ᠸᠠᠩ ᠯᠢ ᠰᠢᠶᠠ ᠰᠢᠩᠭᠠᠫᠤᠷ ᠤᠨ ᠳᠤᠮᠳᠠᠳᠤ ᠤᠯᠤᠰ ᠲᠠᠢ ᠠᠷᠠᠯᠵᠢᠶ᠎ᠠ ᠨᠡᠪᠲᠡᠷᠡᠬᠦ ᠵᠣᠬᠢᠶᠠᠨ ᠪᠠᠶᠢᠭᠤᠯᠤᠯᠲᠠ ᠶᠢᠨ ᠲᠡᠷᠢᠭᠦᠯᠡᠭᠴᠢ ᠯᠢ ᠢ ᠰᠢᠶᠠᠨ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2023/9/20
     9 ᠰᠠᠷ᠎ᠠ ᠶᠢᠨ 18 ᠤ ᠡᠳᠦᠷ᠂ ᠸᠠᠩ ᠯᠢ ᠰᠢᠶᠠ ᠬᠥᠬᠡᠬᠤᠲᠠ ᠳᠤ ᠰᠢᠩᠭᠠᠫᠤᠷ ᠤᠨ ᠳᠤᠮᠳᠠᠳᠤ ᠤᠯᠤᠰ ᠲᠠᠢ ᠠᠷᠠᠯᠵᠢᠶ᠎ᠠ ᠨᠡᠪᠲᠡᠷᠡᠬᠦ ᠵᠣᠬᠢᠶᠠᠨ ᠪᠠᠶᠢᠭᠤᠯᠤᠯᠲᠠ ᠶᠢᠨ ᠲᠡᠷᠢᠭᠦᠯᠡᠭᠴᠢ ᠯᠢ ᠢ ᠰᠢᠶᠠᠨ ᠨᠠᠷ ᠲᠠᠢ ᠠᠭᠤᠯᠵᠠᠪᠠ᠃ 
C:\Users\bch\Desktop\9.20\9.19   图文图片1.jpg
C:\Users\bch\Desktop\9.20\9.19   图文图片2.jpg
     ᠸᠠᠩ ᠯᠢ ᠰᠢᠶᠠ ᠯᠢ ᠢ ᠰᠢᠶᠠᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠥᠷ ᠮᠣᠩᠭᠤᠯ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠳᠣᠲᠣᠭᠰᠢ ᠪᠠᠨ ᠨᠠᠢᠮᠠᠨ ᠮᠤᠵᠢ ᠣᠷᠣᠨ ᠲᠠᠢ ᠵᠠᠯᠭᠠᠯᠳᠤᠵᠤ᠂ ᠭᠠᠳᠠᠭᠰᠢ ᠪᠠᠨ ᠣᠷᠣᠰ ᠮᠣᠩᠭᠤᠯ ᠲᠠᠢ ᠵᠠᠯᠭᠠᠯᠳᠤᠵᠤ᠂ ᠳᠤᠮᠳᠠᠳᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠬᠤ ᠪᠥᠭᠡᠳ ᠲᠠᠯ᠎ᠠ ᠨᠤᠲᠤᠭ ᠤᠨ ᠲᠣᠷᠭᠠᠨ ᠵᠠᠮ ᠤᠨ ᠲᠥᠪ ᠣᠷᠣᠨ ᠪᠠᠶᠢᠵᠤ᠂ ᠰᠢᠩᠭᠠᠫᠤᠷ  ᠯᠤᠭ᠎ᠠ ᠶᠢᠨ ᠠᠷᠠᠯᠵᠢᠶᠠᠨ ‍ᠤ‌‍ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠵᠤ ᠪᠠᠶᠢᠨ᠎ᠠ ᠭᠡᠵᠡᠢ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠩᠬᠠᠷᠤᠯ ᠢᠶᠠᠨ ᠲᠥᠪᠯᠡᠷᠡᠭᠦᠯᠵᠦ ᠬᠦᠴᠦᠨ ᠢᠶᠠᠨ ᠨᠢᠭᠲᠠᠷᠠᠭᠤᠯᠤᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠥᠬᠦ ᠬᠦᠴᠦ ᠪᠠᠷ ᠢᠶᠠᠨ ᠪᠠᠶᠢᠭᠤᠯᠵᠤ ᠪᠠᠶᠢᠨ᠎ᠠ᠂ ᠳᠡᠯᠡᠬᠡᠢ ᠶᠢᠨ ᠬᠠᠷᠠᠭᠠᠰᠤ ᠲᠠᠢ ᠠᠵᠤ ᠠᠬᠤᠢ ᠶᠢᠨ ᠬᠠᠮᠢᠶᠠᠷᠤᠯᠲᠠ ᠶᠢᠨ ᠴᠢᠳᠠᠪᠤᠷᠢᠲᠠᠨ ᠪᠣᠯᠣᠨ ᠮᠥᠩᠭᠦᠨ ᠭᠦᠢᠯᠭᠡᠭᠡᠨ᠂ ᠪᠠᠷᠠᠭᠠᠨ ᠤ ᠭᠦᠢᠯᠭᠡᠭᠡ ᠵᠡᠷᠭᠡ ᠦᠢᠯᠡᠴᠢᠯᠡᠭᠡᠨ ᠤ ᠦᠢᠯᠡᠰ ᠤᠨ ᠴᠢᠳᠠᠪᠤᠷᠢᠲᠠᠨ ᠢ ᠲᠤᠯᠭᠠᠮ ᠱᠠᠭᠠᠷᠳᠠᠵᠤ ᠪᠠᠶᠢᠨ᠎ᠠ᠂ ᠰᠢᠩᠭᠠᠫᠤᠷ ᠡᠳᠡᠭᠡᠷ ᠲᠠᠯ᠎ᠠ ᠪᠠᠷ ᠮᠠᠰᠢ ᠶᠡᠭᠡ ᠳᠠᠪᠠᠭᠤᠯᠢᠭ ᠲᠠᠢ ᠶᠤᠮ᠃ ᠬᠤᠶᠠᠷ ᠲᠠᠯ᠎ᠠ ᠪᠠᠷ ᠢᠶᠠᠨ ᠰᠣᠶᠣᠯ ᠢᠷᠭᠡᠨᠰᠢᠯ ᠤᠨ ᠰᠣᠯᠢᠯᠴᠠᠭ᠎ᠠ ᠪᠣᠯᠣᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠨᠡᠩ ᠭᠦᠨᠵᠡᠭᠡᠢ᠂ ᠨᠡᠩ ᠥᠷᠭᠡᠨ ᠳᠡᠯᠭᠡᠷ ᠬᠠᠮᠲᠤᠷᠠᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃     ᠯᠢ ᠢ ᠰᠢᠶᠠᠨ᠂ ᠰᠢᠩᠭᠠᠫᠤᠷ ᠪᠣᠯ ᠳᠠᠯᠠᠢ ᠳᠡᠭᠡᠷᠡᠬᠢ ᠲᠣᠷᠭᠠᠨ ᠵᠠᠮ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠣᠨ᠎ᠠ᠂ ᠥᠪᠥᠷ ᠮᠣᠩᠭᠤᠯ ᠯᠤᠭ᠎ᠠ ᠮᠠᠰᠢ ᠴᠢᠩᠭ᠎ᠠ ᠬᠠᠷᠢᠯᠴᠠᠨ ᠨᠥᠬᠦᠪᠦᠷᠢᠯᠡᠬᠦ ᠴᠢᠨᠠᠷᠲᠠᠢ ᠶᠤᠮ᠂ ᠬᠤᠶᠠᠷ ᠲᠠᠯ᠎ᠠ ᠪᠠᠷ ᠢᠶᠠᠨ ᠴᠢᠳᠠᠪᠤᠷᠢᠲᠠᠨ ᠢ ᠪᠣᠯᠪᠠᠰᠤᠷᠠᠭᠤᠯᠬᠤ᠂ ᠴᠡᠪᠡᠷ ᠡᠨᠧᠷᠭᠢ ᠶᠢ ᠨᠡᠭᠡᠭᠡᠨ ᠠᠰᠢᠭᠯᠠᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠨᠡᠩ ᠣᠯᠠᠨ ᠬᠠᠮᠲᠤ ᠪᠠᠷ ᠠᠰᠢᠭ ᠬᠦᠷᠲᠡᠬᠦ ᠬᠥᠭᠵᠢᠯᠲᠡ ᠶᠢᠨ ᠵᠠᠭᠪᠤᠷ ᠢ ᠰᠦᠪᠡᠭᠴᠢᠯᠡᠵᠦ ᠪᠣᠯᠣᠨ᠎ᠠ ᠭᠡᠵᠦ ᠢᠯᠡᠳᠬᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号