ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/8/31
   C:\Users\bch\Desktop\8.31\8.31  在线访谈.jpg
  ᠭᠤᠣᠯ ᠰᠡᠳᠦᠪ᠄ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠲᠠᠶᠢᠯᠤᠮᠵᠢ     ᠴᠠᠭ᠄ 2023 ︱ 08 ︱ 31   10᠄ 00     ᠵᠣᠴᠢᠨ᠄ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠼᠤᠤ ᠵᠤᠸᠧ ᠹᠧᠩ᠂ ᠬᠠᠮᠲᠤᠷᠠᠯᠴᠠᠭᠠᠨ ᠤ ᠬᠥᠭᠵᠢᠭᠦᠯᠦᠯᠲᠡ ᠶᠢᠨ ᠰᠠᠯᠠᠭᠠᠨ ᠤ ᠬᠠᠷᠢᠭᠤᠴᠠᠯᠭᠠᠲᠠᠨ ᠸᠠᠩ ᠬᠠᠨ ᠪᠢᠨᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯᠬᠠᠮᠢᠶᠠᠷᠤᠭᠴᠢ᠄     ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ ᠲᠤᠰᠬᠠᠢ ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ᠬᠥᠲᠥᠯᠥᠭᠴᠢ᠄     ᠨᠠᠶᠢᠵᠠ ᠨᠠᠷ ᠠ᠂ ᠰᠠᠶᠢᠨ ᠪᠠᠶᠢᠵᠠᠭᠠᠨ᠎ᠠ  ᠦᠦ︖ ᠪᠢᠳᠡᠨ ᠤ ᠥᠨᠥᠳᠥᠷ ᠤᠨ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢᠨ ᠫᠷᠣᠭ᠍ᠷᠠᠮ ᠳᠤ ᠠᠩᠬᠠᠷᠤᠯ ᠲᠠᠯᠪᠢᠬᠤ ᠶᠢ  ᠬᠦᠰᠡᠨ᠎ᠡ᠃ ᠲᠤᠰ ᠤᠳᠠᠭ᠎ᠠ ᠶᠢᠨ ᠰᠣᠷᠪᠤᠯᠵᠢᠯᠠᠭ᠎ᠠ ᠶᠢᠨ ᠭᠤᠣᠯ ᠰᠡᠳᠦᠪ ᠪᠣᠯ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ᠪᠣᠯᠣᠨ᠎ᠠ᠃ᠬᠠᠲᠤᠨ ᠭᠤᠣᠯ ᠪᠣᠯ ᠳᠤᠮᠳᠠᠳᠤ ᠶᠢᠨ ᠦᠨᠳᠦᠰᠦᠲᠡᠨ ᠤ ᠡᠵᠢ ᠭᠤᠣᠯ ᠮᠥᠨ᠂ ᠵᠠᠭᠤ ᠮᠢᠩᠭᠠᠨ ᠵᠢᠯ ᠤᠨ ᠲᠤᠷᠰᠢ᠂ ᠲᠠᠰᠤᠷᠠᠯᠲᠠ ᠦᠭᠡᠢ ᠳᠣᠯᠭᠢᠶᠠᠯᠠᠨ ᠳᠠᠪᠠᠯᠭᠠᠯᠠᠭᠰᠠᠨ ᠬᠠᠲᠤᠨ ᠭᠤᠣᠯ ᠬᠥᠬᠡᠮᠥ᠋ᠷᠡᠨ ᠲᠠᠢ ᠬᠠᠮᠲᠤ ᠪᠠᠷ ᠳᠤᠮᠳᠠᠳᠤ ᠶᠢᠨ ᠦᠨᠳᠦᠰᠦᠲᠡᠨ ᠢ ᠥᠰᠬᠡᠨ ᠪᠣᠶᠢᠵᠢᠭᠤᠯᠵᠤ᠂ ᠳᠤᠮᠳᠠᠳᠤ ᠶᠢᠨ ᠪᠣᠯᠪᠠᠰᠤᠨ ᠢ ᠪᠣᠶᠢᠵᠢᠭᠤᠯᠤᠭᠰᠠᠭᠠᠷ ᠢᠷᠡᠭᠰᠡᠨ ᠶᠤᠮ᠃ᠰᠢᠨ᠎ᠡ ᠰᠢ ᠶᠢᠨ ᠫᠢᠩ ᠪᠠᠶᠢᠭᠤᠯᠤᠭᠳᠠᠭᠰᠠᠨ ᠠᠴᠠ ᠨᠠᠰᠢ᠂ ᠨᠠᠮ ᠪᠣᠯᠣᠨ ᠤᠯᠤᠰ ᠠᠴᠠ ᠬᠠᠳᠤᠨ ᠭᠤᠣᠯ ᠤᠨ ᠬᠠᠮᠠᠭᠠᠯᠠᠯᠲᠠ ᠪᠣᠯᠣᠨ ᠵᠠᠰᠠᠯᠲᠠ ᠶᠢ ᠲᠤᠶᠢᠯ ᠢᠶᠠᠷ ᠴᠢᠬᠤᠯᠠᠴᠢᠯᠠᠵᠤ᠂ ᠣᠨᠴᠠᠭᠠᠶᠢᠯᠠᠨ ᠳᠤᠮᠳᠠᠳᠤ ᠤᠯᠤᠰ ᠤᠨ ᠶᠡᠷᠦᠩᠬᠡᠢ ᠱᠦᠵᠢ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷ᠎ᠡ ᠪᠠᠶᠢᠷᠢᠯᠠᠭᠤᠯᠤᠯᠲᠠ ᠬᠢᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠭᠠᠨ ᠳᠡᠭᠡᠭᠰᠢᠯᠡᠭᠦᠯᠵᠦ᠂︽ᠬᠠᠳᠤᠨ ᠭᠤᠣᠯ ᠢ ᠵᠠᠰᠠᠬᠤ ᠳᠤ ᠬᠠᠮᠠᠭᠠᠯᠠᠬᠤ ᠪᠠᠷ ᠭᠤᠣᠯᠳᠠᠯᠭ᠎ᠠ ᠪᠣᠯᠭᠠᠵᠤ᠂ ᠵᠠᠰᠠᠬᠤ ᠪᠠᠷ ᠭᠤᠣᠯᠳᠠᠯᠭ᠎ᠠ ᠪᠣᠯᠭᠠᠬᠤ︾ᠵᠢᠭᠠᠪᠤᠷᠢ ᠶᠢᠨ ᠱᠠᠭᠠᠷᠳᠠᠯᠭ᠎ᠠ ᠶᠢ ᠵᠢᠭᠠᠵᠤ ᠭᠠᠷᠭᠠᠪᠠ᠃ᠬᠥᠲᠥᠯᠥᠭᠴᠢ᠄     ᠡᠩ ᠲᠡᠷᠢᠭᠦᠨ ᠳᠤ᠂ ᠮᠠᠨ ᠤ ᠬᠤᠲᠠ ᠶᠢᠨ ᠬᠠᠲᠤᠨ ᠭᠤᠣᠯ ᠤᠨ ᠰᠠᠪᠠ ᠭᠠᠵᠠᠷ ᠤᠨ ᠦᠨᠳᠦᠰᠦᠨ ᠪᠠᠶᠢᠳᠠᠯ ᠢ ᠳᠥᠭᠦᠮᠬᠡᠨ ᠲᠠᠨᠢᠯᠴᠠᠭᠤᠯᠵᠤ᠂ ᠣᠯᠠᠨ ᠳᠤ ᠲᠣᠳᠣᠷᠬᠠᠢ ᠪᠣᠷᠣ ᠲᠥᠯᠥᠪ ᠲᠠᠢ ᠪᠣᠯᠭᠠᠨ᠎ᠠ᠃ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠼᠤᠤ ᠵᠤᠸᠧ  ᠹᠧᠩ᠄     ᠬᠠᠲᠤᠨ ᠭᠤᠣᠯ ᠬᠥᠬᠡᠨᠠᠭᠤᠷ ᠲᠥᠪᠡᠳ ᠤᠨ ᠥᠨᠳᠦᠷᠯᠢᠭ ᠠᠴᠠ ᠡᠬᠢ ᠠᠪᠴᠤ᠂ 9 ᠮᠤᠵᠢ ᠣᠷᠣᠨ ᠢᠶᠠᠷ ᠤᠷᠤᠰᠤᠨ ᠥᠩᠭᠡᠷᠡᠵᠦ᠂ ᠪᠦᠬᠦ ᠣᠷᠳᠣ ᠨᠢ 5464 ᠺᠢᠯᠣᠮᠧᠲᠷ ᠪᠠᠶᠢᠵᠤ᠂ ᠮᠠᠨ ᠤ ᠤᠯᠤᠰ ᠤᠨ ᠬᠥᠬᠡ ᠮᠥᠷᠡᠨ ᠤ ᠳᠠᠷᠠᠭ᠎ᠠ ᠯᠠ ᠣᠷᠣᠳᠠᠭ ᠬᠤᠶᠠᠳᠤᠭᠠᠷ ᠶᠡᠭᠡ ᠭᠤᠣᠯ ᠮᠦᠷᠡᠨ ᠪᠣᠯᠣᠨ᠎ᠠ᠃ᠥᠪᠥᠷ ᠮᠣᠩᠭᠤᠯ ᠢᠶᠠᠷ 843.5 ᠺᠢᠯᠣᠮᠧᠲᠷ ᠤᠷᠤᠰᠤᠨ ᠥᠩᠭᠡᠷᠡᠵᠦ᠂ ᠰᠠᠪᠠ ᠭᠠᠵᠠᠷ ᠤᠨ ᠲᠠᠯᠠᠪᠠᠶ ᠨᠢ 15.2 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠬᠠᠲᠤᠨ ᠭᠤᠣᠯ ᠳᠠᠭᠠᠤ ᠶᠢᠨ ᠭᠠᠵᠠᠷ ᠣᠷᠣᠨ ᠳᠤ 7 ᠠᠶᠢᠮᠠᠭ ᠬᠤᠲᠠ ᠶᠢ ᠪᠠᠭᠲᠠᠭᠠᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠨᠢ ᠪᠠᠷᠤᠭ 1.6 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ 69.1% ᠶᠢ ᠡᠵᠡᠯᠡᠪᠡ︔ᠪᠠᠶᠢᠩᠭᠤ ᠰᠠᠭᠤᠭ᠎ᠠ ᠬᠥᠮᠥᠨ ᠠᠮᠠ ᠪᠠᠷᠤᠭ 1249 ᠲᠦᠮᠡ ᠪᠠᠶᠢᠵᠤ᠂ ᠪᠥᠬᠦ ᠣᠷᠣᠨ ᠤ 52% ᠢ ᠡᠵᠡᠯᠡᠵᠦ᠂ ᠥᠪᠥᠷ ᠮᠣᠩᠭᠤᠯ ᠤᠨ ᠴᠢᠬᠤᠯᠠ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ᠂ ᠰᠣᠶᠣᠯ ᠤᠨ ᠥᠪ ᠡᠯᠪᠡᠭ ᠲᠥᠪᠯᠡᠷᠡᠭᠰᠡᠨ ᠣᠷᠣᠨ ᠪᠠ ᠠᠵᠤ ᠠᠬᠤᠢ ᠶᠢᠨ ᠬᠥᠭᠵᠢᠶᠡᠨᠲᠡᠢ ᠣᠷᠣᠨ ᠪᠣᠯᠣᠨ᠎ᠠ᠃ᠬᠥᠬᠡᠬᠤᠲᠠ ᠪᠣᠯ ᠬᠠᠲᠤᠨ ᠭᠤᠣᠯ ᠤᠨ ᠵᠡᠭᠦᠨ ᠡᠷᠭᠢ ᠳᠤ ᠪᠠᠶᠢᠷᠢᠯᠠᠵᠤ᠂ ᠭᠤᠣᠯ ᠤᠷᠤᠰᠬᠠᠯ ᠨᠢ ᠪᠥᠬᠦ ᠬᠤᠲᠠ ᠶᠢᠨ 102.5 ᠺᠢᠯᠣᠮᠧᠲᠷ ᠢᠶᠠᠷ ᠤᠷᠤᠰᠤᠨ ᠥᠩᠭᠡᠷᠡᠵᠦ᠂ ᠬᠠᠲᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠴᠤᠪᠤᠷᠠᠯ ᠤᠨ 12.15% ᠶᠢ ᠡᠵᠡᠯᠡᠨ᠎ᠡ᠂  ᠲᠤᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠱᠢ ᠰᠧ ᠹᠧᠨ ᠲᠣᠰᠬᠤᠨ  ᠠᠴᠠ ᠣᠷᠣᠵᠤ᠂ ᠴᠢᠩ ᠱᠦᠢ ᠾᠧ ᠰᠢᠶᠠᠨ ᠤ ᠯᠣᠸ ᠨᠢᠦ ᠸᠠᠨ ᠪᠠᠯᠭᠠᠰᠤᠨ ᠤ ᠶᠢᠩ ᠫᠠᠨ ᠮᠣᠣ ᠲᠣᠰᠬᠤᠨ ᠠᠴᠠ ᠭᠠᠷᠴᠤ᠂  ᠲᠤᠭᠲᠠᠬᠤ ᠰᠢᠶᠠᠨ ᠤ 37.5 ᠺᠢᠯᠣᠮᠧᠲᠷ᠂ ᠴᠢᠩ ᠱᠦᠢ ᠾᠧ ᠰᠢᠶᠠᠨ ᠤ 65 ᠺᠢᠯᠣᠮᠧᠲᠷ ᠢᠶᠠᠷ ᠤᠷᠤᠰᠤᠨ ᠥᠩᠭᠡᠷᠡᠨ᠎ᠡ ᠃ ᠲᠤᠭᠲᠠᠬᠤ ᠰᠢᠶᠠᠨ  ᠤ ᠾᠧ ᠺᠧᠦ  ᠶᠢᠨ ᠬᠠᠮᠢᠶᠠᠷᠤᠯᠲᠠ  ᠶᠢᠨ ᠵᠥᠪᠯᠡᠯ  ᠤᠨ ᠾᠧ ᠺᠧᠦ ᠲᠣᠰᠬᠤᠨ ᠪᠣᠯ ᠬᠠᠲᠤᠨ ᠭᠤᠣᠯ  ᠤᠨ ᠭᠤᠣᠯ ᠤᠷᠤᠰᠬᠠᠯ  ᠤᠨ ᠳᠡᠭᠡᠳᠦ ᠳᠤᠮᠳᠠᠳᠤ ᠤᠷᠤᠰᠬᠠᠯ  ᠤᠨ ᠵᠠᠭᠠᠭ ᠴᠡᠭ ᠪᠣᠯᠣᠨ᠎ᠠ᠂ ᠮᠠᠨ ᠤ ᠬᠤᠲᠠ ᠶᠢᠨ ᠬᠠᠲᠤᠨ ᠭᠤᠣᠯ ᠤᠨ ᠭᠤᠣᠯ ᠤᠷᠤᠰᠬᠠᠯ ᠤᠨ ᠬᠡᠰᠡᠭ  ᠤᠨ 16 ᠺᠢᠯᠣᠮᠧᠲᠷ ᠨᠢ ᠳᠡᠭᠡᠳᠦ ᠤᠷᠤᠰᠬᠠᠯ  ᠳᠤ ᠪᠠᠶᠢᠷᠢᠯᠠᠵᠤ᠂ ᠦᠯᠡᠳᠡᠭᠰᠡᠨ ᠬᠡᠰᠡᠭ ᠨᠢ ᠳᠤᠮᠳᠠᠳᠤ ᠤᠷᠤᠰᠬᠠᠯ  ᠳᠤ ᠪᠠᠶᠢᠷᠢᠯᠠᠨ᠎ᠠ᠃ᠪᠥᠬᠦ ᠬᠤᠲᠠ ᠶᠢᠨ ᠤᠮᠠᠷᠠᠲᠤ ᠬᠡᠰᠡᠭ ᠤᠨ ᠦᠴᠦᠸᠠᠨ ᠰᠢᠶᠠᠨ ᠤ 0.16 ᠲᠦᠮᠡᠨ ᠲᠡᠭᠰᠢ ᠳᠥᠷᠪᠡᠯᠵᠢᠨ ᠺᠢᠯᠣᠮᠧᠲᠷ ᠨᠢ ᠳᠣᠲᠣᠭᠠᠳᠤ ᠬᠠᠭᠤᠷᠠᠢ ᠶᠢᠨ ᠭᠤᠣᠯ ᠤᠨ ᠰᠠᠪᠠ ᠭᠠᠵᠠᠷ ᠲᠤ ᠪᠠᠶᠢᠬᠤ ᠶᠢ ᠭᠠᠷᠭᠠᠪᠠᠯ᠂ ᠪᠤᠰᠤᠳ ᠨᠢ ᠴᠥᠮ ᠬᠠᠲᠤᠨ ᠭᠤᠣᠯ ᠤᠨ ᠰᠠᠪᠠ ᠭᠠᠵᠠᠷ ᠤᠨ ᠬᠡᠪᠴᠢᠶᠡᠨ ᠳᠤ ᠪᠠᠶᠢᠵᠤ᠂ ᠲᠠᠯᠠᠪᠠᠶ ᠨᠢ 1.56 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠥᠬᠦ ᠬᠤᠲᠠ ᠶᠢᠨ ᠤᠯᠤᠰ ᠤᠨ ᠨᠤᠲᠤᠭ ᠳᠡᠪᠢᠰᠬᠡᠷ ᠤᠨ ᠲᠠᠯᠠᠪᠠᠶ ᠶᠢᠨ 90.4% ᠶᠢ ᠡᠵᠡᠯᠡᠵᠦ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠲᠠᠯᠠᠪᠠᠶ ᠶᠢᠨ 10.26% ᠶᠢ ᠡᠵᠡᠯᠡᠨ᠎ᠡ ᠬᠥᠲᠥᠯᠥᠭᠴᠢ᠄     ᠪᠢᠳᠡ ᠦᠷᠭᠦᠯᠵᠢ ᠬᠠᠲᠤᠨ ᠭᠤᠣᠯ ᠢ ᠬᠠᠮᠠᠭᠠᠯᠠᠨ᠎ᠠ ᠭᠡᠵᠦ ᠬᠡᠯᠡᠳᠡᠭ᠃ ᠼᠤᠤ ᠡᠷᠬᠢᠯᠡᠭᠴᠢ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠲᠤᠨ ᠭᠤᠣᠯ ᠤᠨ ᠰᠠᠪᠠ ᠭᠠᠵᠠᠷ ᠢ ᠬᠠᠮᠠᠭᠠᠯᠠᠬᠤ ᠶᠢᠨ ᠴᠢᠬᠤᠯᠠ ᠴᠢᠨᠠᠷ ᠤᠨ ᠲᠤᠬᠠᠢ ᠶᠠᠷᠢᠬᠤ ᠶᠢ ᠬᠦᠰᠡᠨ᠎ᠡ  ᠦᠦ︖ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠼᠤᠤ ᠵᠤᠸᠧ  ᠹᠧᠩ᠄     ᠬᠠᠲᠤᠨ ᠭᠤᠣᠯ ᠪᠣᠯ ᠳᠤᠮᠳᠠᠳᠤ ᠶᠢᠨ ᠦᠨᠳᠦᠰᠦᠲᠡᠨ ᠤ ᠡᠵᠢ ᠭᠤᠣᠯ ᠮᠥᠨ᠂ ᠬᠠᠲᠤᠨ ᠭᠤᠣᠯ ᠤᠨ ᠰᠠᠪᠠ ᠭᠠᠵᠠᠷ ᠨᠢ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠮᠢ ᠠᠬᠤᠢ ᠶᠢᠨ ᠠᠮᠤᠷ ᠲᠦᠪᠰᠢᠨ ᠤ ᠲᠠᠯ᠎ᠠ ᠪᠠᠷ ᠲᠤᠶᠢᠯ ᠤᠨ ᠴᠢᠬᠤᠯᠠ ᠪᠠᠶᠢᠷᠢ ᠰᠠᠭᠤᠷᠢ ᠲᠠᠢ ᠶᠤᠮ᠃ᠬᠠᠲᠤᠨ ᠭᠤᠣᠯ ᠤᠨ ᠰᠠᠪᠠ ᠭᠠᠵᠠᠷ  ᠨᠢ ᠮᠠᠨ ᠤ ᠤᠯᠤᠰ ᠤᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠦᠷᠢᠯᠳᠦᠭᠦᠯᠦᠨ᠎ᠡ᠃᡽ᠬᠠᠲᠤᠨ ᠭᠤᠣᠯ ᠤᠨ ᠰᠠᠪᠠ ᠭᠠᠵᠠᠷ ᠪᠣᠯ ᠮᠠᠨ ᠤ ᠤᠯᠤᠰ ᠤᠨ ᠴᠢᠬᠤᠯᠠ ᠠᠵᠤ ᠠᠬᠤᠢ ᠶᠢᠨ ᠣᠷᠣᠨ ᠪᠦᠰᠡ ᠪᠣᠯᠣᠨ᠎ᠠ᠃ ᠬᠠᠲᠤᠨ ᠭᠤᠣᠯ ᠤᠨ ᠰᠠᠪᠠ ᠭᠠᠵᠠᠷ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠴᠢᠬᠤᠯᠠ ᠣᠷᠣᠨ ᠪᠦᠰᠡ ᠪᠣᠯᠣᠨ᠎ᠠ᠃︽ᠬᠠᠳᠤᠨ ᠭᠤᠣᠯ ᠠᠮᠤᠭᠤᠯᠠᠩ ᠪᠣᠯᠪᠠᠰᠤ ᠳᠡᠯᠡᠬᠡᠢ ᠳ᠋ᠠᠬᠢᠨ ᠲᠠᠶᠢᠪᠤᠩ ᠪᠣᠯᠣᠮᠤᠢ᠃︾ ᠶᠠᠮᠠᠷ ᠨᠢᠭᠡᠨ ᠤᠳᠬ᠎ᠠ ᠠᠭᠤᠯᠭ᠎ᠠ ᠠᠴᠠ ᠠᠪᠴᠤ ᠬᠡᠯᠡᠪᠡᠯ᠂ ᠳᠤᠮᠳᠠᠳᠤ ᠶᠢᠨ ᠦᠨᠳᠦᠰᠦᠲᠡᠨ ᠤ ᠬᠠᠲᠤᠨ ᠭᠤᠣᠯ ᠢ ᠵᠠᠰᠠᠭᠰᠠᠨ ᠲᠡᠦᠬᠡ ᠪᠣᠯ ᠪᠠᠰᠠ ᠴᠤ ᠤᠯᠤᠰ ᠢ ᠵᠠᠰᠠᠭᠰᠠᠨ ᠲᠡᠦᠬᠡ ᠪᠣᠯᠬᠤ ᠶᠤᠮ᠃ᠤᠷᠳᠤ ᠬᠤᠭᠤᠴᠠᠭᠠᠨ ᠤ ᠲᠤᠷᠰᠢ᠂ ᠦᠢᠯᠡᠳᠪᠦᠷᠢᠯᠡᠯ ᠤᠨ ᠬᠦᠴᠦᠨ ᠤ ᠬᠢᠷᠢ ᠬᠡᠮᠵᠢᠶ᠎ᠡ ᠪᠠ ᠨᠡᠶᠢᠭᠡᠮ ᠤᠨ ᠪᠠᠶᠢᠭᠤᠯᠤᠯ ᠤᠨ ᠬᠢᠵᠠᠭᠠᠷᠯᠠᠯ ᠠᠴᠠ ᠪᠣᠯᠵᠤ᠂ ᠡᠭᠦᠨ ᠤ ᠳᠡᠭᠡᠷ᠎ᠡ ᠵᠣᠷᠢᠭᠤᠳᠠ ᠡᠪᠳᠡᠯᠡᠭᠡ ᠠᠴᠠ ᠪᠣᠯᠵᠤ᠂ ᠬᠠᠳᠤᠨ ᠭᠤᠣᠯ ᠢ ᠣᠯᠠᠨᠲᠠ ᠵᠠᠰᠠᠵᠤ ᠣᠯᠠᠨᠲᠠ ᠰᠢᠢᠳᠪᠦᠷᠢᠯᠡᠬᠦ ᠪᠠᠶᠢᠳᠠᠯ ᠳᠤ ᠶᠡᠷᠦ ᠠᠴᠠ ᠦᠨᠳᠦᠰᠦᠨ ᠬᠤᠪᠢᠷᠠᠯᠲᠠ ᠭᠠᠷᠤᠭᠰᠠᠨ ᠦᠭᠡᠢ᠂ ᠬᠠᠳᠤᠨ ᠭᠤᠣᠯ ᠤᠨ ᠡᠷᠭᠢ ᠳᠠᠭᠠᠤ ᠶᠢᠨ ᠠᠷᠠᠳ ᠲᠦᠮᠡᠨ ᠤ ᠰᠠᠶᠢᠨ ᠰᠠᠶᠢᠬᠠᠨ ᠬᠦᠰᠡᠯ ᠡᠷᠡᠮᠡᠯᠵᠡᠯ ᠶᠡᠷᠦ ᠨᠢ ᠪᠡᠶᠡᠯᠡᠭᠳᠡᠬᠦᠶ᠎ᠡ ᠪᠡᠷᠬᠡ ᠪᠠᠶᠢᠪᠠ᠃ᠬᠥᠲᠥᠯᠥᠭᠴᠢ᠄     ᠤᠯᠤᠰ ᠠᠴᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠤᠯᠤᠰ ᠤᠨ ᠪᠠᠶᠢᠯᠳᠤᠬᠤ ᠪᠣᠳᠣᠯᠭ᠎ᠠ ᠪᠣᠯᠭᠠᠨ ᠳᠡᠭᠡᠭᠰᠢᠯᠡᠭᠦᠯᠦᠭᠰᠡᠨ ᠤ ᠳᠠᠷᠠᠭ᠎ᠠ᠂ ᠮᠠᠨ ᠤ ᠬᠤᠲᠠ ᠶᠠᠮᠠᠷ ᠪᠣᠳᠠᠲᠠᠢ ᠪᠠᠶᠢᠷᠢᠯᠠᠭᠤᠯᠤᠯᠲᠠ ᠬᠢᠭᠰᠡᠨ ᠪᠤᠢ︖ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠼᠤᠤ ᠵᠤᠸᠧ  ᠹᠧᠩ᠄     ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠪᠣᠯ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠵᠢᠷᠤᠭᠯᠠᠵᠤ᠂ ᠠᠬᠢᠭᠤᠯᠤᠭᠰᠠᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠪᠣᠯᠣᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠴᠢᠬᠤᠯᠠ ᠤᠯᠤᠰ ᠲᠦᠷᠦ ᠶᠢᠨ ᠡᠭᠦᠷᠭᠡ ᠪᠠ ᠬᠤᠷᠢᠭ᠎ᠠ ᠱᠤᠭᠤᠮ ᠤᠨ ᠡᠭᠦᠷᠭᠡ ᠪᠣᠯᠭᠠᠨ ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠪᠦᠬᠦ ᠲᠠᠯ᠎ᠠ ᠪᠠᠷ ᠠᠬᠢᠭᠤᠯᠵᠤ᠂ ᠭᠤᠣᠯᠳᠠᠯᠭ᠎ᠠ ᠲᠠᠢ ᠪᠠᠷ ᠰᠢᠪᠲᠤᠯᠵᠤ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠵᠡᠭᠦᠨᠰᠢ ᠪᠠᠷᠠᠭᠤᠨᠰᠢ ᠬᠠᠮᠵᠢᠯᠴᠠᠬᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠶᠡᠭᠡ ᠪᠠᠶᠢᠷᠢᠰᠢᠯ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠬᠡᠷᠡᠭᠲᠡᠢ᠃ᠨᠢᠭᠡ ᠳᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠳᠠ ᠶᠢᠨ ᠳᠠᠷᠤᠭ᠎ᠠ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠭᠠᠵᠠᠷ ᠣᠷᠣᠨ ᠤ ᠣᠷᠣᠯᠴᠠᠭᠰᠠᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠨᠢ ᠪᠦᠬᠦ ᠬᠤᠳᠠ ᠶᠢᠨ ᠬᠠᠳᠤᠨ ᠭᠤᠣᠯ ᠤᠨ ᠰᠠᠪᠠ ᠭᠠᠵᠠᠷ ᠤᠨ ᠬᠠᠮᠠᠭᠠᠯᠠᠯᠲᠠ ᠵᠠᠰᠠᠯᠲᠠ ᠶᠢᠨ ᠡᠯ᠎ᠡ ᠵᠦᠢᠯ ᠤᠨ ᠴᠢᠬᠤᠯᠠ ᠶᠡᠭᠡ ᠠᠰᠠᠭᠤᠳᠠᠯ᠂ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ᠂ ᠶᠡᠷᠦᠩᠬᠡᠢ ᠲᠠᠯ᠎ᠠ ᠪᠠᠷ ᠲᠣᠬᠢᠷᠠᠭᠤᠯᠤᠨ ᠵᠢᠯᠤᠭᠤᠳᠬᠤ ᠶᠢ ᠬᠠᠷᠢᠭᠤᠴᠠᠵᠤ᠂ ᠴᠢᠩᠭ᠎ᠠ ᠬᠦᠴᠦᠲᠡᠢ ᠵᠣᠬᠢᠶᠠᠨ ᠪᠠᠶᠢᠭᠤᠯᠵᠤ ᠤᠳᠤᠷᠢᠳᠬᠤ ᠲᠣᠭᠲᠠᠴᠠ ᠶᠢ ᠪᠦᠷᠢᠯᠳᠦᠭᠦᠯᠦᠨ᠎ᠡ᠃ᠡᠭᠦᠨ ᠤ ᠬᠠᠮᠲᠤ ᠳᠣᠣᠷ᠎ᠠ ᠨᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠭᠠᠷᠭᠠᠵᠤ᠂ ᠤᠳᠤᠷᠢᠳᠬᠤ ᠳᠤᠭᠤᠶᠢᠯᠠᠩ ᠪᠣᠯᠣᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠤᠨ ᠳᠦᠷᠢᠮ ᠢ ᠵᠡᠷᠭᠡᠪᠡᠷ ᠲᠣᠭᠲᠠᠭᠠᠵᠤ᠂ ︽ᠬᠥᠬᠡᠬᠤᠲᠠ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠬᠥᠲᠥᠯᠪᠦᠷᠢ︾ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠥᠯ︾ ᠵᠢᠴᠢ ᠡᠯ᠎ᠡ ᠵᠢᠯ ᠤᠨ ᠠᠵᠢᠯ ᠤᠨ ᠭᠤᠣᠯᠳᠠᠯᠭ᠎ᠠ ᠶᠢ ᠳᠠᠷᠤᠮᠠᠯᠯᠠᠨ ᠲᠠᠷᠬᠠᠭᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠪᠦᠬᠦᠯᠢ ᠴᠣᠭᠴᠠ ᠶᠢᠨ ᠪᠠᠶᠢᠷᠢᠰᠢᠯ ᠢ ᠪᠣᠶ ᠪᠣᠯᠭᠠᠪᠠ᠃ᠬᠤᠶᠠᠷ ᠲᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ  ᠶᠢ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠭᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠬᠤ ᠳᠤᠭᠤᠶᠢᠯᠠᠩ ᠤᠨ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠲᠤᠰᠬᠠᠢ ᠰᠡᠳᠦᠪᠲᠦ ᠬᠤᠷᠠᠯ ᠢ ᠣᠯᠠᠨ ᠤᠳᠠᠭ᠎ᠠ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠤᠯᠠᠮᠵᠢᠯᠠᠵᠤ᠂ ᠲᠥᠯᠦᠪᠵᠢᠭᠦᠯᠭᠡ ᠶᠢᠨ ᠲᠥᠰᠥᠯ ᠢ ᠰᠤᠳᠤᠯᠤᠨ ᠲᠣᠭᠲᠠᠭᠠᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠥᠯᠥᠪᠯᠡᠨ ᠬᠢᠨᠠᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠤᠰᠬᠠᠢ ᠰᠡᠳᠦᠪ ᠢᠶᠠᠷ ᠪᠠᠶᠢᠷᠢᠯᠠᠭᠤᠯᠤᠨ᠂ ᠦᠵᠡᠯ ᠰᠠᠨᠠᠭ᠎ᠠ ᠪᠠᠨ ᠳᠠᠬᠢᠨ ᠬᠠᠷᠭᠤᠭᠤᠯᠵᠤ᠂ ᠲᠠᠨᠢᠯᠲᠠ ᠪᠠᠨ ᠳᠠᠬᠢᠨ ᠳᠡᠭᠡᠭᠰᠢᠯᠡᠭᠦᠯᠵᠦ᠂ ᠠᠵᠢᠯᠯᠠᠭ᠎ᠠ ᠪᠠᠨ ᠳᠠᠬᠢᠨ ᠴᠢᠩᠭᠠᠳᠬᠠᠵᠤ᠂ ᠮᠠᠨ ᠤ ᠬᠤᠲᠠ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠳᠤ ᠦᠵᠡᠯ ᠰᠠᠨᠠᠭᠠᠨ ᠤ ᠰᠠᠭᠤᠷᠢ᠂ ᠠᠵᠢᠯ ᠤᠨ ᠰᠠᠭᠤᠷᠢ ᠶᠢ ᠪᠠᠲᠤ ᠪᠠᠬᠢ ᠲᠠᠯᠪᠢᠬᠤ ᠬᠡᠷᠡᠭᠲᠡᠢ᠃ᠭᠤᠷᠪᠠ ᠳᠤ᠂ ᠬᠤᠳᠠ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠡᠯ᠎ᠡ ᠬᠤᠯᠪᠣᠭᠳᠠᠯ ᠪᠦᠬᠦᠢ ᠬᠤᠳᠠ ᠶᠢᠨ ᠲᠡᠰ ᠤᠨ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ ᠴᠡᠭᠴᠡᠯᠡᠨ ᠰᠠᠶᠢᠵᠢᠷᠠᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠳᠣᠣᠷ᠎ᠠ ᠨᠢ ᠶᠡᠷᠦᠩᠬᠡᠶᠢᠯᠡᠨ ᠵᠣᠬᠢᠴᠠᠭᠤᠯᠬᠤ᠂ ᠴᠡᠭᠴᠡᠯᠡᠨ ᠰᠠᠶᠢᠵᠢᠷᠠᠭᠤᠯᠵᠤ ᠪᠣᠭᠤᠮᠲᠠ ᠰᠢᠪᠲᠤᠯᠬᠤ᠂ ᠬᠢᠨᠠᠨ ᠵᠢᠯᠤᠭᠤᠳᠴᠤ ᠪᠠᠶᠢᠴᠠᠭᠠᠬᠤ᠂ ᠰᠠᠬᠢᠯᠭ᠎ᠠ ᠪᠠᠲᠤ ᠶᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ 4 ᠲᠤᠰᠬᠠᠢ ᠳᠤᠭᠤᠶᠢᠯᠠᠩ ᠢ ᠪᠠᠶᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠣᠮᠧᠷ ᠢ ᠨᠢ ᠬᠠᠰᠤᠬᠤ ᠶᠢ ᠪᠦᠬᠦ ᠲᠠᠯ᠎ᠠ ᠪᠠᠷ ᠠᠬᠢᠭᠤᠯᠪᠠ᠃ᠡᠭᠦᠨ ᠤ ᠬᠠᠮᠲᠤ᠂ ᠤᠰᠤᠨ ᠠᠰᠢᠭᠯᠠᠯᠲᠠ ᠵᠢᠴᠢ ᠤᠰᠤᠨ ᠤ ᠡᠬᠢ ᠪᠠᠶᠠᠯᠢᠭ ᠢ ᠠᠰᠢᠭᠯᠠᠬᠤ᠂ ᠠᠮᠢ ᠠᠬᠤᠢ ᠶᠢ ᠰᠡᠷᠭᠦᠭᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠰᠣᠶᠣᠯ ᠵᠤᠭᠠᠴᠠᠯ ᠵᠡᠷᠭᠡ 5 ᠭᠤᠣᠯᠳᠠᠯᠭ᠎ᠠ ᠲᠠᠢ ᠲᠤᠰᠬᠠᠢ ᠠᠵᠢᠯ ᠤᠨ ᠳᠤᠭᠤᠶᠢᠯᠠᠩ ᠢ ᠪᠠᠶᠢᠭᠤᠯᠵᠤ᠂ ᠬᠠᠲᠤᠨ ᠭᠤᠣᠯ ᠤᠨ ᠵᠠᠰᠠᠯᠲᠠ ᠶᠢᠨ ᠲᠣᠭᠤᠷᠢᠨ ᠳᠤ ᠨᠢᠭᠡᠳᠦᠯᠲᠡᠢ ᠲᠥᠯᠥᠪᠯᠡᠨ ᠠᠷᠭ᠎ᠠ ᠰᠦᠪᠡᠭᠴᠢᠯᠡᠬᠦ᠂ ᠰᠠᠪᠠ ᠭᠠᠵᠠᠷ ᠤᠨ ᠵᠠᠰᠠᠯᠲᠠ ᠪᠠ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ᠬᠦᠷᠢᠶ᠎ᠡ ᠴᠠᠷᠠᠭ᠎ᠠ᠂ ᠲᠤᠰᠬᠠᠢ ᠰᠡᠳᠦᠪ ᠬᠤᠪᠢᠶᠠᠨ ᠯᠠᠪᠳᠠᠭᠤᠨ ᠪᠠᠲᠤᠲᠠᠢ ᠡᠮᠬᠢ ᠵᠢᠷᠤᠮ ᠲᠠᠢ ᠪᠠᠷ ᠬᠠᠲᠤᠨ ᠭᠤᠣᠯ ᠤᠨ ᠰᠠᠪᠠ ᠭᠠᠵᠠᠷ ᠤᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠵᠤ᠂ 30 ᠭᠠᠷᠤᠢ ᠵᠦᠢᠯ ᠤᠨ ᠡᠯ᠎ᠡ ᠲᠥᠷᠥᠯ ᠤᠨ ᠲᠥᠰᠥᠯ ᠲᠣᠭᠲᠠᠭᠠᠬᠤ ᠶᠢ ᠲᠦᠯᠬᠢᠨ ᠠᠬᠢᠭᠤᠯᠵᠤ᠂ ᠲᠤᠰᠬᠠᠶᠢᠵᠢᠭᠰᠠᠨ᠂ ᠥᠨᠳᠥᠷ ᠦᠷ᠎ᠡ ᠠᠰᠢᠭᠲᠤ ᠪᠢᠲᠡᠭᠦᠦ ᠠᠵᠢᠯ ᠤᠨ ᠨᠠᠶᠢᠳᠠᠪᠤᠷᠢᠵᠢᠭᠤᠯᠬᠤ ᠲᠣᠭᠲᠠᠴᠠ ᠶᠢ ᠪᠣᠶ ᠪᠣᠯᠭᠠᠨ᠎ᠠ᠃ᠬᠥᠲᠥᠯᠥᠭᠴᠢ᠄     ᠰᠠᠶ᠋ᠢᠬᠠᠨ ᠮᠠᠨ ᠤ ᠬᠤᠲᠠ ᠬᠠᠲᠤᠨ ᠭᠤᠣᠯ ᠤᠨ ᠰᠠᠪᠠ ᠭᠠᠵᠠᠷ ᠤᠨ ᠬᠡᠷᠡᠭᠵᠢᠭᠦᠯᠬᠦ ᠬᠥᠲᠥᠯᠪᠦᠷᠢ ᠶᠢ ᠨᠡᠶᠢᠲᠡᠯᠡᠪᠡ᠂ ᠤᠯᠤᠰ  ᠠᠴᠠ ᠬᠠᠲᠤᠨ ᠭᠤᠣᠯ ᠤᠨ ᠰᠠᠪᠠ ᠭᠠᠵᠠᠷ ᠲᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠠᠶᠢᠨ᠎ᠠ ᠦᠦ︖ᠬᠤᠷᠰᠢᠨ ᠬᠥᠭᠵᠢᠭᠦᠯᠬᠦ ᠰᠠᠯᠠᠭᠠᠨ ᠤ ᠬᠠᠷᠢᠭᠤᠴᠠᠯᠭᠠᠲᠠᠨ ᠸᠠᠩ ᠬᠠᠨ ᠪᠢᠨ᠄     2020 ᠣᠨ ᠤ 10 ᠰᠠᠷ᠎ᠠ ᠪᠠ 2021 ᠣᠨ ᠤ 3 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠤᠷᠢᠳ ᠬᠤᠵᠢᠳ ︽ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ ᠶᠢᠨ ᠲᠣᠪᠴᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ︾ ᠶᠢ ᠳᠠᠷᠤᠮᠠᠯᠯᠠᠨ ᠲᠠᠷᠬᠠᠭᠠᠪᠠ᠃︽ᠲᠥᠯᠦᠪᠵᠢᠭᠦᠯᠭᠡ︾ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠮᠥᠨ᠂ ᠬᠠᠮᠢᠶ᠎ᠠ ᠪᠦᠬᠦᠢ ᠲᠥᠯᠦᠪᠵᠢᠭᠦᠯᠭᠡ ᠶᠢᠨ ᠲᠥᠰᠥᠯ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠪᠠ ᠬᠠᠮᠢᠶ᠎ᠠ ᠪᠦᠬᠦᠢ ᠢᠨᠵᠧᠨᠧᠷᠢᠩ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢᠨ ᠴᠢᠬᠤᠯᠠ ᠦᠨᠳᠦᠰᠦᠯᠡᠯ ᠮᠥᠨ᠃ᠪᠢᠳᠡᠨ ᠳᠤ ᠰᠢᠨ᠎ᠡ ᠴᠠᠭ ᠦᠶ᠎ᠡ ᠶᠢᠨ ︽ᠬᠠᠲᠤᠨ ᠭᠤᠣᠯ ᠤᠨ ᠨᠠᠶᠢᠷᠠᠯ ᠳᠠᠭᠤᠤ︾ ᠶᠢ ᠪᠢᠴᠢᠭᠯᠡᠬᠦ ᠳᠤ ︽ᠠᠶᠠᠯᠭᠤ︾ ᠶᠢ ᠣᠨᠣᠪᠴᠢᠲᠠᠶ ᠲᠣᠬᠢᠷᠠᠭᠤᠯᠵᠤ᠂ ︽ᠠᠶᠠᠯᠭᠤ︾ ᠶᠢ ᠰᠠᠶᠢᠲᠤᠷ ᠲᠣᠭᠲᠠᠭᠠᠭᠰᠠᠨ ᠪᠠᠶᠢᠨ᠎ᠠ᠃ᠰᠢ ᠶᠢᠨ ᠫᠢᠩ ᠶᠡᠷᠦᠩᠬᠡᠢ ᠱᠦᠵᠢ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠰᠢᠷᠢᠰ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠤᠯᠤᠰ ᠤᠨ ︽ᠲᠥᠯᠦᠪᠵᠢᠭᠦᠯᠭᠡ ᠶᠢᠨ ᠬᠥᠲᠥᠯᠪᠦᠷᠢ︾ ᠪᠠ ᠥᠪᠡᠷᠲᠡᠭᠡᠨ ᠵᠠᠰᠠᠬᠤ ᠣᠷᠣᠨ ᠤ ︽ᠬᠥᠭᠵᠢᠯᠲᠡ ᠶᠢᠨ ᠲᠥᠯᠦᠪᠵᠢᠭᠦᠯᠭᠡ︾ ᠶᠢ ᠬᠥᠬᠡᠬᠤᠲᠠ ᠳᠤ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ 2021 ᠣᠨ ᠤ 7 ᠰᠠᠷ᠎ᠠ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠬᠥᠬᠡᠬᠤᠲᠠ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠬᠥᠲᠥᠯᠪᠦᠷᠢ︾ ᠶᠢ ᠳᠠᠷᠤᠮᠠᠯᠯᠠᠨ ᠲᠠᠷᠬᠠᠭᠠᠵᠤ᠂ 2022 ᠣᠨ ᠤ 7 ᠰᠠᠷ᠎ᠠ ᠳᠤ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠃ᠡᠨᠡ ᠬᠤᠶᠠᠷ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠨᠢ ᠮᠠᠨ ᠤ ᠬᠤᠲᠠ ᠶᠢᠨ ᠬᠠᠲᠤᠨ ᠭᠤᠣᠯ ᠤᠨ ᠰᠠᠪᠠ ᠭᠠᠵᠠᠷ ᠤᠨ ᠬᠥᠭᠵᠢᠯᠲᠡ ᠶᠢᠨ ᠭᠤᠣᠯᠳᠠᠯᠭ᠎ᠠ ᠳᠤ ︽ᠭᠤᠷᠪᠠᠨ ᠬᠡᠰᠡᠭ︾ ᠢ ᠲᠣᠭᠲᠠᠭᠠᠨ ᠥᠭᠴᠦ᠂ ︽ᠭᠤᠷᠪᠠᠨ ᠶᠡᠷᠦᠩᠬᠡᠢ ᠬᠠᠷᠠᠯᠲᠠ︾ ᠶᠢ ᠰᠢᠨᠵᠢᠯᠡᠬᠦ ᠤᠬᠠᠭᠠᠨᠴᠢ ᠪᠠᠷ ᠳᠤᠷᠠᠳᠤᠨ ᠭᠠᠷᠭᠠᠪᠠ᠃ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦᠨ ᠤ ᠠᠮᠢ ᠠᠬᠤᠢ ᠶᠢᠨ ᠣᠷᠴᠢᠨ ᠨᠥᠬᠦᠴᠡᠯ ᠢ ᠪᠦᠬᠦᠯᠢ ᠴᠣᠭᠴᠠ ᠪᠠᠷ ᠬᠠᠮᠠᠭᠠᠯᠠᠬᠤ ᠪᠠ ᠬᠠᠮᠵᠢᠯᠴᠠᠨ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠦᠵᠡᠰᠬᠦᠯᠡᠩᠲᠦ ᠰᠠᠶᠢᠬᠠᠨ ᠬᠦᠢᠬᠡᠬᠤᠲᠠ᠂ ᠲᠠᠯ᠎ᠠ ᠨᠤᠲᠤᠭ ᠤᠨ ᠬᠤᠳᠠ︾ ᠶᠢ ᠲᠦᠷᠭᠡᠪᠴᠢᠯᠡᠨ ᠪᠠᠶᠢᠭᠤᠯᠤᠨ᠎ᠠ᠃ᠬᠥᠲᠥᠯᠥᠭᠴᠢ᠄     ᠲᠡᠭᠡᠪᠡᠯ ᠬᠥᠬᠡᠬᠤᠲᠠ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠠᠯ᠎ᠠ ᠪᠠᠷ ᠶᠠᠮᠠᠷ ᠶᠠᠮᠠᠷ ᠭᠠᠷᠮᠠᠭᠠᠢ ᠪᠦᠲᠦᠮᠵᠢᠲᠡᠶ ᠠᠵᠢᠯ ᠤᠳ ᠢ ᠥᠷᠨᠢᠭᠦᠯᠦᠭᠰᠡᠨ ᠪᠣᠶ︖ᠬᠤᠷᠰᠢᠨ ᠬᠥᠭᠵᠢᠭᠦᠯᠬᠦ ᠰᠠᠯᠠᠭᠠᠨ ᠤ ᠬᠠᠷᠢᠭᠤᠴᠠᠯᠭᠠᠲᠠᠨ ᠸᠠᠩ ᠬᠠᠨ ᠪᠢᠨ᠄     ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠳᠣᠣᠷ᠎ᠠ᠂ ᠮᠠᠨ ᠤ ᠬᠤᠲᠠ ︽ᠶᠡᠭᠡ ᠪᠠᠷ ᠵᠠᠰᠠᠬᠤ︾ ᠪᠠ ︽ᠶᠡᠭᠡ ᠪᠠᠷ ᠬᠠᠮᠠᠭᠠᠯᠠᠬᠤ︾ ᠬᠤᠶᠠᠷ ᠶᠡᠭᠡ ᠬᠡᠰᠡᠭ ᠤᠨ ᠲᠣᠭᠤᠷᠢᠨ ᠳᠤ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠯᠠᠪᠳᠠᠭᠤᠨ ᠢᠶᠠᠷ ᠠᠬᠢᠭᠤᠯᠵᠤ ᠪᠠᠶᠢᠨ᠎ᠠ᠃ᠨᠢᠭᠡᠳᠦᠭᠡᠷ ᠲᠤ᠂ ︽ᠳᠥᠷᠪᠡᠨ ᠶᠡᠭᠡ ᠵᠠᠰᠠᠯᠲᠠ︾ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃① ᠬᠤᠲᠠ ᠶᠢᠨ ᠲᠣᠭᠤᠷᠢᠭ ᠤᠨ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ᠃ᠪᠥᠬᠦ ᠤᠯᠤᠰ ᠤᠨ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ ᠵᠢᠱᠢᠶ᠎ᠡ ᠦᠵᠡᠭᠦᠯᠬᠦ ᠬᠤᠲᠠ ᠶᠢᠨ ᠪᠦᠲᠦᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠪᠣᠷᠣᠭᠠᠨ ᠪᠣᠬᠢᠷ ᠤᠰᠤᠨ ᠤ ᠬᠤᠭᠤᠯᠠᠢ ᠲᠣᠣᠷ ᠢ ᠬᠤᠯᠢᠯᠳᠤᠭᠤᠯᠤᠨ ᠲᠠᠭᠠᠷᠠᠭᠤᠯᠵᠤ ᠪᠤᠷᠤᠭᠤ ᠵᠠᠯᠭᠠᠵᠤ ᠥᠭᠡᠷᠡᠴᠢᠯᠡᠬᠦ ᠵᠡᠷᠭᠡ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ︽ᠪᠣᠬᠢᠷ ᠤᠰᠤ ᠶᠢ ᠦᠢᠯᠡᠳᠪᠦᠷᠢ ᠳᠤ ᠣᠷᠣᠭᠤᠯᠬᠤ᠂ ᠪᠣᠷᠣᠭᠠᠨ ᠤ ᠤᠰᠤ ᠶᠢ ᠭᠤᠣᠯ ᠳᠤ ᠣᠷᠣᠭᠤᠯᠬᠤ︾ ᠶᠢ ᠪᠡᠶᠡᠯᠡᠭᠦᠯᠵᠦ᠂ ᠪᠣᠬᠢᠷ ᠤᠰᠤ ᠭᠠᠳᠠᠭᠰᠢ ᠪᠢᠯᠬᠠᠬᠤ ᠵᠡᠷᠭᠡ ᠪᠠᠶᠢᠳᠠᠯ ᠡᠭᠦᠰᠬᠦ ᠶᠢ ᠬᠤᠷᠢᠭᠯᠠᠪᠠ᠃ᠮᠠᠨ ᠤ ᠬᠤᠲᠠ ᠶᠢᠨ ᠬᠠᠷ᠎ᠠ ᠦᠮᠡᠬᠡᠢ ᠤᠰᠤᠨ ᠴᠣᠭᠴᠠ ᠶᠢ ᠵᠠᠰᠠᠬᠤ ᠳᠤ ᠪᠠᠭ᠎ᠠ ᠬᠠᠷ᠎ᠠ ᠭᠤᠣᠯ ᠪᠠ ᠵᠠᠳ᠋ᠭᠠᠢ ᠭᠤᠣᠯ ᠤᠨ ᠨᠡᠶᠢᠲᠡ 7 ᠬᠡᠰᠡᠭ ᠲᠤ ᠬᠤᠯᠪᠣᠭᠳᠠᠵᠤ᠂ ᠬᠠᠷ᠎ᠠ ᠦᠮᠡᠬᠡᠢ ᠦᠨᠦᠷ ᠢ ᠪᠦᠬᠦᠨ ᠢ ᠠᠷᠢᠯᠭᠠᠵᠤ᠂ ᠠᠷᠢᠯᠭᠠᠭᠰᠠᠨ ᠨᠤᠷᠮ᠎ᠠ ᠨᠢ 100% ᠳᠤ ᠬᠦᠷᠴᠡᠢ᠃ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠷᠠᠯ ᠢ ᠠᠷᠢᠯᠭᠠᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠠᠰ ᠤᠨ ᠲᠡᠯᠡᠶ ᠶᠢᠨ ᠤᠰᠤᠨ ᠤ ᠠᠮᠢ ᠠᠬᠤᠢ ᠶᠢᠨ ᠵᠠᠰᠠᠯᠲᠠ ᠵᠢᠴᠢ ᠶᠡᠭᠡ ᠬᠠᠷ᠎ᠠ ᠭᠤᠣᠯ ᠤᠨ ᠠᠮᠢ ᠠᠬᠤᠢ ᠶᠢᠨ ᠴᠡᠪᠡᠷᠰᠢᠯ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠠᠵᠢᠯ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠣᠯᠵᠤ᠂ ᠤᠯᠤᠰ ᠤᠨ ᠡᠵᠡᠮᠳᠡᠯ ᠤᠨ 5 ᠣᠭᠲᠣᠯᠣᠭᠠᠰᠤ ᠶᠢᠨ ᠤᠰᠤᠨ ᠤ ᠴᠢᠨᠠᠷ ᠨᠢ ᠴᠥᠮ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠷᠠᠯᠲᠠᠲᠤ ᠬᠢᠨᠠᠨ ᠰᠢᠯᠭᠠᠬᠤ ᠱᠠᠭᠠᠷᠳᠠᠯᠭ᠎ᠠ ᠳᠤ ᠬᠦᠷᠴᠦ᠂ ᠮᠠᠭᠤ V ᠲᠥᠷᠥᠯ ᠤᠨ ᠤᠰᠤᠨ ᠴᠣᠭᠴᠠ ᠶᠢ ᠪᠥᠬᠦ ᠲᠠᠯ᠎ᠠ ᠪᠠᠷ ᠠᠷᠢᠯᠭᠠᠵᠤ᠂ 2022 ᠣᠨ ᠳᠤ ᠭᠠᠵᠠᠷ ᠳᠡᠭᠡᠷᠡᠬᠢ ᠤᠰᠤᠨ ᠤ ᠣᠷᠴᠢᠨ ᠲᠣᠭᠤᠷᠢᠨ ᠤ ᠰᠠᠶᠢᠵᠢᠷᠠᠯᠲᠠ ᠶᠢᠨ ᠬᠡᠮᠵᠢᠶ᠎ᠡ ᠪᠥᠬᠦ ᠤᠯᠤᠰ ᠲᠤ ᠬᠤᠶᠠᠳᠤᠭᠠᠷ ᠲᠤ ᠣᠷᠣᠪᠠ᠃② ᠬᠥᠷᠥᠰᠥ ᠰᠢᠷᠣᠢ ᠶᠢᠨ ᠣᠷᠴᠢᠨ ᠲᠣᠭᠤᠷᠢᠨ ᠢ ᠵᠠᠰᠠᠬᠤ᠃ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢᠨ ᠲᠥᠰᠥᠯ ᠢ ᠲᠣᠭᠲᠠᠭᠠᠵᠤ᠂ 573 ᠠᠶᠢᠯ ᠲᠣᠰᠬᠤᠨ ᠤ ᠬᠥᠳᠡᠭᠡ ᠲᠣᠰᠬᠤᠨ ᠤ ᠣᠷᠴᠢᠨ ᠠᠬᠤᠢ ᠶᠢ ᠶᠡᠷᠦᠩᠬᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠨᠤᠷᠮ᠎ᠠ ᠶᠢ 56% ᠠᠴᠠ ᠳᠡᠭᠡᠭᠰᠢ ᠳᠤ ᠬᠦᠷᠭᠡᠨ᠎ᠡ᠃ᠭᠠᠵᠠᠷ ᠳᠣᠣᠷᠠᠬᠢ ᠤᠰᠤᠨ ᠤ ᠣᠷᠴᠢᠨ ᠲᠣᠭᠤᠷᠢᠨ ᠢ  ᠬᠢᠨᠠᠨ ᠬᠡᠮᠵᠢᠬᠦ ᠲᠣᠣᠷ ᠰᠦᠯᠵᠢᠶᠡᠨ ᠤ ᠬᠢᠨᠠᠨ ᠬᠠᠮᠢᠶᠠᠷᠤᠯᠲᠠ ᠶᠢᠨ ᠪᠦᠲᠦᠭᠡᠨ ᠪᠠᠶᠢᠭᠤᠯᠤᠯᠲᠠ᠂ ᠲᠤᠭᠲᠠᠬᠤ ᠰᠢᠶᠠᠨ ᠪᠣᠯᠣᠨ ᠲᠦᠮᠡᠳ ᠵᠡᠭᠦᠨ ᠬᠤᠰᠢᠭᠤᠨ ᠤ ᠬᠤᠭ ᠨᠣᠪᠰᠢ ᠪᠤᠯᠠᠬᠤ ᠲᠠᠯᠠᠪᠠᠢ ᠶᠢᠨ ᠭᠠᠵᠠᠷ ᠳᠣᠣᠷᠠᠬᠢ ᠤᠰᠤᠨ ᠤ ᠣᠷᠴᠢᠨ ᠲᠣᠭᠤᠷᠢᠨ ᠤ ᠪᠠᠶᠢᠳᠠᠯ ᠢ ᠪᠠᠶᠢᠴᠠᠭᠠᠨ ᠦᠨᠡᠯᠡᠬᠦ᠂ ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤ ᠭᠠᠵᠠᠷ ᠳᠣᠣᠷᠠᠬᠢ ᠤᠰᠤᠨ ᠤ ᠣᠷᠴᠢᠨ ᠲᠣᠭᠤᠷᠢᠨ ᠤ ᠨᠠᠷᠢᠨ ᠪᠠᠶᠢᠴᠠᠭᠠᠯᠲᠠ ᠵᠢᠴᠢ ᠲᠦᠭᠰᠢᠭᠦᠷᠢ ᠶᠢᠨ ᠦᠨᠡᠯᠡᠨ ᠵᠢᠱᠢᠯᠲᠡ ᠶᠢ ᠪᠡᠶᠡᠯᠡᠭᠦᠯᠪᠡ᠃ᠪᠥᠬᠦ ᠬᠤᠲᠠ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠠᠮᠢᠶᠠᠷᠤᠨ ᠡᠵᠡᠮᠳᠡᠬᠦ ᠨᠣᠷᠮ᠎ᠠ᠂ ᠪᠣᠬᠢᠷᠲᠤᠭᠰᠠᠨ ᠭᠠᠵᠠᠷ ᠤᠨ ᠠᠮᠤᠷ ᠲᠦᠪᠰᠢᠨ ᠤ ᠠᠰᠢᠭᠯᠠᠯᠲᠠ ᠶᠢᠨ ᠨᠣᠷᠮ᠎ᠠ ᠴᠥᠮ 100% ᠳᠤ ᠬᠦᠷᠴᠦ᠂ ᠪᠥᠬᠦ ᠣᠷᠣᠨ ᠤ ᠡᠮᠦᠨ᠎ᠡ ᠭᠤᠷᠪᠠ ᠳᠤ ᠪᠠᠶᠢᠷᠢᠯᠠᠪᠠ᠃③ ᠠᠭᠠᠷ ᠮᠠᠨᠳᠠᠯ ᠤᠨ ᠪᠣᠬᠢᠷᠲᠤᠯ ᠢ ᠵᠠᠰᠠᠬᠤ᠃ᠤᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠤᠯᠤᠰ ᠤᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠭ᠎ᠠ ᠶᠢᠨ ᠬᠤᠳᠠ ᠶᠢᠨ ᠵᠥᠪᠰᠢᠶᠡᠷᠡᠯ ᠢ ᠠᠮᠵᠢᠯᠲᠠ ᠲᠠᠢ ᠪᠠᠷ ᠣᠯᠵᠤ᠂ ᠲᠥᠪ ᠤᠨ ᠡᠳ᠋ ᠤᠨ ᠵᠠᠰᠠᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ 21 ᠳ᠋ᠦᠩᠰᠢᠭᠤᠷ ᠲᠥᠭᠦᠷᠢᠭ ︵2022~2024 ᠣᠨ︶ ᠬᠦᠷᠲᠡᠵᠦ᠂ ᠲᠠᠷᠠᠬᠠᠢ ᠪᠤᠲᠠᠷᠬᠠᠢ ᠨᠡᠭᠦᠷᠡᠰᠦ ᠶᠢ ᠴᠡᠭᠴᠡᠯᠡᠨ ᠵᠠᠰᠠᠬᠤ 18 ᠲᠦᠮᠡᠨ ᠡᠷᠤᠭᠡ ᠶᠢ ᠲᠦᠯᠬᠢᠨ ᠠᠬᠢᠭᠤᠯᠪᠠ᠃ᠨᠡᠭᠦᠷᠡᠰᠦ ᠰᠢᠲᠠᠭᠠᠬᠤ 360 ᠲᠤᠭᠤᠭᠠᠨ ᠵᠤᠤᠬ᠎ᠠ ᠶᠢ  ᠰᠢᠨᠡᠴᠢᠯᠡᠵᠦ᠂ ᠳᠣᠣᠷ᠎ᠠ ᠠᠽᠣᠲ ᠢᠶᠠᠷ  ᠰᠢᠲᠠᠮᠠᠬᠠᠢ ᠬᠡᠢ ᠶᠢᠨ 324 ᠲᠤᠭᠤᠭᠠᠨ ᠵᠤᠤᠬ᠎ᠠ ᠶᠢ ᠥᠭᠡᠷᠡᠴᠢᠯᠡᠨ᠎ᠡ᠃ᠪᠥᠬᠦ ᠬᠤᠲᠠ ᠶᠢᠨ 24 ᠰᠠᠭᠤᠷᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ᠂ 77 ᠰᠠᠭᠤᠷᠢ ᠠᠵᠤ ᠦᠢᠯᠡᠳᠪᠦᠷᠢ ᠶᠢᠨ ᠨᠦᠬᠡᠨ ᠵᠤᠤᠬ᠎ᠠ ᠶᠢ ᠶᠡᠭᠡ ᠬᠦᠴᠦᠨ ᠢᠶᠠᠷ ᠵᠠᠰᠠᠪᠠ᠃268 ᠲᠣᠰᠣ ᠨᠡᠮᠡᠬᠦ ᠥᠷᠲᠡᠭᠡ᠂ 198 ᠭᠤᠣᠯᠳᠠᠯᠭ᠎ᠠ ᠲᠠᠢ ᠠᠵᠤ ᠠᠬᠤᠶᠢᠯᠠᠯ᠂ 6003 ᠬᠡᠷᠡᠭᠯᠡᠵᠦ ᠪᠠᠶᠢᠭ᠎ᠠ ᠬᠦᠨᠳᠦ ᠬᠡᠯᠪᠡᠷᠢ ᠶᠢᠨ  ᠴᠢᠯᠠᠭᠤᠨ ᠲᠣᠰᠣᠨ ᠤ ᠪᠠᠷᠠᠭᠠᠨ ᠤ ᠲᠡᠷᠭᠡ ᠶᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠶᠢ ᠪᠡᠶᠡᠯᠡᠭᠦᠯᠪᠡ᠃ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠵᠢᠯ ᠳᠠᠷᠠᠭᠠᠯᠠᠨ ᠰᠠᠶᠢᠵᠢᠷᠠᠵᠤ᠂ 2022 ᠣᠨ ᠤ ᠰᠢᠯᠢᠳᠡᠭ ᠡᠳᠦᠷ ᠤᠨ ᠲᠤᠭ᠎ᠠ ᠨᠡᠶᠢᠳᠡ 329 ᠡᠳᠦᠷ ᠪᠠᠶᠢᠵᠤ᠂ ᠪᠠᠷᠢᠮᠵᠢᠶ᠎ᠠ ᠳᠤ ᠬᠦᠷᠦᠭᠰᠡᠨ ᠨᠤᠷᠮ᠎ᠠ ᠠᠩᠬ᠎ᠠ ᠤᠳᠠᠭ᠎ᠠ 90%  ᠢ ᠳᠠᠪᠠᠵᠤ᠂ ᠰᠠᠶᠢᠵᠢᠷᠠᠭᠤᠯᠤᠭᠰᠠᠨ ᠬᠡᠮᠵᠢᠶ᠎ᠡ ᠪᠦᠬᠦ ᠣᠷᠣᠨ ᠳᠤ ᠲᠡᠷᠢᠭᠦᠯᠡᠪᠡ᠃ᠳᠥᠷᠪᠡ᠂ ᠠᠮᠢ ᠠᠬᠤᠢ ᠶᠢ ᠰᠡᠷᠭᠦᠭᠡᠨ ᠵᠠᠰᠠᠨ᠎ᠠ᠃ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠵᠤ᠂ ᠣᠶᠢᠵᠢᠭᠤᠯᠬᠤ ᠳᠤ ᠨᠥᠬᠦᠪᠦᠷᠢ ᠥᠭᠬᠦ ᠲᠥᠷᠥᠯ ᠵᠦᠢᠯ᠂ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠂ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠵᠡᠷᠭᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ 2022 ᠣᠨ ᠳᠤ 40.86 ᠲᠦᠮᠡᠨ ᠮᠦ ᠡᠯᠡᠰᠦ ᠶᠢ ᠰᠡᠷᠭᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ 8 ᠲᠦᠮᠡᠨ ᠮᠦ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 41.2 ᠲᠦᠮᠡᠨ ᠮᠦ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠡᠶᠡᠯᠡᠭᠦᠯᠦᠨ᠎ᠡ᠃ᠴᠡᠪᠡᠷ ᠵᠢᠵᠢᠭ ᠰᠠᠪᠠ ᠭᠠᠵᠠᠷ ᠤᠨ ᠬᠥᠷᠥᠰᠥ ᠰᠢᠷᠣᠢ ᠶᠢ ᠬᠠᠮᠠᠭᠠᠯᠠᠬᠤ ᠪᠠ ᠶᠡᠷᠦᠩᠬᠡᠶᠢᠯᠡᠨ ᠵᠠᠰᠠᠬᠤ 6 ᠢᠨᠵᠧᠨᠧᠷᠢᠩ ᠢ 110 ᠲᠡᠭᠰᠢ ᠳᠥᠷᠪᠡᠯᠵᠢᠨ ᠺᠢᠯᠣᠮᠧᠲᠷ ᠪᠡᠶᠡᠯᠡᠭᠦᠯᠵᠦ᠂ ᠨᠠᠯᠠᠤ ᠲᠠᠷᠢᠶᠠᠨ ᠭᠠᠵᠠᠷ ᠤᠨ ᠬᠥᠷᠥᠰᠥ ᠰᠢᠷᠣᠢ ᠶᠢ ᠬᠠᠮᠠᠭᠠᠯᠠᠬᠤ ᠪᠠ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠵᠠᠰᠠᠬᠤ ᠲᠠᠯᠠᠪᠠᠢ 2234 ᠲᠡᠭᠰᠢ ᠳᠥᠷᠪᠡᠯᠵᠢᠨ ᠺᠢᠯᠣᠮᠧᠲᠷ ᠲᠤ ᠬᠦᠷᠪᠡ᠃ᠬᠤᠶᠠᠳᠤᠭᠠᠷ ᠲᠤ ︽ᠲᠦᠷᠪᠡᠨ ᠵᠦᠢᠯ ᠤᠨ ᠢᠨᠵᠧᠨᠧᠷᠢᠩ︾ ᠢ ᠲᠣᠪᠤᠶᠢᠯᠭᠠᠨ ᠰᠠᠶᠢᠲᠤᠷ ᠠᠳᠬᠤᠨ᠎ᠠ᠃① ᠦᠶᠡᠷ ᠢ ᠰᠡᠷᠭᠡᠶᠢᠯᠡᠬᠦ ᠭᠠᠮᠰᠢᠭ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢᠨ ᠢᠨᠵᠧᠨᠧᠷᠢᠩ᠃ᠬᠤᠰᠢᠭᠤ ᠰᠢᠶᠠᠨ ᠲᠣᠭᠤᠷᠢᠭ ᠤᠨ ᠠᠭᠤᠯᠠᠨ ᠦᠶᠡᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠥᠬᠦ ᠲᠠᠯ᠎ᠠ ᠪᠠᠷ ᠲᠠᠰ ᠳᠡᠪᠰᠢᠭᠦᠯᠪᠡ᠃ᠬᠤᠷᠢᠨᠭᠡᠷ ᠰᠢᠶᠠᠨ ᠤ ᠮᠢᠶᠣᠣ ᠣᠪᠣᠭᠲᠤ ᠶᠢᠨ ᠬᠤᠷᠢ ᠶᠢᠰᠦᠳᠦᠭᠡᠷ ᠤᠰᠤᠨ ᠴᠥᠭᠦᠷᠥᠮ᠂ ᠦᠴᠦᠸᠠᠨ ᠰᠢᠶᠠᠨ ᠤ ᠸᠠᠨ ᠲᠤᠤ ᠾᠧ ᠤᠰᠤᠨ ᠴᠥᠭᠦᠷᠥᠮ ᠵᠡᠷᠭᠡ ᠡᠮᠵᠡᠭ ᠠᠶᠤᠯᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠠᠵᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ 15 ᠨᠦᠯᠦᠮᠡᠯ ᠭᠠᠵᠠᠷ ᠤᠨ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠯᠡᠬᠦ ᠡᠭᠦᠷᠭᠡ ᠶᠢ ᠪᠡᠶᠡᠯᠡᠭᠦᠯᠵᠦ᠂ 33 ᠨᠦᠯᠦᠮᠡᠯ ᠭᠠᠵᠠᠷ ᠤᠨ ᠬᠠᠰᠢᠯᠭ᠎ᠠ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠪᠠ᠃② ᠬᠥᠷᠥᠰᠥ ᠰᠢᠷᠣᠢ ᠶᠢ ᠬᠠᠮᠠᠭᠠᠯᠠᠬᠤ ᠢᠨᠵᠧᠨᠧᠷᠢᠩ᠃ᠬᠠᠲᠤᠨ ᠭᠤᠣᠯ ᠳᠠᠭᠠᠤ ᠶᠢᠨ ᠳᠣᠪᠣᠷᠬᠠᠭ ᠭᠤᠤ ᠭᠠᠩᠭ᠎ᠠ᠂ ᠰᠢᠷᠣᠢ ᠴᠢᠯᠠᠭᠤᠲᠤ ᠠᠭᠤᠯᠠᠷᠬᠠᠭ ᠣᠷᠣᠨ ᠤ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠵᠡᠷᠭᠡ ᠢᠨᠵᠧᠨᠧᠷᠢᠩ ᠢ ᠪᠦᠬᠦ ᠲᠠᠯ᠎ᠠ ᠪᠠᠷ ᠥᠷᠨᠢᠭᠦᠯᠦᠨ᠎ᠡ᠃ᠬᠥᠷᠥᠰᠥ ᠰᠢᠷᠣᠢ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠵᠦ ᠬᠢᠨᠠᠯᠲᠠ ᠲᠠᠯᠪᠢᠬᠤ ᠰᠢᠰᠲ᠋ᠧᠮ ᠪᠠ ᠬᠢᠨᠠᠨ ᠬᠡᠮᠵᠢᠬᠦ ᠲᠣᠣᠷ ᠰᠦᠯᠵᠢᠶ᠎ᠡ ᠶᠢ ᠪᠠᠶᠢᠭᠤᠯᠵᠤ᠂ ᠵᠠᠭᠠᠭ ᠣᠭᠲᠣᠯᠣᠭᠠᠰᠤ ᠶᠢᠨ ᠬᠢᠨᠠᠨ ᠬᠡᠮᠵᠢᠬᠦ ᠴᠡᠭ ᠢ ᠪᠦᠬᠦ ᠲᠠᠯ᠎ᠠ ᠪᠠᠷ ᠪᠠᠶᠢᠷᠢᠰᠢᠭᠤᠯᠵᠤ᠂ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠤᠷᠢᠳᠴᠢᠯᠠᠨ ᠰᠡᠷᠭᠡᠶᠢᠯᠡᠵᠦ ᠬᠢᠨᠠᠯᠲᠠ ᠲᠠᠯᠪᠢᠬᠤ ᠶᠢ ︽ᠪᠦᠬᠦᠨ ᠢ ᠬᠠᠮᠤᠷᠤᠭᠤᠯᠬᠤ︾ ᠶᠢ ᠪᠡᠶᠡᠯᠡᠭᠦᠯᠪᠡ᠃2022 ᠣᠨ ᠳᠤ ᠪᠥᠬᠦ ᠬᠤᠲᠠ ᠶᠢᠨ ᠬᠥᠷᠥᠰᠥ ᠰᠢᠷᠣᠢ ᠶᠢᠨ ᠢᠳᠡᠭᠳᠡᠯ ᠤᠨ ᠲᠠᠯᠠᠪᠠᠶ ᠶᠢ 450 ᠲᠡᠭᠰᠢ ᠳᠥᠷᠪᠡᠯᠵᠢᠨ ᠺᠢᠯᠣᠮᠧᠲᠷ ᠵᠠᠰᠠᠬᠤ ᠪᠠᠷ ᠲᠥᠯᠥᠪᠯᠡᠵᠦ᠂ ᠵᠠᠰᠠᠬᠤ ᠲᠠᠯᠠᠪᠠᠶ ᠶᠢ 459 ᠲᠡᠭᠰᠢ ᠳᠥᠷᠪᠡᠯᠵᠢᠨ ᠺᠢᠯᠣᠮᠧᠲᠷ ᠪᠣᠳᠠᠲᠠᠢ ᠪᠡᠶᠡᠯᠡᠭᠦᠯᠵᠦ᠂ ᠶᠡᠷᠦᠩᠬᠡᠢ ᠡᠭᠦᠷᠭᠡ ᠶᠢᠨ 102% ᠢ ᠪᠡᠶᠡᠯᠡᠭᠦᠯᠪᠡ᠃ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ 30 ᠲᠡᠭᠰᠢ ᠳᠥᠷᠪᠡᠯᠵᠢᠨ ᠺᠢᠯᠣᠮᠧᠲᠷ ᠬᠡᠷᠡᠭᠵᠢᠭᠦᠯᠵᠦ᠂ ᠨᠠᠯᠠᠤ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠲᠠᠯᠠᠪᠠᠢ ᠶᠢ 1167 ᠲᠡᠭᠰᠢ ᠳᠥᠷᠪᠡᠯᠵᠢᠨ ᠺᠢᠯᠣᠮᠧᠲᠷ ᠰᠢᠨ᠎ᠡ ᠪᠠᠷ ᠨᠡᠮᠡᠭᠳᠡᠭᠦᠯᠪᠡ᠃③ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠢᠨᠵᠧᠨᠧᠷᠢᠩ᠃ᠤᠰᠤ ᠲᠠᠲᠠᠵᠤ ᠬᠡᠷᠡᠭᠯᠡᠬᠦ ᠵᠥᠪᠰᠢᠶᠡᠷᠡᠯ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠪᠢᠲᠡᠭᠦᠮᠵᠢᠯᠡᠭᠰᠡᠨ ᠥᠪᠡᠷ ᠲᠡᠭᠡᠨ ᠪᠡᠯᠡᠳᠬᠡᠭᠰᠡᠨ ᠬᠤᠳᠳᠤᠭ ᠤᠨ ᠤᠰᠤᠨ ᠤ ᠰᠤᠷᠪᠤᠯᠵᠢ ᠶᠢ ᠣᠷᠣᠯᠠᠭᠤᠯᠬᠤ ᠢᠨᠵᠧᠨᠧᠷᠢᠩ ᠢ ᠥᠷᠨᠢᠭᠦᠯᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃2022 ᠣᠨ ᠳᠤ ᠮᠠᠨ ᠤ ᠬᠤᠲᠠ ᠶᠢᠨ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ 2020 ᠣᠨ ᠤ ᠬᠢ ᠠᠴᠠ 12.7% ᠪᠠᠷ ᠪᠠᠭᠤᠷᠠᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ 2020 ᠣᠨ ᠤ ᠬᠢ ᠠᠴᠠ 9.39% ᠪᠠᠷ ᠪᠠᠭᠤᠷᠠᠪᠠ᠃④ ᠭᠤᠣᠯᠳᠠᠯᠭ᠎ᠠ ᠲᠠᠢ ᠨᠠᠭᠤᠷ ᠲᠣᠭᠤᠷᠢᠮ ᠢ ᠬᠠᠮᠠᠭᠠᠯᠠᠬᠤ ᠢᠨᠵᠧᠨᠧᠷᠢᠩ᠃ᠪᠥᠬᠦ ᠬᠤᠲᠠ ᠶᠢᠨ ᠴᠢᠭᠢᠭᠯᠢᠭ ᠭᠠᠵᠠᠷ ᠤᠨ ᠲᠠᠯᠠᠪᠠᠶ 57.38 ᠲᠦᠮᠡᠨ ᠮᠦ ᠳᠤ ᠬᠦᠷᠴᠦ᠂ ᠭᠤᠣᠯᠳᠠᠭᠤ ᠬᠠᠲᠤᠨ ᠭᠤᠣᠯ᠂ ᠬᠤᠯᠠᠨ ᠭᠤᠣᠯ᠂ ᠶᠡᠭᠡ ᠬᠠᠷ᠎ᠠ ᠭᠤᠣᠯ ᠤᠨ ᠰᠠᠪᠠ ᠭᠠᠵᠠᠷ ᠵᠢᠴᠢ ᠬᠠᠰᠠᠭ ᠲᠠᠩᠭᠢᠰ ᠤᠨ ᠡᠷᠬᠢᠨ ᠲᠣᠭᠤᠷᠢᠨ ᠳᠤ ᠲᠥᠪᠯᠡᠷᠡᠵᠦ ᠪᠠᠶᠢᠨ᠎ᠠ᠃2020 ᠣᠨ ᠤ ᠬᠢ ᠲᠠᠢ ᠬᠠᠷᠢᠴᠠᠭᠤᠯᠪᠠᠯ᠂ ᠴᠢᠭᠢᠭᠯᠢᠭ ᠭᠠᠵᠠᠷ ᠤᠨ ᠲᠠᠯᠠᠪᠠᠶ 879 ᠮᠦ ᠨᠡᠮᠡᠭᠳᠡᠵᠡᠢ᠃ᠣᠲᠣ ᠨᠢᠭᠡᠨᠲᠡ ᠬᠠᠰᠬᠠᠢ᠂ ᠬᠤᠯᠠᠨ ᠭᠤᠣᠯ ᠤᠨ 2 ᠤᠯᠤᠰ ᠤᠨ ᠨᠤᠭᠤ ᠭᠠᠵᠠᠷ ᠤᠨ ᠴᠡᠴᠡᠷᠯᠢᠭ᠂ 7 ᠬᠤᠲᠠ ᠶᠢᠨ ᠲᠠᠰ ᠤᠨ ᠴᠢᠬᠤᠯᠠ ᠨᠤᠭᠤ ᠭᠠᠵᠠᠷ ᠢ ᠪᠠᠶᠢᠭᠤᠯᠪᠠ᠃ᠬᠥᠲᠥᠯᠥᠭᠴᠢ᠄     ᠮᠠᠨ ᠤ ᠬᠤᠲᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠠᠯ᠎ᠠ ᠪᠠᠷ ᠦᠨᠡᠬᠡᠷ ᠬᠦᠴᠦ ᠣᠷᠣᠭᠤᠯᠵᠤ᠂ ᠦᠷ᠎ᠡ ᠪᠦᠲᠦᠮᠵᠢ ᠣᠯᠣᠭᠰᠠᠨ ᠢ ᠣᠯᠵᠤ ᠬᠠᠷᠠᠵᠤ ᠪᠣᠯᠣᠨ᠎ᠠ᠂ ᠲᠡᠭᠡᠪᠡᠯ ᠬᠠᠲᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠶ︖ᠬᠤᠷᠰᠢᠨ ᠬᠥᠭᠵᠢᠭᠦᠯᠬᠦ ᠰᠠᠯᠠᠭᠠᠨ ᠤ ᠬᠠᠷᠢᠭᠤᠴᠠᠯᠭᠠᠲᠠᠨ ᠸᠠᠩ ᠬᠠᠨ ᠪᠢᠨ᠄     ᠳᠡᠭᠡᠷ᠎ᠡ ᠬᠠᠭᠠᠰ ᠵᠢᠯ ᠳᠤ᠂ ᠪᠦᠬᠦ ᠬᠤᠲᠠ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠨᠲᠠᠷᠠᠰᠢ ᠦᠭᠡᠢ ᠴᠢᠷᠮᠠᠶᠢᠨ ᠠᠵᠢᠯᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ ᠲᠤᠤᠱᠯᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠲᠠᠯᠳᠠ ᠬᠦᠴᠦᠨ ᠪᠠ ᠬᠦᠴᠦᠨ ᠴᠢᠳᠠᠯ ᠢ ᠭᠦᠢᠴᠡᠳ ᠬᠥᠭᠵᠢᠭᠡᠵᠦ᠂ ᠵᠣᠷᠢᠭᠲᠠᠢ ᠪᠠᠷ ᠥᠨᠳᠥᠷ ᠲᠤ ᠭᠠᠷᠬᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠮᠥᠷᠲᠡᠭᠡᠨ ᠪᠠᠰᠠ ᠯᠠᠪᠳᠠᠭᠤᠨ ᠪᠠᠲᠤᠲᠠᠢ ᠪᠠᠷ ᠠᠵᠢᠯᠯᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ︽ᠨᠠᠷᠢᠯᠢᠭ ᠣᠨᠣᠴᠠᠲᠠᠢ ᠪᠠᠷ ᠬᠦᠴᠦᠯᠡᠨ ᠲᠣᠬᠢᠷᠠᠭᠤᠯᠵᠤ ᠲᠣᠬᠢᠷᠠᠭᠤᠯᠬᠤ ᠶᠢ ᠠᠳᠬᠤᠬᠤ᠂ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠬᠤ ᠶᠢ ᠠᠳᠬᠤᠬᠤ᠂ ᠠᠷᠭ᠎ᠠ ᠪᠦᠬᠦᠨ ᠢ ᠰᠦᠪᠡᠭᠴᠢᠯᠡᠨ ᠲᠠᠯᠳᠠ ᠬᠦᠴᠦᠨ ᠢ ᠠᠭᠤᠳᠠᠯᠬᠤ ᠶᠢ ᠠᠳᠬᠤᠬᠤ︾ ᠲᠠᠯ᠎ᠠ ᠪᠠᠷ ᠪᠣᠳᠠᠲᠠᠢ ᠠᠵᠢᠯ ᠬᠢᠵᠦ᠂ ᠪᠣᠳᠠᠲᠠᠢ ᠠᠷᠭ᠎ᠠ ᠬᠡᠮᠵᠢᠶ᠎ᠡ ᠠᠪᠴᠤ᠂ ︽ᠬᠦᠴᠦᠷᠬᠡᠭ ᠣᠷᠣᠨ ᠤ ᠲᠥᠪ︾ ᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠠᠵᠤ ᠠᠬᠤᠢ ᠶᠢᠨ ᠠᠵᠢᠯᠯᠠᠭᠠᠨ ᠳᠤ ︽ᠥᠨᠳᠥᠷ ᠴᠡᠭ ᠲᠤ ᠡᠬᠢᠯᠡᠵᠦ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠢᠯᠢᠳᠡᠭᠴᠢᠯᠡᠨ ᠤᠷᠤᠭᠰᠢᠯᠠᠬᠤ︾ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ᠃ᠠᠵᠤ ᠦᠢᠯᠡᠰ ᠪᠣᠯ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢ ᠮᠥᠨ᠂ ᠬᠤᠳᠠ ᠶᠢᠨ ᠭᠤᠣᠯᠯᠠᠭᠴᠢ ᠥᠷᠢᠰᠦᠯᠳᠦᠬᠦ ᠬᠦᠴᠦᠨ ᠤ︽ᠬᠠᠲᠠᠭᠤ ᠲᠤᠯᠭᠠᠭᠤᠷᠢ︾ᠮᠥᠨ᠃ᠮᠠᠨ ᠤ ᠬᠤᠲᠠ ᠣᠳᠣ ᠶᠠᠭ ᠰᠦᠨ ᠤ ᠦᠢᠯᠡᠰ᠂ ᠲᠣᠮᠣ ᠳ᠋ᠠᠶᠢᠲ᠋ᠠ᠂ ᠴᠠᠬᠢᠭᠤᠷ ᠤᠨ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ᠂ ᠠᠷᠢᠭᠤᠨ ᠴᠡᠪᠡᠷ ᠡᠨᠧᠷᠭᠢ᠂ ᠣᠳᠣᠬᠢᠴᠢᠯᠠᠭᠰᠠᠨ ᠠᠵᠤ ᠦᠢᠯᠡᠳᠪᠦᠷᠢ ᠶᠢᠨ︽ᠵᠢᠷᠭᠤᠭᠠᠨ ᠲᠣᠮᠣ ᠠᠵᠤ ᠦᠢᠯᠡᠰ ᠤᠨ ᠪᠦᠯᠦᠭᠯᠡᠯ︾ ᠢ ᠶᠡᠭᠡ ᠪᠠᠷ ᠪᠣᠶᠢᠵᠢᠭᠤᠯᠵᠤ᠂ ︽ᠳᠤᠮᠳᠠᠳᠤ ᠤᠯᠤᠰ ᠤᠨ ᠰᠦᠨ ᠤ ᠲᠥᠪ︾᠂︽ᠳᠤᠮᠳᠠᠳᠤ ᠤᠯᠤᠰ ᠤᠨ ᠡᠭᠦᠯᠡᠨ ᠬᠥᠨᠳᠡᠢ︾ ᠪᠣᠯᠣᠨ ᠪᠦᠬᠦ ᠪᠥᠮᠪᠥᠷᠴᠡᠭ ᠤᠨ ᠪᠣᠬᠢᠷᠲᠤᠯ ᠦᠭᠡᠢ ᠪᠤᠳᠤᠬᠤ ᠬᠦᠴᠦᠨ ᠤ ᠲᠥᠪ ᠢ ᠴᠢᠷᠮᠠᠶᠢᠨ ᠪᠠᠶᠢᠭᠤᠯᠵᠤ᠂ ︽ᠳᠤᠮᠳᠠᠳᠤ ᠤᠯᠤᠰ ᠤᠨ ᠬᠠᠭᠠᠰ ᠳᠠᠮᠵᠢᠭᠤᠯᠤᠭᠴᠢ ᠴᠠᠬᠢᠭᠤᠷ ᠤᠨ ᠮᠠᠲ᠋ᠧᠷᠢᠶᠠᠯ ᠤᠨ ᠬᠥᠨᠳᠡᠢ︾ ᠶᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ ᠪᠠᠶᠢᠨ᠎ᠠ᠃ᠡᠨᠡ ᠵᠢᠯ ᠤᠨ ᠳᠡᠭᠡᠷ᠎ᠡ ᠬᠠᠭᠠᠰ ᠵᠢᠯ ᠳᠤ ᠵᠢᠷᠭᠤᠭᠠᠨ ᠲᠣᠮᠣ ᠠᠵᠤ ᠦᠢᠯᠡᠰ ᠤᠨ ᠪᠦᠯᠦᠭᠯᠡᠯ ᠵᠢᠱᠢᠯᠲᠡ ᠪᠠᠷ 1155 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ  ᠢ ᠪᠡᠶᠡᠯᠡᠭᠦᠯᠵᠦ᠂ ᠪᠥᠬᠦ ᠬᠤᠲᠠ ᠶᠢᠨ ᠠᠵᠤ ᠦᠢᠯᠡᠳᠪᠦᠷᠢ ᠶᠢᠨ 87.6% ᠣᠷᠴᠢᠮ  ᠢ ᠡᠵᠡᠯᠡᠬᠦ ᠪᠣᠯᠣᠨ᠎ᠠ᠃309 ᠭᠤᠣᠯᠳᠠᠯᠭ᠎ᠠ ᠲᠠᠢ ᠵᠦᠢᠯᠡᠰ ᠢ ᠬᠡᠷᠡᠭᠵᠢᠭᠦᠯᠬᠦ ᠪᠠᠷ ᠲᠥᠯᠥᠪᠯᠡᠵᠦ᠂ ᠵᠢᠯ ᠳᠤ 56191 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ 273 ᠵᠦᠢᠯ ᠤᠨ ᠠᠵᠢᠯ ᠢ ᠨᠢᠭᠡᠨᠲᠡ ᠡᠬᠢᠯᠡᠭᠦᠯᠦᠨ ᠰᠡᠷᠭᠦᠭᠡᠵᠦ᠂ 27098 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ;1-6 ᠰᠠᠷ᠎ᠠ ᠳᠤ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ 163 ᠪᠠᠶᠢᠵᠤ᠂ ᠬᠡᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ ᠨᠢ 3350.56 ᠳ᠋ᠦᠩᠰᠢᠭᠤᠷ ᠲᠥᠭᠦᠷᠢᠭ ᠲᠤ ᠬᠦᠷᠴᠡᠢ᠃ᠴᠢᠬᠤᠯᠠ ᠶᠡᠭᠡ ᠲᠦᠷᠦᠯ ᠵᠦᠢᠯ ᠪᠣᠯ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠴᠢᠬᠤᠯᠠ ᠬᠥᠳᠡᠯᠭᠡᠬᠦ ᠬᠦᠴᠦᠨ ᠮᠥᠨ᠂ ᠪᠠᠰᠠ ᠴᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠲᠤᠯᠭᠠᠭᠤᠷᠢᠯᠠᠯ ᠮᠥᠨ᠃︽ᠠᠮᠢ ᠠᠬᠤᠢ ᠶᠢᠨ ᠬᠠᠮᠠᠭᠠᠯᠠᠯᠲᠠ᠂ ᠠᠮᠢ ᠠᠬᠤᠢ ᠶᠢᠨ ᠵᠠᠰᠠᠯᠲᠠ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ᠂ ᠴᠢᠨᠠᠷ ᠰᠠᠶᠢᠲᠠᠢ ᠬᠥᠭᠵᠢᠭᠦᠯᠬᠦ᠂ ᠰᠣᠶᠣᠯ ᠤᠨ ᠵᠢᠭᠤᠯᠴᠢᠯᠠᠯ︾ ᠵᠡᠷᠭᠡ ᠲᠠᠪᠤᠨ ᠲᠠᠯ᠎ᠠ ᠶᠢᠨ ᠲᠣᠭᠤᠷᠢᠨ ᠳᠤ᠂ ᠮᠠᠨ ᠤ ᠬᠤᠲᠠ ᠶᠢᠨ ᠬᠠᠲᠤᠨ ᠭᠤᠣᠯ ᠤᠨ ᠰᠠᠪᠠ ᠭᠠᠵᠠᠷ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠴᠢᠬᠤᠯᠠ ᠶᠡᠭᠡ ᠲᠥᠷᠥᠯ ᠵᠦᠢᠯ ᠤᠨ 141 ᠶᠢ ᠡᠮᠬᠢᠯᠡᠨ ᠬᠤᠷᠢᠶᠠᠩᠭᠤᠶᠢᠯᠠᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 3034 ᠳ᠋ᠦᠩᠰᠢᠭᠤᠷ ᠲᠥᠭᠦᠷᠢᠭ ᠪᠠᠶᠢᠵᠤ᠂ ︽ᠬᠥᠬᠡᠬᠤᠲᠠ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠴᠢᠬᠤᠯᠠ ᠶᠡᠭᠡ ᠲᠥᠷᠥᠯ ᠵᠦᠢᠯ ᠤᠨ ᠳᠡᠪᠲᠡᠷ︾ ᠢ ᠨᠠᠶᠢᠷᠠᠭᠤᠯᠤᠨ ᠵᠣᠬᠢᠶᠠᠵᠤ᠂ ᠣᠲᠣ ᠪᠣᠯᠲᠠᠯ᠎ᠠ᠂ ᠮᠠᠨ ᠤ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ 78 ᠶᠢ ᠨᠢᠭᠡᠨᠲᠡ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ ᠨᠢ 55.3% ᠪᠣᠯᠣᠨ᠎ᠠ᠃2022 ᠣᠨ ᠳᠤ ᠮᠠᠨ ᠤ ᠬᠤᠲᠠ ᠤᠯᠤᠰ ᠤᠨ ᠬᠠᠲᠤᠨ ᠭᠤᠣᠯ ᠤᠨ ᠰᠠᠪᠠ ᠭᠠᠵᠠᠷ ᠤᠨ ᠲᠥᠪ ᠤᠨ ᠲᠥᠰᠥᠪ ᠤᠨ ᠳᠣᠲᠣᠷᠠᠬᠢ ᠨᠡᠶᠢᠲᠡ 7581 ᠲᠦᠮᠡᠨ ᠲᠥᠭᠦᠷᠢᠭ ᠤᠨ ᠪᠡᠯᠡ ᠮᠥᠩᠭᠦ ᠶᠢ ᠴᠢᠷᠮᠠᠶᠢᠨ ᠣᠯᠵᠤ᠂ ᠡᠨᠡ ᠵᠢᠯ ᠤᠨ 2 ᠰᠠᠷ᠎ᠠ ᠳᠤ 18 ᠲᠥᠷᠥᠯ ᠵᠦᠢᠯ ᠢ ᠳᠡᠭᠡᠭᠰᠢ ᠮᠡᠳᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠶᠢᠨ ᠬᠡᠮᠵᠢᠶ᠎ᠡ ᠨᠢ 28.25 ᠳ᠋ᠦᠩᠰᠢᠭᠤᠷ ᠲᠥᠭᠦᠷᠢᠭ ᠲᠤ ᠬᠦᠷᠴᠦ᠂ ᠮᠠᠨ ᠤ ᠬᠤᠲᠠ ᠶᠢᠨ ᠬᠠᠲᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠳᠤ ᠪᠡᠯᠡ ᠮᠥᠩᠭᠦ ᠶᠢᠨ ᠳᠡᠮᠵᠢᠯᠭᠡ ᠬᠠᠩᠭᠠᠪᠠ᠃ᠬᠠᠮᠢᠶᠠᠷᠤᠭᠴᠢ᠄     ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠼᠤᠤ ᠵᠤᠸᠧ  ᠹᠧᠩ᠂ ᠬᠠᠮᠲᠤᠷᠠᠯᠴᠠᠭᠠᠨ ᠤ ᠬᠥᠭᠵᠢᠭᠦᠯᠦᠯᠲᠡ ᠶᠢᠨ ᠰᠠᠯᠠᠭᠠᠨ ᠤ ᠸᠠᠩ ᠬᠠᠨ ᠪᠢᠨ ᠳᠤ ᠲᠠᠯᠠᠷᠬᠠᠵᠤ ᠪᠠᠶᠢᠨ᠎ᠠ᠃ ᠰᠦᠯᠵᠢᠶᠡᠨ ᠤ ᠠᠨᠳᠠ ᠨᠠᠷ ᠤᠨ ᠠᠩᠬᠠᠷᠤᠯ ᠲᠠᠯᠪᠢᠵᠤ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠃ ᠲᠤᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠯᠠᠷᠬᠠᠵᠤ ᠪᠠᠶᠢᠨ᠎ᠠ᠃ 
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号