ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠲᠡᠷᠭᠡᠨ ᠵᠣᠭᠰᠣᠭᠠᠯ ᠤᠨ ᠰᠦᠢᠳᠬᠡᠯ ᠬᠤᠷᠢᠶᠠᠬᠤ ᠲᠤᠰᠬᠠᠢ ᠴᠡᠭᠴᠡᠯᠡᠨ ᠵᠠᠰᠠᠬᠤ ᠬᠦᠳᠡᠯᠭᠡᠭᠡᠨ ᠢ ᠥᠷᠨᠢᠭᠦᠯᠪᠡ
ᠨᠡᠶᠢᠲᠡᠯᠡᠭᠰᠡᠨ ᠴᠠᠭ᠄
2023/8/21
     ᠲᠡᠷᠭᠡᠨ ᠵᠣᠭᠰᠣᠭᠠᠯ ᠤᠨ ᠰᠦᠢᠳᠬᠡᠯ ᠬᠤᠷᠢᠶᠠᠬᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠡᠷᠭᠡᠨ ᠵᠣᠭᠰᠣᠭᠠᠯ ᠤᠨ ᠲᠤᠰᠬᠠᠢ ᠵᠠᠰᠠᠯᠲᠠ ᠶᠢᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ᠂ ᠬᠡᠪ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠶᠠᠲᠤ ᠣᠷᠣᠨ ᠤ ᠲᠡᠷᠭᠡᠨ ᠵᠣᠭᠰᠣᠭᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠪᠠ᠃     ᠬᠠᠤᠯᠢ ᠬᠡᠷᠡᠭᠵᠢᠭᠦᠯᠬᠦ ᠠᠵᠢᠯᠲᠠᠨ ᠲᠡᠷᠭᠡᠨ ᠵᠣᠭᠰᠣᠭᠠᠯ ᠳᠤ ᠪᠠᠶᠢᠴᠠᠭᠠᠯᠲᠠ ᠬᠢᠬᠦ ᠳᠡᠭᠡᠨ᠂ ᠲᠡᠷᠭᠡᠨ ᠵᠣᠭᠰᠣᠭᠠᠯ ᠤᠨ ᠳᠤᠷ᠎ᠠ ᠪᠠᠷ ᠢᠶᠠᠨ ᠰᠦᠢᠳᠬᠡᠯ ᠬᠤᠷᠢᠶᠠᠭᠰᠠᠨ᠂ ᠰᠦᠢᠳᠬᠡᠯ ᠬᠤᠷᠢᠶᠠᠭᠰᠠᠨ ᠪᠠᠶᠢᠳᠠᠯ ᠢ ᠵᠠᠷᠯᠠᠨ ᠨᠡᠶᠢᠲᠡᠯᠡᠭᠰᠡᠨ ᠦᠭᠡᠢ᠂ ᠦᠨᠡᠮᠯᠡᠯ ᠦᠭᠡᠢ ᠪᠠᠷ ᠡᠵᠡᠩᠨᠡᠭᠰᠡᠨ ᠵᠡᠷᠭᠡ ᠠᠰᠠᠭᠤᠳᠠᠯ ᠤᠨ ᠲᠣᠭᠤᠷᠢᠨ ᠳᠤ ᠭᠤᠣᠯᠳᠠᠯᠭ᠎ᠠ ᠲᠠᠢ ᠪᠠᠷ ᠪᠠᠶᠢᠴᠠᠭᠠᠯᠲᠠ ᠬᠢᠵᠦ᠂ ᠨᠡᠶᠢᠲᠡ 4 ᠲᠡᠷᠭᠡᠨ ᠵᠣᠭᠰᠣᠭᠠᠯ ᠢ ᠪᠠᠶᠢᠴᠠᠭᠠᠪᠠ᠃     ᠡᠭᠦᠨ ᠠᠴᠠ ᠭᠠᠳᠠᠨ᠎ᠠ᠂ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠠᠰᠠᠭᠤᠳᠠᠯ ᠢ ᠪᠠᠶᠢᠴᠠᠭᠠᠵᠤ ᠢᠯᠡᠷᠡᠭᠦᠯᠦᠭᠰᠡᠨ ᠲᠡᠷᠭᠡᠨ ᠵᠣᠭᠰᠣᠭᠠᠯ ᠳᠤ ︽ᠡᠷᠭᠢᠵᠦ ᠦᠵᠡᠬᠦ︾ ᠪᠠᠶᠢᠴᠠᠭᠠᠯᠲᠠ ᠬᠢᠵᠦ᠂ ᠡᠯ᠎ᠡ ᠰᠦᠢᠳᠬᠡᠯ ᠬᠤᠷᠢᠶᠠᠬᠤ ᠲᠡᠷᠭᠡᠨ ᠵᠣᠭᠰᠣᠭᠠᠯ ᠳᠤ ᠨᠢᠭᠡᠨᠲᠡ ᠡᠵᠡᠩᠨᠡᠯᠲᠡ ᠶᠢᠨ ᠦᠨᠡᠮᠯᠡᠯ ᠲᠠᠢ ᠪᠣᠯᠤᠭᠰᠠᠨ ᠪᠥᠭᠡᠳ ᠬᠤᠯᠪᠣᠭᠳᠠᠯ ᠪᠦᠬᠦᠢ ᠨᠢᠭᠡᠴᠡ ᠴᠦ ᠨᠢᠭᠡᠨᠲᠡ ᠳᠠᠩᠰᠠᠯᠠᠭᠤᠯᠤᠭᠰᠠᠨ ᠪᠥᠭᠡᠳ ᠲᠡᠷᠭᠡᠨ ᠵᠣᠭᠰᠣᠭᠠᠯ ᠤᠨ ᠣᠷᠣᠬᠤ ᠡᠭᠦᠳᠡᠨ ᠳᠤ ᠰᠦᠢᠳᠬᠡᠯ ᠬᠤᠷᠢᠶᠠᠬᠤ ᠪᠠᠷᠢᠮᠵᠢᠶ᠎ᠠ᠂ ᠰᠦᠢᠳᠬᠡᠯ ᠬᠤᠷᠢᠶᠠᠬᠤ ᠦᠨᠳᠦᠰᠦᠯᠡᠯ᠂ ᠰᠦᠢᠳᠬᠡᠯ ᠬᠤᠷᠢᠶᠠᠬᠤ ᠠᠭᠤᠯᠭ᠎ᠠ᠂ ᠰᠦᠢᠳᠬᠡᠯ ᠬᠤᠷᠢᠶᠠᠬᠤ ᠨᠢᠭᠡᠴᠡ ᠵᠢᠴᠢ ᠲᠡᠷᠭᠡ ᠵᠣᠭᠰᠤᠭᠠᠬᠤ ᠳᠤ ᠡᠷᠬᠡᠪᠰᠢ ᠮᠡᠳᠡᠬᠦ ᠵᠦᠢᠯ ᠵᠡᠷᠭᠡ ᠶᠢ ᠵᠠᠷᠯᠠᠨ ᠨᠡᠶᠢᠲᠡᠯᠡᠵᠦ᠂ ᠡᠯ᠎ᠡ ᠰᠦᠢᠳᠬᠡᠯ ᠬᠤᠷᠢᠶᠠᠬᠤ ᠲᠡᠷᠭᠡᠨ ᠵᠣᠭᠰᠣᠭᠠᠯ ᠳᠤ ᠴᠥᠮ ᠦᠨ᠎ᠡ ᠬᠠᠩᠰᠢ ᠶᠢ ᠢᠯᠡ ᠲᠡᠮᠳᠡᠭᠯᠡᠨ᠂ ᠦᠨᠡᠯᠡᠨ ᠵᠢᠱᠢᠭᠰᠡᠨ ᠦᠷ᠎ᠡ ᠳ᠋ᠦᠩ ᠤᠨ ᠶᠡᠷᠦᠩᠬᠡᠢ ᠪᠠᠶᠢᠳᠠᠯ ᠨᠢ ᠨᠡᠯᠢᠶᠡᠳ ᠰᠠᠶᠢᠨ ᠪᠠᠶᠢᠬᠤ ᠶᠢ ᠣᠯᠵᠤ ᠮᠡᠳᠡᠪᠡ᠃      ᠲᠠᠷᠠᠭᠠᠴᠢ ᠶᠢᠨ ᠠᠯᠬᠤᠮ ᠳᠤ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠦᠢᠳᠬᠡᠯ ᠬᠤᠷᠢᠶᠠᠬᠤ ᠲᠡᠷᠭᠡᠨ ᠵᠣᠭᠰᠣᠭᠠᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠬᠤᠯᠪᠣᠭᠳᠠᠯ ᠪᠦᠬᠦᠢ ᠲᠡᠷᠭᠡᠨ ᠵᠣᠭᠰᠣᠭᠠᠯ ᠤᠨ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠳᠤ ᠴᠠᠭ ᠲᠤᠬᠠᠢ ᠳᠤᠨᠢ ᠬᠠᠷᠢᠭᠤ ᠥᠭᠴᠦ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠬᠤ ᠶᠢᠨ ᠬᠠᠮᠲᠤ ᠲᠡᠷᠭᠡᠨ ᠵᠣᠭᠰᠣᠭᠠᠯ ᠤᠨ ᠰᠦᠢᠳᠬᠡᠯ ᠬᠤᠷᠢᠶᠠᠯᠲᠠ ᠶᠢ ᠵᠠᠷᠯᠠᠨ ᠨᠡᠶᠢᠲᠡᠯᠡᠬᠦ ᠳᠦᠷᠢᠮ ᠢ ᠤᠬᠠᠭᠤᠯᠬᠤ ᠪᠠᠷ ᠳᠠᠮᠵᠢᠭᠤᠯᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠢ ᠴᠢᠩᠭᠠᠳᠬᠠᠨ᠎ᠠ᠃ 
 
ᠢᠷᠡᠯᠲᠡ᠄ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号