ᠭᠦᠭᠡᠬᠤᠲᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/15
     ᠭᠦᠭᠡᠬᠤᠲᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠪᠠ      ᠴᠧ ᠵᠢᠶᠦ᠋ᠨ ᠬᠤᠷᠠᠯ ᠳᠤ ᠤᠷᠤᠯᠴᠠᠵᠤ ᠵᠢᠭᠠᠨ ᠵᠢᠯᠣᠭᠤᠳᠴᠠᠢ     9 ᠰᠠᠷ᠎ᠠ ᠶᠢᠨ 13 ᠤ ᠡᠳᠦᠷ᠂ ᠭᠦᠭᠡᠬᠤᠲᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠥᠪ ᠤᠨ ᠨᠢᠭᠡᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃     ᠬᠤᠷᠠᠯ ᠠᠴᠠ᠂ ᠪᠦᠭᠦ ᠨᠠᠮ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ᠂ ᠪᠦᠭᠦ ᠨᠠᠮ ᠢ ᠳᠠᠶᠢᠴᠢᠯᠠᠨ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠲᠠᠯ᠎ᠠ ᠪᠠᠷ ᠬᠢᠭᠰᠡᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ᠃ ᠣᠳᠣᠬᠠᠨ ᠳᠤ ᠪᠦᠭᠦ ᠬᠤᠳᠠ ᠶᠢᠨ ᠳᠡᠭᠡᠳᠦ ᠳᠣᠣᠷᠠᠳᠤ ᠱᠠᠲᠤ ᠪᠠᠷ ᠢᠶᠠᠨ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠬᠦᠴᠦᠨ ᠢᠶᠠᠨ ᠲᠥᠪᠯᠡᠷᠡᠭᠦᠯᠦᠨ ᠪᠡᠶᠡᠯᠡᠭᠦᠯᠵᠦ᠂ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠲᠦᠷᠭᠡᠨ ᠪᠦᠲᠦᠭᠡᠨ ᠪᠠᠶᠢᠭᠤᠯᠵᠤ ᠪᠠᠶᠢᠨ᠎ᠠ᠃ ᠡᠨᠡ ᠬᠦ ᠵᠠᠩᠭᠢᠯᠠᠭ᠎ᠠ ᠶᠢᠨ ᠴᠠᠭ ᠮᠥᠴᠡ ᠳᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠨᠢ ᠪᠦᠭᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠬᠦᠰᠡᠯ ᠨᠠᠶᠢᠳᠠᠯᠭ᠎ᠠ ᠶᠢ  ᠨᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠣᠷᠣᠨ ᠤ ᠲᠥᠪ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠦᠷᠭᠦᠯᠵᠢᠯᠡᠨ ᠡᠮᠦᠨ᠎ᠡ ᠨᠢ ᠬᠤᠰᠢᠭᠤᠷᠠᠵᠤ᠂ ᠥᠯᠢᠭᠡᠷ ᠳᠠᠭᠤᠷᠢᠶᠠᠯ ᠪᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠪᠦᠭᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠭᠤᠣᠯ ᠰᠡᠳᠦᠪᠲᠦ ᠬᠥᠮᠦᠵᠢᠯ ᠢᠶᠠᠷ ᠳᠠᠮᠵᠢᠭᠤᠯᠤᠨ ᠦᠨᠡᠨ ᠬᠦ ᠰᠤᠷᠤᠯᠴᠠᠵᠤ ᠦᠨᠡᠨ ᠬᠦ ᠣᠶᠢᠯᠠᠭᠠᠬᠤ᠂ ᠦᠨᠡᠨ ᠬᠦ ᠢᠲᠡᠭᠡᠵᠦ ᠦᠨᠡᠨ ᠬᠦ ᠬᠡᠷᠡᠭᠯᠡᠬᠦ ᠤᠯᠤᠰ ᠲᠥᠷᠥ ᠶᠢᠨ ᠤᠬᠠᠮᠰᠠᠷ ᠢᠶᠠᠷ ︽ᠬᠤᠶᠠᠷ ᠢ ᠲᠣᠭᠲᠠᠭᠠᠭᠰᠠᠨ︾ ᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠭᠤᠣᠯ ᠰᠡᠳᠦᠪ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠲᠥᠪ ᠤᠨ ᠵᠢᠯᠤᠭᠤᠳᠬᠤ ᠳᠤᠭᠤᠶᠢᠯᠠᠩ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠶᠢᠨ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠱᠠᠯᠠᠪᠳᠠᠭᠤᠯᠤᠨ ᠵᠢᠯᠤᠭᠤᠳᠬᠤ ᠶᠢ ᠨᠠᠷᠢᠨ ᠬᠢᠨᠠᠮᠠᠭᠠᠢ ᠬᠦᠯᠢᠶᠡᠵᠦ᠂ ᠭᠤᠣᠯ ᠰᠡᠳᠦᠪᠲᠦ ᠬᠥᠮᠦᠵᠢᠯ ᠤᠨ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠯ᠎ᠡ ᠱᠠᠲᠤᠨ ᠤ ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠤ᠂ ᠲᠥᠯᠥᠪᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠭᠦ᠂ ᠠᠵᠢᠯ ᠤᠨ ᠰᠤᠷᠲᠠᠯ ᠢᠶᠠᠨ ᠬᠤᠪᠢᠷᠠᠭᠤᠯᠬᠤ᠂ ᠵᠥᠪ ᠠᠵᠢᠯ ᠤᠨ ᠠᠮᠵᠢᠯᠲᠠ ᠶᠢᠨ ᠦᠵᠡᠯᠲᠡ ᠶᠢ ᠪᠤᠶ ᠪᠤᠯᠭᠠᠬᠤ ᠵᠡᠷᠭᠡ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢᠶᠠᠷ ᠵᠠᠮᠨᠠᠬᠤ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠣᠷᠣᠨ ᠤ ᠲᠥᠪ ᠬᠤᠲᠠ ᠶᠢᠨ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号