-- 2023 ᠣᠨ ᠤ 8 ᠰᠠᠷ᠎ᠠ ᠶᠢᠨ 10 ᠤ ᠡᠳᠦᠷ ᠴᠠᠰᠤᠴᠢ ᠪᠠᠯᠭᠠᠰᠤᠨ ᠤ ᠠᠷᠪᠠᠨ ᠳᠣᠯᠣᠳᠤᠭᠠᠷ | ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ | ᠴᠠᠭᠠᠰᠤᠴᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠬᠤᠩ ᠳ᠋ᠦᠩ | | | | | ᠲᠥᠯᠥᠭᠡᠯᠡᠭᠴᠢᠳ ᠨᠠᠷ ᠠ᠄ | ᠤᠳᠤ ᠪᠢ ᠴᠠᠰᠤᠴᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ | ᠵᠠᠰᠠᠭ ᠤᠨ ᠣᠷᠳᠣᠨ ᠤ ᠠᠵᠢᠯ ᠢᠶᠠᠨ ᠮᠡᠳᠡᠭᠦᠯᠦᠶ᠎ᠡ᠃ ᠬᠢᠨᠠᠨ ᠶᠠᠷᠢᠯᠴᠠᠬᠤ ᠪᠣᠯᠪᠠᠤ᠂ ᠬᠤᠷᠠᠯ ᠳᠤ ᠰᠤᠯᠠ | ᠣᠷᠣᠯᠴᠠᠭᠰᠠᠨ ᠨᠥᠬᠦᠳ ᠰᠠᠨᠠᠯ ᠰᠠᠨᠠᠭᠤᠯᠭ᠎ᠠ ᠪᠠᠨ ᠳᠤᠷᠠᠳᠬᠤ ᠪᠣᠯᠪᠠᠤ᠃ | ᠨᠢᠭᠡ᠂ ᠡᠨᠡ ᠵᠢᠯ ᠠᠴᠠ ᠨᠠᠭᠠᠰᠢᠬᠢ ᠠᠵᠢᠯ ᠢᠶᠠᠨ ᠥᠷᠨᠢᠭᠦᠯᠦᠭᠰᠡᠨ ᠪᠠᠶᠢᠳᠠᠯ᠄ | ᠡᠨᠡ ᠵᠢᠯ ᠠᠴᠠ ᠨᠠᠰᠢ᠂ ᠪᠦᠬᠦ ᠪᠠᠯᠭᠠᠰᠤ ᠪᠠᠷ ᠢᠶᠠᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠪᠠᠯᠭᠠᠰᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ | ︾ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠮᠡᠳ ᠵᠡᠭᠦᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠴᠠ ᠳᠤᠷᠠᠳᠤᠭᠰᠠᠨ ᠬᠠᠷᠠᠯᠲᠠ | ᠱᠠᠭᠠᠷᠳᠠᠯᠭ᠎ᠠ ᠵᠢᠴᠢ ᠴᠠᠭ ᠤᠨ ᠬᠢᠵᠠᠭᠠᠷ ᠠᠷᠭ᠎ᠠ ᠬᠡᠮᠵᠢᠶ᠎ᠡ ᠳᠤ ᠴᠢᠭᠯᠡᠭᠦᠯᠦᠨ᠂ ᠪᠥᠬᠦ ᠪᠠᠯᠭᠠᠰᠤᠨ ᠤ ᠺᠠᠳ᠋ᠷ᠂ ᠣᠯᠠᠨ | ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠣᠳᠠᠲᠠᠢ ᠶᠢ ᠡᠷᠬᠢᠮᠯᠡᠨ ᠦᠨᠡᠨᠴᠢ ᠰᠢᠳᠤᠷᠭᠤ ᠪᠠᠷ | ᠠᠵᠢᠯᠯᠠᠵᠤ᠂ ᠡᠯ᠎ᠡ ᠵᠦᠢᠯ ᠤᠨ ᠠᠵᠢᠯ ᠪᠠᠶᠠᠷᠯᠠᠭᠤᠰᠢᠲᠠᠢ ᠠᠬᠢᠯᠲᠠ ᠲᠠᠢ ᠪᠣᠯᠪᠠ᠃ | | | ︵ᠨᠢᠭᠡ︶ ᠡᠷᠡᠯᠬᠡᠭᠯᠡᠨ ᠲᠡᠮᠡᠴᠡᠵᠦ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠠᠵᠤ ᠠᠬᠤᠢ ᠶᠢᠨ ᠴᠢᠨᠠᠷ | ᠴᠢᠨᠰᠠᠭ᠎ᠠ ᠶᠢᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠦᠨ᠎ᠡ᠃ | 2023 ᠣᠨ ᠤ ᠳᠡᠭᠡᠷ᠎ᠡ ᠬᠠᠭᠠᠰ ᠵᠢᠯ ᠳᠤ᠂ ᠪᠥᠬᠦ ᠪᠠᠯᠭᠠᠰᠤᠨ ᠤ ᠡᠳ᠋ ᠤᠨ ᠵᠠᠰᠠᠭ ᠤᠨ ᠣᠷᠣᠯᠭ᠎ᠠ 2887. | 12 ᠲᠦᠮᠡᠨ ᠲᠥᠭᠦᠷᠢᠭ ᠲᠤ ᠬᠥᠷᠪᠡ᠃ | ᠠᠷᠠᠯᠵᠢᠶᠠᠴᠢᠨ ᠤᠷᠢᠵᠤ ᠪᠡᠯᠡ ᠣᠷᠣᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠨᠡᠮᠡᠭᠳᠡᠯ ᠤᠨ ᠬᠤᠷᠳᠤᠴᠠ ᠶᠢ | ᠨᠡᠮᠡᠭᠳᠡᠭᠦᠯᠦᠨ᠎ᠡ᠃2023 ᠣᠨ ᠤ ᠳᠡᠭᠡᠷ᠎ᠡ ᠬᠠᠭᠠᠰ ᠵᠢᠯ ᠳᠤ᠂ ᠡᠮᠦᠨᠡᠰᠢ ᠪᠠᠨ ᠪᠠᠶᠢᠷᠢᠯᠠᠭᠤᠯᠵᠤ᠂ ᠡᠯ᠎ᠡ ᠲᠣᠰᠬᠤᠨ᠂ | ᠨᠡᠶᠢᠭᠡᠮ ᠲᠣᠭᠤᠷᠢᠭ ᠤᠨ ᠤᠳᠤ ᠪᠠᠶᠢᠭ᠎ᠠ ᠰᠤᠯᠠ ᠪᠠᠶᠢᠭ᠎ᠠ ᠡᠬᠢ ᠪᠠᠶᠠᠯᠢᠭ ᠢ ᠴᠡᠭᠴᠡᠯᠡᠨ ᠠᠮᠢᠯᠠᠭᠤᠯᠵᠤ᠂ ᠪᠠᠶᠠᠵᠢᠯ ᠤᠨ | ᠴᠢᠳᠠᠪᠤᠷᠢᠲᠠᠨ ᠪᠠ ᠭᠠᠳᠠᠨ᠎ᠠ ᠨᠤᠲᠤᠭ ᠤᠨ ᠮᠡᠷᠭᠡᠳ ᠢ ᠳᠠᠶᠢᠴᠢᠯᠠᠵᠤ᠂ ᠡᠬᠢ ᠪᠠᠶᠠᠯᠢᠭ ᠤᠨ ᠣᠨᠴᠠᠯᠢᠭ ᠲᠤ | ᠴᠢᠭᠯᠡᠭᠦᠯᠵᠦ᠂ ᠴᠠᠭᠠᠰᠤᠴᠢ ᠪᠠᠯᠭᠠᠰᠤᠨ ᠤ ᠣᠷᠣᠨ ᠪᠠᠶᠢᠷᠢ ᠶᠢᠨ ᠳᠠᠪᠠᠭᠤᠯᠢᠭ᠂ ᠵᠠᠮ ᠬᠠᠷᠢᠯᠴᠠᠭᠠᠨ ᠤ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠬᠤᠯᠪᠣᠭᠳᠠᠯ ᠪᠦᠬᠦᠢ ᠠᠵᠤ ᠠᠬᠤᠶᠢᠯᠠᠯ᠂ ᠲᠦᠷᠦᠯ ᠵᠦᠢᠯ ᠢ ᠣᠷᠣᠭᠤᠯᠤᠨ ᠠᠪᠴᠢᠷᠠᠪᠠ᠃ | ᠰᠡᠳᠬᠢᠴᠡ ᠪᠠᠨ ᠡᠮᠬᠢᠯᠡᠨ ᠲᠢᠭᠯᠡᠵᠦ᠂ ᠣᠲᠣ ᠶᠢᠨ ᠪᠠᠶᠢᠭ᠎ᠠ ᠠᠵᠤ ᠦᠢᠯᠡᠰ ᠤᠨ ᠲᠥᠷᠥᠯ ᠵᠦᠢᠯ ᠳᠤ | ᠠᠩᠬᠠᠷᠤᠯ ᠢᠶᠠᠨ ᠲᠥᠪᠯᠡᠷᠡᠭᠦᠯᠦᠨ᠂ ᠬᠠᠷᠢᠶ᠎ᠠ ᠣᠷᠣᠨ ᠤ ᠳᠣᠲᠣᠷᠠᠬᠢ ᠠᠵᠤ ᠠᠬᠤᠶᠢᠯᠠᠯ ᠤᠨ ᠡᠵᠡᠩᠨᠡᠭᠴᠢᠳ ᠢ | ᠵᠣᠬᠢᠶᠠᠨ ᠪᠠᠶᠢᠭᠤᠯᠤᠨ ᠰᠣᠯᠢᠯᠴᠠᠭ᠎ᠠ ᠥᠷᠨᠢᠭᠦᠯᠬᠦ ᠶᠢᠨ ᠬᠠᠮᠲᠤ᠂ ᠳᠡᠭᠡᠳᠦ ᠳᠣᠣᠷᠠᠳᠤ ᠤᠷᠤᠰᠬᠠᠯ ᠤᠨ ᠠᠵᠤ | ᠦᠢᠯᠡᠰ ᠢ ᠥᠷᠭᠡᠳᠬᠡᠬᠦ ᠪᠤᠶᠤ ᠴᠥᠷᠬᠡᠯᠡᠬᠦ ᠰᠠᠨᠠᠭ᠎ᠠ ᠲᠠᠢ ᠠᠵᠤ ᠦᠢᠯᠡᠰ ᠢ ᠴᠠᠰᠤᠴᠢ ᠪᠠᠯᠭᠠᠰᠤᠨ ᠳᠤ ᠣᠷᠣᠭᠤᠯᠬᠤ | ᠡᠵᠡᠩᠨᠡᠭᠴᠢᠳ ᠲᠠᠢ ᠭᠦᠨᠵᠡᠭᠡᠢ ᠵᠥᠪᠳᠡᠯᠴᠡᠵᠦ᠂ ᠴᠢᠭᠯᠡᠭᠦᠯᠬᠦ ᠴᠢᠨᠠᠷᠲᠠᠢ ᠪᠠᠷ ᠣᠷᠣᠭᠤᠯᠤᠨ ᠠᠪᠴᠢᠷᠠᠬᠤ ᠶᠢ ᠦᠨᠡᠨᠬᠦ | ᠪᠠᠲᠤᠯᠠᠬᠤ ᠬᠡᠷᠡᠭᠲᠡᠢ᠃ᠬᠠᠷᠠᠭ᠎ᠠ ᠪᠠᠨ ᠥᠷᠭᠡᠳᠬᠡᠵᠦ᠂ ᠬᠤᠲᠠ᠂ ᠬᠤᠰᠢᠭᠤᠨ ᠤ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠬᠥᠳᠡᠯᠦᠯ ᠪᠠᠶᠢᠳᠠᠯ ᠢ ᠥᠷᠭᠡᠨ ᠢᠶᠠᠷ ᠠᠩᠬᠠᠷᠴᠤ᠂ ᠬᠥᠭᠵᠢᠭᠦᠯᠬᠦ ᠳᠤ ᠲᠣᠬᠢᠷᠠᠮᠵᠢᠲᠠᠢ ᠠᠵᠤ | ᠦᠢᠯᠡᠰ ᠲᠤ ᠰᠠᠨᠠᠭᠠᠴᠢᠯᠠᠭ᠎ᠠ ᠠᠴᠠ ᠪᠠᠨ ᠠᠰᠢᠭ ᠣᠯᠭᠤᠵᠤ᠂ ᠪᠡᠯᠡ ᠮᠥᠩᠭᠦ ᠣᠷᠣᠭᠤᠯᠬᠤ ᠪᠠᠷ ᠴᠢᠷᠮᠠᠶᠢᠨ᠎ᠠ᠃ | ᠲᠥᠷᠥᠯ ᠵᠦᠢᠯ ᠡᠬᠢᠯᠡᠵᠦ᠂ ᠣᠳᠣᠬᠠᠨ ᠳᠤ ᠴᠠᠰᠤᠴᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢᠭᠡᠨᠲᠡ | ᠥᠪᠥᠷ ᠮᠣᠩᠭᠤᠯ ᠤᠨ ᠮᠧᠩ ᠮᠦ ᠭᠡᠷ ᠤᠨ ᠡᠳ᠋ᠯᠡᠯ ᠬᠡᠷᠡᠭᠰᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ | ᠴᠢᠶᠠᠨ ᠾᠧ ᠲᠠᠢ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠲᠠᠢ ᠪᠡᠯᠡ ᠣᠷᠣᠭᠤᠯᠤᠯᠲᠠ ᠶᠢᠨ ᠬᠡᠯᠡᠯᠴᠡᠭᠡᠷ | ᠲᠣᠭᠲᠠᠵᠤ᠂ ᠬᠤᠶᠠᠷ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 4 ᠮᠢᠩᠭᠠᠨ ᠲᠦᠮᠡᠨ | ᠲᠥᠭᠦᠷᠢᠭ ᠲᠤ ᠬᠦᠷᠴᠡᠢ︔ᠥᠪᠥᠷ ᠮᠣᠩᠭᠤᠯ ᠤᠨ ᠴᠢᠯᠠᠭᠤ ᠬᠡᠢ ᠪᠡᠶᠡᠲᠦ ᠶᠢᠨ ᠬᠢᠵᠠᠭᠠᠷᠲᠤ ᠺᠣᠮᠫᠠᠨᠢ ᠲᠠᠢ ᠪᠡᠯᠡ | ᠣᠷᠣᠭᠤᠯᠬᠤ ᠪᠠᠷ ᠲᠣᠭᠲᠠᠵᠤ᠂ ᠲᠦᠷᠦᠯ ᠵᠦᠢᠯ ᠳᠤ ᠪᠠᠷᠤᠭ 1.02 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ᠪᠠᠷ ᠲᠥᠯᠥᠪᠯᠡᠵᠦ ᠪᠤᠢ᠃ | ᠲᠠᠷᠢᠶᠠᠯᠠᠩ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠪᠡ᠃ᠬᠥᠳᠡᠭᠡ ᠠᠵᠤ ᠠᠬᠤᠢ ᠶᠢᠨ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠤᠳᠤ ᠦᠶ᠎ᠡ ᠶᠢᠨ ᠬᠥᠳᠡᠭᠡ ᠠᠵᠤ ᠠᠬᠤᠢ ᠶᠢᠨ ᠰᠢᠰᠲ᠋ᠥᠮ ᠢ ᠠᠯᠬᠤᠮ ᠠᠯᠬᠤᠮ ᠢᠶᠠᠷ ᠪᠠᠶᠢᠭᠤᠯᠵᠤ᠂ ᠬᠥᠳᠡᠭᠡ ᠠᠵᠤ | ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠭᠡ | ᠠᠵᠤ ᠠᠬᠤᠢ ᠶᠢᠨ ᠪᠦᠲᠦᠭᠡᠭᠳᠡᠬᠦᠨ ᠤ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ᠂ ᠬᠥᠳᠡᠭᠡ | ᠠᠵᠤ ᠠᠬᠤᠢ ᠶᠢᠨ ᠭᠠᠷᠤᠯᠲᠠ ᠶᠢ ᠨᠡᠮᠡᠭᠳᠡᠭᠦᠯᠬᠦ᠂2023 ᠣᠨ ᠳᠤ᠂ ᠪᠦᠬᠦ ᠪᠠᠯᠭᠠᠰᠤᠨ ᠤ ᠲᠠᠷᠢᠮᠠᠯ ᠤᠨ ᠲᠠᠷᠢᠮᠠᠯ ᠤᠨ | ᠲᠠᠯᠠᠪᠠᠢ 19.16 ᠲᠦᠮᠡᠨ ᠮᠦ ᠳᠤ ᠬᠦᠷᠴᠦ᠂ ᠡᠭᠦᠨ ᠳᠤ ᠡᠷᠳᠡᠨᠢ ᠰᠢᠰᠢ 19 ᠲᠦᠮᠡᠨ ᠮᠦ᠂ ᠲᠠᠷᠢᠶᠠᠯᠠᠩ ᠤᠨ | ᠳᠠᠭᠠᠳᠬᠠᠯ ᠳᠤ ᠣᠷᠣᠯᠴᠠᠭᠰᠠᠨ ᠲᠠᠯᠠᠪᠠᠢ 13.4 ᠲᠦᠮᠡᠨ ᠮᠦ ᠳᠤ ᠬᠦᠷᠴᠦ᠂ ᠨᠡᠶᠢᠳᠡ 6500 ᠮᠦ ᠲᠠᠷᠢᠶᠠᠯᠠᠩ ᠤᠨ | ᠤᠰᠤ ᠠᠷᠪᠢᠯᠠᠵᠤ ᠳᠤᠰᠤᠯᠭᠠᠨ ᠤᠰᠤᠯᠠᠬᠤ ᠠᠵᠢᠯ ᠢ ᠪᠡᠶᠡᠯᠡᠭᠦᠯᠵᠡᠢ᠃ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠲᠠᠷᠢᠮᠠᠯ ᠤᠨ ᠴᠢᠳᠠᠪᠤᠷᠢ ᠶᠢ ᠦᠨᠡᠨ ᠬᠦ | ᠰᠢᠯᠢᠳᠡᠭᠵᠢᠭᠦᠯᠦᠨ᠂ 2023 ᠣᠨ ᠳᠤ 1.9241 ᠲᠦᠮᠡᠨ ᠮᠦ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ | 10 ᠵᠠᠰᠠᠭ ᠵᠠᠬᠢᠷᠭᠠᠨ ᠤ ᠲᠣᠰᠬᠤᠨ ᠳᠤ ᠬᠤᠯᠪᠣᠭᠳᠠᠨ᠂ ᠣᠳᠣᠬᠠᠨ ᠳᠤ ᠨᠢᠭᠡᠨᠲᠡ ᠪᠥᠬᠦ ᠢᠨᠵᠧᠨᠧᠷᠢᠩ ᠤᠨ | ᠬᠡᠮᠵᠢᠶᠡᠨ ᠤ 52.8% ᠶᠢ ᠪᠡᠶᠡᠯᠡᠭᠦᠯᠵᠦ᠂ ᠲᠠᠷᠠᠭᠠᠴᠢ ᠶᠢᠨ ᠢᠨᠵᠧᠨᠧᠷᠢᠩ ᠢ ᠪᠦᠲᠦᠭᠡᠨ ᠪᠠᠶᠢᠭᠤᠯᠤᠯᠲᠠ ᠶᠢᠨ | ᠲᠥᠯᠥᠪᠯᠡᠭᠡ ᠶᠣᠰᠣᠭᠠᠷ ᠲᠣᠭᠲᠠᠭᠤᠨ ᠢᠶᠠᠷ ᠥᠷᠨᠢᠭᠦᠯᠪᠡ᠃ | ᠮᠠᠯ ᠠᠵᠤ ᠠᠬᠤᠢ ᠡᠷᠡᠭᠦᠯ ᠢᠶᠠᠷ ᠬᠥᠭᠵᠢᠪᠡ᠃ᠥᠨᠳᠥᠷ ᠤᠨᠠᠯᠲᠠ ᠲᠠᠢ᠂ ᠴᠢᠨᠠᠷ ᠰᠠᠶᠢᠲᠠᠢ᠂ ᠦᠷ᠎ᠡ ᠠᠰᠢᠭ ᠰᠠᠶᠢᠲᠠᠢ | ᠮᠠᠯ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠮᠠᠯᠵᠢᠯ ᠤᠨ ᠲᠠᠯᠠᠪᠠᠶ ᠶᠢᠨ ᠬᠦᠷᠢᠶᠡᠯᠡᠩ ᠲᠣᠭᠤᠷᠢᠭ᠂ ᠠᠯᠠᠰᠢᠨ | ᠦᠬᠡᠷ ᠲᠡᠵᠢᠭᠡᠨ ᠦᠷᠡᠵᠢᠭᠦᠯᠬᠦ ᠪᠠᠷ ᠭᠤᠣᠯᠳᠠᠯᠭ᠎ᠠ ᠪᠣᠯᠭᠠᠨ᠂ ︽ᠬᠥᠲᠥᠴᠢ ᠠᠵᠤ ᠠᠬᠤᠶᠢᠯᠠᠯ + ᠬᠤᠷᠰᠢᠶ᠎ᠠ + | ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠵᠠᠭᠪᠤᠷ ᠢᠶᠠᠷ ᠮᠠᠯ ᠠᠵᠤ ᠠᠬᠤᠢ ᠶᠢᠨ ᠪᠥᠬᠦ ᠲᠠᠯ᠎ᠠ ᠪᠠᠷ᠂ | ᠲᠡᠩᠴᠡᠭᠦᠷᠢᠲᠡᠢ ᠬᠥᠭᠵᠢᠬᠦ ᠶᠢ ᠢᠳᠡᠪᠬᠢᠲᠡᠢ ᠠᠬᠢᠭᠤᠯᠤᠨ᠎ᠠ᠃ᠪᠥᠬᠦ ᠪᠠᠯᠭᠠᠰᠤᠨ ᠤ ᠦᠬᠡᠷ ᠤᠨ ᠲᠤᠭ᠎ᠠ 2.8 ᠲᠦᠮᠡ | ᠪᠠᠶᠢᠵᠤ᠂ ᠡᠭᠦᠨ ᠳᠤ ᠰᠠᠭᠠᠯᠢ ᠶᠢᠨ ᠦᠨᠢᠶ᠎ᠡ 2.2 ᠲᠦᠮᠡ᠂ ᠠᠷᠠᠯ ᠤᠨ ᠱᠠᠷ 0.6 ᠲᠦᠮᠡ ᠪᠠᠶᠢᠨ᠎ᠠ︔16 | ᠲᠦᠮᠡᠨ ᠬᠤᠨᠢᠨ ᠤ ᠬᠠᠰᠢᠶ᠎ᠠ ᠲᠣᠯᠣᠭᠠᠢ 15 ᠲᠦᠮᠡᠨ ᠭᠠᠭ᠋ᠠᠢ ᠲᠡᠵᠢᠭᠡᠵᠦ ᠪᠠᠶᠢᠨ᠎ᠠ᠃ᠭᠡᠷ ᠤᠨ ᠵᠢᠭᠦᠷᠲᠡᠨ | ᠲᠡᠵᠢᠭᠡᠬᠦ ᠦᠢᠯᠡᠰ ᠢ ᠶᠡᠭᠡ ᠪᠠᠷ ᠬᠥᠭᠵᠢᠭᠦᠯᠵᠦ᠂ 111 ᠲᠦᠮᠡᠨ ᠦᠳᠦ ᠲᠡᠵᠢᠭᠡᠵᠦ ᠪᠠᠶᠢᠨ᠎ᠠ᠃ᠲᠦᠮᠡᠳ ᠵᠡᠭᠦᠨ | ᠬᠤᠰᠢᠭᠤᠨ ᠤ 2023 ᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠤᠨ | ᠲᠥᠯᠥᠪᠯᠡᠭᠡ ᠶᠢᠨ ᠲᠣᠬᠢᠷᠠᠭᠤᠯᠤᠯᠲᠠ ᠵᠢᠴᠢ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ | ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠪᠥᠬᠦ ᠪᠠᠯᠭᠠᠰᠤᠨ ᠤ ᠬᠡᠪᠴᠢᠶᠡᠨ ᠳᠤ ᠦᠬᠡᠷ ᠤᠨ ᠰᠢᠯᠦᠬᠡᠢ ᠡᠪᠡᠳᠴᠢᠨ ᠤ | ᠡᠭᠡᠯᠢᠯᠡᠭᠡ ᠶᠢ 2.8 ᠲᠦᠮᠡᠨ ᠤᠳᠠᠭ᠎ᠠ ᠪᠡᠶᠡᠯᠡᠭᠦᠯᠦᠨ᠎ᠡ︔ᠬᠤᠨᠢᠨ ᠤ ᠰᠢᠯᠦᠬᠡᠢ ᠡᠪᠡᠳᠴᠢᠨ ᠤ ᠡᠭᠡᠯᠢᠯᠡᠭᠡ᠂ ᠪᠠᠭ᠎ᠠ | ᠬᠡᠪᠢᠬᠦ ᠡᠭᠡᠯᠢᠯᠡᠭᠡ᠂ ᠬᠤᠨᠢᠨ ᠤ ᠪᠥᠰ ᠤᠨ ᠡᠪᠡᠳᠴᠢᠨ ᠤ ᠡᠭᠡᠯᠢᠯᠡᠭᠡ ᠶᠢᠨ ᠨᠡᠶᠢᠳᠡ 26.5 ᠲᠦᠮᠡᠨ ᠵᠡᠭᠦᠦ ᠤᠳᠠᠭ᠎ᠠ︔ | ᠭᠠᠭ᠋ᠠᠢ ᠶᠢᠨ ᠠᠮᠠ ᠲᠤᠭᠤᠷᠠᠢ᠂ ᠭᠠᠭ᠋ᠠᠢ ᠶᠢᠨ ᠬᠢᠵᠢᠭ᠂ ᠭᠠᠭ᠋ᠠᠢ ᠶᠢᠨ ᠴᠠᠬᠢᠷᠮ᠎ᠠ ᠶᠢᠨ ᠡᠭᠡᠯᠢᠯᠡᠭᠡ ᠨᠡᠶᠢᠲᠡ 4.6 | ᠲᠦᠮᠡᠨ ᠤᠳᠠᠭ᠎ᠠ ᠪᠠᠶᠢᠨ᠎ᠠ ᠵᠢᠭᠦᠷᠲᠡᠨ ᠤ ᠲᠥᠷᠥᠯ ᠤᠨ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠰᠢᠨ᠎ᠡ | ᠬᠤᠲᠠ ᠶᠢᠨ ᠬᠢᠵᠢᠭ ᠤᠨ ᠡᠭᠡᠯᠢᠯᠡᠭᠡ ᠨᠡᠶᠢᠲᠡ 22.6 ᠲᠦᠮᠡᠨ ᠤᠳᠠᠭ᠎ᠠ ᠪᠠᠶᠢᠨ᠎ᠠ᠃ᠬᠠᠷᠢᠶᠠᠲᠤ ᠣᠷᠣᠨ ᠳᠤ | ᠬᠤᠨᠢᠨ ᠤ ᠪᠷᠦ᠋ᠼᠧᠯ ᠰᠠᠪᠬᠠᠨᠴᠢᠷ ᠪᠠᠺᠲ᠋ᠧᠷᠢ ᠶᠢᠨ ᠡᠪᠡᠳᠴᠢᠨ ᠢ ᠴᠡᠪᠡᠷᠰᠢᠭᠦᠯᠬᠦ ᠠᠵᠢᠯ ᠢ ᠥᠷᠨᠢᠭᠦᠯᠵᠦ᠂ ᠨᠡᠶᠢᠲᠡ | 3049 ᠴᠢᠰᠤ ᠠᠪᠴᠤ ᠰᠢᠨᠵᠢᠯᠡᠨ ᠪᠠᠶᠢᠴᠠᠭᠠᠵᠤ᠂ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠲᠥᠪ ᠲᠠᠢ ᠬᠠᠮᠵᠢᠯᠴᠠᠨ ᠰᠢᠨᠵᠢᠯᠡᠨ ᠪᠠᠶᠢᠴᠠᠭᠠᠵᠤ ᠭᠠᠷᠭᠠᠭᠰᠠᠨ 260 ᠪᠷᠦ᠋ᠼᠧᠯ ᠡᠪᠡᠳᠴᠢᠨ ᠲᠠᠢ | ᠬᠤᠨᠢ ᠶᠢ ᠬᠤᠣᠷ ᠦᠭᠡᠢ ᠪᠠᠷ ᠰᠢᠢᠳᠪᠦᠷᠢᠯᠡᠪᠡ᠃ᠰᠠᠭᠤᠭᠠᠯᠢ ᠠᠷᠠᠳ ᠤᠨᠦᠢᠯᠡᠳᠪᠦᠷᠢᠯᠡᠯ ᠠᠮᠢᠳᠤᠷᠠᠯ ᠤᠨᠠᠶᠤᠯ | ᠦᠭᠡᠢ ᠶᠢ ᠤᠯᠠᠮ ᠨᠢᠭᠡ ᠠᠯᠬᠤᠮ ᠪᠠᠲᠤᠯᠠᠨ᠂ ᠲᠠᠷᠢᠶᠠᠴᠢᠨ ᠮᠠᠯᠴᠢᠳ ᠤᠨ ᠰᠡᠷᠭᠡᠶᠢᠯᠡᠨ ᠬᠠᠮᠠᠭᠠᠯᠠᠬᠤ ᠦᠵᠡᠯ | ᠤᠬᠠᠮᠰᠠᠷ ᠶᠢ ᠦᠨᠡᠨᠬᠦ ᠳᠡᠭᠡᠭᠰᠢᠯᠡᠭᠦᠯᠵᠦ᠂ ᠡᠷᠲᠡ ᠢᠯᠡᠷᠡᠭᠦᠯᠬᠦ᠂ ᠡᠷᠲᠡ ᠰᠢᠢᠳᠪᠦᠷᠢᠯᠡᠬᠦ᠂ ᠡᠷᠲᠡ ᠡᠵᠡᠮᠳᠡᠬᠦ ᠶᠢ | ᠨᠠᠶᠢᠳᠠᠪᠤᠷᠢᠵᠢᠭᠤᠯᠤᠨ᠂ ᠪᠷᠦ᠋ᠼᠧᠯ ᠡᠪᠡᠳᠴᠢᠨ ᠤ ᠨᠥᠯᠥᠭᠡ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ | ᠪᠠᠭᠤᠷᠠᠭᠤᠯᠬᠤ ᠬᠡᠷᠡᠭᠲᠡᠢ᠃ | | | ︵ᠬᠤᠶᠠᠷ︶ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠬᠥᠳᠡᠯᠦᠩᠭᠦᠢ ᠪᠠᠷ ᠰᠢᠨᠡᠳᠬᠡᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠠᠵᠢᠯ ᠢ ᠪᠣᠳᠠᠲᠠᠶᠢᠵᠢᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠵᠤ ᠬᠠᠪᠰᠤᠷᠤᠨ ᠲᠡᠳᠬᠦᠬᠦ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠪᠡ᠃ᠪᠠᠶᠢᠩᠭᠤ ᠶᠢᠨ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠬᠦ ᠶᠢᠨ ᠬᠠᠮᠲᠤ᠂ | ᠴᠠᠭᠠᠰᠤᠴᠢ ᠪᠠᠯᠭᠠᠰᠤ ᠶᠢᠨ ᠬᠢᠨ ᠡᠯ᠎ᠡ ᠲᠣᠰᠬᠤᠨ ᠢ ᠵᠣᠬᠢᠶᠠᠨ ᠪᠠᠶᠢᠭᠤᠯᠵᠤ ᠲᠠᠬᠢᠨ ᠶᠠᠳᠠᠭᠤᠷᠠᠵᠤ ᠶᠠᠳᠠᠭᠤᠷᠠᠬᠤ | ᠲᠦᠭᠰᠢᠭᠦᠷᠢ ᠳᠤ ᠴᠢᠭᠯᠡᠭᠦᠯᠦᠨ᠂︽ᠶᠠᠭᠤ ᠳᠤᠲᠠᠭᠳᠠᠪᠠᠯ ᠶᠠᠭᠤ ᠶᠢ ᠨᠥᠬᠦᠪᠦᠷᠢᠯᠡᠬᠦ︾ᠵᠠᠷᠴᠢᠮ ᠢ ᠪᠠᠷᠢᠮᠲᠠᠯᠠᠵᠤ᠂ | ᠬᠠᠪᠰᠤᠷᠤᠨ ᠲᠡᠳᠬᠦᠬᠦ ᠬᠠᠷᠢᠭᠤᠴᠠᠯᠭᠠᠲᠠᠨ᠂ ᠲᠣᠰᠬᠤᠨ ᠤ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠨᠢᠭᠡᠳᠦᠭᠡᠷ | ᠱᠦᠵᠢ ᠡᠷᠦᠭᠡ ᠳᠤ ᠬᠦᠷᠴᠦ ᠮᠥᠷᠳᠡᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ᠃ | ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠬᠤ ᠪᠠ ᠬᠦᠴᠦ ᠶᠠᠪᠤᠬᠤ ᠬᠦᠰᠡᠯ᠂ ᠤᠷ᠎ᠠ | ᠮᠡᠷᠭᠡᠵᠢᠯ ᠤᠨ ᠪᠣᠯᠪᠠᠰᠤᠷᠠᠯ ᠤᠨ ᠬᠦᠰᠡᠯ ᠡᠷᠡᠮᠡᠯᠵᠡᠯ ᠢ ᠣᠶᠢᠯᠠᠭᠠᠬᠤ ᠡᠷᠴᠢᠮ ᠢ ᠴᠢᠩᠭᠠᠷᠠᠭᠤᠯᠵᠤ᠂ ᠠᠵᠢᠯ ᠣᠯᠭᠤᠬᠤ | ᠤᠬᠠᠭᠤᠯᠭ᠎ᠠ ᠶᠢ ᠭᠦᠨᠵᠡᠭᠡᠢ ᠥᠷᠨᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠬᠤ | ᠴᠢᠳᠠᠪᠤᠷᠢ ᠶᠢ ᠳᠡᠭᠡᠭᠰᠢᠯᠡᠭᠦᠯᠵᠦ᠂ ︽ᠲᠦᠮᠡᠳ ᠵᠡᠭᠦᠨ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠠᠷᠭ᠎ᠠ︾ ᠶᠣᠰᠣᠭᠠᠷ᠂ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠵᠦᠢ ᠵᠣᠬᠢᠰᠲᠠᠢ ᠡᠮᠬᠢ | ᠵᠢᠷᠤᠮ ᠲᠠᠢ ᠠᠰᠢᠭᠯᠠᠵᠤ᠂ ︽ᠨᠢᠭᠡ ᠬᠥᠮᠥᠨ ᠳᠤ ᠨᠢᠭᠡ ᠠᠵᠢᠯ ᠤᠨ ᠪᠠᠶᠢᠷᠢ ᠣᠯᠭᠤᠵᠤ᠂ ᠬᠥᠮᠥᠨ ᠪᠠ ᠠᠵᠢᠯ ᠤᠨ | ᠪᠠᠶᠢᠷᠢ ᠶᠢ ᠬᠠᠷᠢᠯᠴᠠᠨ ᠵᠣᠬᠢᠴᠠᠭᠤᠯᠬᠤ︾ ᠶᠢ ᠪᠠᠷᠢᠮᠲᠠᠯᠠᠨ᠂ ᠨᠠᠩ ᠣᠯᠠᠨ ᠶᠠᠳᠠᠭᠤ ᠠᠴᠠ ᠠᠩᠭᠢᠵᠢᠷᠠᠭᠰᠠᠨ ᠣᠯᠠᠨ | ᠲᠦᠮᠡᠨ ᠢ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢᠨ ᠬᠠᠮᠲᠤ ᠤᠷᠢᠨ ᠬᠡᠷᠡᠭᠯᠡᠬᠦ | ᠨᠥᠬᠦᠴᠡᠯ ᠳᠤ ᠨᠡᠶᠢᠴᠡᠬᠦ ᠦᠭᠡᠢ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠵᠦ ᠳᠡᠶᠢᠯᠬᠦ | ᠦᠭᠡᠢ ᠬᠥᠮᠥᠰ ᠲᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | ᠬᠥᠳᠡᠭᠡ ᠲᠣᠰᠬᠤᠨ ᠤ ᠳᠦᠷᠰᠦ ᠪᠠᠶᠢᠳᠠᠯ ᠴᠣ᠋ ᠰᠢᠨ᠎ᠡ ᠪᠣᠯᠪᠠ᠃ᠳᠦᠷᠢᠮ ᠲᠣᠭᠲᠠᠭᠠᠯ ᠲᠣᠭᠲᠠᠭᠠᠨ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠴᠠᠰᠤᠴᠢ ᠪᠠᠯᠭᠠᠰᠤ ᠶᠢᠨ ᠬᠥᠳᠡᠭᠡ | ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ | ᠤᠳᠤᠷᠢᠳᠬᠤ ᠳᠤᠭᠤᠶᠢᠯᠠᠩ︾ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ | ᠡᠯ᠎ᠡ ᠲᠣᠰᠬᠤᠨ ᠤ ᠱᠦᠵᠢ ᠪᠠᠷ ᠨᠢᠭᠡᠳᠦᠭᠡᠷ ᠬᠠᠷᠢᠭᠤᠴᠠᠯᠭᠠᠲᠠᠨ ᠪᠣᠯᠭᠠᠵᠤ᠂ ᠲᠣᠰᠬᠤᠨ ᠤ ᠬᠤᠶᠠᠷ ᠵᠥᠪᠯᠡᠯ᠂ | ᠰᠦᠯᠵᠢᠶᠡᠨ ᠤ ᠠᠵᠢᠯᠲᠠᠨ ᠬᠡᠰᠡᠭ ᠪᠦᠯᠦᠭ ᠢ ᠳᠠᠭᠠᠭᠠᠴᠢᠯᠠᠨ ᠡᠷᠦᠬᠡ ᠶᠢ ᠳᠠᠭᠠᠭᠠᠴᠢᠯᠠᠭᠤᠯᠤᠨ ᠲᠣᠰᠬᠤᠨ ᠤ | ᠳᠣᠲᠣᠷᠠᠬᠢ ᠡᠷᠡᠭᠦᠯ ᠬᠠᠮᠠᠭᠠᠯᠠᠯ ᠢ ᠬᠠᠷᠢᠭᠤᠴᠠᠭᠤᠯᠵᠤ᠂ ᠪᠣᠳᠠᠲᠠᠢ ᠬᠤᠪᠢᠳᠠᠨ ᠬᠠᠮᠢᠶᠠᠷᠴᠤ ᠪᠦᠬᠦᠢ ᠲᠣᠰᠬᠤᠨ ᠤ | ᠺᠠᠳ᠋ᠷ ᠢᠶᠠᠷ ᠰᠢᠭᠤᠳ ᠬᠠᠷᠢᠭᠤᠴᠠᠯᠭᠠᠲᠠᠨ ᠪᠣᠯᠭᠠᠵᠤ᠂ ᠭᠤᠷᠪᠠᠳᠠᠭᠢ ᠡᠲᠡᠭᠡᠳ ᠤᠨ ᠺᠣᠮᠫᠠᠨᠢ ᠲᠠᠢ ᠴᠠᠭ ᠲᠤᠬᠠᠢ ᠳᠤᠨᠢ | ᠵᠣᠯᠭᠠᠭᠤᠯᠵᠤ᠂ ᠥᠨᠳᠥᠷ ᠪᠦᠲᠦᠮᠵᠢᠲᠡᠶ ᠪᠠᠷ ᠠᠵᠢᠯ ᠢᠶᠠᠨ ᠥᠷᠨᠢᠭᠦᠯᠦᠨ᠎ᠡ᠃ᠣᠷᠴᠢᠨ ᠲᠣᠭᠤᠷᠢᠨ ᠢ ᠴᠡᠭᠴᠡᠯᠡᠨ | ᠵᠠᠰᠠᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢ ᠭᠦᠢᠴᠡᠳ ᠲᠠᠶᠢᠴᠢᠯᠠᠵᠦ᠂ ᠲᠣᠰᠬᠤᠨ ᠤ ᠺᠠᠳ᠋ᠷ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭᠴᠢ᠂ ᠨᠠᠮ ᠤᠨ ᠭᠡᠰᠢᠭᠦᠨ ᠤᠯᠠᠨ ᠲᠦᠮᠡᠨ | ᠬᠠᠮᠲᠤᠪᠠᠷ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠵᠤ᠂ ᠡᠷᠡᠭᠦᠯ ᠬᠠᠮᠠᠭᠠᠯᠠᠯ ᠤᠨ ᠦᠯᠦ | ᠣᠨᠣᠭᠳᠠᠬᠤ ᠭᠠᠵᠠᠷ᠂ ᠭᠡᠷ ᠤᠨ ᠠᠷᠤ ᠬᠤᠶᠢᠨ᠎ᠠ᠂ ᠭᠤᠣᠯ ᠤᠨ ᠵᠠᠮ ᠭᠤᠤ ᠰᠤᠪᠠᠭ᠂ ᠭᠤᠣᠯ ᠵᠡᠭᠡᠯᠢ ᠭᠤᠳᠤᠮᠵᠢ | ᠭᠤᠳᠤᠮᠵᠢ ᠶᠢᠨ ᠵᠠᠮ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠪᠦᠬᠦ ᠲᠠᠯ᠎ᠠ ᠪᠠᠷ ᠴᠡᠪᠡᠷᠯᠡᠵᠦ᠂ ᠴᠡᠪᠡᠷ ᠴᠡᠮᠴᠡᠭᠡᠷ᠂ | ᠪᠣᠯᠪᠠᠰᠤᠨ ᠡᠮᠬᠢ ᠳᠢᠭᠯᠢᠮ ᠲᠠᠢ᠂ ᠲᠠᠭᠠᠯᠠᠮᠵᠢᠲᠠᠢ ᠦᠵᠡᠰᠬᠦᠯᠡᠩᠲᠦ ᠰᠠᠶᠢᠬᠠᠨ ᠦᠢᠯᠡᠳᠪᠦᠷᠢᠯᠡᠯ ᠠᠮᠢᠳᠤᠷᠠᠯ ᠤᠨ | ᠣᠷᠴᠢᠨ ᠲᠣᠭᠤᠷᠢᠨ ᠢ ᠦᠨᠡᠨᠬᠦ ᠪᠤᠢ ᠪᠣᠯᠭᠠᠬᠤ ᠬᠡᠷᠡᠭᠲᠡᠢ᠃ | ᠬᠥᠳᠡᠭᠡ ᠲᠣᠰᠬᠤᠨ ᠤ ᠴᠢᠨᠠᠷ ᠴᠢᠨᠰᠠᠭ᠎ᠠ ᠳᠡᠭᠡᠭᠰᠢᠯᠡᠵᠡᠢ᠃ ᠴᠠᠰᠤᠴᠢ ᠪᠠᠯᠭᠠᠰᠤ ᠨᠢ ᠠᠵᠤ ᠦᠢᠯᠡᠰ ᠤᠨ | ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ᠂ ᠲᠣᠰᠬᠤᠨ ᠤ | ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠪᠠᠷ ᠭᠠᠷᠳᠠᠴᠠ ᠪᠣᠯᠭᠠᠵᠤ᠂ ᠬᠥᠭᠵᠢᠯᠲᠡ ᠶᠢᠨ ᠳᠤᠮᠳᠠᠬᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠢ ᠵᠣᠯᠭᠠᠭᠤᠯᠬᠤ ᠲᠦᠷᠦᠯ ᠵᠦᠢᠯ ᠨᠡᠶᠢᠳᠡ 10 ᠪᠠᠶᠢᠨ᠎ᠠ᠄ | ᠲᠠᠷᠬᠠᠮᠠᠯ ᠬᠡᠯᠪᠡᠷᠢ ᠶᠢᠨ ᠭᠡᠷᠡᠯ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠵᠢᠯ ᠤᠨ ᠠᠰᠢᠭ ᠣᠷᠣᠯᠭ᠎ᠠ ᠨᠢ 45 | ᠲᠦᠮᠡᠨ ᠲᠥᠭᠦᠷᠢᠭ︔ᠣᠮᠣᠬᠠᠨ ᠲᠣᠰᠬᠤᠨ ᠤ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠲᠦᠷᠦᠯ ᠵᠦᠢᠯ ᠤᠨ | ᠵᠢᠯ ᠤᠨ ᠠᠰᠢᠭ ᠣᠷᠣᠯᠭ᠎ᠠ ᠨᠢ 16 ᠲᠦᠮᠡᠨ ᠲᠥᠭᠦᠷᠢᠭ ᠲᠤ ᠬᠦᠷᠴᠡᠢ︔ᠱᠢ ᠪᠢᠩ ᠳ᠋ᠢ ᠲᠣᠰᠬᠤᠨ ᠤ ᠠᠯᠠᠰᠢᠨ | ᠦᠬᠡᠷ ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠵᠢᠯ ᠤᠨ ᠠᠰᠢᠭ ᠣᠷᠣᠯᠭ᠎ᠠ ᠨᠢ 14.4 ᠲᠦᠮᠡᠨ | ᠲᠥᠭᠦᠷᠢᠭ ᠲᠤ ᠬᠦᠷᠴᠡᠢ︔ᠳᠣᠷᠵᠢ ᠲᠣᠰᠬᠤᠨ ᠤ ᠤᠳᠪᠠᠯᠠ ᠴᠡᠴᠡᠭ ᠳᠠᠷᠢᠵᠤ ᠡᠳ᠋ᠰᠢᠭᠦᠯᠬᠦ ᠲᠦᠷᠦᠯ ᠵᠦᠢᠯ ᠤᠨ | ᠵᠢᠯ ᠤᠨ ᠠᠰᠢᠭ ᠣᠷᠣᠯᠭ᠎ᠠ ᠨᠢ 6 ᠲᠦᠮᠡᠨ ᠲᠥᠭᠦᠷᠢᠭ ᠲᠤ ᠬᠦᠷᠴᠡᠢ︔ ᠨᠠᠰᠢᠲᠦ ᠲᠣᠰᠬᠤᠨ ᠤ ᠮᠠᠯ ᠵᠢᠭᠦᠷᠲᠡᠨ ᠤ | ᠪᠠᠭᠠᠰᠤ ᠰᠢᠭᠡᠰᠦᠨ ᠤ ᠡᠰᠢ ᠰᠦᠷᠡᠯ ᠢ ᠡᠳ᠋ᠰᠢᠭᠦᠯᠬᠦ ᠲᠦᠷᠦᠯ ᠵᠦᠢᠯ ᠤᠨ ᠵᠢᠯ ᠤᠨ ᠠᠰᠢᠭ ᠣᠷᠣᠯᠭ᠎ᠠ ᠨᠢ 12.96 | ᠲᠦᠮᠡᠨ ᠲᠥᠭᠦᠷᠢᠭ ᠲᠤ ᠬᠦᠷᠴᠡᠢ︔ᠮᠧᠩ ᠷᠦᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠰᠠᠭᠠᠯᠢ ᠶᠢᠨ | ᠦᠨᠢᠶ᠎ᠡ ᠲᠡᠵᠢᠭᠡᠨ ᠦᠷᠡᠵᠢᠭᠦᠯᠬᠦ ᠲᠥᠷᠥᠯ ᠵᠦᠢᠯ ᠤᠨ ᠵᠢᠯ ᠤᠨ ᠠᠰᠢᠭ ᠣᠷᠣᠯᠭ᠎ᠠ ᠨᠢ 12.6 ᠲᠦᠮᠡᠨ ᠲᠥᠭᠦᠷᠢᠭ︔ | ᠳ᠋ᠠ ᠶᠠᠩ ᠼᠦᠨ ᠲᠣᠰᠬᠤᠨ ᠤ ᠡᠰᠢ ᠰᠦᠷᠡᠯ ᠢ ᠬᠤᠷᠢᠶᠠᠨ ᠠᠪᠴᠢᠷᠠᠬᠤ ᠲᠥᠷᠥᠯ ᠵᠦᠢᠯ ᠤᠨ ᠵᠢᠯ ᠤᠨ ᠠᠰᠢᠭ | ᠣᠷᠣᠯᠭ᠎ᠠ ᠨᠢ 9.5 ᠲᠦᠮᠡᠨ ᠲᠥᠭᠦᠷᠢᠭ ᠪᠣᠯᠣᠨ᠎ᠠ︔ ᠸᠠ ᠶᠣᠣ ᠲᠣᠰᠬᠤᠨ ᠤ ᠠᠯᠠᠰᠢᠨ ᠦᠬᠡᠷ ᠲᠡᠵᠢᠭᠡᠨ | ᠦᠷᠡᠵᠢᠭᠦᠯᠬᠦ ᠲᠦᠷᠦᠯ ᠵᠦᠢᠯ ᠤᠨ ᠵᠢᠯ ᠤᠨ ᠠᠰᠢᠭ ᠣᠷᠣᠯᠭ᠎ᠠ ᠨᠢ 1.44 ᠲᠦᠮᠡᠨ ᠲᠥᠭᠦᠷᠢᠭ ᠲᠤ ᠬᠦᠷᠴᠡᠢ︔ | ᠮᠤᠤᠨᠤᠬᠠᠢ ᠶᠢᠨ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠬᠤ ᠲᠦᠷᠦᠯ ᠵᠦᠢᠯ ᠤᠨ ᠵᠢᠯ ᠤᠨ ᠠᠰᠢᠭ ᠣᠷᠣᠯᠭ᠎ᠠ ᠨᠢ | 12 ᠲᠦᠮᠡᠨ ᠲᠥᠭᠦᠷᠢᠭ ᠲᠤ ᠬᠦᠷᠴᠡᠢ︔ᠵᠦ ᠡᠯ ᠭᠧᠦ ᠶᠢᠨ ᠨᠠᠬᠢᠶ᠎ᠠ ᠴᠢᠬᠢ ᠨᠣᠭᠤᠭ᠎ᠠ ᠡᠳ᠋ᠰᠢᠭᠦᠯᠬᠦ ᠲᠦᠷᠦᠯ | ᠵᠦᠢᠯ ᠤᠨ ᠵᠢᠯ ᠤᠨ ᠠᠰᠢᠭ ᠣᠷᠣᠯᠭ᠎ᠠ ᠨᠢ 12 ᠲᠦᠮᠡᠨ ᠲᠥᠭᠦᠷᠢᠭ ᠲᠤ ᠬᠦᠷᠴᠡᠢ᠃ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠦᠷᠭᠦᠯᠵᠢᠯᠡᠨ ᠰᠠᠶᠢᠵᠢᠷᠠᠪᠠ᠃ᠲᠠᠷᠢᠶᠠᠨ ᠭᠠᠵᠠᠷ ᠤᠨ ᠤᠯᠠᠭᠠᠨ | ᠱᠤᠭᠤᠮ ᠢ ᠴᠢᠩᠭ᠎ᠠ ᠰᠠᠬᠢᠵᠤ ᠪᠣᠳᠠᠲᠠᠢ ᠠᠷᠭ᠎ᠠ ᠬᠡᠮᠵᠢᠶ᠎ᠡ ᠠᠪᠴᠤ᠂ ᠨᠢᠭᠡᠳᠦᠭᠡᠷ ᠤᠯᠠᠷᠢᠯ ᠳᠤ ᠡᠯ᠎ᠡ ᠲᠣᠰᠬᠤᠨ ᠤ | ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠳᠤ ᠬᠤᠯᠪᠣᠭᠳᠠᠭᠰᠠᠨ ᠵᠢᠷᠤᠭ ᠢ ᠲᠤᠬᠠᠢ | ᠶᠢᠨ ᠭᠠᠵᠠᠷ ᠲᠤᠨᠢ ᠭᠡᠷᠡᠴᠢ ᠠᠪᠴᠤ ᠬᠠᠷᠭᠤᠭᠤᠯᠤᠨ ᠲᠣᠳᠣᠯᠠᠵᠤ᠂ ᠵᠢᠷᠤᠭ ᠢ ᠲᠥᠷᠥᠯ ᠬᠤᠪᠢᠶᠠᠬᠤ ᠪᠠ | ᠰᠢᠰᠲ᠋ᠧᠮ ᠲᠠᠢ ᠪᠠᠷ ᠲᠠᠭᠯᠠᠨ ᠮᠡᠳᠡᠭᠦᠯᠬᠦ ᠶᠢ ᠪᠡᠶᠡᠯᠡᠭᠦᠯᠵᠡᠢ᠃2023 ᠣᠨ ᠤ 7 ᠰᠠᠷ᠎ᠠ ᠪᠣᠯᠲᠠᠯ᠎ᠠ᠂ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ 7 ᠭᠠᠵᠠᠷ ᠢ ᠨᠤᠷᠠᠭᠠᠵᠤ᠂ ᠪᠥᠬᠦ | ᠪᠠᠯᠭᠠᠰᠤᠨ ᠳᠤ ︽ᠢᠯᠡᠷᠡᠭᠦᠯᠪᠡᠯ ᠨᠢᠭᠡ ᠭᠠᠵᠠᠷ ᠢ ᠨᠤᠷᠠᠭᠠᠬᠤ︾ ᠬᠠᠤᠯᠢ ᠬᠡᠷᠡᠭᠵᠢᠭᠦᠯᠬᠦ ᠠᠭᠤᠷ ᠠᠮᠢᠰᠬᠤᠯ ᠪᠠ | ᠴᠡᠭᠴᠡᠯᠡᠨ ᠵᠠᠰᠠᠬᠤ ᠪᠠᠶᠢᠳᠠᠯ ᠢ ᠪᠣᠶ ᠪᠣᠯᠭᠠᠵᠤ᠂ ᠭᠠᠵᠠᠷ ᠬᠡᠷᠡᠭᠯᠡᠬᠦ ᠵᠢᠷᠤᠮᠵᠢᠯ ᠢ ᠦᠨᠡᠨ ᠬᠦ ᠬᠠᠮᠠᠭᠠᠯᠠᠵᠤ᠂ | ᠲᠣᠰᠬᠤᠨ ᠤ ᠠᠷᠠᠳ ᠤᠨ ᠤᠬᠠᠮᠰᠠᠷ ᠢ ᠳᠡᠭᠡᠭᠰᠢᠯᠡᠭᠦᠯᠪᠡ᠃ᠤᠢ ᠰᠢᠭᠤᠢ ᠶᠢᠨ ᠦᠢᠯᠡᠰ ᠤᠨ ᠤᠰᠤᠨ | ᠠᠰᠢᠭᠯᠠᠯᠲᠠ ᠶᠢᠨ ᠴᠢᠬᠤᠯᠠ ᠪᠣᠳᠠᠲᠤ ᠠᠮᠵᠢᠯᠲᠠ ᠶᠢ ᠴᠢᠩᠭᠠᠳᠬᠠᠵᠤ᠂ ᠰᠢᠶᠠᠩ ᠪᠠᠯᠭᠠᠰᠤ᠂ ᠲᠣᠰᠬᠤᠨ᠂ ᠤᠢ | ᠰᠢᠭᠤᠢ ᠶᠢᠨ ᠬᠠᠮᠠᠭᠠᠯᠠᠭᠴᠢ ᠭᠤᠷᠪᠠᠨ ᠱᠠᠲᠤ ᠪᠠᠷ ᠬᠤᠯᠪᠤᠭᠠᠯᠠᠨ ᠬᠥᠳᠡᠯᠦᠯᠴᠡᠭᠰᠡᠨ ︽ᠨᠢᠭᠡ ᠲᠣᠰᠬᠤᠨ ᠳᠤ ᠨᠢᠭᠡ | ᠤᠢ ᠰᠢᠭᠤᠢ ᠶᠢᠨ ᠳᠠᠷᠤᠭ᠎ᠠ︾ ᠶᠢᠨ ᠳᠦᠷᠢᠮ ᠢ ᠥᠨᠳᠥᠷ ᠪᠦᠲᠦᠮᠵᠢᠲᠡᠢ ᠬᠡᠷᠡᠭᠵᠢᠭᠦᠯᠵᠦ᠂ ᠲᠣᠭᠲᠠᠮᠠᠯ | ᠬᠤᠭᠤᠴᠠᠭ᠎ᠠ ᠲᠠᠢ ᠪᠠᠷ ᠤᠢ ᠰᠢᠭᠤᠢ ᠶᠢ ᠲᠣᠭᠤᠷᠢᠨ ᠪᠠᠶᠢᠴᠠᠭᠠᠬᠤ ᠶᠢᠨ ᠬᠠᠮᠲᠤ ᠰᠠᠶᠢᠲᠤᠷ ᠲᠡᠮᠳᠡᠭᠯᠡᠯ ᠬᠢᠵᠦ᠂ ᠤᠢ | ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠵᠤ᠂ ᠰᠢᠭᠤᠶᠢᠲᠤ ᠣᠷᠣᠨ ᠤ ᠡᠮᠬᠢ | ᠳᠢᠭᠯᠢᠮ ᠢ ᠬᠠᠮᠠᠭᠠᠯᠠᠬᠤ ᠬᠡᠷᠡᠭᠲᠡᠢ︔ᠮᠣᠳᠣ ᠲᠠᠷᠢᠵᠤ ᠣᠶᠢᠵᠢᠭᠤᠯᠬᠤ ᠠᠵᠢᠯ ᠢ ᠰᠠᠶᠢᠲᠤᠷ ᠠᠳᠬᠤᠵᠤ᠂ ᠲᠤᠰ ᠵᠢᠯ ᠤᠨ | ᠠᠯᠪᠠᠨ ᠵᠢᠷᠤᠮ ᠤᠨ ᠮᠣᠳᠣ ᠲᠠᠷᠢᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠡᠯ᠎ᠡ ᠲᠣᠰᠬᠤᠨ ᠤ | ᠨᠣᠭᠤᠭᠠᠷᠠᠭᠤᠯᠤᠯᠲᠠ ᠶᠢᠨ ᠪᠦᠰᠡ ᠲᠠᠰᠤᠷᠠᠭᠰᠠᠨ ᠪᠦᠰᠡ ᠶᠢ ᠨᠥᠬᠦᠪᠦᠷᠢᠯᠡᠬᠦ ᠠᠵᠢᠯ ᠢ ᠲᠠᠰᠤᠷᠠᠯ ᠦᠭᠡᠢ ᠰᠠᠶᠢᠲᠤᠷ | ᠬᠢᠵᠦ᠂ ᠤᠢ ᠰᠢᠭᠤᠢ ᠶᠢᠨ ᠪᠦᠷᠬᠦᠴᠡ ᠶᠢ ᠨᠡᠮᠡᠭᠳᠡᠭᠦᠯᠦᠨ᠎ᠡ᠃ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠳᠦᠷᠢᠮ ᠢ ᠶᠡᠬᠡᠪᠡᠷ ᠬᠡᠷᠡᠭᠵᠢᠭᠦᠯᠵᠦ᠂ 2023 ᠣᠨ ᠳᠤ ᠭᠤᠣᠯ ᠮᠥᠷᠡᠨ ᠤ ᠳᠠᠷᠤᠭ᠎ᠠ ᠶᠢᠨ ᠠᠯᠪᠠᠨ ᠭᠡᠷ ᠢᠶᠠᠷ | ᠲᠦᠷᠦᠭᠦᠯᠡᠭᠦᠯᠦᠨ᠂ ᠭᠤᠣᠯ ᠮᠥᠷᠡᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠪᠠᠯᠭᠠᠰᠤᠨ ᠤ ᠳᠡᠰ ᠤᠨ ᠭᠤᠣᠯ ᠮᠥᠷᠡᠨ ᠤ ᠳᠠᠷᠤᠭ᠎ᠠ 73 ᠤᠳᠠᠭ᠎ᠠ ᠭᠤᠣᠯ ᠴᠠᠭᠳᠠᠵᠤ᠂ | ᠲᠣᠰᠬᠤᠨ ᠤ ᠳᠡᠰ ᠤᠨ ᠭᠤᠣᠯ ᠮᠥᠷᠡᠨ ᠤ ᠳᠠᠷᠤᠭ᠎ᠠ 285 ᠤᠳᠠᠭ᠎ᠠ ᠭᠤᠣᠯ ᠴᠠᠭᠳᠠᠵᠤ᠂ ᠪᠦᠬᠦ ᠪᠠᠯᠭᠠᠰᠤᠨ ᠤ 13 | ᠵᠤᠷᠪᠤᠰ ᠭᠤᠣᠯ ᠮᠥᠷᠡᠨ ᠤ ᠭᠤᠤ ᠶᠢᠨ ᠭᠤᠷᠪᠠᠳᠤᠭᠠᠷ ᠳᠡᠰ ᠤᠨ ᠭᠤᠣᠯ ᠮᠥᠷᠡᠨ ᠤ ᠳᠠᠷᠤᠭ᠎ᠠ ᠭᠤᠣᠯ ᠴᠠᠭᠳᠠᠬᠤ ᠶᠢ | ᠪᠠᠶᠢᠩᠭᠤᠵᠢᠭᠤᠯᠪᠠ︔ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠬᠠᠮᠲᠤᠷᠠᠭᠰᠠᠨ ᠬᠠᠤᠯᠢ ᠬᠡᠷᠡᠭᠵᠢᠭᠦᠯᠬᠦ ᠲᠤᠰᠬᠠᠢ | ᠠᠵᠢᠯᠯᠠᠭ᠎ᠠ ᠶᠢ ᠤᠯᠠᠨ ᠤᠳᠠᠭ᠎ᠠ ᠥᠷᠨᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ | ᠬᠡᠪᠴᠢᠶᠡᠨ ᠳᠠᠬᠢ ᠲᠠᠪᠤᠨ ᠳᠤᠷ᠎ᠠ ᠪᠠᠷ ᠢᠶᠠᠨ ︵ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠡᠵᠡᠯᠡᠬᠦ᠂ | ᠳᠤᠷ᠎ᠠ ᠪᠠᠷ ᠢᠶᠠᠨ ᠪᠠᠶᠢᠭᠤᠯᠬᠤ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠴᠢᠳᠬᠤᠬᠤ︶ ᠠᠰᠠᠭᠤᠳᠠᠯ ᠢ | ᠭᠤᠣᠯᠳᠠᠯᠭ᠎ᠠ ᠲᠠᠢ ᠪᠠᠷ ᠪᠠᠶᠢᠴᠠᠭᠠᠨ ᠰᠢᠢᠳᠪᠦᠷᠢᠯᠡᠵᠦ᠂ ᠲᠣᠭᠲᠠᠭᠠᠯ ᠠᠴᠠ ᠵᠥᠷᠢᠴᠡᠭᠰᠡᠨ 3 ᠠᠰᠠᠭᠤᠳᠠᠯ ᠢ | ᠢᠯᠡᠷᠡᠭᠦᠯᠦᠨ ᠴᠡᠪᠡᠷᠯᠡᠵᠦ᠂ ᠵᠠᠯᠠᠷᠠᠭᠤᠯᠵᠤ᠂ ᠭᠤᠣᠯ ᠤᠨ ᠵᠠᠮ ᠤᠰᠤᠨ ᠤ ᠶᠠᠪᠤᠳᠠᠯ ᠤᠨ ᠡᠮᠬᠢ ᠵᠢᠷᠤᠮ ᠢ ᠬᠦᠴᠦᠲᠡᠢ | ᠬᠠᠮᠠᠭᠠᠯᠠᠪᠠ᠃ | | | ︵ᠭᠤᠷᠪᠠ︶ ᠬᠡᠷᠡᠭ ᠢ ᠭᠠᠷᠬᠤ ᠠᠴᠠ ᠨᠢ ᠡᠮᠦᠨ᠎ᠡ ᠰᠡᠷᠭᠡᠶᠢᠯᠡᠵᠦ᠂ ᠴᠤᠭᠭᠠᠷ ᠠᠳᠬᠤᠨ ᠬᠠᠮᠲᠤᠪᠠᠷ ᠬᠠᠮᠢᠶᠠᠷᠴᠤ᠂ | ᠨᠡᠶᠢᠭᠡᠮ ᠤᠨ ᠲᠣᠭᠲᠠᠭᠤᠨ ᠪᠠᠶᠢᠳᠠᠯ ᠤᠨ ᠲᠣᠣᠷ ᠢ ᠪᠠᠲᠤ ᠪᠠᠬᠢ ᠪᠠᠬᠢᠵᠢᠭᠦᠯᠦᠨ᠎ᠡ᠃ | ᠨᠢᠭᠤᠴᠠ ᠪᠠᠷ ᠮᠠᠯᠲᠠᠬᠤ ᠪᠠ ᠬᠤᠯᠠᠭᠠᠶᠢᠯᠠᠨ ᠮᠠᠯᠲᠠᠬᠤ ᠳᠤ ᠴᠣᠬᠢᠯᠲᠠ ᠥᠭᠭᠦᠨ᠎ᠡ᠃24 ᠴᠠᠭ ᠤᠨ | ᠴᠠᠭᠳᠠᠯᠲᠠ ᠶᠢ ᠪᠦᠬᠦᠨ ᠢ ᠪᠦᠷᠬᠦᠭᠦᠯᠵᠦ᠂ ᠠᠵᠢᠯ ᠤᠨ ᠡᠳᠦᠷ ᠤᠨ ︽ᠬᠡᠰᠡᠭ ᠳᠠᠭᠠᠭᠠᠴᠢᠯᠠᠨ ᠲᠣᠭᠤᠷᠢᠨ ᠴᠠᠭᠳᠠᠬᠤ︾᠂ | ᠬᠤᠣᠰ ᠠᠮᠠᠷᠠᠯᠲᠠ ᠶᠢᠨ ᠡᠳᠦᠷ ᠵᠢᠴᠢ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠤᠨ ︽ᠵᠢᠵᠢᠭᠦᠷᠯᠡᠨ ᠲᠣᠭᠤᠷᠢᠨ | ᠴᠠᠭᠳᠠᠬᠤ︾ ᠶᠢ ᠲᠣᠬᠢᠷᠠᠭᠤᠯᠬᠤ ᠶᠢᠨ ᠬᠠᠮᠲᠤ ᠭᠤᠣᠯᠳᠠᠯᠭ᠎ᠠ ᠲᠠᠢ ᠣᠷᠣᠨ ᠪᠦᠰᠡ ᠶᠢᠨ 24 ᠴᠠᠭ ᠤᠨ ᠵᠢᠵᠢᠭᠦᠷᠯᠡᠬᠦ | ᠳᠦᠷᠢᠮ ᠢ ᠨᠠᠶᠢᠳᠠᠪᠤᠷᠢᠵᠢᠭᠤᠯᠵᠤ᠂ ᠡᠳᠦᠷ ᠪᠦᠷᠢ ᠠᠵᠢᠯᠯᠠᠭ᠎ᠠ ᠲᠠᠢ᠂ ᠠᠵᠢᠯᠯᠠᠭ᠎ᠠ ᠳᠤ ᠲᠣᠳᠣᠷᠬᠠᠢ ᠬᠠᠷᠢᠭᠤᠴᠠᠯᠭ᠎ᠠ ᠲᠠᠢ | ᠬᠥᠮᠥᠨ ᠲᠠᠢ ᠪᠠᠶᠢᠬᠤ ᠶᠢ ᠪᠡᠶᠡᠯᠡᠭᠦᠯᠦᠨ᠎ᠡ᠃ᠲᠤᠰᠬᠠᠢ ᠠᠵᠢᠯᠯᠠᠭ᠎ᠠ ᠶᠢ ᠰᠤᠯᠠᠷᠠᠭᠤᠯᠤᠯ ᠦᠭᠡᠢ ᠬᠢᠵᠦ᠂ ᠬᠠᠷᠢᠶᠠᠲᠤ | ᠣᠷᠣᠨ ᠤ ᠳᠣᠲᠣᠷᠠᠬᠢ 2021 ︱ 2023 ᠣᠨ ᠳᠤ ᠣᠲᠣ ᠪᠠᠶᠢᠭ᠎ᠠ ᠡᠯᠡᠰᠦᠨ ᠨᠦᠬᠡ ᠵᠢᠴᠢ ᠲᠣᠭᠲᠠᠭᠠᠭᠰᠠᠨ | ᠣᠷᠣᠨ ᠪᠦᠰᠡ ᠳᠤ ᠬᠠᠶᠢᠷ ᠴᠢᠯᠠᠭᠤ ᠣᠪᠣᠭᠠᠯᠠᠬᠤ ᠦᠭᠡᠢ ᠦᠵᠡᠭᠳᠡᠯ ᠢ ᠵᠢᠭᠰᠠᠭᠠᠨ ᠪᠠᠶᠢᠴᠠᠭᠠᠵᠤ᠂ 3 ᠤᠳᠠᠭ᠎ᠠ | ᠲᠤᠰᠬᠠᠢ ᠠᠵᠢᠯᠯᠠᠭ᠎ᠠ ᠥᠷᠨᠢᠭᠦᠯᠵᠦ᠂ ᠡᠷᠡᠰ ᠴᠣᠬᠢᠯᠲᠠ ᠥᠭᠬᠦ ᠥᠨᠳᠥᠷ ᠳᠠᠷᠤᠯᠲᠠ ᠶᠢᠨ ᠪᠠᠶᠢᠳᠠᠯ ᠢ ᠤᠯᠠᠮ ᠨᠢᠭᠡ | ᠠᠯᠬᠤᠮ ᠪᠠᠬᠢᠵᠢᠭᠦᠯᠵᠦ᠂ ᠲᠣᠰ ᠵᠢᠯ ᠠᠴᠠ ᠣᠲᠣ ᠪᠣᠯᠲᠠᠯ᠎ᠠ ᠨᠡᠶᠢᠲᠡ 6 ᠤᠳᠠᠭ᠎ᠠ ᠬᠡᠷᠡᠭ ᠪᠣᠯᠭᠠᠨ ᠳᠡᠩᠰᠡᠯᠡᠵᠦ | ᠰᠢᠳᠬᠡᠨ ᠲᠣᠷᠭᠠᠵᠤ᠂ ᠨᠡᠶᠢᠲᠡ 22.58 ᠲᠦᠮᠡᠨ ᠲᠥᠭᠦᠷᠢᠭ ᠤᠨ ᠲᠣᠷᠭᠠᠭᠰᠠᠨ ᠪᠠᠶᠢᠨ᠎ᠠ᠃ | ᠠᠶᠤᠯᠭᠦᠢ ᠦᠢᠯᠡᠳᠪᠦᠷᠢᠯᠡᠯ ᠢ ᠴᠢᠩᠭ᠎ᠠ ᠠᠳᠬᠤᠨ᠎ᠠ᠃ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ | ᠴᠢᠨᠠᠭᠰᠢᠳᠠ ᠴᠢᠩᠭᠠᠳᠬᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ᠂ ᠠᠵᠢᠯᠯᠠᠭᠴᠢ᠂ ᠡᠵᠡᠩᠨᠡᠭᠴᠢ ᠶᠢᠨ ᠠᠶᠤᠯᠭᠦᠢ | ᠦᠢᠯᠡᠳᠪᠦᠷᠢᠯᠡᠯ ᠤᠨ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠪᠠᠶᠢᠴᠠᠭᠠᠬᠤ ᠤᠳᠠᠭ᠎ᠠ ᠶᠢᠨ ᠲᠠᠯ᠎ᠠ ᠪᠠᠷ︽ᠰᠠᠷ᠎ᠠ | ᠪᠦᠷᠢ ᠪᠠᠶᠢᠷᠢᠯᠠᠭᠤᠯᠤᠯᠲᠠ ᠲᠠᠢ᠂ ᠭᠠᠷᠠᠭ ᠪᠣᠯᠭᠠᠨ ᠠᠵᠢᠯᠯᠠᠭ᠎ᠠ ᠲᠠᠢ ᠪᠠᠶᠢᠬᠤ︾ ᠪᠠᠷ ᠠᠵᠢᠯ ᠤᠨ ᠵᠦᠭᠯᠡᠭᠦᠷ ᠪᠣᠯᠭᠠᠵᠤ᠂ 1 | ᠰᠠᠷ᠎ᠠ ᠳᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ | ᠴᠡᠭᠴᠡᠯᠡᠨ ᠵᠠᠰᠠᠯᠲᠠ ᠶᠢ ᠥᠷᠨᠢᠭᠦᠯᠪᠡ︔2 ᠳ᠋ᠤᠭᠠᠷ ᠰᠠᠷ᠎ᠠ ᠳᠤ ︽ᠬᠤᠷᠢᠭ᠎ᠠ ᠱᠤᠭᠤᠮ ᠢ ᠰᠠᠬᠢᠵᠤ᠂ ᠳᠠᠯᠳᠠ ᠬᠡᠮ ᠢ | ᠪᠠᠶᠢᠴᠠᠭᠠᠵᠤ᠂ ᠠᠮᠤᠷ ᠲᠦᠪᠰᠢᠨ ᠢ ᠪᠠᠲᠤᠯᠠᠬᠤ︾ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢᠨ | ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠣᠯᠭᠢᠶᠠᠨ ᠤ ᠭᠠᠯ | ᠤᠨᠲᠠᠷᠠᠭᠠᠬᠤ ᠠᠮᠤᠷ ᠲᠦᠪᠰᠢᠨ ᠤ ᠨᠡᠪᠲᠡᠷᠡᠬᠦ ᠵᠠᠮ ᠢ ᠨᠢᠭᠡᠳ ᠨᠢᠭᠡ ᠪᠠᠷ ᠪᠠᠶᠢᠴᠠᠭᠠᠨ᠎ᠠ︔3 ᠳ᠋ᠤᠭᠠᠷ ᠰᠠᠷ᠎ᠠ᠂ 4 | ᠳ᠋ᠦᠭᠡᠷ ᠰᠠᠷ᠎ᠠ ᠳᠤ ᠲᠣᠰ ᠲᠣᠰ ᠬᠠᠷᠢᠶᠠᠲᠤ ᠣᠷᠣᠨ ᠤ ᠳᠣᠲᠣᠷᠠᠬᠢ ᠦᠢᠯᠡᠳᠪᠦᠷᠢᠯᠡᠯ ᠡᠵᠡᠩᠨᠡᠯᠲᠡ ᠶᠢᠨ ᠠᠵᠤ | ᠠᠬᠤᠶᠢᠯᠠᠯ ᠤᠨ ︽ᠡᠬᠢᠯᠡᠯᠲᠡ ᠶᠢᠨ ᠬᠡᠯᠪᠡᠷᠢ︾ ᠶᠢᠨ ᠪᠠᠶᠢᠳᠠᠯ ᠢ ᠵᠢᠭᠰᠠᠭᠠᠨ ᠪᠠᠶᠢᠴᠠᠭᠠᠵᠤ ᠣᠶᠢᠯᠠᠭᠠᠬᠤ ᠠᠵᠢᠯᠯᠠᠭ᠎ᠠ | ᠪᠠ ᠣᠯᠠᠨ ᠨᠡᠶᠢᠲᠡ ᠶᠢᠨ ᠲᠠᠯᠠᠪᠤᠷ ᠤᠨ ᠠᠮᠤᠷ ᠲᠦᠪᠰᠢᠨ ᠤ ᠪᠡᠯᠡᠳᠬᠡᠮᠵᠢ ᠶᠢᠨ ᠲᠣᠬᠢᠷᠠᠭᠤᠯᠤᠯᠲᠠ ᠶᠢᠨ | ᠪᠠᠶᠢᠴᠠᠭᠠᠯᠲᠠ ᠶᠢ ᠪᠡᠶᠡᠯᠡᠭᠦᠯᠦᠨ᠎ᠡ︔5 ᠰᠠᠷ᠎ᠠ ᠳᠤ ︽ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠡᠳᠦᠷ︾ ᠲᠠᠢ ᠤᠶᠠᠯᠳᠤᠭᠤᠯᠤᠨ᠂ 6 ᠰᠠᠷ᠎ᠠ ᠳᠤ 22 ᠳ᠋ᠤᠭᠠᠷ ︽ᠠᠶᠤᠯᠭᠦᠢ ᠦᠢᠯᠡᠳᠪᠦᠷᠢᠯᠡᠯ ᠤᠨ | ᠰᠠᠷ᠎ᠠ︾ ᠶᠢ ᠲᠤᠤᠱᠯᠠᠭᠤᠯᠬᠤ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠢᠶᠠᠷ ᠣᠯᠠᠨ ᠶᠠᠩᠵᠤ ᠶᠢᠨ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠂ ᠡᠭᠦᠨ ᠳᠤ ᠨᠠᠮ ᠤᠨ ᠬᠤᠷᠢᠶᠠᠨ ᠤ ᠱᠦᠵᠢ ᠠᠮᠤᠷ ᠲᠦᠪᠰᠢᠨ ᠤ | ᠲᠤᠬᠠᠢ ᠶᠠᠷᠢᠬᠤ᠂ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠨᠡᠶᠢᠭᠡᠮ ᠲᠣᠭᠤᠷᠢᠭ ᠲᠤ ᠣᠴᠢᠬᠤ᠂ ᠠᠮᠤᠷ | ᠲᠦᠪᠰᠢᠨ ᠤ ᠬᠥᠮᠦᠵᠢᠯ ᠤᠨ ᠰᠡᠷᠡᠮᠵᠢ ᠶᠢᠨ ᠹᠢᠯᠢᠮ ᠢ ᠦᠵᠡᠬᠦ ᠵᠡᠷᠭᠡ 50 ᠭᠠᠷᠤᠢ ᠲᠠᠯᠠᠪᠤᠷ ᠠᠵᠢᠯᠯᠠᠭ᠎ᠠ ᠪᠠᠭᠲᠠᠨ᠎ᠠ︔ | 7 ᠰᠠᠷ᠎ᠠ ᠳᠤ ᠰᠢᠩᠭᠡᠵᠢᠮᠠᠯ ᠬᠡᠢ ᠶᠢᠨ ᠬᠡᠷᠡᠭᠯᠡᠯᠲᠡ ᠶᠢ ᠵᠢᠭᠰᠠᠭᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠲᠠᠢ ᠬᠠᠮᠲᠤᠪᠠᠷ ᠶᠡᠭᠡ ᠪᠠᠶᠢᠴᠠᠭᠠᠯᠲᠠ᠂ ᠶᠡᠭᠡ | ᠤᠬᠠᠭᠤᠯᠭ᠎ᠠ ᠶᠢ ᠥᠷᠨᠢᠭᠦᠯᠬᠦ ᠶᠢᠨ ᠬᠠᠮᠲᠤ ᠰᠢᠲᠠᠮᠠᠬᠠᠢ ᠬᠡᠢ ᠶᠢᠨ ᠮᠡᠷᠭᠡᠵᠢᠯ ᠢᠶᠠᠷ ᠰᠡᠷᠭᠡᠶᠢᠯᠡᠬᠦ ᠲᠥᠬᠦᠭᠡᠷᠦᠮᠵᠢ ᠶᠢ | ᠤᠭᠰᠠᠷᠠᠬᠤ ᠠᠵᠢᠯ ᠢ ᠴᠠᠭ ᠲᠤᠬᠠᠢ ᠳᠤᠨᠢ ᠠᠬᠢᠭᠤᠯᠪᠠ᠃ | ᠵᠥᠷᠢᠴᠡᠯ ᠢ ᠨᠠᠮᠳᠠᠭᠤᠯᠬᠤ ᠶᠢ ᠰᠢᠯᠢᠳᠡᠭᠵᠢᠭᠦᠯᠦᠨ᠎ᠡ᠃ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ | ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠤᠳᠤᠷᠢᠳᠤᠯᠭ᠎ᠠ ᠶᠢᠨ ᠲᠣᠭᠲᠠᠮᠠᠯ ᠬᠤᠷᠠᠯ ᠤᠨ ᠳᠦᠷᠢᠮ ᠢ ᠪᠦᠬᠦ | ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠪᠠᠨ ᠰᠡᠷᠭᠡᠭ ᠮᠡᠳᠡᠭᠡ ᠵᠠᠩᠭᠢ ᠵᠢᠴᠢ ᠲᠣᠭᠲᠠᠭᠤᠨ | ᠪᠤᠰᠤ ᠬᠦᠴᠦᠨ ᠵᠦᠢᠯ ᠢ ᠴᠠᠭ ᠲᠤᠬᠠᠢ ᠳᠤᠨᠢ ᠡᠵᠡᠮᠰᠢᠵᠦ᠂ ᠲᠣᠭᠲᠠᠭᠤᠨ ᠪᠠᠶᠢᠳᠠᠯ ᠳᠤ ᠬᠤᠯᠪᠣᠭᠳᠠᠬᠤ ᠭᠡᠮ | ᠰᠣᠭᠤᠭ ᠢ ᠵᠠᠳᠠᠯᠤᠨ ᠰᠤᠳᠤᠯᠤᠨ ᠮᠠᠭᠠᠳᠯᠠᠵᠤ᠂ ᠤᠷᠢᠳᠴᠢᠯᠠᠨ ᠰᠡᠷᠭᠡᠶᠢᠯᠡᠵᠦ ᠪᠣᠯᠬᠤ ᠬᠡᠷᠡᠭ ᠡᠭᠦᠰᠬᠦ ᠶᠢ | ᠰᠡᠷᠭᠡᠶᠢᠯᠡᠨ᠎ᠡ᠃ᠰᠢᠢᠳᠪᠦᠷᠢᠯᠡᠭᠡᠳᠦᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠤᠨ ᠡᠬᠡ ᠲᠠᠩᠰᠠ ᠶᠢ ᠪᠠᠶᠢᠭᠤᠯᠵᠤ᠂ | ᠰᠢᠢᠳᠪᠦᠷᠢᠯᠡᠭᠡᠳᠦᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠨᠢᠭᠡᠪᠦᠷᠢ ᠳᠤ ᠴᠥᠮ ᠨᠠᠮ ᠵᠠᠰᠠᠭ ᠤᠨ ᠤᠳᠤᠷᠢᠳᠤᠯᠭ᠎ᠠ | ᠪᠣᠳᠠᠲᠠᠢ ᠬᠡᠷᠡᠭ ᠢ ᠳᠠᠭᠠᠭᠠᠴᠢᠯᠠᠵᠤ᠂ ᠪᠠᠶᠢᠳᠠᠯ ᠢ ᠡᠵᠡᠮᠰᠢᠬᠦ ᠶᠢ ᠳᠠᠭᠠᠭᠠᠴᠢᠯᠠᠬᠤ᠂ ᠦᠵᠡᠯ ᠰᠠᠨᠠᠭᠠᠨ ᠤ ᠬᠥᠮᠦᠵᠢᠯ ᠢ | ᠳᠠᠭᠠᠭᠠᠴᠢᠯᠠᠬᠤ᠂ ᠰᠢᠢᠳᠪᠦᠷᠢᠯᠡᠬᠦ ᠶᠢ ᠳᠠᠭᠠᠭᠠᠴᠢᠯᠠᠬᠤ᠂ ᠵᠠᠭᠠᠯᠳᠤᠬᠤ ᠶᠢ ᠵᠣᠭᠰᠣᠭᠠᠵᠤ ᠰᠤᠷᠪᠤᠯᠵᠢᠯᠠᠬᠤ ᠶᠢ | ᠵᠣᠭᠰᠤᠭᠠᠬᠤ ︽ᠳᠥᠷᠪᠡ ᠶᠢ ᠳᠠᠭᠠᠭᠠᠴᠢᠯᠠᠬᠤ︾ᠱᠠᠭᠠᠷᠳᠠᠯᠭ᠎ᠠ ᠶᠣᠰᠣᠭᠠᠷ ᠰᠢᠢᠳᠪᠦᠷᠢᠯᠡᠬᠦ ᠶᠢ ᠠᠬᠢᠭᠤᠯᠵᠤ᠂ | ᠵᠠᠭᠠᠯᠳᠤᠬᠤ ᠶᠢ ᠵᠣᠭᠰᠣᠭᠠᠵᠤ ᠰᠤᠷᠪᠤᠯᠵᠢᠯᠠᠬᠤ ᠶᠢ ᠵᠣᠭᠰᠣᠭᠠᠵᠤ᠂ ᠪᠦᠬᠦ ᠶᠠᠪᠤᠴᠠ ᠳᠤ ᠪᠢᠲᠡᠭᠦᠦ ᠬᠠᠮᠢᠶᠠᠷᠤᠯᠲᠠ ᠶᠢ | ᠬᠡᠷᠡᠭᠵᠢᠭᠦᠯᠵᠦ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠤᠨ ᠰᠢᠢᠳᠪᠦᠷᠢᠯᠡᠨ᠎ᠡ᠃ᠨᠠᠮ ᠤᠨ ᠬᠤᠷᠢᠶᠠᠨ ᠤ | ᠨᠢᠭᠡᠳᠦᠯᠲᠡᠢ ᠤᠳᠤᠷᠢᠳᠤᠯᠭ᠎ᠠ ᠳᠣᠣᠷᠠᠬᠢ ︽ᠨᠢᠭᠡ ᠯᠡ ᠥᠷᠲᠡᠭᠡᠨ ᠤ ᠬᠡᠯᠪᠡᠷᠢ︾ ᠶᠢᠨ ᠵᠥᠷᠢᠴᠡᠯ ᠵᠢᠭᠤᠷᠠᠯᠳᠤᠭᠠᠨ ᠢ | ᠵᠢᠭᠰᠠᠭᠠᠨ ᠪᠠᠶᠢᠴᠠᠭᠠᠵᠤ ᠠᠷᠢᠯᠭᠠᠬᠤ ᠶᠢ ᠪᠠᠷᠢᠮᠲᠠᠯᠠᠨ᠎ᠠ᠃ᠡᠯ᠎ᠡ ᠲᠣᠰᠬᠤᠨ᠂ ᠨᠡᠶᠢᠭᠡᠮ ᠲᠣᠭᠤᠷᠢᠭ ᠲᠤ ᠵᠥᠷᠢᠴᠡᠯ ᠢ | ᠡᠶᠡᠳᠡᠭᠦᠯᠬᠦ ᠲᠠᠰᠤᠭ᠂ ᠠᠷᠠᠳ ᠤᠨ ᠡᠶᠡᠳᠡᠭᠦᠯᠬᠦ ᠺᠣᠮᠢᠰ ᠢ ᠪᠠᠶᠢᠭᠤᠯᠵᠤ᠂ ᠵᠥᠷᠢᠴᠡᠯ ᠢ ᠡᠶᠡᠳᠡᠭᠦᠯᠬᠦ ᠵᠢᠱᠢᠶ᠎ᠡ ᠦᠵᠡᠭᠦᠯᠬᠦ | ᠴᠡᠭ ᠢ ᠪᠤᠢ ᠪᠣᠯᠭᠠᠨ᠎ᠠ᠃ᠳᠡᠭᠡᠷ᠎ᠡ ᠬᠠᠭᠠᠰ ᠵᠢᠯ ᠳᠤ ᠨᠡᠶᠢᠲᠡ 7 ᠵᠥᠷᠢᠴᠡᠯ ᠵᠢᠭᠤᠷᠠᠯᠳᠤᠭᠠᠨ ᠢ ᠡᠶᠡᠳᠡᠭᠦᠯᠵᠦ᠂ 8 | ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠵᠡᠢ᠃ᠳᠡᠭᠡᠷ᠎ᠡ ᠬᠠᠭᠠᠰ ᠵᠢᠯ ᠳᠤ | ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠳᠤᠨᠢ ᠭᠦᠢᠴᠡᠳᠬᠡᠭᠰᠡᠨ 3840 ᠬᠤᠪᠢ ᠠᠵᠢᠯ ᠤᠨ | ᠬᠠᠭᠤᠳᠠᠰᠤ ᠶᠢ ᠳᠠᠭᠠᠭᠠᠨ ᠭᠦᠢᠴᠡᠳᠬᠡᠵᠦ᠂ 2816 ᠬᠤᠪᠢ ᠶᠢ ᠨᠢ ᠰᠢᠢᠳᠪᠦᠷᠢᠯᠡᠨ ᠳᠠᠭᠤᠰᠬᠠᠵᠤ᠂ 380 | ᠬᠤᠪᠢ ᠶᠢ ᠨᠢ ᠪᠤᠴᠠᠭᠠᠵᠤ᠂ 644 ᠬᠤᠪᠢ ᠶᠢ ᠨᠢ ᠰᠢᠢᠳᠪᠦᠷᠢᠯᠡᠨ ᠰᠢᠢᠳᠪᠦᠷᠢᠯᠡᠵᠦ᠂ ᠰᠢᠢᠳᠪᠦᠷᠢᠯᠡᠭᠰᠡᠨ ᠨᠤᠷᠮ᠎ᠠ᠂ | ᠰᠡᠳᠬᠢᠯ ᠬᠠᠩᠬᠤ ᠨᠤᠷᠮ᠎ᠠ ᠨᠢ ᠰᠠᠷ᠎ᠠ ᠪᠦᠷᠢ 96% ᠠᠴᠠ ᠳᠡᠭᠡᠭᠰᠢ ᠪᠣᠯᠤᠭᠰᠠᠨ ᠪᠠᠶᠢᠨ᠎ᠠ᠃ ᠡᠨᠡ ᠲᠠᠯ᠎ᠠ ᠪᠠᠷ ᠬᠢ | ᠵᠠᠷᠭᠤ ᠶᠢ ᠬᠦᠯᠢᠶᠡᠨ ᠠᠪᠤᠭᠰᠠᠨ ᠳᠠᠷᠤᠢ ᠳᠤᠨᠢ ᠭᠦᠢᠴᠡᠳᠬᠡᠭᠰᠡᠨ ᠠᠵᠢᠯ ᠤᠨ ᠬᠠᠭᠤᠳᠠᠰᠤ 3840 ᠬᠤᠪᠢ ᠪᠠᠶᠢᠵᠤ᠂ | 2816 ᠬᠤᠪᠢ ᠶᠢ ᠨᠢ ᠰᠢᠢᠳᠪᠦᠷᠢᠯᠡᠨ ᠳᠠᠭᠤᠰᠬᠠᠵᠤ᠂ 380 ᠬᠤᠪᠢ ᠶᠢ ᠨᠢ ᠪᠤᠴᠠᠭᠠᠪᠠ᠃ | | | ︵ᠳᠥᠷᠪᠡ︶ ᠠᠷᠠᠳ ᠢᠶᠠᠷ ᠦᠨᠳᠦᠰᠦ ᠪᠣᠯᠭᠠᠵᠤ᠂ ᠬᠠᠮᠲᠤᠪᠠᠷ ᠵᠠᠰᠠᠵᠤ ᠬᠠᠮᠲᠤᠪᠠᠷ ᠡᠳ᠋ᠯᠡᠵᠦ᠂ ᠠᠷᠠᠳ ᠤᠯᠠᠨ ᠤ ᠵᠣᠯ | ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠎ᠡ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠤᠯᠠᠮ ᠨᠢᠭᠡ ᠠᠯᠬᠤᠮ ᠪᠠᠬᠢᠵᠢᠪᠡ᠃ᠪᠥᠬᠦ ᠪᠠᠯᠭᠠᠰᠤᠨ ᠤ ᠬᠥᠳᠡᠭᠡ | ᠲᠣᠰᠬᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ 2700 ᠡᠷᠦᠬᠡ᠂ 4119 | ᠬᠥᠮᠥᠨ︔ᠬᠤᠲᠠ ᠪᠠᠯᠭᠠᠰᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ 307 ᠡᠷᠦᠬᠡ᠂ 433 | ᠬᠥᠮᠥᠨ ᠭᠥᠷᠳᠡᠵᠦ ᠪᠠᠶᠢᠨ᠎ᠠ︔ᠴᠡᠷᠢᠭ ᠠᠴᠠ ᠬᠠᠯᠠᠭᠳᠠᠭᠰᠠᠳ ᠤᠨ ᠭᠤᠣᠯᠳᠠᠯᠭ᠎ᠠ ᠲᠠᠢ ᠠᠰᠠᠷᠠᠨ ᠬᠠᠷᠠᠭᠠᠯᠵᠠᠬᠤ | ᠡᠲᠡᠭᠡᠳ 220 ᠬᠥᠮᠥᠨ︔ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠶᠢ 1006 ᠬᠥᠮᠥᠨ | ᠭᠥᠷᠳᠡᠵᠦ ᠪᠠᠶᠢᠨ᠎ᠠ︔ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢ 1174 ᠬᠥᠮᠥᠨ ᠭᠥᠷᠳᠡᠵᠦ | ᠪᠠᠶᠢᠨ᠎ᠠ︔ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ 1 ᠲᠦᠮᠡᠨ | ᠬᠥᠮᠥᠨ ᠭᠥᠷᠳᠡᠵᠦ ᠪᠠᠶᠢᠨ᠎ᠠ︔ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ 497 ᠲᠦᠮᠡᠨ ᠬᠥᠮᠥᠨ | ᠣᠷᠣᠯᠴᠠᠵᠠᠢ᠃ᠥᠪᠡᠰᠦᠪᠡᠨ ᠪᠠᠷᠢᠭᠰᠠᠨ ᠭᠡᠷ ᠪᠠᠶᠢᠰᠢᠩ ᠢ ᠪᠠᠶᠢᠴᠠᠭᠠᠨ ᠭᠠᠷᠭᠠᠵᠤ ᠴᠡᠭᠴᠡᠯᠡᠨ ᠵᠠᠰᠠᠬᠤ ᠶᠢ | ᠪᠠᠶᠢᠩᠭᠤᠵᠢᠭᠤᠯᠤᠨ ᠠᠬᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ | ᠬᠦ ᠪᠠᠲᠤᠯᠠᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ 68 ᠲᠠᠰᠤᠯᠭ᠎ᠠ ᠡᠵᠡᠩᠨᠡᠯᠲᠡ ᠶᠢᠨ ᠴᠢᠨᠠᠷᠲᠠᠢ ᠥᠪᠡᠰᠦᠪᠡᠨ | ᠪᠠᠷᠢᠭᠰᠠᠨ ᠭᠡᠷ ᠪᠠᠶᠢᠰᠢᠩ ᠤᠨ ᠳᠠᠯᠳᠠ ᠬᠡᠮ ᠲᠠᠢ ᠭᠡᠷ ᠪᠠᠶᠢᠰᠢᠩ ᠢ ᠣᠲᠣ ᠨᠢᠭᠡᠨᠲᠡ ᠪᠦᠬᠦᠨ ᠢ ᠴᠡᠭᠴᠡᠯᠡᠨ ᠵᠠᠰᠠᠵᠤ | ᠳᠠᠭᠤᠰᠬᠠᠭᠠᠳ᠂ ᠴᠡᠭᠴᠡᠯᠡᠨ ᠵᠠᠰᠠᠭᠰᠠᠨ ᠨᠣᠷᠮ᠎ᠠ ᠶᠢ 100% ᠳᠤ ᠬᠦᠷᠦᠭᠦᠯᠪᠡ᠃6 ᠡᠷᠦᠬᠡ ᠶᠢᠨ ᠨᠤᠷᠠᠬᠤ | ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ᠂ 3 ᠡᠷᠦᠬᠡ ᠶᠢᠨ ᠭᠠᠵᠠᠷ ᠬᠥᠳᠡᠯᠦᠯᠲᠡ ᠶᠢ ᠳᠠᠭᠠᠭᠠᠬᠤ | ᠥᠭᠡᠷᠡᠴᠢᠯᠡᠯᠲᠡ ᠶᠢ ᠳᠠᠬᠢᠨ ᠪᠠᠶᠢᠭᠤᠯᠵᠤ᠂ ᠣᠳᠣᠬᠠᠨ ᠳᠤ ᠴᠥᠮ ᠠᠵᠢᠯ ᠢᠶᠠᠨ ᠡᠬᠢᠯᠡᠭᠦᠯᠪᠡ᠃ | ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ 8 ᠰᠠᠷ᠎ᠠ ᠶᠢᠨ ᠰᠡᠭᠦᠯᠴᠢ ᠪᠠᠷ ᠳᠠᠭᠤᠰᠬᠠᠬᠤ ᠪᠠᠷ ᠲᠥᠯᠥᠪᠯᠡᠵᠦ | ᠪᠠᠶᠢᠨ᠎ᠠ᠃2023 ᠣᠨ ᠳᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠳᠤ ᠨᠡᠶᠢᠲᠡ | 18 ᠰᠠᠭᠤᠭᠠᠯᠢ ᠠᠷᠠᠳ ᠤᠨ ᠲᠣᠭᠤᠷᠢᠭ ᠤᠨ 30 ᠠᠰᠠᠷ ᠤᠨ 1137 ᠡᠷᠦᠬᠡ ᠰᠠᠭᠤᠭᠠᠯᠢ ᠠᠷᠠᠳ ᠲᠠᠢ | ᠬᠤᠯᠪᠣᠭᠳᠠᠵᠤ᠂ ᠥᠭᠡᠷᠡᠴᠢᠯᠡᠯᠲᠡ ᠶᠢᠨ ᠲᠠᠯᠠᠪᠠᠶ ᠨᠢ 12.86 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ | ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 0.57 ᠳ᠋ᠦᠩᠰᠢᠭᠤᠷ ᠲᠥᠭᠦᠷᠢᠭ ᠪᠠᠶᠢᠵᠤ᠂ ᠰᠠᠭᠤᠷᠢ | ᠲᠥᠬᠦᠭᠡᠷᠦᠮᠵᠢ ᠶᠢᠨ ᠥᠭᠡᠷᠡᠴᠢᠯᠡᠯᠲᠡ ᠪᠠ ᠭᠤᠣᠯ ᠴᠣᠭᠴᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠭᠡᠵᠦ 2 | ᠬᠡᠰᠡᠭ ᠬᠤᠪᠢᠶᠠᠨ᠎ᠠ᠃ᠲᠥᠷᠥᠯ ᠵᠦᠢᠯ ᠨᠢ 5 ᠰᠠᠷ᠎ᠠ ᠶᠢᠨ 23 ᠤ ᠡᠳᠦᠷ ᠳᠠᠭᠠᠭᠠᠴᠢᠯᠠᠯᠲᠠ ᠵᠠᠷᠯᠠᠬᠤ ᠠᠵᠢᠯ ᠢ | ᠳᠠᠭᠤᠰᠬᠠᠵᠤ᠂ 5 ᠰᠠᠷ᠎ᠠ ᠶᠢᠨ 28 ᠤ ᠡᠳᠦᠷ ᠪᠠᠷᠢᠯᠭ᠎ᠠ ᠶᠢᠨ ᠨᠢᠭᠡᠴᠡ ᠲᠠᠯᠠᠪᠠᠶ ᠳᠤ ᠣᠷᠣᠵᠤ᠂ ᠬᠢᠨᠠᠨ ᠬᠠᠮᠢᠶᠠᠷᠬᠤ | ᠨᠢᠭᠡᠴᠡ᠂ ᠮᠥᠷᠳᠡᠨ ᠬᠢᠨᠠᠨ ᠪᠤᠳᠤᠬᠤ ᠨᠢᠭᠡᠴᠡ ᠵᠡᠷᠭᠡ ᠪᠠᠷ ᠲᠠᠯᠠᠪᠠᠶ ᠳᠤ ᠣᠷᠣᠵᠤ᠂ ᠪᠦᠲᠦᠭᠡᠨ ᠪᠠᠶᠢᠭᠤᠯᠤᠯᠲᠠ ᠳᠤ | ᠣᠷᠣᠯᠴᠠᠭᠰᠠᠨ ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ ᠲᠥᠷᠥᠯ ᠵᠦᠢᠯ ᠨᠢ | ᠶᠡᠷᠦᠩᠬᠡᠢ ᠳᠡᠭᠡᠨ ᠤᠷᠤᠭᠰᠢᠲᠠᠢ ᠶᠠᠪᠤᠭᠳᠠᠵᠤ᠂ ᠣᠲᠣ ᠪᠣᠯᠲᠠᠯ᠎ᠠ ᠪᠥᠬᠦ ᠪᠠᠷᠢᠯᠭ᠎ᠠ ᠶᠢᠨ ᠬᠡᠮᠵᠢᠶ᠎ᠡ ᠶᠢᠨ 75% | ᠣᠷᠴᠢᠮ ᠢ ᠪᠡᠶᠡᠯᠡᠭᠦᠯᠦᠭᠰᠡᠨ ᠪᠠᠶᠢᠨ᠎ᠠ᠃ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠴᠡᠭᠴᠡᠯᠡᠨ ᠵᠠᠰᠠᠬᠤ | ᠠᠵᠢᠯ ᠢ ᠡᠬᠢᠯᠡᠭᠦᠯᠵᠦ᠂ 9 ᠰᠠᠷ᠎ᠠ ᠶᠢᠨ ᠰᠡᠭᠦᠯᠴᠢ ᠪᠠᠷ ᠳᠠᠭᠤᠰᠬᠠᠬᠤ ᠪᠠᠷᠬᠥ᠋ᠬᠡᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠡᠪᠦᠯ ᠤᠨ ᠤᠯᠠᠷᠢᠯ ᠤᠨ ᠠᠷᠢᠭᠤᠨ ᠴᠡᠪᠡᠷ ᠳᠤᠯᠠᠭᠠᠯᠭ᠎ᠠ ᠶᠢᠨ ᠲᠥᠷᠥᠯ ᠵᠦᠢᠯ ᠢ ᠪᠥᠬᠦ ᠲᠠᠯ᠎ᠠ ᠪᠠᠷ | ᠲᠦᠯᠬᠢᠨ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠢᠳᠡᠪᠬᠢᠲᠡᠢ | ᠬᠠᠮᠵᠢᠯᠴᠠᠨ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ | ᠶᠡᠷᠦᠩᠬᠡᠶᠢᠯᠡᠨ ᠵᠠᠰᠠᠬᠤᠪᠥ᠋ᠬᠦ ᠪᠠᠯᠭᠠᠰᠤᠨ ᠤ ᠺᠠᠳ᠋ᠷᠴᠤᠳ ᠢ ᠵᠣᠬᠢᠶᠠᠨ ᠪᠠᠶᠢᠭᠤᠯᠤᠨ ᠡᠷᠦᠬᠡ ᠳᠤ ᠳᠠᠭᠠᠭᠠᠴᠢᠯᠠᠭᠤᠯᠤᠨ | ᠬᠤᠯᠪᠣᠭᠠᠯᠠᠭᠤᠯᠵᠤ᠂ ᠰᠠᠭᠤᠷᠢ ᠮᠡᠳᠡᠭᠡ ᠵᠠᠩᠭᠢ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠭᠦᠢᠴᠡᠳ | ᠡᠵᠡᠮᠰᠢᠨ᠂ ᠪᠡᠯᠡᠳᠬᠡᠭᠰᠡᠨ ᠪᠠᠶᠢᠳᠠᠯ᠂ ᠪᠠᠷᠢᠯᠭ᠎ᠠ ᠶᠢᠨ ᠠᠬᠢᠴᠠ ᠶᠢ ᠭᠦᠢᠴᠡᠳ ᠣᠶᠢᠯᠠᠭᠠᠵᠤ᠂ ᠲᠦᠭᠵᠢᠷᠡᠯ ᠲᠠᠢ | ᠭᠠᠵᠠᠷ ᠪᠠ ᠬᠦᠴᠢᠷᠳᠡᠯ ᠲᠠᠢ ᠭᠠᠵᠠᠷ ᠢ ᠴᠠᠭ ᠲᠤᠬᠠᠢ ᠳᠤᠨᠢ ᠬᠠᠷᠢᠭᠤ ᠲᠤᠰᠬᠠᠵᠤ᠂ ᠴᠡᠭᠴᠡᠯᠡᠨ ᠵᠠᠰᠠᠬᠤ ᠠᠵᠢᠯ ᠤᠨ | ᠤᠷᠤᠭᠰᠢᠲᠠᠢ ᠶᠠᠪᠤᠭᠳᠠᠬᠤ ᠳᠤ ᠦᠨᠡᠨᠬᠦ ᠬᠠᠮᠵᠢᠯᠴᠠᠨ᠎ᠠ᠃ᠣᠳᠣᠬᠠᠨ ᠳᠤ᠂ 14 ᠨᠡᠶᠢᠭᠡᠮ ᠲᠣᠭᠤᠷᠢᠭ ᠤᠨ 3 | ᠲᠣᠰᠬᠤᠨ ᠤ ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠬᠦ ᠡᠭᠦᠷᠭᠡ ᠶᠢ ᠨᠢᠭᠡᠨᠲᠡ 9973 ᠡᠷᠦᠬᠡ ᠳᠤ | ᠪᠡᠶᠡᠯᠡᠭᠦᠯᠵᠦ᠂ 4 ᠲᠣᠰᠬᠤᠨ ᠤ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠡᠭᠦᠷᠭᠡ ᠶᠢ ᠨᠢᠭᠡᠨᠲᠡ 248 | ᠡᠷᠦᠬᠡ ᠳᠤ ᠪᠡᠶᠡᠯᠡᠭᠦᠯᠪᠡ᠃ᠡᠭᠦᠨ ᠤ ᠬᠠᠮᠲᠤ ︽ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠬᠦ︾ ᠶᠢ | ᠲᠤᠰᠠᠭᠠᠷᠯᠠᠨ ᠤᠭᠰᠠᠷᠠᠬᠤ᠂ ᠴᠣᠩᠬᠤ ᠶᠢ ᠨᠡᠭᠡᠭᠡᠵᠦ ᠠᠬᠢᠭᠤᠯᠬᠤ ᠠᠵᠢᠯ ᠵᠢᠴᠢ ᠬᠠᠨᠵᠤ ᠶᠢᠨ ᠵᠤᠤᠬ᠎ᠠ ᠶᠢ | ᠪᠢᠲᠡᠭᠦᠮᠵᠢᠯᠡᠨ ᠪᠥᠭᠯᠡᠬᠦ ᠠᠵᠢᠯ ᠵᠢᠴᠢ ᠨᠡᠭᠦᠷᠡᠰᠦ ᠶᠢ ᠴᠠᠬᠢᠯᠭᠠᠨ ᠳᠤ ᠬᠡᠷᠡᠭᠯᠡᠬᠦ ᠴᠠᠬᠢᠯᠭᠠᠨ ᠮᠡᠳᠡᠭᠡ ᠶᠢ ᠤᠭᠰᠠᠷᠠᠬᠤ | ᠠᠵᠢᠯ ᠢ ᠵᠡᠷᠭᠡ ᠳᠤᠨᠢ ᠰᠠᠶᠢᠲᠤᠷ ᠬᠢᠬᠦ ᠬᠡᠷᠡᠭᠲᠡᠢ᠃ | ᠵᠠᠰᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠪᠠ᠃ᠨᠠᠮ ᠤᠨ ᠪᠠᠶᠢᠭᠤᠯᠤᠯᠲᠠ ᠪᠠᠷ ᠲᠤᠤᠷᠴᠢᠯᠠᠭᠰᠠᠨ | ᠵᠠᠰᠠᠯᠲᠠ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠨᠡᠶᠢᠭᠡᠮ ᠤᠨ ᠵᠠᠰᠠᠯᠲᠠ ᠶᠢᠨ ᠠᠵᠢᠯ ᠳᠠᠬᠢ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ︽ᠶᠡᠭᠡ ᠪᠠᠭ᠎ᠠ ᠨᠢ ᠲᠣᠬᠢᠷᠠᠮᠵᠢᠲᠠᠢ᠂ ᠣᠷᠣᠨ ᠬᠡᠰᠡᠭ ᠨᠢ ᠪᠦᠷᠢᠨ ᠪᠦᠲᠦᠨ᠂ ᠳᠠᠪᠬᠤᠷᠳᠠᠬᠤ ᠠᠴᠠ ᠵᠠᠶᠢᠯᠠᠰᠬᠢᠬᠦ︾ | ᠵᠠᠷᠴᠢᠮ ᠤᠨ ᠶᠣᠰᠣᠭᠠᠷ᠂ ᠲᠤᠤᠷᠴᠢᠯᠠᠯ ᠤᠨ ᠰᠢᠰᠲ᠋ᠧᠮ ᠶᠢ ᠲᠣᠬᠢᠷᠠᠭᠤᠯᠤᠨ ᠰᠢᠯᠢᠳᠡᠭᠵᠢᠭᠦᠯᠵᠦ᠂ ᠲᠤᠤᠷᠴᠢᠯᠠᠯ | ᠨᠢᠭᠡᠪᠦᠷᠢ ᠲᠤ 300 ᠡᠷᠥᠭᠡ ᠰᠠᠭᠤᠭᠠᠯᠢ ᠠᠷᠠᠳ ᠤᠨ ᠪᠦᠷᠬᠦᠴᠡ ᠠᠴᠠ ᠳᠣᠣᠷ᠎ᠠ ᠦᠭᠡᠢ ᠪᠠᠶᠢᠯᠭᠠᠨ᠎ᠠ᠃ᠤᠤᠯ ᠤᠨ | 181 ᠲᠣᠣᠷᠵᠢᠯ ᠪᠠᠶᠢᠭᠰᠠᠨ ᠠᠴᠠ 120 ᠲᠣᠣᠷᠵᠢᠯ ᠪᠣᠯᠭᠠᠨ ᠬᠤᠪᠢᠷᠠᠭᠤᠯᠵᠤ᠂ ᠡᠭᠦᠨ ᠳᠤ ᠨᠡᠶᠢᠭᠡᠮ | ᠲᠣᠭᠤᠷᠢᠭ ᠤᠨ ᠲᠣᠣᠷᠵᠢᠯ 87᠂ ᠲᠤᠰᠬᠠᠢ ᠬᠠᠷᠢᠶᠠᠯᠠᠭᠳᠠᠬᠤ ᠲᠣᠣᠷᠵᠢᠯ 3᠂ ᠲᠣᠰᠬᠤᠨ ᠤ ᠲᠣᠣᠷᠵᠢᠯ 30 ᠪᠠᠶᠢᠵᠤ᠂ | ︽ᠰᠠᠭᠤᠷᠢ ᠲᠣᠣᠷᠵᠢᠯ + ᠲᠤᠰᠬᠠᠢ ᠬᠠᠷᠢᠶᠠᠯᠠᠭᠳᠠᠬᠤ ᠲᠣᠣᠷᠵᠢᠯ︾ ᠤᠨ ᠬᠠᠮᠢᠶᠠᠷᠤᠯᠲᠠ ᠶᠢᠨ ᠪᠠᠶᠢᠷᠢᠰᠢᠯ ᠢ | ᠪᠦᠷᠢᠯᠳᠦᠭᠦᠯᠵᠡᠢ᠃ᠰᠦᠯᠵᠢᠶᠡᠨ ᠳᠤ ᠪᠦᠬᠦᠨ ᠢᠶᠠᠷ ᠢᠶᠠᠨ ᠨᠠᠮ ᠤᠨ ᠳᠤᠭᠤᠶᠢᠯᠠᠩ ᠪᠠᠶᠢᠭᠤᠯᠬᠤ ᠶᠢ ᠠᠬᠢᠭᠤᠯᠵᠤ᠂ | ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠪᠤᠶᠤ ᠱᠦᠵᠢ ᠪᠠᠷ ᠰᠦᠯᠵᠢᠶᠡᠨ ᠤ | ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠣᠳᠣᠬᠠᠨ ᠳᠤ ᠨᠢᠭᠡᠨᠲᠡ 87 ᠨᠠᠮ ᠤᠨ ᠳᠤᠭᠤᠶᠢᠯᠠᠩ ᠪᠠᠶᠢᠭᠤᠯᠵᠤ᠂ | ᠨᠡᠶᠢᠭᠡᠮ ᠲᠣᠭᠤᠷᠢᠭ ᠤᠨ ᠰᠢᠯᠢᠳᠡᠭ ᠨᠠᠮ ᠤᠨ ᠭᠡᠰᠢᠭᠦᠨ ᠢᠶᠠᠷ ᠬᠠᠪᠰᠤᠷᠤᠭᠤᠯᠤᠨ ᠠᠵᠢᠯᠯᠠᠭᠤᠯᠵᠤ᠂ ᠵᠠᠰᠠᠯᠲᠠ ᠶᠢᠨ | ᠡᠩᠨᠡᠭᠡ ᠶᠢ ᠭᠦᠢᠴᠡᠳ ᠲᠡᠭᠦᠯᠳᠡᠷᠵᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ᠂ ᠵᠥᠷᠢᠴᠡᠯ ᠢ ᠡᠶᠡᠳᠡᠭᠦᠯᠦᠨ | ᠰᠢᠢᠳᠪᠦᠷᠢᠯᠡᠬᠦ ᠵᠡᠷᠭᠡ ᠠᠵᠢᠯ ᠳᠤ ᠣᠷᠣᠯᠴᠠᠪᠠ᠃ᠰᠦᠯᠵᠢᠶᠡᠨ ᠤ ᠠᠵᠢᠯᠲᠠᠨ ᠤ ᠬᠠᠮᠢᠶᠠᠷᠤᠯᠲᠠ ᠬᠠᠮᠠᠭᠠᠯᠠᠯᠲᠠ ᠶᠢᠨ | ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠶᠢ ᠪᠠᠷᠢᠮᠲᠠᠯᠠᠵᠤ᠂ ᠲᠠᠰ ᠳᠠᠪᠬᠤᠷᠭ᠎ᠠ᠂ ᠲᠥᠷᠥᠯ ᠬᠤᠪᠢᠶᠠᠨ | ᠰᠦᠯᠵᠢᠶᠡᠨ ᠤ ᠠᠵᠢᠯᠲᠠᠨ ᠤ ᠪᠣᠯᠪᠠᠰᠤᠷᠠᠭᠤᠯᠤᠯ ᠢ ᠥᠷᠨᠢᠭᠦᠯᠵᠦ᠂ ᠰᠦᠯᠵᠢᠶᠡᠨ ᠤ ᠠᠵᠢᠯᠲᠠᠨ ᠤ ᠬᠡᠪ ᠴᠢᠨᠠᠷ ᠪᠠ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠨᠡ ᠵᠢᠯ᠂ ᠰᠦᠯᠵᠢᠶᠡᠨ ᠤ ᠠᠵᠢᠯᠲᠠᠨ ᠤ | ᠪᠣᠯᠪᠠᠰᠤᠷᠠᠭᠤᠯᠤᠯ ᠤᠨ ᠬᠤᠷᠠᠯ ᠢ ᠨᠡᠶᠢᠲᠡ 6 ᠤᠳᠠᠭ᠎ᠠ ᠬᠤᠷᠠᠯᠳᠤᠭᠤᠯᠵᠤ᠂ ᠡᠯ᠎ᠡ ᠵᠦᠢᠯ ᠤᠨ ᠠᠵᠢᠯ ᠢ | ᠵᠢᠷᠤᠮᠵᠢᠭᠤᠯᠤᠨ ᠥᠷᠨᠢᠭᠦᠯᠬᠦ ᠶᠢ ᠦᠨᠡᠨ ᠬᠦ ᠪᠠᠲᠤᠯᠠᠨ᠎ᠠ᠃︽ᠴᠠᠰᠤᠴᠢ ᠪᠠᠯᠭᠠᠰᠤᠨ ᠤ ᠲᠤᠰᠬᠠᠢ ᠲᠤᠰᠢᠶᠠᠯᠲᠤ | ᠰᠦᠯᠵᠢᠶᠡᠨ ᠤ ᠠᠵᠢᠯᠲᠠᠨ ᠤ ᠡᠳᠦᠷ ᠲᠤᠲᠤᠮ ᠤᠨ ᠬᠠᠮᠢᠶᠠᠷᠤᠯᠲᠠ ᠶᠢᠨ ᠳᠦᠷᠢᠮ︾ ᠢ ᠲᠣᠭᠲᠠᠭᠠᠵᠤ᠂ ᠡᠯ᠎ᠡ ᠨᠡᠶᠢᠭᠡᠮ | ᠲᠣᠭᠤᠷᠢᠭ ᠤᠨ ᠬᠢᠨ ᠪᠣᠳᠠᠲᠠᠢ ᠠᠵᠢᠯ ᠤᠨ ᠪᠠᠶᠢᠳᠠᠯ ᠢᠶᠠᠨ ᠦᠨᠳᠦᠰᠦᠯᠡᠨ ᠰᠢᠯᠭᠠᠨ ᠬᠢᠨᠠᠵᠤ ᠬᠤᠪᠢ ᠲᠣᠭᠲᠠᠭᠠᠬᠤ | ᠬᠦᠰᠦᠨᠦᠭᠲᠦ ᠶᠢ ᠲᠠᠭᠯᠠᠵᠤ᠂ ᠰᠠᠷ᠎ᠠ ᠶᠢᠨ ᠰᠢᠯᠭᠠᠨ ᠬᠢᠨᠠᠬᠤ ᠬᠡᠯᠪᠡᠷᠢ ᠶᠢ ᠠᠪᠴᠤ᠂ ᠰᠢᠯᠭᠠᠨ ᠬᠢᠨᠠᠭᠰᠠᠨ ᠲᠠᠩᠰᠠ | ᠡᠪᠬᠡᠮᠡᠯ ᠢ ᠪᠠᠶᠢᠭᠤᠯᠬᠤ ᠬᠡᠷᠡᠭᠲᠡᠢ᠃ᠥᠪᠡᠷᠲᠡᠭᠡᠨ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠵᠦ ᠡᠨᠧᠷᠭᠢ | ᠣᠯᠭᠤᠬᠤ ᠶᠢ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠪᠦᠬᠦ ᠪᠠᠯᠭᠠᠰᠤ ᠶᠢᠨ 146 ᠪᠠᠭ᠎ᠠ | ᠲᠣᠭᠤᠷᠢᠭ ᠲᠤ ᠪᠦᠬᠦᠨ ᠢᠶᠠᠷ ᠢᠶᠠᠨ ᠠᠰᠠᠷ ᠤᠨ ᠳᠠᠪᠬᠤᠷᠭ᠎ᠠ ᠶᠢᠨ ᠳᠠᠷᠤᠭ᠎ᠠ᠂ ᠨᠢᠭᠡᠴᠡ ᠶᠢᠨ ᠳᠠᠷᠤᠭ᠎ᠠ᠂ ᠰᠠᠭᠤᠭᠠᠯᠢ | ᠡᠷᠦᠬᠡ ᠨᠢ 30 ᠡᠷᠦᠬᠡ ᠠᠴᠠ ᠶᠡᠭᠡ 106 ᠪᠠᠭ᠎ᠠ ᠲᠣᠭᠤᠷᠢᠭ ᠲᠤ ᠪᠦᠬᠦᠨ ᠢᠶᠠᠷ ᠢᠶᠠᠨ ᠠᠵᠤ ᠦᠢᠯᠡᠰ ᠤᠨ | ᠵᠥᠪᠯᠡᠯ ᠪᠤᠶᠤ ᠪᠣᠳᠠᠰ ᠤᠨ ᠬᠠᠮᠢᠶᠠᠷᠤᠯᠲᠠ ᠶᠢᠨ ᠵᠥᠪᠯᠡᠯ ᠪᠠᠶᠢᠭᠤᠯᠵᠤ᠂ ︽ᠰᠠᠭᠤᠭᠠᠯᠢ ᠠᠷᠠᠳ ᠤᠨ ᠵᠥᠪᠯᠡᠯ ᠤᠨ | ᠬᠠᠮᠢᠶᠠᠷᠤᠯᠲᠠ︾ ᠶᠢᠨ ︽ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ︾ᠲᠡᠰᠢ ᠬᠥᠭᠵᠢᠬᠦ ᠶᠢ ᠠᠬᠢᠭᠤᠯᠬᠤ ᠳᠤ | ᠴᠢᠬᠤᠯᠠ ᠪᠦᠬᠦᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃ | ᠳᠡᠭᠡᠷ᠎ᠡ ᠬᠠᠭᠠᠰ ᠵᠢᠯ ᠳᠤ᠂ ᠨᠠᠮ ᠤᠨ ᠬᠤᠷᠢᠶᠠᠨ ᠤ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ | 5 ᠤᠳᠠᠭ᠎ᠠ ᠥᠷᠨᠢᠭᠦᠯᠵᠦ᠂ ᠺᠠᠳ᠋ᠷ ᠢ 4 ᠤᠳᠠᠭ᠎ᠠ ᠲᠥᠪᠯᠡᠷᠡᠭᠦᠯᠦᠨ ᠰᠤᠷᠤᠯᠴᠠᠵᠠᠢ︔ᠡᠯ᠎ᠡ ᠨᠠᠮ ᠤᠨ ᠡᠭᠦᠷ 200 | ᠭᠠᠷᠤᠢ ᠤᠳᠠᠭ᠎ᠠ᠂ ᠤᠨᠤᠯ ᠤᠨ ᠰᠢᠯᠭᠠᠯᠲᠠ 1 ᠤᠳᠠᠭ᠎ᠠ᠂ ᠤᠨᠤᠯ ᠤᠨ ᠤᠬᠠᠭᠤᠯᠤᠨ ᠲᠠᠶᠢᠯᠪᠤᠷᠢᠯᠠᠯᠲᠠ 10 ᠭᠠᠷᠤᠢ | ᠤᠳᠠᠭ᠎ᠠ᠂ ᠡᠯ᠎ᠡ ᠲᠦᠷᠦᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠢ 2 ᠤᠳᠠᠭ᠎ᠠ ᠵᠣᠬᠢᠶᠠᠨ ᠪᠠᠶᠢᠭᠤᠯᠵᠤ᠂ | ᠤᠨᠤᠯ ᠤᠨ ᠰᠤᠷᠤᠯᠴᠠᠯᠭ᠎ᠠ ᠶᠢ ᠲᠥᠯᠥᠪᠯᠡᠭᠡ ᠲᠠᠢ᠂ ᠦᠷ᠎ᠡ ᠪᠦᠲᠦᠮᠵᠢ ᠲᠠᠢ ᠪᠣᠯᠭᠠᠵᠠᠢ︔ᠲᠦᠷᠦᠭᠦᠸ ᠬᠠᠭᠠᠰ ᠵᠢᠯ ᠳᠤ᠂ | ᠢᠳᠡᠭᠡᠨ ᠤ ᠠᠮᠤᠷ ᠲᠦᠪᠰᠢᠨ ᠤ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠠᠭᠠᠳᠬᠠᠯ ᠢ | ᠳᠠᠭᠠᠭᠠᠴᠢᠯᠠᠬᠤ ᠠᠵᠢᠯ ᠢ ᠭᠦᠢᠴᠡᠳ ᠲᠣᠳᠣᠷᠬᠠᠶᠢᠯᠠᠵᠤ᠂ ᠳᠠᠭᠠᠳᠬᠠᠯ ᠢ ᠳᠠᠭᠠᠭᠠᠴᠢᠯᠠᠭᠰᠠᠨ 87 ᠺᠠᠳ᠋ᠷ | ᠳᠠᠭᠠᠳᠬᠠᠯ ᠢ ᠳᠠᠭᠠᠭᠠᠴᠢᠯᠠᠭᠰᠠᠨ ᠠᠵᠤ ᠠᠬᠤᠶᠢᠯᠠᠯ 1034 ᠪᠠᠶᠢᠵᠤ᠂ ᠲᠦᠷᠦᠭᠦᠸ ᠬᠤᠶᠠᠷ ᠤᠯᠠᠷᠢᠯ ᠤᠨ ᠬᠢᠨᠠᠨ | ᠵᠢᠯᠤᠭᠤᠳᠬᠤ ᠠᠵᠢᠯ ᠢ ᠤᠷᠤᠭᠰᠢᠲᠠᠢ ᠪᠡᠶᠡᠯᠡᠭᠦᠯᠪᠡ᠃ᠲᠦᠷᠦᠭᠦᠸ ᠬᠠᠭᠠᠰ ᠵᠢᠯ ᠳᠤ᠂ ᠤᠯᠤᠰ ᠤᠨ ᠡᠷᠡᠭᠦᠯ | ᠬᠠᠮᠠᠭᠠᠯᠠᠯ ᠤᠨ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠶᠢᠨ | ᠲᠣᠭᠤᠷᠢᠨ ᠳᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰᠬᠤᠨ ︵ᠰᠠᠭᠤᠭᠠᠯᠢ ᠠᠷᠠᠳ︶ ᠤ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ᠂ ᠡᠷᠡᠭᠦᠯ ᠮᠡᠨᠳᠦ ᠶᠢᠨ ᠬᠥᠮᠦᠵᠢᠯ ᠤᠬᠠᠭᠤᠯᠭ᠎ᠠ ᠶᠢᠨ ᠲᠠᠯ᠎ᠠ ᠪᠠᠷ ᠥᠪᠡᠷ ᠤᠨ | ᠪᠠᠶᠢᠴᠠᠭᠠᠯᠲᠠ ᠬᠢᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠢᠷᠢ ᠲᠦᠪᠰᠢᠨ ᠢ ᠪᠦᠲᠦᠮᠵᠢᠲᠡᠶ | ᠳᠡᠭᠡᠭᠰᠢᠯᠡᠭᠦᠯᠦᠨ᠎ᠡ᠃ | ᠲᠥᠯᠥᠭᠡᠯᠡᠭᠴᠢᠳ ᠠ᠋᠂ ᠪᠠᠯᠭᠠᠰᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠳᠡᠮᠵᠢᠯᠭᠡ ᠳᠣᠣᠷ᠎ᠠ᠂ ᠪᠠᠯᠭᠠᠰᠤᠨ ᠤ | ᠵᠠᠰᠠᠭ ᠤᠨ ᠣᠷᠳᠣᠨ ᠪᠦᠬᠦ ᠪᠠᠯᠭᠠᠰᠤᠨ ᠤ ᠠᠷᠠᠳ ᠲᠦᠮᠡᠨ ᠢ ᠴᠢᠩᠭ᠎ᠠ ᠲᠦᠰᠢᠭᠯᠡᠵᠦ᠂ ᠬᠥᠭᠵᠢᠯᠲᠡ ᠶᠢᠨ ᠠᠵᠠ | ᠲᠣᠬᠢᠶᠠᠯ ᠢ ᠪᠠᠲᠤ ᠡᠵᠡᠮᠳᠡᠵᠦ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠡᠷᠡᠯᠬᠡᠭᠯᠡᠨ ᠲᠡᠮᠡᠴᠡᠵᠦ᠂ ᠴᠠᠰᠤᠴᠢ | ᠪᠠᠯᠭᠠᠰᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠡᠢ᠃ᠠᠳᠡ᠂ ᠪᠢ ᠴᠠᠰᠤᠴᠢ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠪᠦᠬᠦ | ᠬᠥᠳᠡᠯᠮᠦᠷᠢᠴᠢᠳ᠂ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠨ ᠳᠡᠮᠵᠢᠵᠦ ᠪᠠᠶᠢᠭ᠎ᠠ ᠠᠷᠠᠳ ᠤᠨ ᠲᠥᠯᠥᠭᠡᠯᠡᠭᠴᠢᠳ᠂ | ᠪᠦᠬᠦ ᠪᠠᠯᠭᠠᠰᠤᠨ ᠤ ᠠᠷᠠᠳ ᠲᠦᠮᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ | ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ ᠪᠢᠳᠡ ᠪᠠᠰᠠ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠪᠠᠰᠠ ᠵᠠᠷᠢᠮ ᠠᠰᠠᠭᠤᠳᠠᠯ ᠪᠠ ᠳᠤᠲᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ ᠢᠶᠠᠷ ᠣᠯᠵᠤ | ᠬᠠᠷᠠᠪᠠ᠄ ᠨᠢᠭᠡ ᠳᠤ᠂ ᠬᠥᠭᠵᠢᠯᠲᠡ ᠶᠢᠨ ᠬᠥᠳᠡᠯᠭᠡᠬᠦ ᠬᠦᠴᠦᠨ ᠪᠠᠰᠠ ᠲᠡᠶᠢᠮᠦ ᠴᠢᠩᠭ᠎ᠠ ᠪᠢᠰᠢ᠂ ᠴᠢᠨᠠᠷ ᠰᠠᠶᠢᠲᠠᠢ | ᠳᠠᠭᠠᠭᠤᠯᠤᠭᠴᠢ ᠠᠵᠤ ᠠᠬᠤᠶᠢᠯᠠᠯ ᠨᠡᠯᠢᠶᠡᠳ ᠴᠥᠭᠡᠨ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠴᠢᠬᠤᠯᠠ | ᠶᠡᠭᠡ ᠲᠦᠷᠦᠯ ᠵᠦᠢᠯ ᠤᠨ ᠨᠥᠭᠡᠴᠡ ᠬᠦᠷᠦᠯᠴᠡᠬᠦ ᠦᠭᠡᠢ︔ᠬᠤᠶᠠᠷ ᠲᠤ ᠬᠥᠳᠡᠭᠡ ᠲᠣᠰᠬᠤᠨ ᠤ ᠠᠵᠤ ᠦᠢᠯᠡᠰ ᠤᠨ | ᠬᠥᠭᠵᠢᠯᠲᠡ ᠶᠢᠨ ᠲᠦᠷᠦ ᠶᠢᠨ ᠪᠣᠳᠣᠯᠭ᠎ᠠ ᠶᠢᠨ ᠪᠡᠯᠡ ᠮᠥᠩᠭᠦ ᠳᠤ ᠲᠦᠰᠢᠭᠯᠡᠬᠦ ᠶᠠᠪᠤᠳᠠᠯ ᠪᠠᠰᠠ ᠠᠳᠠᠯᠢ ᠪᠤᠰᠤ | ᠬᠡᠮᠵᠢᠶ᠎ᠡ ᠪᠠᠷ ᠣᠷᠣᠰᠢᠵᠤ᠂ ᠤᠷᠢᠳᠠᠪᠠᠷ ᠪᠠᠶᠠᠵᠢᠬᠤ ᠶᠢ ᠳᠠᠶᠢᠴᠢᠯᠠᠬᠤ ᠦᠢᠯᠡᠳᠦᠯ ᠢᠯᠡᠷᠬᠡᠢ ᠪᠢᠰᠢ᠂ ᠠᠵᠤ ᠦᠢᠯᠡᠰ ᠤᠨ | ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠡᠰ ᠳᠡᠪᠰᠢᠭᠦᠯᠬᠦ ᠴᠢᠬᠤᠯᠠᠲᠠᠢ ᠪᠠᠶᠢᠨ᠎ᠠ᠃ ᠭᠤᠷᠪᠠ ᠳᠤ᠂ | ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ᠂ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠤᠯᠠᠨ | ᠲᠦᠮᠡᠨ ᠤ ᠬᠦᠰᠡᠯ ᠡᠷᠡᠮᠡᠯᠵᠡᠯ ᠲᠠᠢ ᠬᠠᠷᠢᠴᠠᠭᠤᠯᠪᠠᠯ ᠪᠠᠰᠠ ᠵᠥᠷᠢᠶ᠎ᠡ ᠲᠠᠢ ᠪᠠᠶᠢᠵᠤ᠂ ᠦᠢᠯᠡᠴᠢᠯᠡᠭᠡᠨ ᠤ ᠳᠦᠷᠢᠮ | ᠲᠣᠭᠲᠠᠭᠠᠯ ᠲᠣᠭᠲᠠᠴᠠ ᠶᠢ ᠲᠡᠭᠦᠯᠳᠡᠷᠵᠢᠭᠦᠯᠬᠦ ᠪᠠ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢᠨ | ᠲᠠᠯ᠎ᠠ ᠪᠠᠷ ᠦᠷᠭᠦᠯᠵᠢᠯᠡᠨ ᠬᠦᠴᠦᠯᠡᠬᠦ ᠴᠢᠬᠤᠯᠠᠲᠠᠢ ᠪᠠᠶᠢᠨ᠎ᠠ᠃ᠡᠭᠦᠨ ᠳᠤ ᠪᠢᠳᠡ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠨ᠎ᠡ᠃ | ᠬᠤᠶᠠᠷ᠂ 2023 ᠣᠨ ᠤ ᠳᠣᠣᠷ᠎ᠠ ᠬᠠᠭᠠᠰ ᠵᠢᠯ ᠤᠨ ᠠᠵᠢᠯ ᠤᠨ ᠲᠣᠬᠢᠷᠠᠭᠤᠯᠤᠯᠲᠠ᠃ | ᠲᠥᠯᠥᠭᠡᠯᠡᠭᠴᠢᠳ ᠠ᠋᠂ ᠴᠠᠰᠤᠴᠢ ᠪᠠᠯᠭᠠᠰᠤᠨ ᠤ ᠳᠣᠣᠷ᠎ᠠ ᠬᠠᠭᠠᠰ ᠵᠢᠯ ᠤᠨ ᠡᠯ᠎ᠡ ᠵᠦᠢᠯ ᠤᠨ ᠠᠵᠢᠯ ᠢ | ᠥᠷᠨᠢᠭᠦᠯᠬᠦ ᠳᠤ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠪᠠ ᠪᠠᠯᠭᠠᠰᠤᠨ ᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ | ᠠᠶᠠᠰ ᠢ ᠦᠷᠭᠦᠯᠵᠢᠯᠡᠨ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠵᠦ᠂ | ᠡᠶ᠎ᠡ ᠵᠣᠬᠢᠴᠠᠩᠭᠤᠢ᠂ ᠦᠵᠡᠰᠬᠦᠯᠡᠩᠲᠦ ᠰᠠᠶᠢᠬᠠᠨ᠂ ᠪᠠᠶᠠᠨ ᠴᠢᠨᠡᠭᠡᠯᠢᠭ ᠴᠠᠰᠤᠴᠢ ᠶᠢ ᠪᠦᠲᠦᠭᠡᠨ ᠪᠠᠶᠢᠭᠤᠯᠬᠤ ᠪᠠᠷ | ᠬᠠᠷᠠᠯᠲᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ | ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠵᠢᠯ ᠤᠨ ᠬᠠᠷᠠᠯᠲᠠ ᠡᠭᠦᠷᠭᠡ ᠶᠢᠨ ᠲᠣᠭᠤᠷᠢᠨ ᠳᠤ | ᠪᠣᠭᠤᠮᠲᠠ ᠰᠢᠪᠲᠤᠯᠤᠨ ᠬᠦᠴᠢᠷ ᠢ ᠳᠠᠪᠠᠵᠤ᠂ ᠨᠠᠷᠢᠨ ᠬᠢᠨᠠᠮᠠᠭᠠᠢ ᠰᠤᠳᠤᠯᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ | ᠴᠠᠰᠤᠴᠢ ᠪᠠᠯᠭᠠᠰᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ | ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠳᠡᠭᠡᠷ᠎ᠡ ᠳᠤᠷᠠᠳᠤᠭᠰᠠᠨ ᠠᠵᠢᠯ ᠤᠨ ᠬᠠᠷᠠᠯᠲᠠ ᠶᠢᠨ ᠲᠣᠭᠤᠷᠢᠨ ᠳᠤ᠂ ᠪᠢᠳᠡ ᠳᠣᠣᠷᠠᠬᠢ ᠳᠥᠷᠪᠡᠨ ᠲᠠᠯ᠎ᠠ ᠶᠢᠨ | ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠄ | | | ︵ᠨᠢᠭᠡ︶ ᠬᠡᠯᠪᠡᠷᠢ ᠪᠠᠨ ᠬᠤᠪᠢᠷᠠᠭᠤᠯᠬᠤ ᠶᠢ ᠰᠦᠪᠡᠭᠴᠢᠯᠡᠵᠦ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠠᠵᠤ | ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠥᠭᠵᠢᠭᠡᠨ᠎ᠡ᠃ | ᠪᠠᠶᠠᠨ ᠴᠢᠨᠡᠭᠡᠯᠢᠭ ᠠᠵᠤ ᠦᠢᠯᠡᠰ ᠢ ᠠᠳᠬᠤᠬᠤ ᠶᠢᠨ ᠲᠣᠭᠤᠷᠢᠨ ᠳᠤ᠂ ᠣᠲᠣ ᠶᠢᠨ ᠪᠠᠶᠢᠭ᠎ᠠ ᠣᠨᠴᠠᠯᠢᠭᠲᠤ | ᠠᠵᠤ ᠦᠢᠯᠡᠰ ᠢ ᠬᠦᠴᠦᠯᠡᠨ ᠳᠡᠭᠡᠭᠰᠢᠯᠡᠭᠦᠯᠦᠨ᠎ᠡ᠃ ᠨᠢᠭᠡᠨᠲᠡ ᠬᠤᠭᠤᠴᠠᠭ᠎ᠠ ᠲᠤᠯᠪᠠᠯ ᠳᠠᠭᠤᠰᠬᠠᠬᠤ ᠲᠥᠷᠥᠯ | ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠢᠶ᠎ᠠ ᠪᠦᠬᠦᠢ ᠬᠤᠭᠤᠴᠠᠭ᠎ᠠ ᠲᠤᠯᠬᠤ ᠭᠠᠷᠳᠠᠮ ᠢ ᠭᠦᠢᠴᠡᠳᠬᠡᠬᠦ | ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ | ᠨᠡᠮᠡᠭᠳᠡᠭᠦᠯᠬᠦ ᠶᠢ ᠦᠨᠡᠨᠬᠦ ᠪᠠᠲᠤᠯᠠᠵᠤ᠂ ᠠᠵᠤ ᠠᠬᠤᠢ ᠶᠢᠨ ᠦᠷ᠎ᠡ ᠠᠰᠢᠭ ᠢᠰᠢᠨᠡ ᠪᠠᠷ ᠭᠤᠶᠤᠴᠢᠯᠠᠬᠤ ᠲᠦᠷᠦᠯ | ᠵᠦᠢᠯ ᠳᠤ ᠬᠦᠴᠦ ᠪᠠᠨ ᠲᠥᠪᠯᠡᠷᠡᠭᠦᠯᠵᠦ᠂ ᠵᠦᠢ ᠵᠣᠬᠢᠰᠲᠠᠢ ᠲᠥᠯᠥᠪᠵᠢᠭᠦᠯᠵᠦ᠂ ᠪᠣᠭᠤᠮᠲᠠ ᠶᠢ ᠴᠢᠩᠭ᠎ᠠ ᠠᠳᠬᠤᠵᠤ᠂ | ᠲᠦᠷᠦᠯ ᠵᠦᠢᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠣᠰᠬᠤᠨ ᠤ ᠬᠠᠮᠲᠤ ᠶᠢᠨ | ᠠᠵᠤ ᠠᠬᠤᠢ ᠶᠢ ᠦᠷᠭᠦᠯᠵᠢᠯᠡᠨ ᠪᠤᠵᠠᠭᠠᠶᠢᠷᠠᠭᠤᠯᠤᠨ᠎ᠠ᠃ᠡᠭᠦᠨ ᠤ ᠬᠠᠮᠲᠤ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠲᠠᠯ᠎ᠠ ᠪᠠᠷ᠂ ︽ᠶᠠᠰᠤ ᠴᠢᠨᠠᠷ ᠢ ᠡᠷᠬᠢᠮᠯᠡᠬᠦ᠂ ᠶᠡᠭᠡ ᠶᠢ ᠡᠷᠬᠢᠮᠯᠡᠬᠦ᠂ ᠪᠣᠳᠠᠲᠠᠢ ᠶᠢ ᠡᠷᠬᠢᠮᠯᠡᠬᠦ︾ | ᠵᠠᠷᠴᠢᠮ ᠢ ᠪᠠᠷᠢᠮᠲᠠᠯᠠᠨ᠂ ᠲᠤᠭ᠎ᠠ ᠬᠡᠮᠵᠢᠶᠡᠨ ᠤ ᠬᠡᠯᠪᠡᠷᠢ ᠪᠠᠷ ᠠᠷᠠᠯᠵᠢᠶᠠᠴᠢᠨ ᠤᠷᠢᠬᠤ ᠶᠢ ᠶᠠᠰᠤ ᠴᠢᠨᠠᠷ ᠤᠨ | ᠬᠡᠯᠪᠡᠷᠢ ᠪᠠᠷ ᠠᠷᠠᠯᠵᠢᠶᠠᠴᠢᠨ ᠤᠷᠢᠬᠤ ᠳᠠᠰᠢ ᠬᠤᠪᠢᠷᠠᠭᠤᠯᠵᠤ᠂ ᠪᠥᠬᠦ ᠪᠠᠯᠭᠠᠰᠤᠨ ᠤ ᠬᠦᠴᠦᠨ ᠢ ᠳᠠᠶᠢᠴᠢᠯᠠᠨ᠂ | ᠪᠥᠬᠦ ᠠᠵᠢᠯᠲᠠᠨ ᠢᠶᠠᠷ ᠠᠷᠠᠯᠵᠢᠶᠠᠴᠢᠨ ᠤᠷᠢᠵᠤ᠂ ︽ᠪᠡᠯᠡ ᠣᠷᠣᠭᠤᠯᠤᠯᠲᠠ ᠶᠡᠭᠡ᠂ ᠦᠷ᠎ᠡ ᠠᠰᠢᠭ ᠥᠨᠳᠥᠷ᠂ | ᠢᠷᠡᠭᠡᠳᠦᠢ ᠶᠢᠨ ᠲᠥᠯᠥᠪ ᠰᠠᠶᠢᠨ︾ ᠠᠵᠤ ᠦᠢᠯᠡᠰ ᠢ ᠴᠢᠩᠭ᠎ᠠ ᠠᠩᠬᠠᠷᠴᠤ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠪᠦᠲᠦᠮᠵᠢᠲᠡᠶ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠪᠣᠬᠢᠷᠲᠤᠯ ᠦᠭᠡᠢ ᠬᠥᠭᠵᠢᠯᠲᠡ ᠶᠢᠨ | ᠱᠠᠭᠠᠷᠳᠠᠯᠭ᠎ᠠ ᠳᠤ ᠨᠡᠶᠢᠴᠡᠬᠦ ᠪᠠ ᠪᠠᠯᠭᠠᠰᠤᠨ ᠤ ᠪᠣᠳᠠᠲᠤ ᠪᠠᠶᠢᠳᠠᠯ ᠢ ᠪᠠᠶᠢᠴᠠᠭᠠᠬᠤ ᠲᠣᠮᠣ ᠲᠥᠷᠥᠯ ᠵᠦᠢᠯ᠂ ᠰᠠᠶᠢᠨ | ᠠᠵᠤ ᠦᠢᠯᠡᠰ ᠢ ᠴᠢᠷᠮᠠᠶᠢᠨ ᠣᠷᠣᠭᠤᠯᠬᠤ ᠬᠡᠷᠡᠭᠲᠡᠢ᠃ | ᠬᠡᠷᠡᠭᠯᠡᠭᠡ ᠶᠢᠨ ᠳᠠᠬᠢᠨ ᠳᠡᠭᠡᠭᠰᠢᠯᠡᠬᠦ ᠶᠢᠨ ᠲᠣᠭᠤᠷᠢᠨ ᠳᠤ ᠲᠥᠷᠥᠯ ᠵᠦᠢᠯ ᠢ ᠠᠳᠬᠤᠵᠤ᠂ ᠬᠡᠷᠡᠭᠯᠡᠭᠡ ᠶᠢᠨ | ᠳᠠᠯᠳᠠ ᠬᠦᠴᠦᠨ ᠢ ᠬᠦᠴᠦᠯᠡᠨ ᠪᠠᠳᠠᠷᠠᠭᠤᠯᠵᠤ᠂ ᠴᠠᠰᠤᠴᠢ ᠪᠠᠯᠭᠠᠰᠤᠨ ᠤ ᠣᠷᠣᠨ ᠪᠠᠶᠢᠷᠢ ᠶᠢᠨ ᠳᠠᠪᠠᠭᠤᠯᠢᠭ ᠲᠤ | ᠲᠦᠰᠢᠭᠯᠡᠨ᠂ ᠬᠦᠷᠦᠯᠴᠡᠬᠦ ᠴᠢᠨᠠᠷᠲᠠᠢ ᠬᠡᠷᠡᠭᠯᠡᠭᠡ ᠶᠢ ᠰᠡᠷᠭᠦᠭᠡᠬᠦ᠂ ᠡᠷᠬᠢᠨ ᠲᠣᠭᠤᠷᠢᠨ ᠤ ᠵᠢᠭᠤᠯᠴᠢᠯᠠᠯ ᠢ ᠶᠡᠬᠡᠪᠡᠷ | ᠬᠥᠭᠵᠢᠭᠦᠯᠬᠦ ᠵᠡᠷᠭᠡ ᠰᠠᠨᠠᠭᠠᠴᠢᠯᠠᠭ᠎ᠠ ᠲᠠᠢ ᠤᠶᠠᠯᠳᠤᠭᠤᠯᠤᠨ᠂ ᠬᠡᠷᠡᠭᠯᠡᠭᠡ ᠪᠠᠷ ᠠᠷᠠᠳ ᠲᠤ ᠠᠰᠢᠭ ᠬᠦᠷᠲᠡᠭᠡᠬᠦ ᠴᠠᠭ | ᠲᠣᠬᠢᠶᠠᠯ ᠢ ᠦᠷᠭᠦᠯᠵᠢᠯᠡᠨ ᠡᠵᠡᠮᠳᠡᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠬᠦᠰᠡᠯ ᠡᠷᠡᠮᠡᠯᠵᠡᠯ ᠪᠠ | ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ᠂ ᠲᠠᠷᠢᠶᠠᠴᠢᠨ ᠠᠶᠢᠯ ᠤᠨ ᠵᠤᠭᠠᠴᠠᠯ ᠢ ᠪᠣᠶᠢᠵᠢᠭᠤᠯᠬᠤ ᠨᠥᠬᠦᠴᠡᠯ ᠪᠠ | ᠬᠦᠰᠡᠯ ᠡᠷᠡᠮᠡᠯᠵᠡᠯ ᠲᠠᠢ ᠲᠣᠰᠬᠤᠨ ᠤ ︽ᠠᠷᠠᠳ ᠤᠨ ᠣᠷᠣᠨ ᠰᠠᠭᠤᠴᠠ︾ ︽ᠲᠡᠭᠦᠬᠦ︾ ᠵᠡᠷᠭᠡ ᠪᠡᠶ᠎ᠡ ᠪᠠᠷ ᠢᠶᠠᠨ | ᠣᠶᠢᠯᠠᠭᠠᠬᠤ ᠮᠠᠶ᠋ᠢᠭ ᠤᠨ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠬᠠᠶᠢᠨ ᠰᠦᠪᠡᠭᠴᠢᠯᠡᠨ᠎ᠡ᠃ᠬᠥᠳᠡᠭᠡ | ᠲᠣᠰᠬᠤᠨ ᠤ ᠣᠨᠴᠠᠯᠢᠭᠲᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠴᠠᠰᠣᠴᠢ | ᠪᠠᠯᠭᠠᠰᠤ ᠠᠴᠠ ᠭᠠᠷᠬᠤ ᠶᠢ ᠶᠡᠭᠡ ᠪᠠᠷ ᠲᠡᠮᠵᠢᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ | ᠴᠢᠳᠠᠪᠤᠷᠢᠲᠠᠨ ᠢ ᠬᠥᠮᠥᠵᠢᠭᠦᠯᠦᠨ᠂ ᠲᠠᠷᠢᠶᠠᠴᠢᠳ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠤᠬᠠᠮᠰᠠᠷ ᠢ | ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠢ ᠨᠡᠭᠡᠭᠡᠵᠦ᠂ ᠰᠦᠯᠵᠢᠶᠡᠨ ᠤ ᠪᠠᠷᠠᠭ᠎ᠠ ᠶᠢ | ᠬᠥᠳᠡᠭᠡ ᠪᠠᠭᠤᠯᠭᠠᠬᠤ ᠪᠠ ᠲᠠᠷᠢᠶᠠᠯᠠᠩ ᠤᠨ ᠪᠦᠲᠦᠭᠡᠭᠳᠡᠬᠦᠨ ᠢ ᠬᠤᠳᠠ ᠳᠤ ᠣᠷᠣᠭᠤᠯᠬᠤ ᠬᠤᠣᠰ ᠬᠠᠮᠠᠭᠠᠯᠠᠭᠴᠢ | ᠱᠤᠭᠤᠮ ᠢ ᠬᠠᠮᠠᠭᠠᠯᠠᠨ᠎ᠠ᠃ | | | ︵ᠬᠤᠶᠠᠷ︶ ᠶᠠᠰᠤ ᠴᠢᠨᠠᠷ ᠢ ᠳᠡᠭᠡᠭᠰᠢᠯᠡᠭᠦᠯᠵᠦ᠂ ᠵᠠᠰᠠᠯᠲᠠ ᠶᠢ ᠴᠢᠩᠭᠠᠳᠬᠠᠵᠤ᠂ ᠦᠵᠡᠰᠬᠦᠯᠡᠩᠲᠦ ᠰᠠᠶᠢᠬᠠᠨ ᠴᠠᠬᠠᠷ | ᠪᠠᠯᠭᠠᠰᠤ ᠶᠢᠨ ᠰᠢᠨ᠎ᠡ ᠵᠢᠷᠤᠭ ᠲᠥᠯᠥᠪᠯᠡᠭᠡ ᠶᠢ ᠵᠢᠷᠤᠭᠯᠠᠨ᠎ᠠ᠃ | ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠬᠢ ᠦᠷ᠎ᠡ ᠠᠰᠢᠭ ᠢ ᠳᠡᠭᠡᠭᠰᠢᠯᠡᠭᠦᠯᠦᠨ᠎ᠡ᠃ᠨᠠᠮ ᠤᠨ | ᠪᠠᠶᠢᠭᠤᠯᠤᠯᠲᠠ ᠪᠠᠷ ᠲᠣᠣᠷᠵᠢᠭᠤᠯᠤᠭᠰᠠᠨ ᠵᠠᠰᠠᠯᠲᠠ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ︽ᠤᠯᠠᠨ | ᠲᠣᠣᠷ ᠢ ᠨᠢᠭᠡᠳᠬᠡᠬᠦ︾ ᠶᠢ ᠪᠡᠶᠡᠯᠡᠭᠦᠯᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ᠰᠦᠯᠵᠢᠶᠡᠨ ᠤ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ ᠴᠢᠩᠭᠠᠳᠬᠠᠬᠤ ᠪᠠᠷ ᠬᠠᠷᠠᠯᠲᠠ ᠪᠣᠯᠭᠠᠵᠤ᠂ ᠨᠠᠮ ᠤᠨ ᠳᠤᠭᠤᠶᠢᠯᠠᠩ | ᠪᠠᠶᠢᠭᠤᠯᠬᠤ ᠪᠠᠷ ᠭᠠᠷᠳᠠᠴᠠ ᠪᠣᠯᠭᠠᠵᠤ᠂ ᠤᠳᠤ ᠶᠢᠨ ᠪᠠᠶᠢᠭ᠎ᠠ ᠨᠠᠮ ᠤᠨ ᠳᠤᠭᠤᠶᠢᠯᠠᠩ ᠤᠨ ᠰᠠᠭᠤᠷᠢᠨ ᠳᠡᠭᠡᠷ᠎ᠡ᠂ ᠡᠪ | ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠬᠦᠴᠦᠨ ᠢ ᠨᠢᠭᠡᠳᠦᠯᠲᠡᠢ | ᠲᠥᠯᠥᠪᠵᠢᠭᠦᠯᠦᠨ ᠵᠠᠰᠠᠯᠲᠠ ᠶᠢᠨ ᠡᠩᠨᠡᠭᠡ ᠳᠤ ᠣᠷᠣᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ᠂ ᠵᠥᠷᠢᠴᠡᠯ ᠢ | ᠡᠶᠡᠳᠡᠭᠦᠯᠦᠨ ᠰᠢᠢᠳᠪᠦᠷᠢᠯᠡᠬᠦ ᠵᠡᠷᠭᠡ ᠠᠵᠢᠯ ᠳᠤ ᠣᠷᠣᠯᠴᠠᠭᠤᠯᠤᠨ᠎ᠠ᠃ᠡᠭᠦᠨ ᠤ ᠬᠠᠮᠲᠤ᠂ ᠰᠦᠯᠵᠢᠶᠡᠨ ᠤ | ᠠᠵᠢᠯᠲᠠᠨ ᠤ ᠬᠠᠮᠢᠶᠠᠷᠤᠯᠲᠠ ᠬᠢᠨᠠᠨ ᠰᠢᠯᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠥᠮᠥᠨ ᠤ | ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠴᠢᠩᠭ᠎ᠠ ᠬᠠᠮᠢᠶᠠᠷᠤᠨ ᠬᠠᠶᠢᠷᠠᠯᠠᠵᠤ᠂ ᠰᠦᠯᠵᠢᠶᠡᠨ ᠤ ᠠᠵᠢᠯᠲᠠᠨ ᠤ | ᠪᠣᠯᠪᠠᠰᠤᠷᠠᠭᠤᠯᠤᠯ ᠢ ᠢᠳᠡᠪᠬᠢᠲᠡᠢ ᠥᠷᠨᠢᠭᠦᠯᠵᠦ᠂ ᠰᠦᠯᠵᠢᠶᠡᠨ ᠤ ᠠᠵᠢᠯᠲᠠᠨ ᠤ ᠬᠡᠪ ᠴᠢᠨᠠᠷ ᠪᠠ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠶᠠᠰᠤ ᠴᠢᠨᠠᠷ ᠦᠷ᠎ᠡ ᠠᠰᠢᠭ ᠢ ᠴᠢᠩᠭᠠᠳᠬᠠᠨ᠎ᠠ᠃ᠣᠯᠠᠨ ᠲᠦᠮᠡᠨ | ᠳᠡᠭᠡᠭᠰᠢ ᠰᠤᠷᠪᠤᠯᠵᠢᠯᠠᠵᠤ ᠪᠠᠶᠢᠭᠰᠠᠨ ᠢ ᠺᠠᠳ᠋ᠷ ᠳᠣᠷᠣᠭᠰᠢ ᠪᠠᠭᠤᠵᠤ ᠰᠤᠷᠪᠤᠯᠵᠢᠯᠠᠬᠤ ᠪᠣᠯᠭᠠᠨ ᠬᠤᠪᠢᠷᠠᠭᠤᠯᠵᠤ᠂ ︽ | ᠳᠥᠷᠪᠡ ᠶᠢ ᠤᠷᠢᠳᠴᠢᠯᠠᠬᠤ︾ ᠠᠷᠭ᠎ᠠ ᠬᠡᠮᠵᠢᠶ᠎ᠡ ᠶᠢ ᠪᠠᠷᠢᠮᠲᠠᠯᠠᠵᠤ᠂ ᠵᠥᠷᠢᠴᠡᠯ ᠵᠢᠭᠤᠷᠠᠯᠳᠤᠭᠠᠨ ᠤ ᠡᠭᠦᠰᠬᠦ ᠶᠢ | ᠪᠠᠭᠠᠰᠬᠠᠵᠤ᠂ ᠲᠤᠬᠠᠶᠢᠯᠠᠪᠠᠯ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠲᠠᠢ ᠤᠶᠠᠯᠳᠤᠭᠤᠯᠤᠨ | ᠤᠷᠢᠳᠴᠢᠯᠠᠨ ᠣᠷᠣᠯᠴᠠᠵᠤ᠂ ᠤᠷᠢᠳᠴᠢᠯᠠᠨ ᠵᠢᠱᠢᠬᠦ ᠠᠵᠢᠯ ᠢ ᠤᠷᠢᠳᠴᠢᠯᠠᠨ ᠰᠡᠷᠭᠡᠶᠢᠯᠡᠬᠦ ᠠᠴᠠ ᠡᠮᠦᠨ᠎ᠡ ᠪᠠᠶᠢᠭᠤᠯᠵᠤ᠂ | ᠤᠷᠢᠳᠴᠢᠯᠠᠨ ᠰᠡᠷᠭᠡᠶᠢᠯᠡᠬᠦ ᠠᠵᠢᠯ ᠢ ᠡᠶᠡᠳᠡᠭᠦᠯᠬᠦ ᠠᠴᠠ ᠡᠮᠦᠨ᠎ᠡ ᠪᠠᠶᠢᠭᠤᠯᠵᠤ᠂ ᠡᠶᠡᠳᠡᠭᠦᠯᠬᠦ ᠠᠵᠢᠯ ᠢ | ᠬᠤᠷᠴᠠᠳᠬᠠᠬᠤ ᠠᠴᠠ ᠡᠮᠦᠨ᠎ᠡ ᠪᠠᠶᠢᠭᠤᠯᠵᠤ᠂ ᠤᠯᠠᠨ ᠲᠦᠮᠡᠨ ᠤ ᠤᠷᠮ᠎ᠠ ᠰᠡᠳᠬᠢᠯᠭᠡ ᠶᠢ ᠰᠢᠯᠤᠭᠤᠳᠬᠠᠵᠤ᠂ | ᠨᠡᠶᠢᠭᠡᠮ ᠤᠨ ᠲᠣᠭᠲᠠᠭᠤᠨ ᠪᠤᠰᠤ ᠬᠦᠴᠦᠨ ᠵᠦᠢᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠴᠢᠷᠮᠠᠶᠢᠨ | ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠠᠴᠠ ᠪᠣᠯᠤᠭᠰᠠᠨ ᠱᠠᠲᠤ ᠠᠯᠤᠰᠯᠠᠨ ᠳᠡᠭᠡᠭᠰᠢ ᠰᠤᠷᠪᠤᠯᠵᠢᠯᠠᠬᠤ ᠬᠡᠷᠡᠭ᠂ | ᠬᠠᠮᠲᠤᠯᠢᠭ ᠤᠨ ᠴᠢᠨᠠᠷᠲᠠᠢ ᠬᠡᠷᠡᠭ ᠪᠠ ︽ᠢᠷᠭᠡᠨ ᠤ ᠬᠡᠷᠡᠭ ᠢ ᠡᠷᠡᠭᠦᠦ ᠶᠢᠨ ᠬᠡᠷᠡᠭ ᠪᠣᠯᠭᠠᠨ ᠬᠤᠪᠢᠷᠠᠭᠤᠯᠬᠤ︾ | ᠬᠡᠷᠡᠭ ᠢ ᠪᠦᠲᠦᠮᠵᠢᠲᠡᠶ ᠪᠠᠷ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠨ᠎ᠠ᠃︽ᠨᠢᠭᠡ ᠥᠷᠲᠡᠭᠡᠨ ᠤ ᠬᠡᠯᠪᠡᠷᠢ︾ ᠶᠢᠨ | ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠣᠭᠲᠠᠴᠠ ᠶᠢᠨ ᠡᠭᠦᠷᠭᠡ ᠴᠢᠳᠠᠪᠤᠷᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠪᠠ ᠲᠠᠯᠳᠠ ᠭᠡᠮ ᠢ ᠪᠦᠬᠦ | ᠬᠦᠴᠦᠨ ᠢᠶᠠᠷ ᠢᠶᠠᠨ ᠵᠢᠭᠰᠠᠭᠠᠨ ᠪᠠᠶᠢᠴᠠᠭᠠᠬᠤ ᠪᠠ ᠡᠶᠡᠳᠡᠭᠦᠯᠦᠨ ᠰᠢᠢᠳᠪᠦᠷᠢᠯᠡᠵᠦ᠂ ᠨᠡᠶᠢᠭᠡᠮ ᠤᠨ ᠲᠣᠭᠲᠠᠭᠤᠨ | ᠪᠠᠶᠢᠳᠠᠯ ᠢ ᠬᠠᠮᠠᠭᠠᠯᠠᠬᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠢ ᠪᠠᠲᠤ ᠴᠣᠭᠴᠠᠯᠠᠨ᠎ᠠ᠃ | ᠣᠷᠴᠢᠨ ᠠᠬᠤᠢ ᠶᠢ ᠴᠡᠭᠴᠡᠯᠡᠨ ᠵᠠᠰᠠᠬᠤ ᠪᠣᠳᠠᠲᠤ ᠦᠷ᠎ᠡ ᠪᠦᠲᠦᠮᠵᠢ ᠶᠢ ᠰᠢᠯᠢᠳᠡᠭᠵᠢᠭᠦᠯᠦᠨ᠎ᠡ᠃︽ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ | ᠪᠣᠯᠭᠠᠵᠤ᠂ ᠣᠷᠴᠢᠨ ᠲᠣᠭᠤᠷᠢᠨ ᠤ ᠵᠠᠰᠠᠯᠲᠠ ᠶᠢ ᠦᠨᠡᠨᠬᠦ ᠴᠢᠩᠭᠠᠳᠬᠠᠨ᠂ ᠠᠮᠢ ᠠᠬᠤᠢ ᠶᠢᠨ ᠣᠷᠴᠢᠨ ᠲᠣᠭᠤᠷᠢᠨ ᠢ | ᠬᠦᠴᠦᠯᠡᠨ ᠰᠠᠶᠢᠵᠢᠷᠠᠭᠤᠯᠤᠨ᠎ᠠ᠃ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠦᠷᠭᠦᠯᠵᠢᠯᠡᠨ ᠠᠬᠢᠭᠤᠯᠵᠤ᠂ ᠭᠤᠣᠯ | ᠮᠥᠷᠡᠨ ᠪᠣᠬᠢᠷᠲᠤᠬᠤ ᠦᠭᠡᠢ᠂ ᠠᠮᠢ ᠠᠬᠤᠢ ᠶᠢ ᠬᠠᠮᠠᠭᠠᠯᠠᠬᠤ ᠶᠢ ᠦᠨᠡᠨ ᠬᠦ ᠪᠠᠲᠤᠯᠠᠨ᠎ᠠ᠃ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠡᠰᠢ ᠰᠦᠷᠡᠯ ᠢ ᠰᠢᠲᠠᠭᠠᠬᠤ ᠶᠢ | ᠴᠠᠭᠠᠵᠠᠯᠠᠬᠤ ᠲᠤᠰᠬᠠᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠨ᠎ᠠ᠃ᠬᠥᠳᠡᠭᠡ ᠲᠣᠰᠬᠤᠨ ᠤ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠶᠡᠬᠡᠪᠡᠷ ᠬᠡᠷᠡᠭᠵᠢᠭᠦᠯᠵᠦ᠂ ᠠᠷᠢᠭᠤᠨ ᠴᠡᠪᠡᠷ | ᠡᠷᠦᠬᠡ ᠶᠢᠨ ᠵᠣᠷᠯᠣᠩ ᠢ ᠦᠷᠭᠦᠯᠵᠢᠯᠡᠨ ᠳᠡᠯᠭᠡᠷᠡᠭᠦᠯᠦᠨ ᠲᠦᠭᠡᠮᠡᠯᠵᠢᠭᠦᠯᠵᠦ᠂ ᠬᠥᠳᠡᠭᠡ ᠲᠣᠰᠬᠤᠨ ᠤ ᠪᠣᠬᠢᠷ | ᠤᠰᠤᠨ ᠤ ᠬᠤᠭᠤᠯᠠᠢ ᠶᠢᠨ ᠲᠣᠣᠷ ᠤᠨ ᠬᠠᠮᠤᠷᠬᠤ ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠨ᠂ ᠬᠥᠳᠡᠭᠡ | ᠲᠣᠰᠬᠤᠨ ᠤ ᠬᠤᠭ ᠨᠣᠪᠰᠢ᠂ ᠪᠣᠬᠢᠷ ᠤᠰᠤ ᠶᠢ ᠴᠡᠭᠴᠡᠯᠡᠨ ᠵᠠᠰᠠᠬᠤ᠂ ᠳᠤᠷ᠎ᠠ ᠪᠠᠷ ᠢᠶᠠᠨ ᠣᠪᠣᠭᠠᠯᠠᠵᠤ | ᠳᠤᠷ᠎ᠠ ᠪᠠᠷ ᠢᠶᠠᠨ ᠲᠠᠯᠪᠢᠬᠤ ᠪᠠᠷ ᠭᠤᠣᠯᠳᠠᠯᠭ᠎ᠠ ᠪᠣᠯᠭᠠᠵᠤ᠂ ᠪᠦᠬᠦᠨ ᠢ ᠬᠠᠮᠤᠷᠬᠤ ᠴᠡᠭᠴᠡᠯᠡᠨ ᠵᠠᠰᠠᠬᠤ ᠠᠵᠢᠯᠯᠠᠭ᠎ᠠ ᠶᠢ | ᠥᠷᠨᠢᠭᠦᠯᠦᠨ᠎ᠡ᠃ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠠᠶᠢᠯ ᠲᠣᠰᠬᠤᠨ ᠪᠠ | ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯᠯᠠᠭ᠎ᠠ ᠳᠤ | ᠲᠦᠰᠢᠭᠯᠡᠨ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠠᠬᠤᠢ ᠶᠢᠨ ᠲᠥᠬᠦᠭᠡᠷᠦᠮᠵᠢ ᠶᠢ | ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠢ ᠠᠬᠤᠢ ᠶᠢᠨ ᠣᠷᠣᠰᠢᠨ | ᠰᠠᠭᠤᠬᠤ ᠳᠤ ᠲᠣᠬᠢᠷᠠᠮᠵᠢᠲᠠᠢ᠂ ᠣᠷᠴᠢᠨ ᠠᠬᠤᠢ ᠶᠢᠨ ᠭᠤᠶᠢᠳᠠ ᠰᠠᠶᠢᠬᠠᠨ ᠬᠥᠳᠡᠭᠡ ᠲᠣᠰᠬᠤᠨ ᠤ ᠣᠷᠣᠰᠢᠨ | ᠰᠠᠭᠤᠬᠤ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠨ᠎ᠠ᠃ | | | ︵ᠭᠤᠷᠪᠠ︶ ᠰᠠᠭᠤᠷᠢ ᠶᠢ ᠴᠢᠩᠭᠠᠳᠬᠠᠨ᠂ ᠠᠷᠠᠳ ᠤᠨ ᠠᠮᠢᠳᠤᠷᠠᠯ ᠢ ᠴᠢᠬᠤᠯᠠᠴᠢᠯᠠᠵᠤ᠂ ᠵᠣᠯ ᠵᠢᠷᠭᠠᠯᠲᠤ ᠠᠮᠢᠳᠤᠷᠠᠯ ᠤᠨ | ᠰᠢᠨ᠎ᠡ ᠥᠨᠳᠦᠷᠯᠢᠭ ᠢ ᠴᠣᠭᠴᠠᠯᠠᠨ ᠪᠠᠶᠢᠭᠤᠯᠤᠨ᠎ᠠ᠃ | ᠨᠡᠶᠢᠭᠡᠮ ᠤᠨ ᠪᠠᠲᠤᠯᠠᠭ᠎ᠠ ᠶᠢᠨ ᠨᠠᠭᠠᠲᠤ ᠵᠠᠬ᠎ᠠ ᠵᠢᠨᠪᠥ᠋ᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ | ᠦᠷᠭᠦᠯᠵᠢᠯᠡᠨ ᠠᠬᠢᠭᠤᠯᠵᠤ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ | ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ᠂ | ᠡᠮᠨᠡᠬᠦ ᠠᠰᠠᠷᠠᠬᠤ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠵᠢᠨᠦᠨᠳᠦᠰᠦᠨ ᠵᠦᠢᠯ ᠢ ᠪᠠᠲᠤᠯᠠᠬᠤ | ᠪᠠᠲᠤᠯᠠᠭ᠎ᠠ ᠶᠢ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠨᠡᠶᠢᠭᠡᠮ ᠤᠨ ᠳᠠᠭᠠᠳᠬᠠᠯ᠂ ᠨᠡᠶᠢᠭᠡᠮ ᠤᠨ | ᠠᠰᠠᠷᠠᠮᠵᠢ ᠶᠢᠨ ᠳᠦᠷᠢᠮ ᠲᠠᠢ ᠵᠣᠯᠭᠠᠭᠤᠯᠬᠤ ᠶᠢ ᠴᠢᠩᠭᠠᠳᠬᠠᠨ᠎ᠠ᠃ᠨᠠᠰᠤᠨ ᠳᠤ ᠭᠦᠷᠦᠭᠰᠡᠨ ᠰᠤᠷᠭᠠᠭᠤᠯᠢ ᠶᠢᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠡᠮᠡᠭᠲᠡᠶᠢᠴᠦᠳ ᠤᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠬᠦ ᠬᠡᠷᠡᠭᠲᠡᠢ᠃ᠲᠣᠰᠬᠤᠨ ᠤ | ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠰᠢᠪᠠᠳᠠᠨ ᠲᠡᠭᠦᠯᠳᠡᠷᠵᠢᠭᠦᠯᠵᠦ᠂ ᠤᠯᠠᠨ | ᠨᠡᠶᠢᠲᠡ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ | ᠭᠦᠨᠵᠡᠭᠡᠢ ᠠᠬᠢᠭᠤᠯᠵᠤ᠂ ᠤᠯᠠᠮᠵᠢᠯᠠᠯᠲᠤ ᠰᠣᠶᠣᠯ ᠢ ᠶᠡᠬᠡᠪᠡᠷ ᠠᠭᠤᠳᠠᠯᠵᠤ᠂ ᠨᠤᠲᠤᠭ ᠤᠨ ᠮᠡᠷᠭᠡᠳ ᠤᠨ ᠡᠨᠡᠷᠢᠩᠭᠦᠢ | ᠠᠴᠢᠯᠠᠯ ᠤᠨ ᠰᠣᠶᠣᠯ ᠢ ᠢᠳᠡᠪᠬᠢᠲᠡᠢ ᠪᠠᠳᠠᠷᠠᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠦᠷᠦᠯ | ᠲᠡᠮᠳᠡᠭ ᠤᠨ ᠰᠢᠨ᠎ᠡ ᠶᠢ ᠡᠭᠦᠳᠴᠦ᠂ ᠰᠣᠶᠣᠯ ᠢ ᠡᠭᠡᠯ ᠠᠷᠠᠳ ᠤᠨ ᠭᠡᠷ ᠲᠤ ᠣᠷᠣᠭᠤᠯᠤᠨ᠎ᠠ᠃ᠪᠣᠬᠢᠷᠲᠤᠯ ᠦᠭᠡᠢ | ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠣᠮᠣ ᠤᠩᠭᠤᠨ ᠢ ᠴᠡᠭᠴᠡᠯᠡᠨ ᠵᠠᠰᠠᠬᠤ ᠵᠢᠴᠢ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠤᠩᠭᠤᠨ ᠤ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ | | | ︵ᠳᠥᠷᠪᠡ︶ ᠵᠠᠩ ᠰᠤᠷᠲᠠᠯ ᠢᠶᠠᠨ ᠬᠤᠪᠢᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠵᠦ᠂ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠰᠢᠨ᠎ᠡ ᠬᠥᠳᠡᠯᠭᠡᠭᠦᠷ ᠢ ᠨᠣᠴᠣᠭᠠᠪᠠ᠃ | ᠨᠢᠭᠡ ᠳᠤ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠎ᠠ᠃ᠵᠠᠰᠠᠭ ᠤᠨ ᠣᠷᠳᠣᠨ ᠤ ᠠᠵᠢᠯ ᠤᠨ ᠶᠠᠪᠤᠴᠠ ᠶᠢ | ᠤᠯᠠᠮ ᠨᠢᠭᠡ ᠠᠯᠬᠤᠮ ᠳᠥᠭᠦᠮᠴᠢᠯᠡᠵᠦ᠂ ᠵᠠᠰᠠᠭ ᠤᠨ ᠣᠷᠳᠣᠨ ᠤ ᠠᠵᠢᠯᠯᠠᠭᠠᠨ ᠤ ᠲᠣᠭᠲᠠᠴᠠ ᠶᠢ ᠰᠢᠯᠢᠳᠡᠭᠵᠢᠭᠦᠯᠦᠨ᠂ | ᠠᠵᠢᠯ ᠤᠨ ᠡᠭᠦᠷᠭᠡ ᠶᠢ ᠲᠣᠳᠣᠷᠬᠠᠢ ᠬᠠᠭᠤᠳᠠᠰᠤᠵᠢᠭᠤᠯᠬᠤ ᠪᠠ ᠪᠢᠲᠡᠭᠦᠦ ᠬᠠᠮᠢᠶᠠᠷᠤᠯᠲᠠ ᠶᠢ ᠬᠡᠷᠡᠭᠵᠢᠭᠦᠯᠵᠦ᠂ | ᠬᠠᠮᠤᠭ ᠤᠨ ᠪᠠᠭ᠎ᠠ ᠥᠪᠡᠷ ᠤᠨ ᠦᠷᠳᠡᠭ ᠪᠠ ᠦᠨ᠎ᠡ ᠦᠷᠳᠡᠭ ᠂ ᠬᠠᠮᠤᠭ ᠤᠨ ᠲᠦᠷᠭᠡᠨ ᠬᠤᠷᠳᠤᠴᠠ ᠪᠠᠷ ᠤᠯᠠᠨ | ᠲᠦᠮᠡᠨ ᠳᠤ ᠬᠠᠮᠤᠭ ᠤᠨ ᠤᠯᠠᠨ ᠪᠣᠳᠠᠲᠤ ᠶᠠᠪᠤᠳᠠᠯ ᠢ ᠪᠦᠲᠦᠭᠡᠵᠦ ᠥᠭᠬᠦ ᠶᠢ ᠦᠨᠡᠨ ᠬᠦ ᠪᠠᠲᠤᠯᠠᠨ᠎ᠠ᠃ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠪᠠᠯᠭᠠᠰᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠪᠥᠬᠦ ᠵᠢᠯ ᠤᠨ ᠵᠠᠰᠠᠭ ᠤᠨ ᠣᠷᠳᠣᠨ ᠤ | ᠠᠵᠢᠯ ᠤᠨ ᠬᠠᠷᠠᠯᠲᠠ ᠶᠢ ᠴᠢᠩᠭ᠎ᠠ ᠠᠩᠬᠠᠷᠴᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠬᠦᠴᠢᠷ | ᠠᠰᠠᠭᠤᠳᠠᠯ᠂ ᠳᠤᠲᠠᠭᠤᠳᠠᠯ ᠢ ᠴᠢᠩᠭ᠎ᠠ ᠠᠳᠬᠤᠨ᠂ ᠠᠷᠭ᠎ᠠ ᠬᠡᠮᠵᠢᠶ᠎ᠡ ᠶᠢᠨ ᠰᠢᠨ᠎ᠡ ᠶᠢ ᠤᠯᠠᠮ ᠨᠢᠭᠡ ᠠᠯᠬᠤᠮ | ᠡᠭᠦᠳᠴᠦ᠂ ᠬᠠᠲᠠᠭᠤᠵᠢᠯᠲᠠᠢ ᠠᠵᠢᠯᠯᠠᠨ ᠪᠣᠳᠠᠲᠠᠢ ᠠᠵᠢᠯᠯᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠵᠤ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ᠃ | ᠬᠤᠶᠠᠷ ᠲᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ᠬᠠᠤᠯᠢᠵᠢᠯ ᠤᠨ ᠦᠵᠡᠯᠲᠡ ᠶᠢ ᠪᠠᠲᠤ ᠪᠤᠢ | ᠪᠣᠯᠭᠠᠵᠤ᠂ ᠪᠦᠬᠦ ᠪᠠᠯᠭᠠᠰᠤᠨ ᠤ ᠺᠠᠳ᠋ᠷᠴᠤᠳ ᠤᠨ ᠤᠬᠠᠮᠰᠠᠷ ᠠᠴᠠ ᠪᠠᠨ ᠬᠠᠤᠯᠢ ᠶᠢ ᠰᠤᠷᠴᠤ ᠬᠠᠤᠯᠢ ᠶᠢ ᠰᠠᠬᠢᠵᠤ | ᠬᠠᠤᠯᠢ ᠶᠢ ᠬᠡᠷᠡᠭᠯᠡᠬᠦ ᠶᠢ ᠬᠥᠲᠥᠯᠥᠨ ᠵᠢᠯᠤᠭᠤᠳᠴᠤ᠂ ᠰᠢᠨ᠎ᠡ ᠴᠠᠭ ᠦᠶ᠎ᠡ ᠶᠢᠨ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠬᠠᠤᠯᠢ ᠪᠠᠷ ᠲᠣᠭᠲᠠᠭᠠᠭᠰᠠᠨ | ᠡᠷᠬᠡ ᠶᠢᠨ ᠬᠢᠵᠠᠭᠠᠷ ᠪᠣᠯᠣᠨ ᠲᠡᠰ ᠳᠠᠷᠠᠭᠠᠯᠠᠯ ᠢ ᠴᠢᠩᠭ᠎ᠠ ᠵᠢᠷᠤᠮᠯᠠᠨ ᠡᠷᠬᠡ ᠪᠠᠨ ᠬᠡᠷᠡᠭᠵᠢᠭᠦᠯᠵᠦ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠵᠢᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠯᠭᠡ ᠶᠢ ᠬᠢᠨᠠᠮᠠᠭᠠᠢ | ᠰᠢᠢᠳᠪᠦᠷᠢᠯᠡᠵᠦ᠂ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠪᠠ ᠬᠢᠨᠠᠯᠲᠠ ᠶᠢ ᠦᠨᠡᠨ ᠬᠦᠠᠷᠠᠳᠴᠢᠯᠠᠯ | ᠲᠥᠪᠯᠡᠷᠡᠯ ᠤᠨ ᠶᠣᠰᠣ ᠶᠢ ᠪᠦᠷᠢᠨᠰᠢᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠢ ᠠᠬᠢᠭᠤᠯᠵᠤ᠂ | ᠡᠷᠬᠡ ᠶᠢᠨ ᠠᠵᠢᠯᠯᠠᠭ᠎ᠠ ᠶᠢ ᠢᠯᠡ ᠪᠣᠯᠭᠠᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ | ᠤᠬᠠᠭᠠᠨᠴᠢᠯᠠᠯᠲᠠ᠂ ᠠᠷᠠᠳᠴᠢᠯᠠᠯᠲᠠ ᠪᠠ ᠳᠦᠷᠢᠮᠵᠢᠭᠦᠯᠦᠯᠲᠡ ᠶᠢᠨ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ᠭᠤᠷᠪᠠ ᠳᠤ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ᠨᠠᠮ ᠢ ᠪᠥᠬᠦ ᠲᠠᠯ᠎ᠠ ᠪᠠᠷ | ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠭᠤᠶᠢᠪᠢᠰᠢ ᠦᠭᠡᠢ ᠠᠬᠢᠭᠤᠯᠵᠤ᠂ ︽ᠳᠥᠷᠪᠡᠨ ᠰᠤᠷᠲᠠᠯ︾ ᠢ ᠤᠳᠠᠭᠠᠨ ᠳᠠᠭᠠᠭᠠᠮᠠᠭᠠᠢ | ᠡᠰᠡᠷᠭᠦᠴᠡᠵᠦ᠂ ᠲᠥᠪ ᠤᠨ ᠨᠠᠢᠮᠠᠨ ᠵᠦᠢᠯ ᠤᠨ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ᠂ ᠬᠤᠲᠠ᠂ | ᠬᠤᠰᠢᠭᠤᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠂ ᠬᠤᠷᠠᠯ ᠤᠨ ᠰᠤᠷᠲᠠᠯ | ᠵᠣᠬᠢᠶᠠᠯ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠵᠤ᠂ ᠵᠠᠰᠠᠭ ᠤᠨ ᠣᠷᠳᠣᠨ ᠤ ᠬᠦᠴᠦᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠂ ᠪᠣᠯᠬᠢ ᠪᠦᠳᠦᠭᠦᠯᠢᠭ ᠵᠠᠰᠠᠭ᠂ ᠵᠠᠯᠬᠠᠭᠤ ᠵᠠᠰᠠᠭ ᠪᠠ ᠨᠣᠶᠠᠨ ᠰᠠᠭᠤᠭᠠᠳ ᠠᠵᠢᠯ | ᠬᠢᠬᠦ ᠦᠭᠡᠢ ᠪᠠᠶᠢᠬᠤ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠤᠷᠲᠠᠯ ᠤᠨ ᠪᠠᠶᠢᠭᠤᠯᠤᠯᠲᠠ ᠶᠢ ᠴᠢᠩᠭ᠎ᠠ | ᠠᠳᠬᠤᠵᠤ ᠪᠣᠳᠠᠲᠠᠢ ᠪᠠᠷ ᠠᠳᠬᠤᠬᠤ ᠬᠡᠷᠡᠭᠲᠡᠢ᠃ | ᠲᠥᠯᠥᠭᠡᠯᠡᠭᠴᠢᠳ ᠠ᠋᠂ ᠬᠥᠭᠵᠢᠯᠲᠡ ᠶᠢᠨ ᠬᠦᠨᠳᠦ ᠡᠭᠦᠷᠭᠡ ᠪᠠ ᠠᠷᠠᠳ ᠲᠦᠮᠡᠨ ᠤ ᠬᠦᠰᠡᠯ ᠡᠷᠡᠮᠡᠯᠵᠡᠯ ᠨᠢ | ᠪᠢᠳᠡᠨ ᠳᠤ ᠡᠭᠦᠷᠭᠡ ᠬᠠᠲᠠᠭᠤ ᠪᠡᠷᠬᠡ᠂ ᠡᠭᠦᠷᠭᠡ ᠬᠦᠨᠳᠦ ᠶᠡᠭᠡ ᠭᠡᠳᠡᠭ ᠢ ᠮᠡᠳᠡᠷᠡᠭᠦᠯᠪᠡ᠃ ᠪᠢᠳᠡ ᠨᠢᠭᠡ ᠰᠡᠳᠬᠢᠯ ᠢᠶᠠᠷ | ᠠᠵᠢᠯ ᠶᠠᠪᠤᠳᠠᠯ ᠢ ᠪᠣᠳᠣᠯᠬᠢᠯᠠᠵᠤ᠂ ᠰᠡᠳᠬᠢᠯ ᠲᠠᠯᠪᠢᠨ ᠠᠵᠢᠯ ᠶᠠᠪᠤᠳᠠᠯ ᠬᠢᠬᠦ ᠪᠠᠷ ᠪᠠᠷᠠᠬᠤ ᠦᠭᠡᠢ᠂ ᠨᠡᠩ ᠴᠤ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠴᠦᠯᠡᠨ ᠴᠢᠷᠮᠠᠶᠢᠵᠤ ᠦᠢᠯᠡᠰ ᠪᠦᠲᠦᠭᠡᠨ᠂ ᠠᠷᠠᠳ ᠲᠦᠮᠡᠨ ᠳᠤ | ᠦᠢᠯᠡᠴᠢᠯᠡᠬᠦ᠂ ᠠᠷᠠᠳ ᠲᠦᠮᠡᠨ ᠳᠤ ᠬᠠᠷᠢᠭᠤᠴᠠᠬᠤ᠂ ᠠᠷᠠᠳ ᠲᠦᠮᠡᠨ ᠢ ᠰᠡᠳᠬᠢᠯ ᠬᠠᠨᠤᠮᠵᠢᠲᠠᠶ ᠪᠣᠯᠭᠠᠬᠤ ᠵᠠᠰᠠᠭ ᠤᠨ | ᠣᠷᠳᠣᠨ ᠢ ᠴᠥᠬᠦᠷᠡᠰᠢ ᠦᠭᠡᠢ ᠪᠠᠷ ᠪᠠᠶᠢᠭᠤᠯᠬᠤ ᠬᠡᠷᠡᠭᠲᠡᠢ᠃ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠰᠢᠭᠤᠨ ᠨᠠᠮ ᠤᠨ ᠬᠤᠷᠢᠶ᠎ᠠ᠂ | ᠬᠤᠰᠢᠭᠤᠨ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠲᠡᠢ ᠳᠡᠮᠵᠢᠯᠭᠡ ᠪᠠ ᠬᠢᠨᠠᠯᠲᠠ ᠳᠣᠣᠷ᠎ᠠ᠂ ᠪᠥᠬᠦ ᠪᠠᠯᠭᠠᠰᠤᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠴᠢᠩᠭ᠎ᠠ ᠲᠦᠰᠢᠭᠯᠡᠨ᠂ ᠰᠢᠨ᠎ᠡ ᠡᠭᠦᠷᠭᠡ ᠬᠠᠷᠢᠭᠤᠴᠠᠯᠭ᠎ᠠ ᠪᠠᠨ | ᠦᠢᠯᠡᠳᠦᠯᠭᠡᠵᠢᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠪᠠᠨ ᠳᠡᠯᠭᠡᠨ ᠦᠵᠡᠭᠦᠯᠵᠦ᠂ ᠴᠤᠭ ᠪᠠᠳᠠᠷᠠᠩᠭᠤᠢ | ᠲᠡᠮᠡᠴᠡᠯ ᠤᠨ ᠵᠣᠷᠢᠭ᠂ ᠯᠠᠪᠳᠠᠭᠤᠨ ᠪᠠᠲᠤᠲᠠᠢ ᠰᠤᠷᠲᠠᠯ ᠢᠶᠠᠷ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠳᠤ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ | ᠲᠤᠰᠢᠶᠠᠨ᠎ᠠ︕ | | |