ᠬᠤᠰᠢᠭᠤᠨ ᠵᠠᠰᠠᠭ ᠤᠨ ᠣᠷᠳᠣᠨ ᠤ 2023 ᠣᠨ ᠤ 19 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠵᠤ᠂ ᠪᠥᠬᠦ ᠬᠤᠰᠢᠭᠤᠨ ᠤ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ᠂ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠪᠠ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/9/18
      9 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠵᠠᠰᠠᠭ ᠤᠨ ᠣᠷᠳᠣᠨ ᠤ 2023 ᠣᠨ ᠤ 19 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠵᠤ᠂ ᠬᠤᠷᠠᠯ ᠠᠴᠠ ᠪᠥᠬᠦ ᠬᠤᠰᠢᠭᠤᠨ ᠤ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠂ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ᠂ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠪᠠ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠵᠡᠷᠭᠡ ᠭᠤᠣᠯᠳᠠᠯᠭ᠎ᠠ ᠲᠠᠢ ᠠᠵᠢᠯ ᠢ ᠰᠤᠳᠤᠯᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠡᠯ᠎ᠡ ᠵᠦᠢᠯ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠳᠠᠳ ᠱᠦᠵᠢ᠂ ᠬᠤᠰᠢᠭᠤᠨ ᠤ ᠳᠠᠷᠤᠭ᠎ᠠ ᠵᠣᠤ ᠯᠢ ᠮᠢᠨ ᠡᠷᠭᠢᠯᠠᠪᠠ᠃      ᠬᠤᠷᠠᠯ ᠠᠴᠠ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠠᠪᠤᠴᠠ ᠳᠤ ᠢᠯᠡᠷᠡᠭᠰᠡᠨ ᠠᠰᠠᠭᠤᠳᠠᠯ ᠢ ᠴᠢᠩᠭ᠎ᠠ ᠠᠩᠬᠠᠷᠴᠤ᠂ ᠠᠵᠢᠯ ᠤᠨ ᠲᠥᠰᠥᠯ ᠢᠶᠠᠨ ᠪᠦᠬᠦ ᠲᠠᠯ᠎ᠠ ᠪᠠᠷ ᠲᠡᠭᠦᠯᠳᠡᠷᠵᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠣᠳᠠᠲᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠴᠡᠭᠴᠡᠯᠡᠨ ᠵᠠᠰᠠᠬᠤ ᠠᠵᠢᠯ ᠤᠨ ᠵᠢᠱᠢᠭᠰᠡᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ᠬᠥᠳᠡᠭᠡ ᠲᠣᠰᠬᠤᠨ ᠤ ᠤᠰᠤ ᠬᠡᠷᠡᠭᠯᠡᠬᠦ ᠪᠠᠲᠤᠯᠠᠭ᠎ᠠ ᠶᠢ ᠲᠦᠷᠭᠡᠨ ᠨᠠᠶᠢᠳᠠᠪᠤᠷᠢᠵᠢᠭᠤᠯᠵᠤ᠂ ︽ᠤᠰᠤ ᠠᠷᠪᠢᠯᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠬᠥᠳᠡᠭᠡ ᠲᠣᠰᠬᠤᠨ ᠤ ᠡᠷᠦᠬᠡ ᠳᠤ ᠣᠷᠣᠬᠤ ᠣᠶᠤᠨᠲᠤ ᠤᠰᠤᠨ ᠤ ᠬᠡᠮᠵᠢᠭᠦᠷ ᠤᠨ ᠤᠭᠰᠠᠷᠠᠯᠲᠠ ᠶᠢ ᠲᠦᠷᠭᠡᠨ ᠠᠬᠢᠭᠤᠯᠵᠤ᠂ ᠤᠰᠤ ᠬᠡᠷᠡᠭᠯᠡᠬᠦ ᠬᠠᠮᠢᠶᠠᠷᠤᠯᠲᠠ ᠶᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ᠃ᠠᠵᠤ ᠠᠬᠤᠢ ᠶᠢᠨ ᠡᠷᠭᠢᠯᠲᠡ ᠶᠢ ᠲᠣᠭᠲᠠᠭᠤᠨ ᠪᠠᠶᠢᠯᠭᠠᠬᠤ ᠪᠠᠷ ᠭᠤᠣᠯᠳᠠᠭᠤᠯᠵᠤ᠂ ᠭᠤᠣᠯᠳᠠᠯᠭ᠎ᠠ ᠲᠠᠢ ᠠᠵᠤ ᠠᠬᠤᠢ ᠶᠢᠨ ᠭᠦᠢᠴᠡᠳᠬᠡᠯ ᠲᠤᠭ᠎ᠠ᠂ ᠲᠦᠷᠦᠯ ᠵᠦᠢᠯ ᠢ ᠨᠢᠭᠡᠳᠦᠯᠲᠡᠢ ᠪᠣᠯᠭᠠᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠠᠬᠢᠭᠤᠯᠬᠤ ᠪᠠᠷ ᠭᠤᠣᠯᠳᠠᠭᠤᠯᠵᠤ᠂ ᠪᠦᠬᠦ ᠵᠢᠯ ᠤᠨ ᠲᠣᠭᠲᠠᠭᠰᠠᠨ ᠬᠠᠷᠠᠯᠲᠠ ᠡᠭᠦᠷᠭᠡ ᠶᠢᠨ ᠶᠣᠰᠣᠭᠠᠷ᠂ ᠳᠤᠲᠠᠭᠤᠳᠠᠯ ᠢ ᠨᠥᠬᠦᠪᠦᠷᠢᠯᠡᠬᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠶᠢ ᠲᠦᠷᠭᠡᠳᠬᠡᠵᠦ᠂ ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠠᠭ ᠤᠨ ᠳᠠᠷᠠᠭᠠᠯᠠᠯ ᠤᠨ ᠠᠬᠢᠴᠠ ᠶᠢᠨ ᠶᠣᠰᠣᠭᠠᠷ ᠪᠠᠶᠢᠴᠠᠭᠠᠨ ᠲᠣᠳᠣᠷᠬᠠᠶᠢᠯᠠᠬᠤ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ᠃ᠡᠯ᠎ᠡ ᠲᠥᠷᠥᠯ ᠤᠨ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠪᠠ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠥᠨᠳᠥᠷ ᠪᠦᠲᠦᠮᠵᠢᠲᠡᠶ ᠠᠭᠤᠰᠤᠯᠴᠠᠯ ᠢ ᠠᠬᠢᠭᠤᠯᠵᠤ᠂ ᠡᠯ᠎ᠡ ᠲᠥᠷᠥᠯ ᠤᠨ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠢ ᠰᠠᠶᠢᠲᠤᠷ ᠬᠡᠷᠡᠭᠯᠡᠨ᠂ ᠪᠤᠰᠤᠳ ᠭᠠᠵᠠᠷ ᠣᠷᠣᠨ ᠤ ᠰᠠᠶᠢᠨ ᠲᠤᠷᠰᠢᠯᠭ᠎ᠠ ᠠᠷᠭ᠎ᠠ ᠬᠢᠳᠡᠯ ᠢᠶᠠᠷ ᠲᠣᠯᠢ ᠪᠣᠯᠭᠠᠵᠤ᠂ ᠵᠢᠱᠢᠶ᠎ᠡ ᠦᠵᠡᠭᠦᠯᠦᠨ ᠠᠭᠤᠰᠤᠯᠴᠠᠭᠤᠯᠬᠤ ᠲᠥᠷᠥᠯ ᠵᠦᠢᠯ ᠢ ᠪᠣᠶ ᠪᠣᠯᠭᠠᠵᠤ᠂ ᠪᠥᠬᠦ ᠬᠤᠰᠢᠭᠤᠨ ᠤ ᠰᠣᠶᠣᠯ ᠤᠨ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠭᠤᠣᠯᠳᠠᠯᠭ᠎ᠠ ᠲᠠᠢ ᠠᠵᠢᠯ ᠤᠨ ᠵᠦᠢᠯᠡᠰ ᠢ ᠰᠤᠳᠤᠯᠵᠠᠢ᠃ 
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号