ᠲᠦᠮᠡᠳ ᠵᠡᠭᠦᠨ ᠬᠤᠰᠢᠭᠤᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠨᠢᠭᠡᠴᠡ ᠶᠢ ᠢᠯᠭᠠᠷᠠᠭᠤᠯᠤᠨ ᠪᠠᠶᠢᠴᠠᠭᠠᠬᠤ ᠡᠬᠢᠯᠡᠯᠲᠡ ᠶᠢᠨ ᠶᠣᠰᠣᠯᠠᠯ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/8/21
      8 ᠰᠠᠷ᠎ᠠ ᠶᠢᠨ 18 ᠤ ᠦᠳᠡ ᠶᠢᠨ ᠡᠮᠦᠨ᠎ᠡ᠂ ᠲᠦᠮᠡᠳ ᠵᠡᠭᠦᠨ ᠬᠤᠰᠢᠭᠤᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠨᠢᠭᠡᠴᠡ ᠶᠢ ᠢᠯᠭᠠᠷᠠᠭᠤᠯᠤᠨ ᠪᠠᠶᠢᠴᠠᠭᠠᠬᠤ ᠡᠬᠢᠯᠡᠯᠲᠡ ᠶᠢᠨ ᠶᠣᠰᠣᠯᠠᠯ ᠴᠠᠰᠤᠴᠢ ᠪᠠᠯᠭᠠᠰᠤᠨ ᠤ ᠤᠤᠯ ᠤᠨ ᠬᠤᠰᠢᠭᠤᠨ ᠤ ᠵᠠᠰᠠᠭ ᠤᠨ ᠣᠷᠳᠣᠨ ᠤ ᠠᠭᠤᠳᠠᠮ ᠲᠠᠯᠠᠪᠠᠶ ᠳᠤ ᠶᠠᠪᠤᠭᠳᠠᠭᠤᠯᠪᠠ᠃      ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭ᠎ᠠ ᠥᠷᠨᠢᠭᠦᠯᠦᠭᠰᠡᠨ ᠠᠩᠬᠠᠳᠠᠭᠴᠢ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠪᠣᠯᠣᠨ᠎ᠠ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠬᠠᠢ ᠨᠢᠭᠡ ᠤᠳᠠᠭ᠎ᠠ ᠶᠢᠨ ᠪᠦᠬᠦ ᠲᠠᠯ᠎ᠠ ᠶᠢᠨ︽ᠪᠡᠶ᠎ᠡ ᠶᠢᠨ ᠪᠠᠶᠢᠴᠠᠭᠠᠯᠲᠠ︾ᠪᠣᠯᠣᠨ᠎ᠠ᠃ ᠡᠨᠡ ᠨᠢ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ ᠢ ᠭᠦᠨᠵᠡᠭᠡᠢ ᠣᠶᠢᠯᠠᠭᠠᠬᠤ᠂ ᠰᠢᠨ᠎ᠡ ᠴᠠᠭ ᠦᠶ᠎ᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠨᠴᠠᠯᠢᠭ ᠢ ᠣᠨᠣᠪᠴᠢᠲᠠᠢ ᠡᠵᠡᠮᠰᠢᠬᠦ᠂ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠠᠵᠢᠯᠯᠠᠭ᠎ᠠ ᠶᠢᠨ ᠳᠤᠮᠳᠠ᠂ ᠲᠤᠬᠠᠢ ᠶᠢᠨ ᠲᠠᠯᠠᠪᠠᠢ ᠶᠢᠨ ᠠᠵᠢᠯᠲᠠᠳ ᠦᠵᠡᠭᠦᠯᠦᠯᠭᠡ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠪᠠ︽ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢᠨ ᠮᠡᠳᠡᠯᠭᠡ ᠶᠢᠨ ᠲᠤᠬᠠᠢ ᠱᠠᠩᠨᠠᠯ ᠲᠠᠢ ᠠᠰᠠᠭᠤᠯᠲᠠ ᠬᠠᠷᠢᠭᠤᠯᠬᠤ ᠵᠡᠷᠭᠡ ᠬᠡᠯᠪᠡᠷᠢ ᠪᠠᠷ ᠥᠷᠭᠡᠨ ᠤᠯᠠᠨ ᠠᠷᠠᠳ ᠲᠦᠮᠡᠨ ᠢ ᠬᠥᠲᠥᠯᠥᠨ ᠳᠠᠭᠠᠭᠤᠯᠵᠤ ︽ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢ ᠠᠩᠬᠠᠷᠤᠭᠤᠯᠵᠤ᠂︽ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢ ᠣᠶᠢᠯᠠᠭᠠᠭᠤᠯᠵᠠᠢ᠃ᠠᠵᠢᠯᠯᠠᠭ᠎ᠠ ᠶᠢᠨ ᠬᠤᠭᠤᠴᠠᠭᠠᠨ ᠳᠤ ᠪᠠᠰᠠ ᠠᠯᠪᠠᠨ ᠵᠢᠷᠤᠮ ᠤᠨ ᠡᠮᠴᠢᠯᠡᠭᠡ ᠥᠷᠨᠢᠭᠦᠯᠵᠦ᠂ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ︽ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠢ ᠲᠦᠭᠡᠮᠡᠯᠵᠢᠭᠦᠯᠦᠨ ᠤᠬᠠᠭᠤᠯᠪᠠ᠃ᠳᠠᠷᠠᠭ᠎ᠠ ᠨᠢ᠂ ᠨᠡᠶᠢᠳᠡᠮ ᠤᠨ ᠪᠠᠶᠢᠴᠠᠭᠠᠭᠴᠢ ᠨᠠᠷ ︽ᠨᠡᠶᠢᠳᠡᠮ ᠤᠨ ᠪᠠᠶᠢᠴᠠᠭᠠᠯᠲᠠ  ᠶᠢᠨ ᠪᠥᠬᠦ ᠡᠲᠡᠭᠡᠳ ᠲᠤ ᠥᠭᠭᠦᠭᠰᠡᠨ ᠨᠢᠭᠡ ᠬᠤᠪᠢ ᠵᠠᠬᠢᠳᠠᠯ︾  ᠢ ᠠᠪᠴᠤ ᠬᠤᠳᠠᠯᠳᠤᠭᠠᠨ ᠤ ᠡᠷᠦᠬᠡ ᠪᠠᠷ ᠬᠦᠷᠴᠦ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ  ᠶᠢᠨ ᠨᠡᠶᠢᠳᠡᠮ ᠤᠨ ᠪᠠᠶᠢᠴᠠᠭᠠᠯᠲᠠ  ᠶᠢᠨ ᠨᠢᠭᠡᠴᠡ  ᠶᠢᠨ ᠢᠯᠭᠠᠷᠠᠭᠤᠯᠤᠨ ᠪᠠᠶᠢᠴᠠᠭᠠᠬᠤ ᠠᠵᠢᠯ  ᠢ ᠵᠢᠩᠬᠢᠨᠢ ᠪᠠᠷ ᠡᠬᠢᠯᠡᠭᠦᠯᠪᠡ᠃ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠵᠥᠩ ᠭᠠᠩ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ 
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号