ᠦᠰᠦᠭ ᠢᠶᠠᠷ ᠥᠭᠦᠯᠡᠬᠦᠢ᠄ ︽ᠬᠥᠬᠡᠬᠤᠲᠠ ᠶᠢᠨ ᠲᠣᠰ ᠱᠠᠲᠤᠨ ᠤ ᠠᠵᠢᠯ  ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/9/19
     ᠬᠥᠬᠡᠬᠤᠲᠠ ᠶᠢᠨ ᠲᠣᠰ ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠵᠤ᠂ ᠡᠮᠴᠢᠯᠡᠭᠡᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ︽ᠬᠥᠬᠡᠬᠤᠲᠠ ᠶᠢᠨ ᠲᠣᠰ ᠱᠠᠲᠤᠨ ᠤ ᠠᠵᠢᠯ  ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠶ᠎ᠡ᠃     ᠨᠢᠭᠡ᠂ ᠲᠣᠭᠲᠠᠭᠠᠭᠰᠠᠨ ᠦᠨᠳᠦᠰᠦᠯᠡᠯ     ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2015﹈ 101 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃        ᠬᠤᠶᠠᠷ᠂ ᠭᠤᠣᠯ ᠠᠭᠤᠯᠭ᠎ᠠ      ︵ᠨᠢᠭᠡ︶ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠨᠡᠯᠭᠡ ᠳᠤ ᠰᠠᠭᠤᠬᠤ  ᠲᠣᠭᠲᠠᠭᠰᠠᠨ ᠡᠮᠨᠡᠯᠭᠡ ᠶᠢᠨ ᠬᠤᠷᠢᠶ᠎ᠠ ᠶᠢ ᠨᠡᠮᠡᠭᠳᠡᠭᠦᠯᠦᠨ᠎ᠡ᠃ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠨᠠᠰᠤ ᠨᠢ ᠶᠡᠭᠡ᠂ ᠣᠯᠠᠩᠬᠢ ᠨᠢ ᠰᠠᠭᠤᠷᠢ ᠴᠢᠨᠠᠷᠲᠠᠢ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ  ᠲᠠᠢ ᠪᠠᠶᠢᠵᠤ᠂ ᠡᠮᠨᠡᠯᠭᠡ ᠳᠤ ᠰᠠᠭᠤᠬᠤ ᠴᠠᠭ ᠨᠢ ᠣᠷᠳᠣ ᠪᠠᠶᠢᠳᠠᠭ ᠪᠣᠯᠬᠤᠷ ᠠᠵᠢᠯ  ᠠᠴᠠ ᠪᠠᠨ  ᠳᠠᠷᠬᠠᠯᠠᠭᠳᠠᠭᠰᠠᠨ ᠺᠠᠳ᠋ᠷᠴᠤᠳ ᠤᠨ ᠡᠪᠡᠳᠴᠢᠨ ᠦᠵᠡᠭᠦᠯᠵᠦ ᠡᠮᠨᠡᠭᠦᠯᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠡᠮᠨᠡᠯᠭᠡ ᠳᠤ ᠰᠠᠭᠤᠬᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢ 14 ᠪᠣᠯᠭᠠᠨ  ᠨᠡᠮᠡᠭᠳᠡᠭᠦᠯᠪᠡ᠃ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ᠂ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠴᠡᠷᠢᠭ ᠠᠩᠭᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠠᠩᠭᠢ ᠶᠢᠨ ᠡᠮᠨᠡᠯᠭᠡ ᠶᠢᠨ ᠬᠤᠷᠢᠶ᠎ᠠ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠬᠠᠮᠲᠤᠷᠠᠭᠰᠠᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠡᠷᠢᠭ ᠠᠩᠭᠢ ᠶᠢᠨ 969ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ᠂ ᠬᠥᠬᠡᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠬᠥᠬᠡᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠴᠣᠣ ᠵᠢᠦᠢ ᠨᠢᠳᠦᠨ ᠤ ᠡᠮᠨᠡᠯᠭᠡ ᠶᠢᠨ ᠬᠤᠷᠢᠶ᠎ᠠ︶      ︵ᠬᠤᠶᠠᠷ︶ ᠬᠡᠷᠡᠭᠵᠢᠭᠦᠯᠵᠦ ᠪᠠᠶᠢᠭ᠎ᠠ ︽ᠡᠮ ᠤᠨ ᠵᠦᠢᠯ ᠤᠨ ᠭᠠᠷᠴᠠᠭ︾ ᠢ ᠲᠡᠭᠦᠯᠳᠡᠷᠵᠢᠭᠦᠯᠦᠨ ᠵᠢᠷᠤᠮᠵᠢᠭᠤᠯᠪᠠ᠃ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ︽ᠣᠨᠣᠰᠢᠯᠠᠨ ᠡᠮᠨᠡᠬᠦ ᠲᠥᠷᠥᠯ ᠵᠦᠢᠯ ᠤᠨ ᠬᠦᠷᠢᠶ᠎ᠡ ᠬᠡᠪᠴᠢᠶ᠎ᠡ︾᠂ ︽ᠡᠮᠴᠢᠯᠡᠭᠡᠨ ᠤ ᠦᠢᠯᠡᠴᠢᠯᠡᠭᠡᠨ ᠤ  ᠪᠡᠯᠡᠳᠭᠡᠮᠵᠢᠲᠦ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠ ᠲᠥᠯᠥᠬᠦ ᠪᠠᠷᠢᠮᠵᠢᠶ᠎ᠠ︾ ᠪᠠ ︽ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ︾ ᠲᠤ ᠨᠡᠶᠢᠴᠡᠭᠰᠡᠨ ᠪᠠᠶᠢᠬᠤ ᠬᠡᠷᠡᠭᠲᠡᠢ᠂ ᠣᠨᠣᠰᠢᠯᠠᠨ ᠡᠮᠨᠡᠬᠦ ᠲᠥᠷᠥᠯ ᠵᠦᠢᠯ᠂ ᠡᠮ ᠤᠨ ᠵᠦᠢᠯ ᠢ ᠬᠥᠬᠡ ᠬᠥᠬᠡᠭᠴᠢᠨ ᠲᠥᠷᠥᠯ ᠭᠡᠵᠦ ᠢᠯᠭᠠᠬᠤ ᠦᠭᠡᠢ᠂ ᠰᠢᠭᠤᠳ ᠬᠥᠬᠡ ᠲᠥᠷᠥᠯ ᠢᠶᠠᠷ ᠳ᠋ᠦᠩᠨᠡᠨ ᠪᠤᠳᠤᠵᠤ᠂ ᠭᠠᠷᠴᠠᠭ  ᠠᠴᠠ ᠭᠠᠳᠠᠨᠠᠬᠢ ᠣᠨᠣᠰᠢᠯᠠᠨ ᠡᠮᠨᠡᠬᠦ ᠲᠥᠷᠥᠯ ᠵᠦᠢᠯ ᠪᠠ ᠡᠮ ᠤᠨ ᠵᠦᠢᠯ ᠤᠨ ᠵᠠᠷᠤᠳᠠᠯ ᠢ ᠲᠠᠩᠰᠠ ᠲᠠᠶᠢᠯᠬᠤ ᠦᠭᠡᠢ᠃     ᠲᠠᠶᠢᠯᠤᠮᠵᠢ ᠬᠢᠭᠰᠡᠨ ᠨᠢ᠄ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ        ᠤᠲᠠᠰᠤ᠄ 0471-2386090     
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号