ᠵᠣᠣ ᠯᠢ ᠮᠢᠨ ᠬᠤᠰᠢᠭᠤᠨ ᠳᠠᠷᠤᠭ᠎ᠠ ᠶᠢᠨ ᠠᠯᠪᠠᠨ ᠠᠵᠢᠯᠯᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠂ ᠰᠤᠷᠭᠠᠨ ᠬᠥᠮᠦᠵᠢᠯ ᠤᠨ ᠬᠦᠷᠢᠶ᠎ᠡ ᠪᠠ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯᠯᠠᠭ᠎ᠠ ᠶᠢᠨ ᠲᠤᠰᠬᠠᠢ ᠰᠡᠳᠦᠪᠲᠦ ᠰᠣᠳᠤᠯᠤᠯ ᠬᠢᠪᠡ
ᠨᠡᠶᠢᠲᠡᠯᠡᠭᠰᠡᠨ ᠴᠠᠭ᠄
2023/8/22
      8 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠯᠢ ᠮᠢᠨ ᠬᠤᠰᠢᠭᠤᠨ ᠳᠠᠷᠤᠭ᠎ᠠ ᠶᠢᠨ ᠠᠯᠪᠠᠨ‌ᠠᠵᠢᠯᠯᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠬᠦᠷᠢᠶ᠎ᠡ ᠪᠠ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠦᠷᠢᠶᠡᠨ ᠤ ᠠᠵᠢᠯ ᠢ ᠲᠤᠰᠬᠠᠢ ᠰᠡᠳᠦᠪᠲᠦ ᠰᠤᠳᠤᠯᠤᠯ ᠢ ᠠᠬᠢᠭᠤᠯᠵᠤ᠂ ᠲᠠᠷᠠᠭᠠᠴᠢ ᠶᠢᠨ ᠠᠯᠬᠤᠮ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠣᠶᠢᠯᠠᠭᠠᠭᠳᠠᠬᠤᠨ ᠤ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠶᠢᠨ ᠲᠣᠭᠤᠷᠢᠨ ᠳᠤ ᠪᠠᠶᠢᠷᠢᠰᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠰᠠᠶᠢᠨ ᠲᠤᠷᠰᠢᠯᠭ᠎ᠠ ᠠᠷᠭ᠎ᠠ ᠬᠢᠳᠡᠯ ᠢ ᠲᠦᠷᠭᠡᠨ ᠪᠣᠯᠪᠠᠰᠤᠷᠠᠭᠤᠯᠵᠤ᠂ ᠪᠦᠯᠦᠭᠯᠡᠯᠵᠢᠭᠰᠡᠨ ᠰᠤᠷᠭᠠᠭᠤᠯᠢ ᠡᠷᠬᠢᠯᠡᠬᠦ ᠶᠢ ᠰᠠᠶᠢᠲᠤᠷ ᠠᠳᠬᠤᠵᠤ᠂ ᠪᠦᠬᠦ ᠣᠷᠣᠨ ᠤ ᠨᠡᠷᠡᠳᠦ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠪᠠ ᠣᠷᠣᠨ ᠨᠤᠲᠤᠭ ᠢ ᠬᠠᠮᠲᠤᠪᠠᠷ ᠪᠠᠶᠢᠭᠤᠯᠬᠤ ᠡᠷᠴᠢᠮ ᠢ ᠴᠢᠩᠭᠠᠷᠠᠭᠤᠯᠵᠤ᠂ ᠲᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ᠂ ᠪᠠᠭᠰᠢ ᠶᠢᠨ ᠪᠠᠶᠢᠭᠤᠯᠤᠯᠲᠠ᠂ ᠰᠤᠷᠤᠯᠴᠠᠯᠭ᠎ᠠ ᠪᠣᠯᠪᠠᠰᠤᠷᠠᠯ᠂ ᠰᠣᠯᠢᠯᠴᠠᠭ᠎ᠠ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠦᠷ᠎ᠡ ᠪᠦᠲᠦᠮᠵᠢ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢ ᠰᠢᠰᠲ᠋ᠧᠮ ᠲᠠᠢ ᠡᠮᠬᠢᠯᠡᠵᠦ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠴᠡᠭᠴᠡᠯᠡᠨ ᠵᠠᠰᠠᠬᠤ ᠵᠠᠭᠪᠤᠷ ᠪᠣᠯᠣᠨ ᠪᠡᠯᠡ ᠮᠥᠩᠭᠦ ᠶᠢᠨ ᠪᠠᠲᠤᠯᠠᠭ᠎ᠠ ᠶᠢ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠠᠶᠢᠲᠤᠷ ᠨᠠᠶᠢᠳᠠᠪᠤᠷᠢᠵᠢᠭᠤᠯᠵᠤ᠂ ᠰᠢᠶᠠᠩ ᠪᠠᠯᠭᠠᠰᠤ᠂ ᠲᠣᠰᠬᠤᠨ ᠤ ᠳᠡᠰ ᠤᠨ ᠥᠪᠡᠷ ᠢ ᠪᠠᠨ ᠵᠠᠰᠠᠬᠤ ᠪᠠ ᠬᠠᠮᠢᠶᠠᠷᠤᠨ ᠬᠠᠮᠠᠭᠠᠯᠠᠬᠤ ᠶᠢ ᠲᠤᠪᠤᠶᠢᠯᠭᠠᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠬᠥᠮᠥᠰ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃      ᠳᠡᠳ᠋ ᠬᠤᠰᠢᠭᠤᠨ ᠳᠠᠷᠤᠭ᠎ᠠ ᠭᠧ ᠶᠢᠨ ᠯᠢᠩ᠂ ᠮᠧᠩ ᠵᠢᠶᠦ᠋ᠨ ᠴᠢᠤᠸᠠᠨ ᠣᠷᠣᠯᠴᠠᠵᠠᠢ᠃ 
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号