ᠥᠪᠥᠷ ᠮᠣᠩᠭᠤᠯ ᠤᠨ ᠡᠨᠧᠷᠭᠢ ᠶᠢᠨ ᠺᠤᠮᠫᠠᠨᠢ ᠶᠢᠨ  ᠵᠢᠨᠱᠠᠨ ᠴᠠᠬᠢᠯᠭᠠᠨ ᠦᠢᠯᠡᠳᠪᠦᠷᠢ ᠠᠴᠠ ᠶᠢᠨ ᠴᠢᠶᠣᠤ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠬᠦᠷᠬᠦ ᠠᠵᠤ ᠦᠢᠯᠡᠳᠪᠦᠷᠢ ᠶᠢᠨ ᠮᠠᠰᠢᠨ ᠬᠠᠩᠭᠠᠬᠤ  ᠫᠷᠤᠭ᠍ᠷᠡᠮ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠯᠠᠪᠯᠠᠯᠭ᠎ᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠲᠤᠬᠠᠢ
ᠨᠡᠶᠢᠲᠡᠯᠡᠭᠰᠡᠨ ᠴᠠᠭ᠄
2023/9/11
     ᠥᠪᠥᠷ ᠮᠣᠩᠭᠤᠯ ᠤᠨ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠪᠡᠯᠡ ᠣᠷᠣᠭᠤᠯᠤᠯᠲᠠ ᠶᠢᠨ ᠺᠤᠮᠫᠠᠨᠢ ᠶᠢᠨ ᠵᠢᠨᠱᠠᠨ ᠬᠤᠶᠠᠳᠤᠭᠠᠷ ᠢᠯᠴᠢ ᠶᠢᠨ ᠴᠠᠬᠢᠯᠭᠠᠨ ᠤ ᠬᠤᠪᠢᠶᠠᠷᠢ ᠺᠣᠮᠫᠠᠨᠢ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠵᠢᠨᠱᠠᠨ ᠴᠠᠬᠢᠯᠭᠠᠨ ᠤ ᠦᠢᠯᠡᠳᠪᠦᠷᠢ ᠠᠴᠠ  ᠶᠢᠨ ᠴᠢᠶᠣᠤ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠬᠦᠷᠬᠦ ᠠᠵᠤ ᠦᠢᠯᠡᠳᠪᠦᠷᠢ ᠶᠢᠨ ᠮᠠᠰᠢᠨ ᠬᠠᠩᠭᠠᠬᠤ ᠲᠥᠷᠥᠯ ᠵᠦᠢᠯ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠡᠶᠢᠭᠡᠮ ᠤᠨ ᠲᠣᠭᠲᠠᠭᠤᠨ ︵ᠬᠥᠭᠵᠢᠭᠦᠯᠦᠯᠲᠡ ᠥᠭᠡᠷᠡᠴᠢᠯᠡᠯᠲᠡ ᠥᠭᠭᠦᠭᠰᠡᠨ ᠦᠰᠦᠭ 〔2012〕 2993 ᠳ᠋ᠤᠭᠠᠷ ᠲᠣᠭᠠᠲᠤ︶᠂ ︽ᠤᠯᠤᠰ ᠤᠨ ᠬᠦᠭᠵᠢᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠤᠨ ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠵᠠᠳᠠᠯᠤᠯᠲᠠ ᠶᠢᠨ ᠬᠠᠭᠤᠳᠠᠰᠤ ᠪᠠ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠬᠥᠲᠥᠯᠪᠦᠷᠢ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠬᠦᠭᠵᠢᠯᠲᠡ ᠥᠭᠡᠷᠡᠴᠢᠯᠡᠯᠲᠡ ᠠᠯᠪᠠᠨ ᠪᠡᠯᠡ ᠣᠷᠣᠭᠤᠯᠤᠯᠲᠠ ᠥᠰᠥᠭ ﹇2013﹈ 428 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯᠯᠠᠭᠠᠨ ᠤ ᠳᠦᠷᠢᠮ ︵ᠲᠤᠷᠰᠢᠨ ᠬᠡᠷᠡᠭᠵᠢᠭᠦᠯᠬᠦ ︶︾ ︵ᠥᠪᠥᠷ ᠲᠣᠭᠲᠠᠭᠤᠨ ᠲᠠᠷᠬᠠᠭᠠᠭᠰᠠᠨ ﹇2016﹈ 1 ᠳ᠋ᠦᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ᠂ ᠮᠠᠨ ᠤ ᠺᠣᠮᠫᠠᠨᠢ ᠡᠳᠦᠭᠡ ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠬᠤᠯᠪᠣᠭᠳᠠᠯ ᠪᠦᠬᠦᠢ ᠠᠭᠤᠯᠭ᠎ᠠ ᠵᠢᠴᠢ ᠵᠦᠢᠯᠡᠰ ᠢ ᠳᠣᠣᠷᠠᠬᠢ ᠮᠡᠲᠦ ᠵᠠᠷᠯᠠᠶ᠎ᠠ ᠄     ᠥᠪᠥᠷ ᠮᠣᠩᠭᠤᠯ ᠤᠨ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠪᠡᠯᠡ ᠣᠷᠣᠭᠤᠯᠤᠯᠲᠠ ᠶᠢᠨ ᠺᠤᠮᠫᠠᠨᠢ ᠶᠢᠨ ᠵᠢᠨᠱᠠᠨ ᠬᠤᠶᠠᠳᠤᠭᠠᠷ ᠢᠯᠴᠢ ᠶᠢᠨ ᠴᠠᠬᠢᠯᠭᠠᠨ ᠤ ᠬᠤᠪᠢᠶᠠᠷᠢ ᠺᠣᠮᠫᠠᠨᠢ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠵᠢᠨᠱᠠᠨ ᠴᠠᠬᠢᠯᠭᠠᠨ ᠤ ᠦᠢᠯᠡᠳᠪᠦᠷᠢ ᠠᠴᠠ  ᠶᠢᠨ ᠴᠢᠶᠣᠤ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠬᠦᠷᠬᠦ ᠠᠵᠤ ᠦᠢᠯᠡᠳᠪᠦᠷᠢ ᠶᠢᠨ ᠮᠠᠰᠢᠨ ᠬᠠᠩᠭᠠᠬᠤ ᠲᠥᠷᠥᠯ ᠵᠦᠢᠯ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠡᠶᠢᠭᠡᠮ ᠤᠨ ᠲᠣᠭᠲᠠᠭᠤᠨ ︵ᠬᠥᠭᠵᠢᠭᠦᠯᠦᠯᠲᠡ ᠥᠭᠡᠷᠡᠴᠢᠯᠡᠯᠲᠡ ᠥᠭᠭᠦᠭᠰᠡᠨ ᠦᠰᠦᠭ 〔2012〕 2993 ᠳ᠋ᠤᠭᠠᠷ ᠲᠣᠭᠠᠲᠤ︶᠂ ︽ᠤᠯᠤᠰ ᠤᠨ ᠬᠦᠭᠵᠢᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠤᠨ ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠵᠠᠳᠠᠯᠤᠯᠲᠠ ᠶᠢᠨ ᠬᠠᠭᠤᠳᠠᠰᠤ ᠪᠠ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠬᠥᠲᠥᠯᠪᠦᠷᠢ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠬᠦᠭᠵᠢᠯᠲᠡ ᠥᠭᠡᠷᠡᠴᠢᠯᠡᠯᠲᠡ ᠠᠯᠪᠠᠨ ᠪᠡᠯᠡ ᠣᠷᠣᠭᠤᠯᠤᠯᠲᠠ ᠥᠰᠥᠭ ﹇2013﹈ 428 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯᠯᠠᠭᠠᠨ ᠤ ᠳᠦᠷᠢᠮ ︵ᠲᠤᠷᠰᠢᠨ ᠬᠡᠷᠡᠭᠵᠢᠭᠦᠯᠬᠦ ︶︾ ︵ᠥᠪᠥᠷ ᠲᠣᠭᠲᠠᠭᠤᠨ ᠲᠠᠷᠬᠠᠭᠠᠭᠰᠠᠨ ﹇2016﹈ 1 ᠳ᠋ᠦᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ᠂ ᠮᠠᠨ ᠤ ᠺᠣᠮᠫᠠᠨᠢ ᠡᠳᠦᠭᠡ ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠬᠤᠯᠪᠣᠭᠳᠠᠯ ᠪᠦᠬᠦᠢ ᠠᠭᠤᠯᠭ᠎ᠠ ᠵᠢᠴᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠫᠷᠤᠭ᠍ᠷᠡᠮ ᠤᠨ ᠪᠠᠶᠢᠳᠠᠯ ᠤᠨ ᠲᠣᠪᠴᠢ ᠲᠣᠭᠠᠴᠢᠯᠲᠠ     ᠲᠣᠰ  ᠫᠷᠤᠭ᠍ᠷᠡᠮ ᠨᠢ ᠵᠢᠨᠱᠠᠨ ᠴᠠᠬᠢᠯᠭᠠᠨ ᠤ ᠦᠢᠯᠡᠳᠪᠦᠷᠢ ᠪᠠᠷ ᠢᠯᠴᠢ ᠶᠢᠨ ᠢᠷᠡᠯᠲᠡ ᠶᠢᠨ ᠴᠢᠭ᠋ ᠪᠣᠯᠭᠠᠵᠤ᠂ ᠦᠢᠯᠡᠳᠪᠦᠷᠢ ᠶᠢᠨ ᠭᠠᠳᠠᠨᠠᠬᠢ ᠬᠤᠭᠤᠯᠠᠢ ᠶᠢᠨ ᠲᠣᠣᠷ ᠲᠤ ᠳᠡᠪᠢᠰᠦᠭᠰᠡᠨ ᠵᠠᠮ ᠤᠨ ᠭᠠᠵᠠᠷ ᠤᠨ ᠪᠠᠶᠢᠴᠠ ᠭᠠᠵᠠᠷ ᠤᠨ ᠲᠥᠷᠬᠦ᠂ ᠳᠠᠭᠠᠭᠠᠴᠠ ᠶᠢᠨ ᠲᠥᠷᠥᠯ ᠢᠯᠭᠠᠯ᠂ ᠵᠠᠮ ᠳᠠᠭᠠᠤ ᠶᠢᠨ ᠵᠠᠩᠭᠢᠯᠠᠭ᠎ᠠ  ᠶᠢᠨ ᠴᠢᠭ ᠵᠢᠴᠢ ᠢᠯᠴᠢ ᠬᠡᠷᠡᠭᠯᠡᠬᠦ ᠡᠷᠦᠬᠡ ᠶᠢᠨ ᠲᠠᠷᠬᠠᠯᠲᠠ ᠶᠢᠨ ᠪᠠᠶᠢᠷᠢᠰᠢᠯ ᠤᠨ ᠪᠠᠶᠢᠳᠠᠯ ᠢ ᠦᠨᠳᠦᠰᠦᠯᠡᠨ᠂ ᠭᠤᠣᠯᠳᠠᠭᠤ ᠠᠭᠠᠷ ᠲᠤ ᠲᠠᠲᠠᠬᠤ ᠪᠠ ᠰᠢᠭᠤᠳ ᠪᠤᠯᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠬᠤᠭᠤᠯᠠᠢ ᠲᠠᠯᠪᠢᠨ᠎ᠠ᠃ᠲᠣᠰ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠬᠤᠭᠤᠯᠠᠢ ᠶᠢᠨ ᠲᠣᠣᠷ ᠤᠨ ᠬᠠᠨᠳᠤᠰᠢ᠄ ᠵᠢᠨᠱᠠᠨ ᠴᠠᠬᠢᠯᠭᠠᠨ ᠤ ᠦᠢᠯᠡᠳᠪᠦᠷᠢ ᠶᠢᠨ ᠡᠮᠦᠨ᠎ᠡ ᠲᠠᠯ᠎ᠠ ᠳᠤ DN900 ᠠᠭᠤᠷ ᠤᠨ ᠬᠤᠭᠤᠯᠠᠢ ᠶᠢ ᠵᠠᠯᠭᠠᠨ ᠭᠠᠷᠭᠠᠵᠤ᠂ ᠰᠢᠨ᠎ᠡ ᠰᠤᠪᠠᠭ ᠢᠶᠠᠷ ᠬᠤᠲᠠ ᠶᠢ ᠲᠣᠭᠤᠷᠢᠭᠰᠠᠨ ᠥᠨᠳᠥᠷ ᠬᠤᠷᠳᠤᠴᠠᠲᠤ ᠵᠠᠰᠠᠮᠠᠯ ᠵᠠᠮ ᠢ ᠳᠡᠪᠢᠰᠴᠦ᠂ ᠳᠠᠬᠢᠨ ᠬᠤᠲᠠ ᠶᠢ ᠲᠣᠭᠤᠷᠢᠭᠰᠠᠨ ᠥᠨᠳᠥᠷ ᠬᠤᠷᠳᠤᠴᠠᠲᠤ ᠵᠠᠰᠠᠮᠠᠯ ᠵᠠᠮ ᠢ ᠳᠠᠭᠠᠵᠤ ᠵᠡᠭᠦᠨᠰᠢ  ᠶᠢᠨ ᠴᠢᠶᠤᠤ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠢ ᠳᠡᠪᠢᠰᠴᠦ᠂ ᠵᠢᠨᠴᠢᠶᠣᠣ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠣᠶᠢᠷ᠎ᠠ ᠬᠤᠯᠠ ᠬᠤᠭᠤᠴᠠᠭᠠᠨ ᠤ ᠢᠯᠴᠢ ᠶᠢᠨ ᠳᠠᠭᠠᠭᠠᠴᠠ ᠶᠢᠨ ᠬᠡᠷᠡᠭᠴᠡᠭᠡ ᠶᠢ ᠬᠠᠩᠭᠠᠨ᠎ᠠ᠃ᠡᠭᠦᠨ ᠠᠴᠠ ᠭᠠᠳᠠᠨ᠎ᠠ᠂ ᠬᠤᠶᠠᠷ DN300 ᠠᠭᠤᠷ ᠤᠨ ᠴᠠᠷᠴᠠᠯᠲᠠ ᠶᠢᠨ ᠤᠰᠤᠨ ᠤ ᠪᠤᠴᠠᠯᠲᠠ ᠶᠢᠨ ᠬᠤᠭᠤᠯᠠᠢ ᠶᠢ ᠬᠠᠮᠲᠤ ᠳᠤᠨᠢ ᠪᠠᠶᠢᠭᠤᠯᠵᠤ᠂ ᠪᠥᠬᠦ ᠱᠤᠭᠤᠮ ᠢᠶᠠᠷ ᠭᠠᠵᠠᠷ ᠲᠤ ᠪᠤᠯᠠᠭᠳᠠᠵᠤ ᠵᠢᠨᠱᠠᠨ ᠴᠠᠬᠢᠯᠭᠠᠨ ᠤ ᠦᠢᠯᠡᠳᠪᠦᠷᠢ ᠳᠤ ᠪᠤᠴᠠᠭᠠᠨ᠎ᠠ᠃     ᠬᠤᠭᠤᠯᠠᠢ ᠲᠣᠣᠷ ᠤᠨ ᠱᠤᠭᠤᠮ ᠤᠨ ᠪᠥᠬᠦ ᠣᠷᠳᠣ ᠨᠢ ᠪᠠᠷᠤᠭ 32 ᠺᠢᠯᠣᠮᠧᠲᠷ ᠪᠠᠶᠢᠵᠤ᠂ ᠵᠠᠮ ᠳᠠᠭᠠᠤ ᠳᠠᠭᠠᠨ ᠲᠦᠮᠡᠳ ᠵᠡᠭᠦᠨ ᠬᠤᠰᠢᠭᠤ᠂  ᠢᠤᠢ ᠴᠢᠤᠸᠠᠨ ᠲᠣᠭᠤᠷᠢᠭ ᠵᠢᠴᠢ ᠰᠠᠶᠢᠬᠠᠨ ᠲᠣᠭᠤᠷᠢᠭ ᠢᠶᠠᠷ ᠥᠩᠭᠡᠷᠡᠨ᠎ᠡ᠃ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 159548.82 ᠲᠦᠮᠡᠨ ᠲᠥᠭᠦᠷᠢᠭ ᠲᠤ ᠬᠦᠷᠴᠦ᠂ ᠡᠭᠦᠨ ᠳᠤ ᠥᠪᠡᠷ ᠤᠨ ᠪᠡᠯᠡ ᠮᠥᠩᠭᠦ 31909.76 ᠲᠦᠮᠡᠨ ᠲᠥᠭᠦᠷᠢᠭ ᠲᠤ ᠬᠦᠷᠴᠦ᠂ 127639.06 ᠲᠦᠮᠡᠨ ᠲᠥᠭᠦᠷᠢᠭ ᠤᠨ ᠪᠠᠩᠬᠢ ᠶᠢᠨ ᠵᠢᠭᠡᠯᠡᠯᠭᠡ ᠭᠤᠶᠤᠴᠢᠯᠠᠬᠤ ᠪᠠᠷ ᠪᠣᠶ᠂ ᠲᠥᠷᠥᠯ ᠵᠦᠢᠯ ᠤᠨ ᠲᠥᠯᠥᠪᠯᠡᠭᠰᠡᠨ ᠠᠵᠢᠯ ᠤᠨ ᠬᠤᠭᠤᠴᠠᠭ᠎ᠠ ᠨᠢ 2023 ᠣᠨ ᠤ 9 ᠰᠠᠷ᠎ᠠ ︱ 2024 ᠣᠨ ᠤ 8 ᠰᠠᠷ᠎ᠠ ᠪᠣᠯᠣᠨ᠎ᠠ      ᠬᠤᠶᠠᠷ᠂  ᠫᠷᠤᠭ᠍ᠷᠡᠮ ᠳᠤ ᠣᠷᠣᠰᠢᠵᠤ ᠮᠡᠳᠡᠬᠦ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠲᠦᠭᠰᠢᠭᠦᠷᠢ ᠶᠢᠨ ᠲᠣᠶᠢᠮᠣᠴᠢᠯᠠᠯ     ᠲᠣᠰ  ᠫᠷᠤᠭ᠍ᠷᠡᠮ ᠤᠨ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠵᠦ ᠮᠡᠳᠡᠬᠦ ᠲᠦᠭᠰᠢᠭᠦᠷᠢ ᠨᠢ ᠭᠤᠣᠯᠳᠠᠭᠤ ᠳᠣᠣᠷᠠᠬᠢ ᠬᠡᠳᠦᠨ ᠲᠠᠯ᠎ᠠ ᠪᠣᠯᠣᠨ᠎ᠠ᠄     ᠪᠠᠷᠢᠯᠭ᠎ᠠ ᠶᠢᠨ ᠬᠤᠭᠤᠴᠠᠭᠠᠨ ᠤ ᠡᠷᠬᠢᠨ ᠲᠣᠭᠤᠷᠢᠨ ᠤ ᠵᠠᠮ ᠬᠠᠷᠢᠯᠴᠠᠭ᠎ᠠ ᠳᠤ ᠦᠵᠡᠭᠦᠯᠬᠦ ᠨᠥᠯᠥᠭᠡ᠂ ᠠᠮᠢ ᠠᠬᠤᠢ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ᠂ ᠪᠠᠷᠢᠯᠭ᠎ᠠ ᠶᠢᠨ ᠬᠤᠭᠤᠴᠠᠭᠠᠨ ᠳᠤ ᠡᠭᠦᠰᠦᠭᠰᠡᠨ ᠱᠤᠤᠭᠢᠶᠠᠨ᠂ ᠲᠣᠭᠤᠰᠣ ᠰᠢᠷᠣᠢ᠂ ᠪᠣᠬᠢᠷ ᠤᠰᠤ ᠵᠢᠴᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠨᠥᠯᠥᠭᠡ᠂  ᠪᠠᠷᠢᠯᠭ᠎ᠠ ᠶᠢᠨ ᠬᠤᠭᠤᠴᠠᠭᠠᠨ‌‍ᠳᠡᠬᠢ ᠠᠶᠤᠯᠭᠦᠢ ᠶᠢᠨ ᠨᠥᠯᠥᠭᠡ᠂ ᠵᠢᠱᠢᠶᠡᠯᠡᠪᠡᠯ ᠮᠧᠬᠠᠨᠢᠭ ᠤᠨ ᠭᠡᠮᠲᠦᠯ᠂ ᠴᠠᠬᠢᠯᠭᠠᠨ ᠤ ᠭᠡᠮᠲᠦᠯ᠂ ᠭᠠᠯ ᠤᠨ ᠠᠶᠤᠯ ᠵᠡᠷᠭᠡ;ᠪᠠᠷᠢᠯᠭ᠎ᠠ ᠶᠢᠨ ᠠᠵᠢᠯ ᠤᠨ ᠨᠡᠭᠦᠳᠡᠯ ᠬᠥᠮᠥᠨ ᠠᠮᠠ ᠶᠢᠨ ᠬᠠᠮᠢᠶᠠᠷᠤᠯᠲᠠ ᠬᠢᠭᠡᠳ ᠨᠡᠶᠢᠭᠡᠮ ᠤᠨ ᠠᠮᠤᠷ ᠲᠦᠪᠰᠢᠨ ᠵᠡᠷᠭᠡ ᠡᠯᠧᠮᠧᠨ᠋ᠲ᠃     ᠭᠤᠷᠪᠠ᠂ ᠨᠡᠶᠢᠭᠡᠮ ᠤᠨ ᠲᠣᠭᠲᠠᠭᠤᠨ ᠪᠠᠶᠢᠳᠠᠯ ᠢ ᠤᠷᠢᠳᠴᠢᠯᠠᠨ ᠰᠡᠷᠭᠡᠶᠢᠯᠡᠬᠦ ᠪᠤᠶᠤ ᠬᠥᠩᠭᠡᠷᠡᠭᠦᠯᠬᠦ ᠶᠢᠨ ᠠᠷᠭᠠᠴᠠᠬᠤ ᠠᠷᠭ᠎ᠠ ᠬᠡᠮᠵᠢᠶ᠎ᠡ ᠶᠢᠨ ᠭᠤᠣᠯᠳᠠᠯᠭ᠎ᠠ ᠣᠷᠣᠰᠢᠵᠤ ᠮᠡᠳᠡᠬᠦ ᠠᠶᠤᠯ ᠲᠦᠭᠰᠢᠭᠦᠷᠢ ᠳᠤ ᠴᠢᠭᠯᠡᠭᠦᠯᠦᠨ᠂ ᠳᠣᠣᠷᠠᠬᠢ ᠮᠡᠲᠦ ᠰᠡᠷᠭᠡᠶᠢᠯᠡᠨ ᠠᠷᠢᠯᠭᠠᠬᠤ ᠠᠷᠭ᠎ᠠ ᠬᠡᠮᠵᠢᠶ᠎ᠡ ᠶᠢ ᠠᠪᠬᠤ ᠪᠠᠷ ᠲᠥᠯᠥᠪᠯᠡᠵᠦ ᠪᠠᠶᠢᠨ᠎ᠠ ᠄     ᠪᠠᠷᠢᠯᠭ᠎ᠠ ᠶᠢᠨ ᠠᠵᠢᠯ ᠤᠨ ᠨᠢᠭᠡᠴᠢ ᠵᠦᠢ ᠵᠣᠬᠢᠰᠲᠠᠢ ᠲᠡᠭᠡᠭᠡᠪᠦᠷᠢ ᠶᠢᠨ ᠵᠠᠮ ᠱᠤᠭᠤᠮ ᠪᠠ ᠴᠠᠭ ᠬᠤᠭᠤᠴᠠᠭ᠎ᠠ ᠶᠢ ᠲᠣᠭᠲᠠᠭᠠᠵᠤ᠂ ᠪᠠᠷᠢᠯᠭ᠎ᠠ ᠶᠢᠨ ᠠᠵᠢᠯ ᠤᠨ ᠬᠤᠭᠤᠴᠠᠭᠠᠨ ᠤ ᠵᠠᠮ ᠬᠠᠷᠢᠯᠴᠠᠭ᠎ᠠ ᠳᠤ ᠦᠵᠡᠭᠦᠯᠬᠦ ᠨᠥᠯᠥᠭᠡ ᠶᠢ ᠨᠠᠮᠳᠠᠭᠤᠯᠬᠤ ᠶᠢᠨ ᠬᠠᠮᠲᠤ ᠵᠢᠯᠣᠭᠤᠴᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠤᠨ ᠬᠥᠮᠦᠵᠢᠯ ᠢ ᠰᠠᠶᠢᠲᠤᠷ ᠬᠢᠵᠦ᠂ ᠲᠣᠭᠲᠠᠭᠰᠠᠨ ᠵᠠᠮ ᠱᠤᠭᠤᠮ ᠢᠶᠠᠷ ᠲᠡᠭᠡᠭᠡᠪᠦᠷᠢᠯᠡᠵᠦ᠂ ᠪᠠᠷᠢᠯᠭ᠎ᠠ ᠶᠢᠨ ᠵᠦᠢᠯᠡᠰ ᠤᠨ ᠣᠷᠴᠢᠨ ᠲᠣᠭᠤᠷᠢᠨ ᠢ ᠡᠪᠳᠡᠵᠦ ᠮᠡᠳᠡᠬᠦ ᠠᠶᠤᠯ ᠲᠦᠭᠰᠢᠭᠦᠷᠢ ᠳᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠪᠠᠷᠢᠯᠭ᠎ᠠ ᠶᠢᠨ ᠵᠦᠢᠯᠡᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢ ᠴᠢᠩᠭᠠᠳᠬᠠᠵᠤ᠂ ᠪᠣᠯᠪᠠᠰᠤᠨ ᠢᠶᠠᠷ ᠪᠠᠷᠢᠬᠤ ᠶᠢ ᠠᠩᠬᠠᠷᠴᠤ᠂ ᠪᠠᠷᠢᠯᠭ᠎ᠠ ᠶᠢᠨ ᠠᠵᠢᠯ ᠤᠨ ᠠᠮᠢ ᠠᠬᠤᠢ ᠶᠢᠨ ᠣᠷᠴᠢᠨ ᠲᠣᠭᠤᠷᠢᠨ ᠢ ᠪᠣᠬᠢᠷᠲᠤᠭᠤᠯᠬᠤ ᠶᠠᠪᠤᠳᠠᠯ ᠢ ᠪᠠᠭᠠᠰᠬᠠᠬᠤ ᠬᠡᠷᠡᠭᠲᠡᠢ᠃ᠪᠠᠷᠢᠯᠭ᠎ᠠ ᠶᠢᠨ ᠠᠵᠢᠯ ᠤᠨ ᠳᠤᠮᠳᠠ ᠰᠢᠷᠣᠢ ᠶᠢᠨ ᠵᠣᠷ ᠤᠨ ᠵᠥᠭᠡᠭᠡᠪᠦᠷᠢᠯᠡᠯᠲᠡ ᠠᠴᠠ ᠪᠣᠯᠤᠭᠰᠠᠨ ᠤᠷᠭᠤᠮᠠᠯ ᠤᠨ ᠬᠤᠴᠢᠯᠭ᠎ᠠ ᠶᠢᠨ ᠡᠪᠳᠡᠭᠳᠡᠯ ᠢ ᠠᠯᠢ ᠴᠢᠳᠠᠬᠤ ᠪᠠᠷ ᠪᠠᠭᠠᠰᠬᠠᠵᠤ᠂ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠠᠬᠢ ᠬᠥᠷᠥᠰᠥ ᠰᠢᠷᠣᠢ ᠶᠢᠨ ᠢᠳᠡᠭᠳᠡᠯ᠂ ᠪᠠᠷᠢᠯᠭ᠎ᠠ ᠶᠢᠨ ᠱᠤᠤᠭᠢᠶᠠᠨ᠂ ᠪᠠᠷᠢᠯᠭ᠎ᠠ ᠶᠢᠨ ᠬᠤᠭ ᠲᠣᠭᠤᠰᠣ ᠵᠢᠴᠢ ᠠᠮᠢᠳᠤᠷᠠᠯ ᠤᠨ ᠪᠣᠬᠢᠷ ᠤᠰᠤ ᠵᠡᠷᠭᠡ ᠳᠤ ᠪᠣᠬᠢᠷᠲᠤᠯ ᠢ ᠰᠡᠷᠭᠡᠶᠢᠯᠡᠨ ᠵᠠᠰᠠᠬᠤ ᠵᠣᠬᠢᠴᠠᠩᠭᠤᠢ ᠠᠷᠭ᠎ᠠ ᠬᠡᠮᠵᠢᠶ᠎ᠡ ᠠᠪᠬᠤ ᠬᠡᠷᠡᠭᠲᠡᠢ᠃     ᠫᠷᠤᠭ᠍ᠷᠡᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠪᠠᠷᠢᠯᠭ᠎ᠠ ᠶᠢᠨ ᠠᠵᠢᠯ ᠤᠨ ᠳᠤᠮᠳᠠ ᠪᠠᠷᠢᠯᠭ᠎ᠠ ᠶᠢᠨ ᠠᠶᠤᠯ ᠦᠭᠡᠢ ᠶᠢᠨ ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ  ᠲᠤ ᠡᠷᠬᠡᠪᠰᠢ ︽ᠠᠶᠤᠯ ᠦᠭᠡᠢ ᠶᠢ ᠲᠡᠷᠢᠭᠦᠨ ᠲᠤ ᠲᠠᠯᠪᠢᠵᠤ᠂ ᠰᠡᠷᠭᠡᠶᠢᠯᠡᠬᠦ ᠪᠠᠷ ᠭᠤᠣᠯ ᠪᠣᠯᠭᠠᠬᠤ︾ ᠴᠢᠭᠯᠡᠯᠲᠡ ᠶᠢ ᠪᠠᠷᠢᠮᠲᠠᠯᠠᠨ᠂ ᠠᠶᠤᠯ ᠦᠭᠡᠢ ᠶᠢᠨ ᠡ᠊ᠨᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃     ᠨᠡᠭᠦᠳᠡᠯ ᠬᠥᠮᠥᠨ ᠠᠮᠠ ᠶᠢᠨ ᠬᠠᠮᠢᠶᠠᠷᠤᠯᠲᠠ ᠶᠢᠨ ᠠᠵᠢᠯ ᠪᠣᠯ ᠨᠢᠭᠡᠨ ᠪᠤᠳᠤᠯᠢᠶᠠᠨᠲᠠᠢ ᠨᠡᠶᠢᠭᠡᠮ ᠤᠨ ᠰᠢᠰᠲ᠋ᠧᠮᠲᠦ ᠢᠨᠵᠧᠨᠧᠷᠢᠩ ᠮᠥᠨ ᠪᠣᠯᠬᠤᠷ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠥᠳᠡᠯᠮᠦᠷᠢ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ᠂ ᠬᠠᠮᠲᠤ ᠪᠠᠷ ᠣᠷᠣᠯᠴᠠᠬᠤ ᠴᠢᠬᠤᠯᠠᠲᠠᠢ ᠪᠠᠶᠢᠵᠤ᠂ ᠪᠠᠶᠢᠭᠤᠯᠤᠯ ᠲᠣᠭᠲᠠᠴᠠ᠂ ᠠᠵᠢᠯᠲᠠᠨ ᠤ ᠵᠠᠷᠤᠳᠠᠯ᠂ ᠲᠦᠷᠦ ᠶᠢᠨ ᠪᠣᠳᠣᠯᠭ᠎ᠠ ᠳᠦᠷᠢᠮ ᠲᠣᠭᠲᠠᠭᠠᠯ ᠵᠢᠴᠢ ᠡᠷᠬᠡ ᠠᠰᠢᠭ ᠤᠨ ᠪᠠᠲᠤᠯᠠᠭ᠎ᠠ ᠵᠡᠷᠭᠡ ᠲᠠᠯ᠎ᠠ ᠪᠠᠷ ᠶᠡᠷᠦᠩᠬᠡᠶᠢᠯᠡᠨ ᠰᠤᠳᠤᠯᠵᠤ ᠬᠠᠮᠢᠶᠠᠷᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃︽ᠵᠠᠰᠠᠭ ᠤᠨ ᠣᠷᠳᠣᠨ ᠠᠴᠠ ᠤᠳᠤᠷᠢᠳᠬᠤ᠂ ᠶᠡᠷᠦᠩᠬᠡᠶᠢᠯᠡᠨ ᠵᠠᠰᠠᠬᠤ ᠪᠠᠷ ᠲᠦᠷᠦᠭᠦᠯᠡᠭᠦᠯᠬᠦ᠂ ᠳᠣᠲᠣᠭᠠᠳᠤ ᠶᠢ ᠬᠠᠮᠠᠭᠠᠯᠠᠬᠤ ᠪᠠᠷ ᠭᠤᠣᠯ ᠪᠣᠯᠭᠠᠬᠤ᠂ ᠤᠯᠠᠨ ᠲᠠᠯ᠎ᠠ ᠶᠢᠨ ᠬᠢᠨ ᠣᠷᠣᠯᠴᠠᠬᠤ᠂ ᠶᠡᠷᠦᠩᠬᠡᠶᠢᠯᠡᠨ ᠵᠠᠰᠠᠬᠤ︾ ᠴᠢᠭᠯᠡᠯᠲᠡ ᠶᠢᠨ ᠶᠣᠰᠣᠭᠠᠷ᠂ ᠭᠠᠳᠠᠨ᠎ᠠ ᠠᠴᠠ ᠢᠷᠡᠭᠰᠡᠨ ᠬᠥᠮᠥᠰ ᠤᠨ ᠬᠠᠮᠢᠶᠠᠷᠤᠯᠲᠠ ᠶᠢᠨ ᠤᠳᠤᠷᠢᠳᠬᠤ ᠪᠠᠶᠢᠭᠤᠯᠤᠮᠵᠢ ᠪᠣᠯᠣᠨ ᠠᠵᠢᠯ  ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠡᠯ᠎ᠡ ᠱᠠᠲᠤᠨ ᠤ ᠤᠳᠤᠷᠢᠳᠤᠯᠭ᠎ᠠ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠠᠵᠢᠯ ᠳᠤ ᠣᠷᠣᠯᠴᠠᠭᠰᠠᠨ ᠲᠡᠷᠭᠡ ᠬᠥᠰᠬᠡ ᠶᠢ ᠳᠠᠩᠰᠠᠯᠠᠵᠤ᠂ ᠨᠡᠭᠦᠳᠡᠯ ᠬᠥᠮᠥᠨ ᠠᠮᠠ ᠶᠢ ᠳᠠᠩᠰᠠᠯᠠᠨ ᠬᠠᠮᠢᠶᠠᠷᠬᠤ ᠬᠡᠷᠡᠭᠲᠡᠢ᠃     ᠳᠥᠷᠪᠡ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠮᠠᠶ᠋ᠢᠭ     ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ᠂ ᠶᠠᠮᠠᠷᠪᠠ ᠨᠢᠭᠡᠴᠡ ᠪᠣᠯᠣᠨ ᠬᠤᠪᠢ ᠬᠥᠮᠥᠨ ᠬᠡᠷᠪᠡ ᠰᠠᠨᠠᠯ ᠪᠤᠶᠤ ᠰᠠᠨᠠᠭᠤᠯᠭ᠎ᠠ ᠲᠠᠢ ᠪᠣᠯ ᠥᠪᠥᠷ ᠮᠣᠩᠭᠤᠯ ᠤᠨ ᠡᠨᠧᠷᠭᠢ ᠴᠠᠬᠢᠯᠭᠠᠨ ᠭᠠᠷᠭᠠᠬᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠢᠨ ᠱᠠᠨ ᠬᠤᠶᠠᠳᠤᠭᠠᠷ ᠢᠯᠴᠢ ᠴᠠᠬᠢᠯᠭᠠᠨ ᠤ ᠬᠤᠪᠢᠶᠠᠷᠢ ᠺᠣᠮᠫᠠᠨᠢ ᠳᠤ ᠰᠢᠭᠤᠳ ᠬᠠᠷᠢᠭᠤ ᠲᠤᠰᠬᠠᠵᠤ ᠪᠣᠯᠣᠨ᠎ᠠ᠃     ᠵᠠᠷᠯᠠᠨ ᠨᠡᠶᠢᠲᠡᠯᠡᠭᠰᠡᠨ ᠴᠠᠭ᠄ 2023 ᠣᠨ ᠤ 9 ᠰᠠᠷ᠎ᠠ ᠶᠢᠨ 7 ᠤ ᠡᠳᠦᠷ ᠠᠴᠠ 2023 ᠣᠨ ᠤ 9 ᠰᠠᠷ᠎ᠠ ᠶᠢᠨ 28 ᠤ ᠡᠳᠦᠷ ᠪᠣᠯᠲᠠᠯ᠎ᠠ     ᠬᠠᠷᠢᠯᠴᠠᠬᠤ ᠬᠥᠮᠥᠨ᠄ ᠸᠠᠩ ᠷᠦᠩ ᠫᠦᠥᠸ᠋     ᠬᠠᠷᠢᠯᠴᠠᠬᠤ ᠤᠲᠠᠰᠤ᠄ 18547170770     ᠢᠮᠧᠯ᠄ wrp0321@163.com     ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠲᠠᠢᠭ᠎ᠠ ᠮᠤᠳᠤ ᠪᠠᠯᠭᠠᠰᠤᠨ ᠤ ᠶᠠᠩ ᠭᠤᠸ ᠲᠣᠰᠬᠤᠨ ᠤ ᠶᠢᠨ ᠱᠠᠨ ᠬᠤᠶᠠᠳᠤᠭᠠᠷ ᠢᠯᠴᠢ ᠴᠠᠬᠢᠯᠭᠠᠨ ᠤ ᠬᠤᠪᠢᠶᠠᠷᠢ ᠺᠣᠮᠫᠠᠨᠢ                                                      ᠥᠪᠥᠷ ᠮᠣᠩᠭᠤᠯ ᠤᠨ ᠡᠨᠧᠷᠭᠢ ᠶᠢᠨ ᠴᠠᠬᠢᠯᠭᠠᠨ                            ᠭᠠᠷᠭᠠᠯᠲᠠ ᠶᠢᠨ ᠪᠡᠯᠡ ᠤᠷᠤᠭᠤᠯᠤᠯᠲᠠ ᠶᠢᠨ ᠬᠢᠵᠠᠭᠠᠷᠲᠤ ᠺᠤᠮᠫᠠᠨᠢ                            ᠵᠢᠨᠱᠠᠨ ᠤ ᠬᠤᠶᠠᠳᠤᠭᠠᠷ ᠢᠯᠴᠢ ᠴᠠᠬᠢᠯᠭᠠᠨ ᠤ ᠬᠤᠪᠢᠶᠠᠷᠢ ᠺᠣᠮᠫᠠᠨᠢ                            2023 ᠣᠨ ᠤ 9 ᠰᠠᠷ᠎ᠠ ᠶᠢᠨ 7 
 
ᠢᠷᠡᠯᠲᠡ᠄ ᠵᠢᠨᠱᠠᠨ ᠬᠤᠶᠠᠳᠤᠭᠠᠷ ᠢᠯᠴᠢ ᠴᠠᠬᠢᠯᠭᠠᠨ ᠤ ᠬᠤᠪᠢᠶᠠᠷᠢ ᠺᠣᠮᠫᠠᠨᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号