᠡᠭᠡᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠡᠳᠡᠨ ᠢ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠶ ᠠᠵᠢᠯ ᠮᠡᠷᠭᠡᠵᠢᠯ ᠤᠨ ᠦᠵᠡᠯᠲᠡ᠂ ᠠᠵᠢᠯ ᠣᠯᠬᠤ ᠦᠵᠡᠯᠲᠡ ᠪᠠ ᠠᠵᠢᠯ ᠰᠣᠩᠭᠤᠬᠤ ᠦᠵᠡᠯᠲᠡ ᠶᠢ ᠪᠣᠶ ᠪᠣᠯᠭᠠᠵᠤ᠂ ᠠᠵᠢᠯ ᠡᠷᠢᠵᠦ ᠠᠵᠢᠯ ᠣᠯᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠬᠤ ᠶᠢ ᠪᠡᠶᠡᠯᠡᠭᠦᠯᠦᠨ᠎ᠡ᠃ᠨᠠᠩ ᠣᠯᠠᠨ ᠳᠡᠭᠡᠳᠦ ᠰᠤᠷᠭᠠᠭᠤᠯᠢ ᠲᠡᠭᠦᠰᠦᠭᠰᠡᠳ ᠢ ᠲᠦᠮᠡᠳ ᠵᠡᠭᠦᠨ ᠬᠤᠰᠢᠭᠤᠨ ᠳᠤ ᠣᠷᠣᠭᠤᠯᠵᠤ᠂ ᠲᠦᠮᠡᠳ ᠵᠡᠭᠦᠨ ᠬᠤᠰᠢᠭᠤᠨ ᠳᠤ ᠨᠤᠲᠤᠭᠰᠢᠭᠤᠯᠤᠨ᠂ ᠲᠦᠮᠡᠳ ᠵᠡᠭᠦᠨ ᠬᠤᠰᠢᠭᠤᠨ ᠤ ᠬᠥᠭᠵᠢᠯᠲᠡ ᠶᠢᠨ ︽ᠬᠤᠷᠰᠢᠭᠴᠢ︾ ᠪᠣᠯᠭᠠᠵᠤ᠂ ᠮᠠᠨ ᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃ 
 
ᠢᠷᠡᠯᠲᠡ᠄ ᠬᠦᠮᠦᠨ ᠦ ᠬᠦᠴᠦᠨ ᠦ ᠡᠬᠢ ᠰᠤᠷᠪᠤᠯᠵᠢ ᠪᠠ ᠨᠡᠢᠭᠡᠮ ᠦᠨ ᠪᠠᠲᠤᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号