ᠾᠦᠢ ᠶᠢᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠾᠦᠢ ᠵᠡᠭᠦᠨ ᠨᠡᠶᠢᠭᠡᠮ ᠤᠨ ᠲᠣᠭᠤᠷᠢᠭ᠄ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠠᠵᠢᠯᠯᠠᠭ᠎ᠠ ᠶᠢ ᠶᠠᠪᠤᠭᠳᠠᠭᠤᠯᠵᠤ᠂  ᠬᠠᠯᠠᠭᠤᠨ ᠰᠡᠳᠭᠢᠯᠭᠡ ᠢᠶᠠᠷ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠨ᠎ᠠ
ᠨᠡᠶᠢᠲᠡᠯᠡᠭᠰᠡᠨ ᠴᠠᠭ᠄
2023/8/22
     ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠶᠢ ᠳᠠᠭᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠾᠦᠢ ᠶᠢᠨ ᠵᠡᠭᠦᠨ ᠨᠡᠶᠢᠭᠡᠮ ᠤᠨ ᠲᠣᠭᠤᠷᠢᠭ ᠤᠨ ᠬᠢᠨ ︽ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ︾ ᠦᠢᠯᠡᠴᠢᠯᠡᠭᠡ ᠶᠢ ᠢᠳᠡᠪᠬᠢᠲᠡᠢ ᠬᠡᠷᠡᠭᠵᠢᠭᠦᠯᠵᠦ᠂ ︽ᠲᠠ ᠠᠵᠢᠯ ᠶᠠᠪᠤᠳᠠᠯ ᠭᠦᠢᠴᠡᠳᠬᠡᠪᠡᠯ ᠪᠢ ᠬᠠᠪᠰᠤᠷᠴᠤ᠂ ᠪᠢ ᠠᠵᠢᠯ ᠶᠠᠪᠤᠳᠠᠯ ᠭᠦᠢᠴᠡᠳᠬᠡᠪᠡᠯ ᠲᠠ ᠰᠠᠨᠠᠭ᠎ᠠ ᠠᠮᠤᠷ ᠪᠠᠶᠢᠬᠤ︾ ᠵᠠᠷᠴᠢᠮ ᠶᠣᠰᠣᠭᠠᠷ᠂ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠴᠢᠨᠠᠷ ᠰᠠᠶᠢᠲᠠᠢ ᠨᠠᠪᠲᠠᠷᠡᠭᠦᠯᠵᠦ᠂ ᠣᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠡᠢ᠃     ᠣᠶᠢᠷ᠎ᠠ ᠶᠢᠨ ᠬᠤᠭᠤᠴᠠᠭᠠᠨ ᠳᠤ᠂ ᠬᠠᠷᠢᠶ᠎ᠠ ᠣᠷᠣᠨ ᠤ ᠳᠣᠲᠣᠷᠠᠬᠢ ᠮᠠᠰᠢ ᠣᠯᠠᠨ ᠢᠳᠡᠷ ᠥᠲᠡᠯᠦᠭᠡ ᠨᠠᠰᠤᠨ ᠤ ᠰᠠᠭᠤᠭᠠᠯᠢ ᠠᠷᠠᠳ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠪᠠ ᠥᠨᠳᠥᠷ ᠨᠠᠰᠤᠲᠠᠨ ᠤ ᠨᠡᠮᠡᠭᠦᠷᠢ ᠮᠥᠩᠭᠦ ᠶᠢᠨ ᠬᠢᠷᠢ ᠬᠡᠮ ᠤᠨ ᠭᠡᠷᠡᠴᠢᠯᠡᠯ ᠬᠢᠯᠭᠡᠬᠦ ᠬᠡᠷᠡᠭᠴᠡᠭᠡ ᠱᠠᠭᠠᠷᠳᠠᠯᠭ᠎ᠠ ᠲᠠᠢ ᠪᠣᠯᠤᠭᠰᠠᠨ ᠪᠣᠯᠪᠠᠴᠤ ᠨᠠᠰᠤ ᠠᠬᠢᠭᠰᠠᠨ ᠤ ᠬᠠᠷᠠᠭ᠎ᠠ ᠪᠠᠷ ᠣᠶᠤᠨᠯᠢᠭ ᠭᠠᠷ ᠤᠲᠠᠰᠤ ᠶᠢ ᠪᠣᠯᠪᠠᠰᠤᠷᠠᠩᠭᠤᠢ ᠬᠡᠷᠡᠭᠯᠡᠵᠦ ᠴᠢᠳᠠᠬᠤ ᠦᠭᠡᠢ ᠪᠣᠯᠬᠤᠷ ᠨᠡᠶᠢᠭᠡᠮ ᠲᠣᠭᠤᠷᠢᠭ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠪᠦᠯᠬᠦᠮ ᠨᠡᠶᠢᠲᠡ ᠶᠢᠨ ᠬᠢᠨ ᠪᠠᠶᠢᠳᠠᠯ ᠢ ᠮᠡᠳᠡᠭᠰᠡᠨ ᠤ ᠳᠠᠷᠠᠭ᠎ᠠ᠂ ᠲᠡᠷᠡ ᠳᠠᠷᠤᠢ ᠳᠤᠨᠢ ᠭᠡᠷ ᠲᠤ ᠨᠢ ᠬᠦᠷᠴᠦ ᠬᠡᠷᠡᠭᠴᠡᠭᠡ ᠪᠦᠬᠦᠢ ᠰᠠᠭᠤᠭᠠᠯᠢ ᠠᠷᠠᠳ ᠲᠤ ᠦᠢᠯᠡᠴᠢᠯᠡᠭᠡ ᠬᠠᠩᠭᠠᠬᠤ ᠪᠣᠯᠣᠨ᠎ᠠ᠃ᠡᠭᠦᠨ ᠤ ᠵᠡᠷᠭᠡ ᠳᠤ᠂ ᠬᠠᠪᠰᠤᠷᠤᠨ ᠡᠷᠭᠢᠯᠡᠬᠦ ᠣᠷᠣᠯᠠᠨ ᠭᠦᠢᠴᠡᠳᠬᠡᠬᠦ ᠪᠦᠯᠬᠦᠮ ᠤᠨ ᠬᠢᠨ ᠴᠦ ᠰᠠᠨᠠᠭᠠᠴᠢᠯᠠᠭ᠎ᠠ‌ᠡᠴᠠ ᠪᠠᠨ ᠭᠡᠷ ᠲᠤ ᠨᠢ ᠬᠦᠷᠴᠦ᠂ ᠬᠥᠳᠡᠯᠵᠦ ᠪᠠᠷᠢᠬᠤ ᠳᠤ ᠳᠥᠭᠦᠮ ᠦᠭᠡᠢ ᠵᠡᠮᠳᠡᠭᠴᠦᠳ ᠲᠤ ᠴᠡᠪᠡᠷᠯᠡᠭᠡ ᠬᠢᠵᠦ᠂ ᠨᠣᠭᠤᠭ᠎ᠠ ᠬᠤᠳᠠᠯᠳᠤᠨ ᠠᠪᠴᠤ ᠬᠦᠷᠭᠡᠨ ᠥᠭᠴᠦ᠂ ᠲᠡᠳᠡᠨ ᠳᠤ ᠣᠶᠢᠷ᠎ᠠ ᠬᠠᠪᠢ  ᠶᠢᠨ ᠬᠠᠶᠢᠷ᠎ᠠ ᠬᠠᠯᠠᠮᠵᠢ ᠪᠠ ᠬᠠᠪᠰᠤᠷᠤᠯᠭ᠎ᠠ ᠦᠵᠡᠭᠦᠯᠵᠡᠢ᠃ᠨᠡᠶᠢᠭᠡᠮ ᠲᠣᠭᠤᠷᠢᠭ ᠲᠤ ︽ᠲᠤᠰᠬᠠᠢ ᠵᠦᠢᠯ ᠤᠨ ᠸᠢᠴᠠᠲ ᠤᠨ ᠪᠦᠯᠦᠭ︾ ᠢ ᠵᠣᠬᠢᠶᠠᠨ ᠪᠠᠶᠢᠭᠤᠯᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠵᠢᠴᠢ ᠠᠰᠠᠭᠤᠳᠠᠯ ᠢ ᠪᠠᠶᠢᠩᠭᠤᠵᠢᠭᠤᠯᠤᠨ ᠴᠤᠭᠯᠠᠭᠤᠯᠵᠤ᠂ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠬᠥᠮᠥᠰ ᠴᠠᠭ ᠲᠤᠬᠠᠢ ᠳᠤᠨᠢ ︽ᠬᠤᠷᠤᠭᠤᠨ ᠦᠵᠦᠭᠦᠷ︾ ᠢᠶᠠᠷ ᠬᠠᠷᠢᠭᠤᠯᠲᠠ ᠥᠭᠴᠦ ᠰᠢᠢᠳᠪᠦᠷᠢᠯᠡᠨ᠎ᠡ᠂ ᠬᠡᠷᠪᠡ ᠭᠡᠷ ᠲᠤᠨᠢ ᠬᠦᠷᠴᠦ ᠦᠢᠯᠡᠴᠢᠯᠡᠬᠦ ᠴᠢᠬᠤᠯᠠᠲᠠᠢ ᠪᠣᠯ ᠨᠡᠶᠢᠭᠡᠮ ᠲᠣᠭᠤᠷᠢᠭ ᠤᠨ ᠬᠢᠨ ᠪᠠᠰᠠ ᠲᠤᠰᠬᠠᠢ ᠬᠥᠮᠥᠨ ᠲᠣᠬᠢᠷᠠᠭᠤᠯᠤᠨ ᠴᠠᠭ ᠲᠤᠬᠠᠢ ᠳᠤᠨᠢ ᠳᠠᠭᠠᠵᠤ ᠬᠢᠬᠦ ᠪᠣᠯᠣᠨ᠎ᠠ᠃ᠨᠡᠶᠢᠭᠡᠮ ᠲᠣᠭᠤᠷᠢᠭ ᠤᠨ ᠬᠢᠨ ᠰᠦᠯᠵᠢᠶᠡᠨ ᠭᠠᠳᠠᠨᠠᠬᠢ ᠦᠢᠯᠡᠴᠢᠯᠡᠭᠡ ᠶᠢ ᠥᠷᠨᠢᠭᠦᠯᠬᠦ ᠪᠠᠷ ᠪᠠᠷᠠᠬᠤ ᠦᠭᠡᠢ ᠪᠠᠰᠠ ᠰᠦᠯᠵᠢᠶᠡᠨ ᠳᠡᠭᠡᠷᠡᠬᠢ ᠴᠣᠩᠬᠤᠪᠴᠢ ᠶᠢ ᠥᠷᠨᠢᠭᠦᠯᠵᠦ᠂ ᠺᠣᠳ᠋ ᠰᠢᠷᠪᠢᠬᠦ ᠪᠠᠷ ᠳᠠᠮᠵᠢᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠬᠢᠵᠦ᠂ ᠤᠴᠢᠷ ᠶᠠᠪᠤᠳᠠᠯ ᠢ ᠰᠢᠢᠳᠪᠦᠷᠢᠯᠡᠬᠦ ᠳᠤ ᠬᠦᠷᠦᠯᠴᠡᠬᠦ ᠦᠭᠡᠢ ᠭᠠᠵᠠᠷ ᠪᠤᠢ᠂ ᠬᠠᠪᠰᠤᠷᠤᠨ ᠭᠦᠢᠴᠡᠳᠬᠡᠬᠦ ᠦᠢᠯᠡᠴᠢᠯᠡᠭᠡ ᠭᠦᠢᠴᠡᠳ ᠦᠭᠡᠢ ᠭᠠᠵᠠᠷ ᠪᠤᠢ᠂ ᠰᠠᠭᠤᠭᠠᠯᠢ ᠠᠷᠠᠳ ᠴᠥᠮ ᠦᠯᠡᠳᠡᠭᠡᠭᠰᠡᠨ ᠦᠭᠡ ᠶᠢ ᠬᠠᠷᠢᠭᠤ ᠲᠤᠰᠬᠠᠵᠤ ᠪᠣᠯᠣᠨ᠎ᠠ ᠂ ᠨᠡᠶᠢᠭᠡᠮ ᠲᠣᠭᠤᠷᠢᠭ ᠨᠢ ᠰᠠᠭᠤᠭᠠᠯᠢ ᠠᠷᠠᠳ ᠲᠠᠢ ᠭᠠᠷ ᠬᠤᠯᠪᠣᠨ ᠦᠢᠯᠡᠴᠢᠯᠡᠭᠡᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠬᠠᠮᠲᠤᠪᠠᠷ ᠠᠬᠢᠭᠤᠯᠤᠨ᠎ᠠ᠃      ᠬᠠᠪᠰᠤᠷᠤᠨ ᠡᠷᠬᠢᠯᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠨᠢ ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠬᠢᠯᠪᠠᠷ ᠣᠶᠢᠯᠠᠭᠠᠮᠵᠢᠲᠠᠢ ᠶᠠᠷᠢᠶᠠᠨ ᠤ ᠢᠯᠡᠷᠬᠡᠶᠢᠯᠡᠯ ᠪᠣᠯᠭᠠᠵᠠᠢ᠂ ᠳᠠᠷᠠᠭᠠᠴᠢ ᠶᠢᠨ ᠠᠯᠬᠤᠮ ᠳᠤ᠂ ᠾᠦᠢ  ᠶᠢᠨ ᠵᠡᠭᠦᠨ ᠨᠡᠶᠢᠭᠡᠮ ᠤᠨ ᠲᠣᠭᠤᠷᠢᠭ ᠤᠨ ᠬᠢᠨ ᠦᠷᠭᠦᠯᠵᠢᠯᠡᠨ ᠤᠯᠠᠨ ᠲᠦᠮᠡᠨ ᠤ ᠠᠰᠢᠭ ᠲᠤᠰᠠ ᠪᠠᠷ ᠡᠭᠦᠰᠦᠯᠲᠡ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠬᠠᠪᠰᠤᠷᠤᠨ ᠡᠷᠬᠢᠯᠡᠬᠦ ᠣᠷᠣᠯᠠᠨ ᠭᠦᠢᠴᠡᠳᠬᠡᠬᠦ ᠶᠢ ᠨᠠᠶᠢᠳᠠᠪᠤᠷᠢᠵᠢᠭᠤᠯᠵᠤ᠂ ᠬᠤᠷᠳᠤᠴᠠ ᠲᠠᠢ᠂ ᠳᠤᠯᠠᠭᠠᠴᠠ ᠲᠠᠢ᠂ ᠡᠷᠴᠢᠮ ᠲᠠᠢ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠪᠤᠢ ᠪᠣᠯᠭᠠᠵᠤ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠰᠠᠶᠢᠵᠢᠷᠠᠭᠤᠯᠤᠨ ᠠᠬᠢᠭᠤᠯᠤᠨ᠎ᠠ᠃ 
 
ᠢᠷᠡᠯᠲᠡ᠄ ᠾᠦᠢ ᠶᠢᠨ ᠣᠷᠣᠨ ᠪᠦᠰᠡ ᠶᠢᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号