ᠨᠢᠭᠡ᠂ ᠠᠬᠤᠢ ᠪᠠᠶᠢᠳᠠᠯ ᠤᠨ ᠲᠠᠨᠢᠯᠴᠠᠭᠤᠯᠭ᠎ᠠ | ᠪᠥᠬᠦ ᠬᠤᠰᠢᠭᠤᠨ ᠤ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠲᠠᠯ᠎ᠠ ᠪᠠᠷ᠂ | ᠲᠣᠰᠬᠤᠨ᠂ ᠪᠠᠯᠭᠠᠰᠤ᠂ ᠬᠤᠰᠢᠭᠤ ᠭᠤᠷᠪᠠᠨ ᠱᠠᠲᠤᠨ ᠤ ᠬᠠᠷᠢᠭᠤᠴᠠᠯᠭ᠎ᠠ ᠶᠢᠨ ᠬᠤᠪᠢᠶᠠᠷᠢᠯᠠᠯ ᠲᠣᠳᠣᠷᠬᠠᠢ ᠦᠭᠡᠢ᠂ | ᠡᠬᠢ ᠡᠭᠦᠰᠦᠯ ᠠᠴᠠ ᠨᠢ ᠴᠢᠩᠭ᠎ᠠ ᠬᠠᠮᠢᠶᠠᠷᠤᠨ ᠡᠵᠡᠮᠳᠡᠭᠰᠡᠨ ᠦᠭᠡᠢ ᠠᠴᠠ ᠪᠣᠯᠵᠤ᠂ ᠮᠠᠨ ᠤ ᠬᠤᠰᠢᠭᠤᠨ ᠤ ᠡᠯ᠎ᠡ | ᠲᠥᠷᠥᠯ ᠤᠨ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠲᠤᠭ᠎ᠠ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ | ᠃ᠵᠢᠱᠢᠶᠡᠯᠡᠪᠡᠯ᠂ ᠥᠪᠡᠷᠲᠡᠭᠡᠨ ᠵᠠᠰᠠᠬᠤ ᠣᠷᠣᠨ ᠤ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠲᠤᠰᠬᠠᠢ ᠴᠡᠭᠴᠡᠯᠡᠨ | ᠵᠠᠰᠠᠬᠤ ᠶᠢᠨ ︽ᠡᠷᠬᠢᠨ ᠬᠠᠷᠠᠬᠤ︾ ᠬᠠᠤᠯᠢ ᠶᠢ ᠵᠥᠷᠢᠴᠡᠭᠰᠡᠨ ᠵᠢᠷᠤᠭ ᠤᠨ ᠲᠤᠭ᠎ᠠ ᠬᠡᠮᠵᠢᠶ᠎ᠡ ᠵᠢᠴᠢ 2022 | ᠣᠨ ᠤ ᠳᠠᠭᠠᠭᠤᠯᠢ ᠣᠳᠣᠨ ᠤ ᠹᠢᠯᠢᠮ ᠤᠨ ᠬᠠᠤᠯᠢ ᠶᠢ ᠵᠥᠷᠢᠴᠡᠭᠰᠡᠨ ᠵᠢᠷᠤᠭ ᠤᠨ ᠲᠤᠭ᠎ᠠ ᠬᠡᠮᠵᠢᠶ᠎ᠡ ᠨᠢ ᠴᠥᠮ ᠪᠥᠬᠦ | ᠬᠤᠲᠠ ᠶᠢᠨ ᠨᠢᠭᠡᠳᠦᠭᠡᠷ ᠲᠤ ᠣᠷᠣᠵᠤ᠂ 2023 ᠣᠨ ᠳᠤ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠡᠵᠡᠯᠡᠭᠰᠡᠨ | ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠵᠤ᠂ ᠬᠠᠷᠢᠭᠤᠴᠠᠯᠭ᠎ᠠ ᠨᠡᠬᠡᠮᠵᠢᠯᠡᠭᠳᠡᠬᠦ ᠲᠦᠭᠰᠢᠭᠦᠷᠢ ᠳᠤ ᠲᠤᠯᠭᠠᠷᠠᠵᠤ᠂ | ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠪᠠᠶᠢᠳᠠᠯ ᠨᠡᠯᠢᠶᠡᠳ ᠬᠦᠨᠳᠦ ᠨᠣᠴᠢᠲᠠᠢ ᠪᠠᠶᠢᠨ᠎ᠠ᠃ | ᠮᠠᠨ ᠤ ᠬᠤᠰᠢᠭᠤᠨ ᠤ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠬᠢᠴᠠ ᠨᠡᠯᠢᠶᠡᠳ ᠤᠳᠠᠭᠠᠨ ᠪᠠᠶᠢᠵᠤ᠂ 2022 ᠣᠨ ᠤ ᠬᠡᠷᠡᠯ ᠵᠢᠷᠤᠭ ᠤᠨ ᠹᠢᠯᠢᠮ ᠤᠨ ᠴᠡᠭᠴᠡᠯᠡᠨ | ᠰᠠᠶᠢᠵᠢᠷᠠᠭᠤᠯᠬᠤ ᠠᠬᠢᠴᠠ ᠰᠡᠭᠦᠯ ᠠᠴᠠ ᠨᠢ ᠨᠢᠭᠡᠳᠦᠭᠡᠷ ᠲᠤ ᠵᠢᠭᠰᠠᠭᠠᠭᠳᠠᠵᠤ᠂ ᠥᠪᠡᠷᠲᠡᠭᠡᠨ ᠵᠠᠰᠠᠬᠤ ᠣᠷᠣᠨ ᠤ | ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠶᠢᠨ ︽ᠡᠷᠬᠢᠨ | ᠬᠠᠷᠠᠬᠤ︾ ᠴᠡᠭᠴᠡᠯᠡᠨ ᠰᠠᠶᠢᠵᠢᠷᠠᠭᠤᠯᠬᠤ ᠠᠬᠢᠴᠠ ᠪᠥᠬᠦ ᠬᠤᠲᠠ ᠳᠤ ᠨᠠᠢᠮᠠᠳᠤᠭᠠᠷ ᠲᠤ ᠵᠢᠭᠰᠠᠭᠠᠭᠳᠠᠵᠠᠢ᠃ | | | ᠬᠤᠶᠠᠷ᠂ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢᠨ ᠲᠣᠶᠢᠮᠣᠴᠢᠯᠠᠯ ︵ᠭᠤᠣᠯ ᠠᠭᠤᠯᠭ᠎ᠠ︶ | ︽ᠲᠦᠮᠡᠳ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠦᠯᠲᠡ ᠶᠢ ᠬᠢᠨᠠᠨ | ᠪᠠᠶᠢᠴᠠᠭᠠᠬᠤ ᠠᠵᠢᠯ ᠤᠨ ᠲᠣᠭᠲᠠᠴᠠ︾ ᠨᠢ ᠨᠡᠶᠢᠲᠡ ᠳᠥᠷᠪᠡᠨ ᠪᠦᠯᠦᠭ 15 ᠵᠦᠢᠯ ᠲᠠᠢ᠃ | ᠨᠢᠭᠡᠳᠦᠭᠡᠷ ᠪᠦᠯᠦᠭ ᠨᠢ ᠶᠡᠷᠦᠩᠬᠡᠢ ᠳᠦᠷᠢᠮ ᠪᠣᠯᠣᠨ᠎ᠠ᠂ ᠨᠡᠶᠢᠲᠡ 3 ᠵᠦᠢᠯ ᠪᠠᠶᠢᠵᠤ᠂ ᠭᠤᠣᠯᠳᠠᠭᠤ ᠲᠣᠰ ︽ | ᠲᠣᠭᠲᠠᠴᠠ︾ ᠶᠢ ᠲᠣᠭᠲᠠᠭᠠᠬᠤ ᠶᠢᠨ ᠦᠨᠳᠦᠰᠦᠯᠡᠯ᠂ ᠬᠡᠷᠡᠭᠯᠡᠬᠦ ᠬᠡᠪᠴᠢᠶ᠎ᠡ ᠵᠢᠴᠢ ᠬᠠᠤᠯᠢ ᠶᠢ ᠵᠥᠷᠢᠴᠡᠨ ᠭᠠᠵᠠᠷ | ᠬᠡᠷᠡᠭᠯᠡᠭᠰᠡᠨ ᠠᠵᠢᠯᠯᠠᠭ᠎ᠠ ᠶᠢᠨ ᠤᠬᠠᠭᠳᠠᠬᠤᠨ ᠢ ᠲᠣᠳᠣᠷᠬᠠᠶᠢᠯᠠᠨ ᠥᠭᠦᠯᠡᠨ᠎ᠡ᠃ | ᠬᠤᠶᠠᠳᠤᠭᠠᠷ ᠪᠦᠯᠦᠭ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠤᠨ ᠲᠥᠯᠥᠭᠡ᠂ ᠨᠡᠶᠢᠲᠡ 4 ᠵᠦᠢᠯ | ᠪᠠᠶᠢᠵᠤ᠂ ᠲᠣᠰᠬᠤᠨ ᠤ ᠲᠠᠰ᠂ ᠬᠠᠷᠢᠶ᠎ᠠ ᠭᠠᠵᠠᠷ ᠤᠨ ᠰᠢᠶᠠᠩ ᠪᠠᠯᠭᠠᠰᠤ ︵ᠲᠥᠪ︶᠂ ᠬᠤᠰᠢᠭᠤᠨ ᠤ ᠲᠠᠰ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠶᠢ | ᠵᠥᠷᠢᠴᠡᠨ ᠭᠠᠵᠠᠷ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠪᠠ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠬᠢ ᠡᠭᠦᠷᠭᠡ | ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠲᠣᠰ ᠲᠣᠰ ᠲᠣᠳᠣᠷᠬᠠᠶᠢᠯᠠᠪᠠ᠃ | ᠭᠤᠷᠪᠠᠳᠤᠭᠠᠷ ᠪᠦᠯᠦᠭ ᠬᠠᠷᠢᠭᠤᠴᠠᠯᠭ᠎ᠠ ᠨᠡᠬᠡᠮᠵᠢᠯᠡᠬᠦ ᠶᠢᠨ ᠲᠥᠯᠥᠭᠡ᠂ ᠨᠡᠶᠢᠲᠡ 3 ᠵᠦᠢᠯ ᠪᠠᠶᠢᠵᠤ᠂ | ᠲᠣᠰᠬᠤᠨ ᠤ ᠱᠠᠲᠤ᠂ ᠬᠠᠷᠢᠶ᠎ᠠ ᠭᠠᠵᠠᠷ ᠤᠨ ᠰᠢᠶᠠᠩ ᠪᠠᠯᠭᠠᠰᠤ ︵ᠲᠥᠪ︶᠂ ᠬᠤᠰᠢᠭᠤᠨ ᠤ ᠱᠠᠲᠤᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠬᠠᠮᠢᠶᠠᠷᠤᠨ ᠡᠵᠡᠮᠳᠡᠬᠦ | ᠲᠠᠯ᠎ᠠ ᠪᠠᠷ ᠬᠢ ᠬᠠᠷᠢᠭᠤᠴᠠᠯᠭ᠎ᠠ ᠨᠡᠬᠡᠮᠵᠢᠯᠡᠬᠦ ᠪᠠᠷᠢᠮᠵᠢᠶ᠎ᠠ ᠶᠢ ᠲᠣᠳᠣᠷᠬᠠᠢ ᠲᠣᠭᠲᠠᠭᠠᠪᠠ᠃ | ᠳᠥᠷᠪᠡᠳᠦᠭᠡᠷ ᠪᠦᠯᠦᠭ ᠨᠢ ᠳᠠᠭᠠᠯᠳᠤᠭᠤᠯᠤᠭᠰᠠᠨ ᠳᠦᠷᠢᠮ ᠪᠣᠯᠣᠨ᠎ᠠ᠂ ᠨᠡᠶᠢᠲᠡ 5 ᠵᠦᠢᠯ ᠪᠠᠶᠢᠵᠤ᠂ ᠪᠤᠰᠤᠳ | ᠪᠣᠳᠠᠲᠠᠢ ᠵᠦᠢᠯᠡᠰ ᠢ ᠲᠣᠳᠣᠷᠬᠠᠶᠢᠯᠠᠪᠠ᠃ | | | ᠭᠤᠷᠪᠠ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠲᠡᠭᠡᠳ ᠪᠠ ᠬᠦᠷᠢᠶ᠎ᠡ ᠬᠡᠪᠴᠢᠶ᠎ᠡ | ᠲᠣᠰ ᠠᠷᠭ᠎ᠠ ᠶᠢ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠪᠥᠬᠦ ᠶᠠᠪᠤᠴᠠ ᠶᠢ ᠬᠢᠨᠠᠨ ᠬᠠᠮᠢᠶᠠᠷᠬᠤ ᠳᠤ | ᠬᠡᠷᠡᠭᠯᠡᠵᠦ᠂ ᠭᠤᠣᠯᠳᠠᠭᠤ ᠪᠥᠬᠦ ᠬᠤᠰᠢᠭᠤᠨ ᠤ ᠡᠯ᠎ᠡ ᠲᠥᠷᠥᠯ ᠤᠨ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ | ᠦᠶᠯᠡ ᠠᠵᠢᠯᠯᠠᠭ᠎ᠠ ᠳᠤ ᠡᠭᠦᠰᠦᠭᠰᠡᠨ ᠨᠠᠮ ᠵᠠᠰᠠᠭ ᠤᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ | ᠠᠵᠢᠯᠲᠠᠨ ᠵᠢᠴᠢ ᠡᠯ᠎ᠡ ᠰᠢᠶᠠᠩ ᠪᠠᠯᠭᠠᠰᠤ ︵ᠨᠡᠭᠡᠭᠡᠯᠲᠡ ᠶᠢᠨ ᠲᠣᠭᠤᠷᠢᠭ︶᠂ ᠵᠠᠰᠠᠭ ᠵᠠᠬᠢᠷᠭᠠᠨ ᠤ ᠲᠣᠰᠬᠤᠨ ᠤ | ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠲᠠᠯ᠎ᠠ ᠪᠠᠷ | ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠨᠢ ᠲᠣᠳᠣᠷᠬᠠᠢ ᠦᠭᠡᠢ ᠠᠰᠠᠭᠤᠳᠠᠯ ᠢ ᠰᠢᠢᠳᠪᠦᠷᠢᠯᠡᠨ᠎ᠡ᠃ | | | ᠳᠥᠷᠪᠡ᠂ ᠳᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠴᠠᠭ ᠤᠨ ᠬᠦᠰᠦᠨᠦᠭᠲᠦ ︵ᠰᠢᠨ᠎ᠡ ᠬᠠᠭᠤᠴᠢᠨ | ᠳᠦᠷᠦ ᠶᠢᠨ ᠪᠣᠳᠣᠯᠭ᠎ᠠ ᠶᠢᠨ ᠬᠠᠷᠢᠴᠠᠯ︶ | ᠲᠦᠮᠡᠳ ᠵᠡᠭᠦᠨ ᠬᠤᠰᠢᠭᠤ ᠡᠭᠦᠨ ᠠᠴᠠ ᠡᠮᠦᠨ᠎ᠡ ᠡᠶᠢᠮᠦᠷᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ | ᠥᠩᠭᠡᠷᠡᠭᠰᠡᠨ ᠦᠭᠡᠢ᠂ ᠲᠣᠰ ︽ᠲᠣᠭᠲᠠᠴᠠ︾ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ | | | ᠲᠠᠪᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠪᠣᠳᠠᠲᠠᠢ ᠲᠠᠶᠢᠯᠪᠤᠷᠢᠯᠠᠯᠲᠠ ᠪᠠ | ᠲᠣᠳᠣᠷᠬᠠᠶᠢᠯᠠᠯᠲᠠ | 1. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠭᠤᠷᠪᠠᠨ ᠵᠠᠭᠤ | ᠳᠥᠴᠢᠨ ᠬᠤᠶᠠᠳᠤᠭᠠᠷ ᠵᠦᠢᠯ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠵᠥᠷᠢᠴᠡᠵᠦ᠂ | ᠲᠠᠷᠢᠶᠠᠨ ᠭᠠᠵᠠᠷ᠂ ᠣᠶᠢᠲᠤ ᠭᠠᠵᠠᠷ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ | ᠬᠡᠷᠡᠭᠯᠡᠵᠦ᠂ ᠡᠵᠡᠯᠡᠨ ᠬᠡᠷᠡᠭᠯᠡᠭᠰᠡᠨ ᠭᠠᠵᠠᠷ ᠰᠢᠷᠣᠢ ᠶᠢᠨ ᠬᠡᠷᠡᠭᠯᠡᠯᠲᠡ ᠶᠢ ᠬᠤᠪᠢᠷᠠᠭᠤᠯᠤᠭᠰᠠᠨ ᠪᠥᠭᠡᠳ ᠲᠤᠭ᠎ᠠ | ᠬᠡᠮᠵᠢᠶ᠎ᠡ ᠨᠢ ᠨᠡᠯᠢᠶᠡᠳ ᠶᠡᠭᠡ ᠪᠠᠶᠢᠵᠤ᠂ ᠲᠠᠷᠢᠶᠠᠨ ᠭᠠᠵᠠᠷ᠂ ᠣᠶᠢᠲᠤ ᠭᠠᠵᠠᠷ ᠵᠡᠷᠭᠡ ᠲᠠᠷᠢᠶᠠᠯᠠᠩ ᠳᠤ ᠬᠡᠷᠡᠭᠯᠡᠬᠦ | ᠭᠠᠵᠠᠷ ᠢ ᠶᠡᠭᠡ ᠬᠡᠮᠵᠢᠶ᠎ᠡ ᠪᠠᠷ ᠡᠪᠳᠡᠵᠦ ᠰᠦᠢᠳᠬᠡᠭᠰᠡᠨ ᠪᠠᠶᠢᠪᠠᠯ᠂ ᠲᠠᠪᠤᠨ ᠵᠢᠯ ᠠᠴᠠ ᠳᠣᠭᠤᠭᠰᠢ ᠬᠤᠭᠤᠴᠠᠭ᠎ᠠ ᠲᠠᠢ | ᠬᠤᠷᠢᠬᠤ ᠪᠤᠶᠤ ᠬᠤᠷᠢᠵᠤ ᠬᠥᠳᠡᠯᠮᠦᠷᠢᠯᠡᠭᠦᠯᠬᠦ ᠪᠠᠷ ᠰᠢᠳᠭᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ | ᠰᠢᠳᠬᠡᠬᠦ ᠪᠤᠶᠤ ᠲᠠᠩ ᠢᠶᠠᠷ ᠰᠢᠳᠬᠡᠨ᠎ᠡ᠃ | 2. 2008 ᠣᠨ ᠤ 5 ᠰᠠᠷ᠎ᠠ ᠶᠢᠨ 9 ᠤ ᠡᠳᠦᠷ ᠤᠨ ᠬᠢᠨᠠᠨ ᠪᠠᠶᠢᠴᠠᠭᠠᠬᠤ ᠶᠠᠮᠤᠨ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠤᠯᠤᠰ ᠤᠨ ᠨᠤᠲᠤᠭ ᠳᠡᠪᠢᠰᠬᠡᠷ ᠡᠬᠢ | ᠪᠠᠶᠠᠯᠢᠭ ᠤᠨ ᠶᠠᠮᠤᠨ ᠤ ᠵᠠᠷᠯᠢᠭ 15 ᠳ᠋ᠤᠭᠠᠷ ᠲᠣᠭᠠᠲᠤ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠲᠣᠭᠲᠠᠭᠠᠯ ᠢ | ᠵᠥᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ ᠠᠷᠭ᠎ᠠ︾ ᠶᠢᠨ ᠭᠤᠷᠪᠠᠳᠤᠭᠠᠷ ᠵᠦᠢᠯ ᠳᠤ ︽ᠳᠣᠣᠷ᠎ᠠ ᠵᠢᠭᠰᠠᠭᠠᠭᠰᠠᠨ | ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠭᠤᠣᠯ ᠤᠳᠤᠷᠢᠳᠬᠤ ᠬᠥᠮᠥᠰ ᠪᠠ ᠪᠤᠰᠤᠳ ᠬᠠᠷᠢᠭᠤᠴᠠᠯᠭ᠎ᠠ ᠲᠠᠢ | ᠤᠳᠤᠷᠢᠳᠬᠤ ᠬᠥᠮᠥᠰ ᠲᠤ ᠳᠣᠩᠭᠤᠳᠬᠤ ᠪᠤᠶᠤ ᠣᠰᠣᠯ ᠲᠡᠮᠳᠡᠭᠯᠡᠬᠦ ᠰᠢᠢᠳᠬᠡᠯ ᠥᠭᠴᠦ᠂ ᠦᠢᠯᠡ ᠪᠠᠶᠢᠳᠠᠯ ᠨᠢ | ᠨᠡᠯᠢᠶᠡᠳ ᠬᠦᠨᠳᠦ ᠪᠠᠶᠢᠪᠠᠯ᠂ ᠶᠡᠭᠡ ᠣᠰᠣᠯ ᠲᠡᠮᠳᠡᠭᠯᠡᠬᠦ ᠪᠤᠶᠤ ᠲᠡᠰ ᠪᠠᠭᠤᠷᠠᠭᠤᠯᠬᠤ ᠰᠢᠳᠬᠡᠯ ᠥᠭᠴᠦ᠂ ᠦᠢᠯᠡ | ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠲᠤᠰᠢᠶᠠᠯ ᠠᠴᠠ ᠨᠢ ᠤᠭᠴᠠᠷᠠᠭᠤᠯᠬᠤ ᠰᠢᠳᠬᠡᠯ ᠥᠭᠭᠦᠨ᠎ᠡ᠄ ᠭᠠᠵᠠᠷ | ᠰᠢᠷᠣᠢ ᠶᠢᠨ ᠬᠠᠮᠢᠶᠠᠷᠤᠯᠲᠠ ᠶᠢᠨ ᠡᠮᠬᠢ ᠵᠢᠷᠤᠮ ᠨᠢ ᠰᠠᠮᠠᠭᠤᠷᠠᠭᠰᠠᠨ ᠠᠴᠠ ᠪᠣᠯᠵᠤ ᠨᠢᠭᠡ ᠵᠢᠯ ᠤᠨ ᠳᠣᠲᠣᠷ᠎ᠠ ᠲᠤᠰ | ᠵᠠᠰᠠᠭ ᠵᠠᠬᠢᠷᠭᠠᠨ ᠤ ᠣᠷᠣᠨ ᠤ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠲᠠᠯᠠᠪᠠᠢ ᠶᠢᠨ | ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠠᠷᠢᠶᠠᠨ ᠭᠠᠵᠠᠷ ᠢ ᠡᠵᠡᠯᠡᠨ | ᠬᠡᠷᠡᠭᠯᠡᠭᠰᠡᠨ ᠶᠡᠷᠦᠩᠬᠡᠢ ᠲᠠᠯᠠᠪᠠᠢ ᠳᠤ ᠡᠵᠡᠯᠡᠬᠦ ᠬᠠᠷᠢᠴᠠᠯ ᠢ 15% ᠠᠴᠠ ᠳᠡᠭᠡᠭᠰᠢ ᠪᠣᠯᠭᠠᠭᠰᠠᠨ ᠪᠤᠶᠤ ᠬᠡᠳᠦᠶᠢᠪᠡᠷ | 15% ᠳᠤ ᠬᠦᠷᠦᠭᠰᠡᠨ ᠦᠭᠡᠢ ᠪᠣᠯᠪᠠᠴᠤ ᠮᠠᠭᠤ ᠨᠥᠯᠥᠭᠡ ᠭᠠᠷᠭᠠᠭᠰᠠᠨ ᠪᠤᠶᠤ ᠪᠤᠰᠤᠳ ᠬᠦᠨᠳᠦ ᠨᠣᠴᠢᠲᠠᠢ | ᠤᠷᠰᠢᠭ ᠲᠠᠲᠠᠭᠰᠠᠨ᠄ ᠭᠠᠵᠠᠷ ᠰᠢᠷᠣᠢ ᠶᠢᠨ ᠬᠠᠤᠯᠢ ᠶᠢ ᠵᠥᠷᠢᠴᠡᠭᠰᠡᠨ ᠬᠡᠷᠡᠭ ᠭᠠᠷᠴᠤ ᠬᠦᠨᠳᠦ ᠨᠣᠴᠢᠲᠠᠢ ᠤᠷᠰᠢᠭ | ᠲᠠᠲᠠᠭᠰᠠᠨ; ᠭᠠᠵᠠᠷ ᠰᠢᠷᠣᠢ ᠶᠢᠨ ᠬᠠᠮᠢᠶᠠᠷᠤᠯᠲᠠ ᠶᠢᠨ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ | ᠬᠤᠷᠢᠭᠯᠠᠭᠰᠠᠨ ᠦᠭᠡᠢ᠂ ᠵᠣᠬᠢᠶᠠᠨ ᠪᠠᠶᠢᠭᠤᠯᠵᠤ ᠪᠠᠶᠢᠴᠠᠭᠠᠨ ᠰᠢᠢᠳᠪᠦᠷᠢᠯᠡᠭᠰᠡᠨ ᠦᠭᠡᠢ; ᠭᠠᠵᠠᠷ ᠰᠢᠷᠣᠢ ᠶᠢᠨ | ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠨᠢᠭᠤᠨ ᠳᠠᠷᠤᠭᠠᠳ ᠮᠡᠳᠡᠭᠦᠯᠬᠦ ᠦᠭᠡᠢ᠂ ᠬᠡᠷᠡᠭ ᠢ | ᠳᠠᠷᠤᠭᠠᠳ ᠪᠠᠶᠢᠴᠠᠭᠠᠬᠤ ᠦᠭᠡᠢ ᠪᠠᠶᠢᠬᠤ︾ ᠶᠢ ᠵᠢᠭᠠᠵᠤ ᠪᠠᠶᠢᠨ᠎ᠠ᠃ | 3. ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ︽2023 ᠣᠨ ᠤ ᠺᠢᠨᠣ᠋ | ᠲᠧᠯᠸᠢᠰ ᠤᠨ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ | ᠠᠯᠪᠠᠨ ᠲᠠᠷᠬᠠᠭᠠᠭᠰᠠᠨ ﹇2023﹈ 6 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠲᠣᠭᠲᠠᠭᠠᠯ ᠢ | ᠦᠨᠳᠦᠰᠦᠯᠡᠪᠡᠯ᠄ ᠰᠢᠶᠠᠨ ᠤ ᠱᠠᠲᠤᠨ ᠤ ᠬᠠᠤᠯᠢ ᠶᠢ ᠵᠥᠷᠢᠴᠡᠨ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ | ᠲᠠᠯᠠᠪᠠᠶ ᠶᠢᠨ ᠨᠡᠶᠢᠯᠡᠪᠦᠷᠢ ᠨᠢ 100 ᠮᠦ ᠠᠴᠠ ᠳᠡᠭᠡᠭᠰᠢ ᠪᠠᠶᠢᠬᠤ ᠮᠥᠷᠲᠡᠭᠡᠨ ᠬᠠᠤᠯᠢ ᠶᠢ ᠵᠥᠷᠢᠴᠡᠨ ᠡᠵᠡᠯᠡᠨ | ᠬᠡᠷᠡᠭᠯᠡᠭᠰᠡᠨ ᠲᠠᠷᠢᠶᠠᠨ ᠭᠠᠵᠠᠷ ᠤᠨ ᠲᠠᠯᠠᠪᠠᠶ ᠶᠢᠨ ᠬᠠᠷᠢᠴᠠᠯ ᠨᠢ 15% ᠠᠴᠠ ᠳᠡᠭᠡᠭᠰᠢ ᠪᠠᠶᠢᠬᠤ ᠭᠠᠵᠠᠷ ᠣᠷᠣᠨ ᠢ | ᠬᠠᠷᠢᠭᠤᠴᠠᠯᠭ᠎ᠠ ᠨᠡᠬᠡᠮᠵᠢᠯᠡᠬᠦ ᠬᠡᠪᠴᠢᠶᠡᠨ ᠳᠤ ᠣᠷᠣᠭᠤᠯᠬᠤ ᠬᠡᠷᠡᠭᠲᠡᠢ᠃ | | | ᠵᠢᠷᠭᠤᠭ᠎ᠠ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢᠨ ᠵᠢᠱᠢᠯᠲᠡ ᠵᠢᠴᠢ ᠦᠨᠡᠯᠡᠨ ᠵᠢᠱᠢᠬᠦ ᠠᠷᠭ᠎ᠠ | ᠮᠠᠶ᠋ᠢᠭ | ᠲᠤᠰ ︽ᠲᠣᠭᠲᠠᠴᠠ︾ ᠳᠤ ᠲᠣᠰᠬᠤᠨ ᠤ ᠳᠡᠰ᠂ ᠬᠠᠷᠢᠶ᠎ᠠ ᠭᠠᠵᠠᠷ ᠤᠨ ᠰᠢᠶᠠᠩ ᠪᠠᠯᠭᠠᠰᠤ ︵ᠲᠥᠪ︶᠂ | ᠬᠤᠰᠢᠭᠤᠨ ᠤ ᠳᠡᠰ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠪᠠ ᠴᠡᠭᠴᠡᠯᠡᠨ ᠰᠠᠶᠢᠵᠢᠷᠠᠭᠤᠯᠬᠤ | ᠲᠠᠯ᠎ᠠ ᠪᠠᠷ ᠬᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠭᠰᠠᠨ ᠠᠴᠠ ᠪᠣᠯᠵᠤ᠂ ᠡᠭᠦᠨ ᠤ | ᠬᠠᠮᠲᠤ ᠬᠠᠷᠢᠭᠤᠴᠠᠯᠭ᠎ᠠ ᠨᠡᠬᠡᠮᠵᠢᠯᠡᠬᠦ ᠪᠠᠷᠢᠮᠵᠢᠶ᠎ᠠ ᠶᠢ ᠲᠣᠳᠣᠷᠬᠠᠢ ᠲᠣᠭᠲᠠᠭᠠᠵᠤ᠂ ᠬᠠᠷᠢᠭᠤᠴᠠᠯᠭ᠎ᠠ ᠨᠡᠬᠡᠮᠵᠢᠯᠡᠬᠦ | ᠲᠣᠭᠲᠠᠴᠠ ᠶᠢ ᠪᠠᠶᠢᠭᠤᠯᠤᠨ᠂ ᠪᠦᠲᠦᠮᠵᠢᠲᠡᠶ ᠬᠡᠷᠡᠭᠵᠢᠭᠦᠯᠦᠭᠰᠡᠨ ᠤ ᠳᠠᠷᠠᠭ᠎ᠠ᠂ ᠮᠠᠨ ᠤ ᠬᠤᠰᠢᠭᠤᠨ ᠤ ᠬᠠᠤᠯᠢ ᠶᠢ | ᠵᠥᠷᠢᠴᠡᠨ ᠭᠠᠵᠠᠷ ᠬᠡᠷᠡᠭᠯᠡᠭᠰᠡᠨ ᠪᠠᠶᠢᠳᠠᠯ ᠢ ᠡᠬᠢ ᠡᠭᠦᠰᠦᠯ ᠠᠴᠠ ᠨᠢ ᠪᠦᠲᠦᠮᠵᠢᠲᠡᠶ ᠡᠵᠡᠮᠳᠡᠵᠦ᠂ ᠵᠢᠱᠢᠯᠲᠡ ᠪᠠᠷ | ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠦᠯᠡᠳᠡᠭᠡᠯ ᠭᠠᠵᠠᠷ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢ | ᠲᠦᠷᠭᠡᠳᠬᠡᠵᠦ ᠪᠣᠯᠣᠨ᠎ᠠ᠃ | | | ᠳᠣᠯᠤᠭ᠎ᠠ᠂ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠳᠡᠯᠭᠡᠷᠡᠭᠦᠯᠬᠦ ᠠᠷᠭ᠎ᠠ ᠬᠡᠮᠵᠢᠶ᠎ᠡ | ᠪᠢᠴᠢᠭ ᠮᠠᠲ᠋ᠧᠷᠢᠶᠠᠯ ᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ᠂ ᠡᠯ᠎ᠡ ᠲᠣᠰᠬᠤᠨ ᠳᠤ | ᠳᠠᠷᠤᠮᠠᠯᠯᠠᠨ ᠲᠠᠷᠬᠠᠭᠠᠨ᠎ᠠ᠃ | ᠨᠠᠢᠮᠠ᠂ ᠪᠤᠰᠤᠳ ᠠᠩᠬᠠᠷᠬᠤ ᠵᠦᠢᠯ | ᠦᠭᠡᠢ | |