ᠮᠠᠨ ᠤ ᠣᠷᠣᠨ ᠠᠩᠬᠠᠳᠤᠭᠠᠷ ᠬᠤᠭᠤᠴᠠᠭᠠᠨ ᠤ ︽ᠬᠠᠮᠤᠭ ᠤᠨ ᠭᠤᠶᠣ ᠪᠠᠭᠰᠢ︾ ᠶᠢᠨ ᠨᠡᠷᠡᠰ ᠢ ᠨᠡᠶᠢᠲᠡᠯᠡᠪᠡ
ᠨᠡᠶᠢᠲᠡᠯᠡᠭᠰᠡᠨ ᠴᠠᠭ᠄
2023/9/13
     ᠭᠤᠴᠢ ᠶᠢᠰᠦᠳᠡᠬᠢ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ ᠠᠴᠠ ᠨᠡᠶᠢᠭᠡᠮ ᠨᠡᠶᠢᠲᠡ ᠳᠤ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ︽ᠬᠠᠮᠤᠭ ᠤᠨ ᠭᠤᠶᠤ ᠪᠠᠭᠰᠢ︾ ᠪᠠ ︽ᠬᠠᠮᠤᠭ ᠤᠨ ᠭᠤᠶᠤ ᠪᠠᠭᠰᠢ︾ ᠪᠠᠷ ᠨᠡᠷ᠎ᠡ ᠳᠤᠷᠠᠳᠤᠬᠳᠠᠬᠰᠠᠳ ᠤᠨ ᠨᠡᠷᠡᠰ ᠢ ᠨᠡᠶᠢᠲᠡᠯᠡᠪᠡ᠃     ᠣᠶᠢᠯᠠᠭᠠᠭᠰᠠᠨ ᠢᠶᠠᠷ᠂ ︽ᠬᠠᠮᠤᠭ ᠤᠨ ᠭᠤᠶᠣ ᠪᠠᠭᠰᠢ︾ ᠶᠢᠨ ᠢᠷᠠᠭᠤ ᠠᠯᠳᠠᠷ ᠢ 10 ᠬᠥᠮᠥᠨ ᠭᠦᠷᠳᠡᠪᠡ᠃ ᠲᠤᠰ ᠲᠤᠰ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠸᠠᠩ ᠸᠧᠨ ᠱᠠᠨ᠂ ᠬᠥᠯᠥᠨ ᠪᠤᠶᠢᠷ ᠬᠤᠲᠠ ᠶᠢᠨ ᠬᠠᠶᠢᠯᠠᠷ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠸᠠᠩ ᠢᠦᠢ ᠮᠧᠶ᠂ ᠭᠦᠭᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠸᠠᠩ ᡁᠢ ᠬᠤᠶ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠯᠢᠦ ᠳ᠋ᠦᠩ ᠵᠢᠶᠦ᠋ᠨ᠂ ᠬᠥᠯᠥᠨ ᠪᠤᠶᠢᠷ ᠳᠡᠭᠡᠳᠦ ᠰᠤᠷᠭᠠᠭᠤᠯᠢ ᠶᠢᠨ ᠯᠢ ᠶᠤᠸᠠᠨ᠂ ᠠᠯᠠᠱᠠ ᠠᠶᠢᠮᠠᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠶᠠᠩ ᠫᠢᠩ᠂ ᠲᠦᠩᠯᠢᠶᠣᠣ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠴᠢᠦ ᠹᠦ᠋ ᠼᠦᠢ᠂ ᠤᠯᠠᠭᠠᠨᠬᠠᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠥᠩ ᠷᠦᠢ ᠯᠦᠩ᠂ ᠭᠦᠭᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠵᠠᠩ ᠶᠠᠨ ᠴᠦᠨ᠂ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠼᠦᠢ ᠸᠧᠨ ᠵᠢᠩ ᠨᠠᠷ ᠪᠤᠯᠤᠨ᠎ᠠ; ︽ᠬᠠᠮᠤᠭ ᠤᠨ ᠭᠤᠶᠣ ᠪᠠᠭᠰᠢ︾ ᠪᠠᠷ ᠨᠡᠷ᠎ᠡ ᠳᠤᠷᠠᠳᠤᠬᠳᠠᠬᠰᠠᠳ ᠤᠨ ᠱᠠᠩᠨᠠᠯ ᠢ 9 ᠬᠥᠮᠥᠨ ᠭᠦᠷᠳᠡᠪᠡ᠂ ᠲᠤᠰ ᠲᠤᠰ ᠮᠠᠨᠵᠤᠤᠷ ᠬᠤᠲᠠ ᠶᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠸᠠᠩ ᠱᠤ᠋ ᡁᠢ᠂ ᠤᠯᠠᠭᠠᠨᠬᠠᠳᠠ ᠶᠢᠨ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠩ ᠬᠤᠸᠠᠨ ᠬᠤᠸᠠᠨ᠂ ᠤᠷᠠᠳ ᠤᠨ ᠡᠮᠦᠨᠡᠲᠦ ᠬᠤᠰᠢᠭᠤᠨ ᠤ ᠪᠠᠭ᠎ᠠ ᠰᠢᠭᠡᠭᠳᠡᠢ ᠰᠤᠷᠭᠠᠭᠤᠯᠢ ᠶᠢᠨ ᠵᠠᠩ ᠷᠦᠩ᠂ ᠬᠤᠷᠴᠢᠨ ᠤᠷᠠᠯᠢᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠽᠠᠨᠳᠠᠨ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠢᠯᠢ ᠰᠤᠷᠭᠠᠭᠤᠯᠢ ᠶᠢᠨ ᠯᠧᠦ ᠶᠠᠨ ᠹᠧᠢ᠂ ᠪᠤᠭᠤᠲᠤ ᠬᠤᠳᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠾᠧ ᠵᠢᠶᠦ᠋ᠨ᠂ ᠵᠠᠷᠤᠳ ᠬᠤᠰᠢᠭᠤᠨ ᠤ ᠦᠨᠡᠭᠡᠴᠢ ᠰᠤᠷᠭᠠᠭᠤᠯᠢ ᠶᠢᠨ ᠰᠠᠷᠠᠨ᠎ᠠ᠂ ᠭᠦᠭᠡᠬᠤᠲᠠ ᠶᠢᠨ ᠢᠳᠡᠭᠡᠨ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠰᠤᠷᠭᠠᠭᠤᠯᠢ ᠶᠢᠨ ᠺᠠᠩ ᠮᠧᠢ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠰᠢᠤᠸᠠᠢ ᠨᠢᠩ ᠵᠡᠷᠭᠡ ᠪᠣᠯᠣᠨ᠎ᠠ᠃     ᠡᠲᠡᠭᠡᠷ ᠪᠠᠭᠰᠢ ᠨᠠᠷ ᠤᠨ ᠳᠣᠲᠣᠷ᠎ᠠ ᠬᠢᠯᠢ ᠬᠢᠵᠠᠭᠠᠷ ᠤᠨ ᠪᠡᠷᠬᠡ ᠬᠠᠲᠠᠭᠤᠵᠢᠯᠲᠠᠢ ᠭᠠᠵᠠᠷ ᠣᠷᠣᠨ ᠢ ᠪᠠᠲᠤ ᠰᠠᠬᠢᠵᠤ ᠪᠠᠶᠢᠭ᠎ᠠ ᠬᠥᠳᠡᠭᠡ ᠲᠣᠰᠬᠤᠨ ᠤ ᠪᠠᠭᠰᠢ ᠪᠠ ᠰᠤᠷᠭᠠᠨ ᠬᠥᠮᠦᠵᠢᠯ ᠢ ᠳᠡᠮᠵᠢᠬᠦ ᠪᠠᠭᠰᠢ ᠪᠠᠶᠢᠬᠤ ᠪᠠᠷ ᠪᠠᠷᠠᠬᠤ ᠦᠭᠡᠢ ᠪᠠᠰᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠠᠬᠢ ︽ᠬᠤᠣᠰ ᠬᠢᠷᠢ ᠭᠡᠮ ᠲᠠᠢ︾ ᠪᠠᠭᠰᠢ ᠪᠤᠶ᠃ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠪᠠᠶᠢᠬᠤ ᠪᠠᠷ ᠪᠠᠷᠠᠬᠤ ᠦᠭᠡᠢ ᠪᠠᠰᠠ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠪᠠᠷ ᠬᠦᠴᠦᠯᠡᠨ ᠴᠢᠷᠮᠠᠶᠢᠳᠠᠭ ᠪᠠᠭᠰᠢ ᠶᠢᠨ ᠦᠯᠢᠭᠡᠷ ᠵᠢᠱᠢᠶ᠎ᠡ ᠪᠤᠢ ᠁ ᠲᠠᠳᠠ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠰᠠᠭᠤᠷᠢ ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ ᠵᠡᠷᠭᠡ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠬᠠᠮᠤᠷᠴᠤ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠠᠵᠢᠯ ᠤᠨ ᠪᠦᠲᠦᠮᠵᠢ ᠲᠣᠪᠣᠶᠢᠮ᠎ᠠ᠂ ᠦᠶᠯᠡ ᠠᠵᠢᠯᠯᠠᠭ᠎ᠠ ᠨᠢ ᠬᠥᠮᠥᠰ ᠤᠨ ᠰᠡᠳᠬᠢᠯ ᠢ ᠳᠣᠭᠳᠣᠯᠤᠭᠤᠯᠤᠮ᠎ᠠ ᠪᠠᠶᠢᠵᠤ᠂ ᠪᠠᠭᠰᠢ ᠶᠢᠨ ᠡᠩᠨᠡᠭᠡ ᠶᠢᠨ ᠬᠦᠰᠡᠯᠡᠩ ᠢᠲᠡᠭᠡᠯ ᠪᠢᠰᠢᠷᠡᠯ ᠲᠠᠢ᠂ ᠶᠣᠰᠣ ᠮᠣᠷᠠᠯ ᠲᠠᠢ᠂ ᠯᠠᠪᠳᠠᠭᠤᠨ ᠪᠠᠲᠤᠲᠠᠢ ᠡᠷᠳᠡᠮ ᠮᠡᠳᠡᠯᠭᠡ ᠲᠠᠢ᠂ ᠥᠷᠥᠰᠢᠶᠡᠯ ᠬᠠᠶᠢᠷ᠎ᠠ ᠲᠠᠢ ᠪᠠᠶᠢᠬᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠦᠭᠰᠡᠨ ᠪᠠᠶᠢᠨ᠎ᠠ᠃ 
 
ᠢᠷᠡᠯᠲᠡ᠄ ᠳᠤᠮᠲᠠᠲᠠᠤ ᠤᠯᠤᠰ ᠤᠨ ᠮᠤᠩᠭᠤᠯ ᠬᠡᠯᠡᠨ ᠦ ᠰᠤᠨᠢᠨ ᠮᠡᠳᠡᠭᠡᠨ ᠦ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号