ᠶᠢᠨ ᠱᠠᠨ ᠠᠴᠠ ᠦᠴᠦᠸᠠᠨ ᠬᠦᠷᠬᠦ 500 ᠺᠢᠯᠣᠸᠠᠲ ᠤᠨ ᠱᠤᠭᠤᠮ ᠤᠨ ᠢᠨᠵᠧᠨᠧᠷᠢᠩ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠪᠠᠶᠢᠴᠠᠭᠠᠯᠲᠠ ᠶᠢᠨ ᠮᠡᠳᠡᠭᠡ ᠵᠠᠩᠭᠢ ᠶᠢ ᠵᠠᠷᠯᠠᠨ‌ᠨᠡᠶᠢᠲᠡᠯᠡᠯ
ᠨᠡᠶᠢᠲᠡᠯᠡᠭᠰᠡᠨ ᠴᠠᠭ᠄
2023/9/12
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠳᠦᠷᠢᠮ︾ ︵  ﹇2016﹈ 1 ᠳ᠋ᠦᠭᠡᠷ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠶᠢ ᠬᠡᠷᠡᠭᠵᠢᠭᠦᠯᠬᠦ ᠠᠷᠭ᠎ᠠ︾ ︵2019 ᠣᠨ ᠤ 12 ᠳ᠋ᠤᠭᠠᠷ ᠰᠠᠷ᠎ᠠ ᠶᠢᠨ 4 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠠᠯᠪᠠᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠨᠡᠶᠢᠲᠡᠯᠡᠪᠡ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄     ᠨᠢᠭᠡ᠂  ᠫᠷᠤᠭ᠍ᠷᠡᠮ ᠤᠨ ᠪᠠᠶᠢᠳᠠᠯ ᠤᠨ ᠲᠣᠪᠴᠢ ᠲᠣᠭᠠᠴᠢᠯᠲᠠᠪᠦᠲᠦᠭᠡᠨ ᠪᠠᠶᠢᠭᠤᠯᠬᠤ ᠨᠢᠭᠡᠴᠡ᠄ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠥᠪᠥᠷ ᠮᠣᠩᠭᠤᠯ ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ     ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠵᠢᠴᠢ ᠠᠭᠤᠯᠭ᠎ᠠ᠄ ᠵᠢᠨᠱᠠᠨ ᠠᠴᠠ ᠦᠴᠦᠸᠠᠨ ᠬᠦᠷᠬᠦ ᠬᠤᠣᠰ ᠪᠤᠴᠠᠯᠲᠠ ᠶᠢᠨ 500 ᠺᠢᠯᠣᠸᠠᠲ ᠤᠨ ᠱᠤᠭᠤᠮ ᠤᠨ ᠢᠨᠵᠧᠨᠧᠷᠢᠩ ᠢ ᠰᠢᠨ᠎ᠡ ᠪᠠᠷ ᠪᠠᠶᠢᠭᠤᠯᠬᠤ ᠳᠤ᠂ ᠲᠠᠨᠢᠯᠴᠠᠭᠤᠯᠬᠤ ᠵᠠᠮ ᠤᠨ ᠪᠥᠬᠦ ᠣᠷᠳᠣ ᠨᠢ ᠪᠠᠷᠤᠭ 67.0km ᠪᠠᠶᠢᠵᠤ᠂ ᠨᠢᠭᠡ ᠰᠤᠪᠤᠷᠭ᠎ᠠ ᠶᠢ ᠬᠤᠣᠰ ᠪᠤᠴᠠᠯᠲᠠ ᠪᠠᠷ ᠲᠠᠲᠠᠵᠤ ᠭᠠᠷᠭᠠᠨ᠎ᠠ᠃ᠰᠢᠨ᠎ᠡ ᠪᠠᠷ ᠪᠠᠶᠢᠭᠤᠯᠬᠤ ᠵᠠᠮ ᠱᠤᠭᠤᠮ ᠤᠨ ᠳᠠᠮᠵᠢᠭᠤᠯᠬᠤ ᠱᠤᠭᠤᠮ ᠤᠨ ᠣᠭᠲᠣᠯᠣᠭᠠᠰᠤ 4×400m2᠃     ᠫᠷᠤᠭ᠍ᠷᠡᠮ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠬᠢᠵᠠᠭᠠᠷ᠄ 2 ᠵᠢᠯᠫᠷᠤᠭ᠍ᠷᠡᠮ ᠤᠨ ᠶᠡᠷᠦᠩᠬᠡᠢ ᠪᠡᠯᠡ ᠣᠷᠣᠭᠤᠯᠤᠯᠲᠠ ᠵᠢᠴᠢ ᠪᠡᠯᠡ ᠮᠥᠩᠭᠦ ᠶᠢᠨ ᠢᠷᠡᠯᠲᠡ᠄ ᠲᠤᠰ ᠫᠷᠤᠭ᠍ᠷᠡᠮ ᠤᠨ ᠶᠡᠷᠦᠩᠬᠡᠢ ᠪᠡᠯᠡ ᠣᠷᠣᠭᠤᠯᠤᠯᠲᠠ 49165 ᠲᠦᠮᠡᠨ ᠲᠥᠭᠦᠷᠢᠭ᠂ ᠫᠷᠤᠭ᠍ᠷᠡᠮ ᠤᠨ ᠨᠢᠭᠡᠴᠡ ᠥᠪᠡᠷ ᠢᠶᠠᠨ ᠴᠤᠭᠯᠠᠭᠤᠯᠬᠤ ᠪᠠ ᠪᠠᠩᠬᠢ  ᠠᠴᠠ ᠵᠢᠭᠡᠯᠡᠯᠭᠡ ᠥᠭᠭᠦᠨ᠎ᠡ᠃     ᠬᠤᠶᠠᠷ᠂  ᠫᠷᠤᠭ᠍ᠷᠡᠮ ᠳᠤ ᠣᠷᠣᠰᠢᠵᠤ ᠮᠡᠳᠡᠬᠦ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠲᠦᠭᠰᠢᠭᠦᠷᠢ ᠶᠢᠨ ᠲᠣᠶᠢᠮᠣᠴᠢᠯᠠᠯ     ᠲᠤᠰ ᠵᠦᠢᠯᠡᠰ ᠲᠤ ᠭᠠᠷᠴᠤ ᠮᠡᠳᠡᠬᠦ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠠᠶᠤᠯ ᠲᠦᠭᠰᠢᠭᠦᠷᠢ  ᠨᠢ ᠭᠤᠣᠯᠳᠠᠭᠤ ᠳᠣᠣᠷᠠᠬᠢ ᠬᠡᠳᠦᠨ ᠲᠠᠯ᠎ᠠ ᠪᠣᠯᠣᠨ᠎ᠠ᠄ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠪᠠ ᠬᠠᠮᠢᠶᠠᠷᠬᠤ᠂ ᠪᠡᠯᠡ ᠮᠥᠩᠭᠦ ᠴᠤᠭᠯᠠᠭᠤᠯᠬᠤ ᠪᠠ ᠪᠠᠲᠤᠯᠠᠬᠤ᠂ ᠬᠥᠯᠥᠰᠦᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠬᠦ᠂ ᠠᠮᠢ ᠠᠬᠤᠢ ᠶᠢᠨ ᠣᠷᠴᠢᠨ ᠨᠥᠬᠦᠴᠡᠯ᠂ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠨᠥᠬᠦᠪᠦᠷᠢ᠂ ᠨᠡᠭᠦᠳᠡᠯ ᠬᠥᠮᠥᠨ ᠠᠮᠠ ᠶᠢᠨ ᠬᠠᠮᠢᠶᠠᠷᠤᠯᠲᠠ ᠬᠢᠭᠡᠳ ᠨᠡᠶᠢᠭᠡᠮ ᠤᠨ ᠠᠮᠤᠷ ᠲᠦᠪᠰᠢᠨ ᠵᠡᠷᠭᠡ ᠬᠦᠴᠦᠨ ᠵᠦᠢᠯ ᠪᠣᠯᠣᠨ᠎ᠠ᠃     ᠭᠤᠷᠪᠠ᠂ ᠨᠡᠶᠢᠭᠡᠮ ᠤᠨ ᠲᠣᠭᠲᠠᠭᠤᠨ ᠪᠠᠶᠢᠳᠠᠯ ᠢ ᠤᠷᠢᠳᠴᠢᠯᠠᠨ ᠰᠡᠷᠭᠡᠶᠢᠯᠡᠬᠦ ᠪᠤᠶᠤ ᠬᠥᠩᠭᠡᠷᠡᠭᠦᠯᠬᠦ ᠶᠢᠨ ᠠᠷᠭᠠᠴᠠᠬᠤ ᠠᠷᠭ᠎ᠠ ᠬᠡᠮᠵᠢᠶ᠎ᠡ ᠶᠢᠨ ᠭᠤᠣᠯᠳᠠᠯᠭ᠎ᠠ     ᠣᠷᠣᠰᠢᠵᠤ ᠮᠡᠳᠡᠬᠦ ᠲᠦᠭᠰᠢᠭᠦᠷᠢ ᠳᠤ ᠴᠢᠭᠯᠡᠭᠦᠯᠦᠨ᠂ ᠳᠣᠣᠷᠠᠬᠢ ᠮᠡᠲᠦ ᠰᠡᠷᠭᠡᠶᠢᠯᠡᠨ ᠠᠷᠢᠯᠭᠠᠬᠤ ᠠᠷᠭ᠎ᠠ ᠬᠡᠮᠵᠢᠶ᠎ᠡ ᠶᠢ ᠠᠪᠬᠤ ᠪᠠᠷ ᠪᠣᠶ᠄ ᠲᠣᠰ  ᠫᠷᠤᠭ᠍ᠷᠡᠮ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠪᠠᠷᠢᠯᠭ᠎ᠠ ᠶᠢᠨ ᠨᠢᠭᠡᠴᠡ ᠶᠢᠨ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠲᠥᠰᠥᠯ ᠢ ᠴᠢᠩᠭ᠎ᠠ ᠬᠢᠨᠠᠨ ᠪᠠᠶᠢᠴᠠᠭᠠᠬᠤ ᠶᠢᠨ ᠬᠠᠮᠲᠤ ᠬᠠᠮᠢᠶᠠᠷᠤᠯᠲᠠ ᠪᠠᠨ ᠴᠢᠩᠭᠠᠳᠬᠠᠨ᠎ᠠ︔ᠪᠦᠲᠦᠭᠡᠨ ᠪᠠᠶᠢᠭᠤᠯᠬᠤ ᠨᠢᠭᠡᠴᠢ ᠨᠢ ᠬᠥᠷᠥᠩᠭᠡ ᠮᠥᠩᠭᠦ ᠶᠢ ᠢᠳᠡᠪᠬᠢᠲᠡᠢ ᠪᠠᠷ ᠴᠤᠭᠯᠠᠭᠤᠯᠵᠤ᠂ ᠲᠤᠰᠬᠠᠢ ᠰᠠᠯᠠᠭ᠎ᠠ ᠮᠥᠴᠢᠷ ᠪᠠ ᠲᠤᠰᠬᠠᠢ ᠬᠥᠮᠥᠨ ᠢ ᠵᠢᠭᠠᠨ ᠲᠣᠭᠲᠠᠭᠠᠵᠤ ᠪᠡᠯᠡ ᠮᠥᠩᠭᠦ ᠴᠤᠭᠯᠠᠭᠤᠯᠬᠤ ᠬᠤᠯᠪᠣᠭᠳᠠᠯ ᠪᠦᠬᠦᠢ ᠭᠠᠷ ᠭᠦᠢᠴᠡᠳᠬᠡᠯ ᠢ ᠭᠦᠢᠴᠡᠳᠬᠡᠬᠦ ᠶᠢ ᠬᠠᠷᠢᠭᠤᠴᠠᠭᠤᠯᠵᠤ᠂ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠴᠠᠭ ᠲᠤᠬᠠᠢ ᠳᠤᠨᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ︽ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 2019 ᠣᠨ ᠤ 724 ᠳ᠋ᠦᠭᠡᠷ︶ ᠤᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠬᠥᠯᠥᠰᠦᠨ ᠠᠵᠢᠯᠴᠢᠨ ᠤ ᠴᠠᠭ ᠲᠤᠬᠠᠢ ᠳᠤᠨᠢ ᠲᠤᠭ᠎ᠠ ᠶᠣᠰᠣᠭᠠᠷ ᠬᠥᠳᠡᠯᠮᠦᠷᠢ ᠶᠢᠨ ᠬᠥᠯᠥᠰᠦ ᠣᠯᠭᠤᠮᠵᠢ ᠣᠯᠬᠤ ᠶᠢ ᠪᠠᠲᠤᠯᠠᠨ᠎ᠠ᠃     ᠳᠥᠷᠪᠡ᠂ ᠢᠯᠡ ᠨᠡᠶᠢᠲᠡᠯᠡᠬᠦ ᠲᠣᠳᠣᠷᠬᠠᠶᠢᠯᠠᠯᠲᠠ     1. ᠲᠣᠰ ᠤᠳᠠᠭᠠᠨ ᠤ ᠣᠯᠠᠨ ᠨᠡᠶᠢᠲᠡ ᠶᠢᠨ ᠰᠠᠨᠠᠯ ᠢ ᠵᠠᠬᠢᠳᠠᠯ᠂ ᠳ᠋ᠢᠶᠠᠩᠬᠤᠸᠠ᠂ ᠡᠯᠧᠺᠲᠷᠣᠨ ᠰᠢᠤᠳᠠᠨ ᠤ ᠵᠦᠢᠯ ᠵᠡᠷᠭᠡ ᠪᠢᠴᠢᠭ ᠤᠨ ᠬᠡᠯᠪᠡᠷᠢ ᠪᠠᠷ ᠳᠠᠮᠵᠢᠭᠤᠯᠤᠨ ᠫᠷᠤᠭ᠍ᠷᠡᠮ ᠤᠨ ᠨᠢᠭᠡᠴᠡ ᠪᠤᠶᠤ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ ᠲᠠᠢ ᠬᠠᠷᠢᠯᠴᠠᠵᠤ ᠪᠣᠯᠣᠨ᠎ᠠ᠃     2. ᠪᠦᠲᠦᠭᠡᠨ ᠪᠠᠶᠢᠭᠤᠯᠤᠯᠲᠠ ᠶᠢᠨ  ᠫᠷᠤᠭ᠍ᠷᠡᠮ  ᠤᠨ ᠨᠡᠶᠢᠭᠡᠮ ᠤᠨ ᠲᠣᠭᠲᠠᠭᠤᠨ  ᠤ ᠲᠦᠭᠰᠢᠭᠦᠷᠢ ᠲᠠᠢ ᠪᠠᠶᠢᠬᠤ ᠲᠤᠬᠠᠢ ᠤᠯᠠᠨ ᠨᠡᠶᠢᠲᠡ ᠶᠢᠨ ᠰᠠᠨᠠᠭᠤᠯᠭ᠎ᠠ ᠪᠤᠶᠤ ᠰᠠᠨᠠᠯ ᠢᠶᠠᠨ ᠢᠯᠡ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ‍ᠤᠨ‌‍ᠲ᠋ᠣᠲᠣᠷ᠎ᠠ  ᠫᠷᠤᠭ᠍ᠷᠡᠮ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠳᠤ ᠳᠤᠷᠠᠳᠴᠤ ᠪᠣᠯᠣᠨ᠎ᠠ᠃     ᠲᠠᠪᠤ᠂ ᠢᠯᠡ ᠨᠡᠶᠢᠲᠡᠯᠡᠬᠦ ᠦᠶᠡᠯᠡᠯ     ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 15 ᠡᠳᠦᠷ ᠪᠣᠯᠣᠨ᠎ᠠ᠃     ᠵᠢᠷᠭᠤᠭ᠎ᠠ᠂ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠬᠠᠷᠢᠯᠴᠠᠬᠤ ᠠᠷᠭ᠎ᠠ ᠮᠠᠶ᠋ᠢᠭ     ᠨᠢᠭᠡᠴᠡ ᠶᠢᠨ ᠨᠡᠷᠡᠶᠢᠳᠦᠯ᠄ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠥᠪᠥᠷ ᠮᠣᠩᠭᠤᠯ ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ     ᠬᠠᠶ᠋ᠢᠭ᠄ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠥᠪᠥᠷ ᠮᠣᠩᠭᠤᠯ ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ     ᠬᠠᠷᠢᠯᠴᠠᠬᠤ ᠬᠥᠮᠥᠨ᠄ ᠵᠠᠩ ᠴᠧᠩ ᠢ     ᠬᠠᠷᠢᠯᠴᠠᠬᠤ ᠤᠲᠠᠰᠤ᠄ 13848910772     ᠢᠮᠧᠯ᠄ 2070655337@qq.com                    ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠤ                    ᠬᠢᠵᠠᠭᠠᠷᠲᠤ ᠬᠠᠷᠢᠭᠤᠴᠠᠯᠭᠠᠲᠤ ᠺᠣᠮᠫᠠᠨᠢ                    ᠥᠪᠥᠷ ᠮᠣᠩᠭᠤᠯ ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠬᠤᠪᠢᠶᠠᠷᠢ                    ᠺᠣᠮᠫᠠᠨᠢ                    2023 ᠣᠨ ᠤ 9 ᠰᠠᠷ᠎ᠠ ᠶᠢᠨ 12 ᠤ ᠡᠳᠦᠷ 
 
ᠢᠷᠡᠯᠲᠡ᠄ ᠥᠪᠥᠷ ᠮᠣᠩᠭᠤᠯ ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号