ᠭᠤᠣᠯ ᠰᠡᠳᠦᠪ᠄ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠰᠤᠭᠠᠢ
ᠨᠡᠶᠢᠲᠡᠯᠡᠭᠰᠡᠨ ᠴᠠᠭ᠄
2023/9/27
C:\Users\bch\Desktop\9.27\9.27  在线访谈\9.27  在线访谈图片.jpg
     ᠭᠤᠣᠯ ᠰᠡᠳᠦᠪ᠄ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠰᠤᠭᠠᠢ     ᠴᠠᠭ᠄ 2023 ︱ 09 ︱ 27 09᠄ 00     ᠵᠣᠴᠢᠨ᠄ ᠢᠦᠢ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠵᠣ ᠸᠧᠨ ᠪᠥᠸᠧ᠂ ᠢᠦᠢ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᠬᠥᠩ᠂ ᠢᠦᠢ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ ᠶᠢᠨ ᠳᠠᠷᠤᠭ᠎ᠠ ᠸᠧᠢ ᠬᠠᠢ ᠵᠢᠶᠦ᠋ᠨ᠂ ᠢᠦᠢ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠢᠨᠠᠨ ᠪᠠᠶᠢᠴᠠᠭᠠᠬᠤ ᠬᠠᠤᠯᠢ ᠳᠦᠷᠢᠮ ᠤᠨ ᠶᠡᠭᠡ ᠠᠩᠭᠢ ᠶᠢᠨ ᠳᠠᠷᠤᠭ᠎ᠠ ᠸᠠᠩ ᠱᠦ᠋ ᠮᠢᠨ    ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠᠬᠠᠮᠢᠶᠠᠷᠤᠭᠴᠢ᠄     ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ ᠲᠤᠰᠬᠠᠢ ᠰᠣᠷᠪᠤᠯᠵᠢᠯᠠᠭ᠎ᠠ ᠪᠣᠯᠣᠨ᠎ᠠ᠃ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠰᠠᠨᠠᠯ ᠢᠶᠠᠨ ᠰᠣᠯᠢᠯᠴᠠᠵᠤ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ᠬᠥᠲᠥᠯᠥᠭᠴᠢ᠄     ᠰᠦᠯᠵᠢᠶᠡᠨ ᠤ ᠨᠠᠶᠢᠵᠠ ᠨᠠᠷ ᠠ᠂ ᠰᠣᠨᠣᠰᠤᠭᠴᠢᠳ ᠨᠠᠶᠢᠵᠠ ᠨᠠᠷ ᠠ᠂ ᠲᠠ ᠪᠦᠬᠦᠠ ᠰᠠᠶᠢᠨ ᠪᠠᠶᠢᠵᠠᠭᠠᠨ᠎ᠠ ᠦᠦ ︖ ᠥᠨᠥᠳᠥᠷ ᠪᠢᠳᠡ ᠢᠦ᠋ᠢᠴᠢᠤᠸᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ  ᠵᠦ᠋ ᠸᠧᠨ ᠪᠦᠥᠸ᠋᠂ ᠢᠦᠢ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᠬᠥᠩ᠂  ᠢᠦᠢ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ ᠶᠢᠨ ᠳᠠᠷᠤᠭ᠎ᠠ ᠸᠧᠢ ᠬᠠᠢ ᠵᠢᠶᠦ᠋ᠨ᠂ ᠢᠦ᠋ᠢᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠢᠨᠠᠨ ᠪᠠᠶᠢᠴᠠᠭᠠᠬᠤ ᠬᠠᠤᠯᠢ ᠳᠦᠷᠢᠮ ᠤᠨ ᠶᠡᠭᠡ ᠠᠩᠭᠢ ᠶᠢᠨ ᠳᠠᠷᠤᠭ᠎ᠠ ᠸᠠᠩ ᠱᠦ᠋ ᠮᠢᠨ ᠢ ᠤᠷᠢᠵᠤ ᠠᠪᠴᠢᠷᠠᠯ᠎ᠠ᠂ ᠲᠠ ᠪᠦᠬᠦᠨ ᠤ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ᠃ᠢᠦᠢ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ  ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠵᠦ᠋ ᠸᠧᠨ ᠪᠥᠸᠧ᠄     ᠬᠥᠲᠥᠯᠥᠭᠴᠢ ᠰᠠᠶᠢᠨ ᠦᠦ᠂ ᠰᠦᠯᠵᠢᠶᠡᠨ ᠤ ᠠᠨᠳᠠ ᠨᠠᠷ ᠠ᠂ ᠰᠣᠨᠣᠰᠤᠭᠴᠢᠳ ᠠ ᠨᠠᠶᠢᠵᠠ ᠨᠠᠷ ᠠ᠂ ᠲᠠ ᠪᠦᠬᠦᠨ ᠰᠠᠶᠢᠨ ᠪᠠᠶᠢᠵᠠᠭᠠᠨ᠎ᠠ  ᠦᠦ︖ ᠪᠢ ᠪᠣᠯ ᠢᠦᠢ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ  ᠵᠦ᠋ ᠸᠧᠨ ᠪᠥᠸᠧ ᠪᠣᠯᠣᠨ᠎ᠠ᠃ ᠡᠩ ᠲᠡᠷᠢᠭᠦᠨ ᠳᠤ ᠬᠤᠳᠠ ᠶᠢᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ᠪᠤᠯᠤᠩ ᠠᠴᠠ ᠪᠢᠳᠡᠨ ᠳᠤ ᠡᠨᠡ ᠤᠳᠠᠭ᠎ᠠ ᠶᠢᠨ ᠤᠯᠠᠨ ᠲᠠᠢ ᠰᠠᠨᠠᠯ ᠢᠶᠠᠨ ᠰᠣᠯᠢᠯᠴᠠᠬᠤ ᠠᠵᠠ ᠲᠣᠬᠢᠶᠠᠯ ᠣᠯᠭᠤᠭᠰᠠᠨ ᠳᠤ ᠲᠤᠶᠢᠯ ᠢᠶᠠᠷ ᠲᠠᠯᠠᠷᠬᠠᠵᠤ ᠪᠠᠶᠢᠨ᠎ᠠ᠃ᠠᠳᠡ᠂ ᠪᠢ ᠢᠦᠢ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠦᠬᠦ ᠠᠷᠠᠳ ᠤᠨ ᠲᠤᠰᠠᠯᠠᠬᠤ ᠴᠠᠭᠳᠠᠭ᠎ᠠ ᠶᠢᠨ ᠡᠮᠦᠨ᠎ᠡ ᠠᠴᠠ᠂ ᠢᠦᠢ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠥᠷᠭᠡᠨ ᠤᠯᠠᠨ ᠰᠣᠨᠣᠰᠤᠭᠴᠢᠳ ᠪᠣᠯᠣᠨ ᠨᠡᠶᠢᠭᠡᠮ ᠤᠨ ᠡᠯ᠎ᠡ ᠡᠲᠡᠭᠡᠳ ᠤᠨ  ᠬᠢᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ᠡᠭᠦᠨ ᠤ ᠵᠡᠷᠭᠡ ᠳᠤ᠂ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠪᠤᠯᠤᠩ ᠢᠶᠠᠷ ᠳᠠᠮᠵᠢᠭᠤᠯᠤᠨ ᠴᠠᠭᠳᠠᠭ᠎ᠠ ᠪᠣᠯᠣᠨ ᠠᠷᠠᠳ ᠤᠨ ᠬᠤᠭᠤᠷᠣᠨᠳᠣᠬᠢ ᠵᠠᠢ ᠶᠢ ᠤᠯᠠᠮ ᠨᠢᠭᠡ ᠠᠯᠬᠤᠮ ᠣᠶᠢᠷᠠᠲᠤᠭᠤᠯᠵᠤ᠂ ᠥᠷᠭᠡᠨ ᠣᠯᠠᠨ ᠰᠣᠨᠣᠰᠤᠭᠴᠢᠳ ᠪᠣᠯᠣᠨ ᠨᠠᠶᠢᠵᠠ ᠨᠠᠷ ᠤᠨ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭ᠎ᠠ ᠪᠠᠨ ᠦᠷᠭᠦᠯᠵᠢᠯᠡᠨ ᠴᠢᠩᠭᠠᠳᠬᠠᠬᠤ  ᠶᠢ ᠬᠦᠰᠡᠵᠦ ᠪᠠᠶᠢᠨ᠎ᠠ ᠭᠡᠵᠡᠢ᠃ᠬᠥᠲᠥᠯᠥᠭᠴᠢ᠄     ᠢᠦᠢ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠡᠨᠡ ᠵᠢᠯ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠭᠤᠣᠯ ᠰᠡᠳᠦᠪ ᠭᠤᠣᠯ ᠰᠢᠵᠢᠮ ᠨᠢ ᠶᠠᠭᠤ ᠪᠣᠯᠬᠤ ᠶᠢ ᠵᠣ ᠲᠣᠭᠤᠷᠢᠭ ᠤᠨ ᠳᠠᠷᠤᠭ᠎ᠠ ᠲᠠᠨᠢᠯᠴᠠᠭᠤᠯᠤᠭᠠᠳ ᠥᠭᠭᠦᠨ᠎ᠡ  ᠦᠦ︖ᠢᠦᠢ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ  ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ  ᠵᠦ᠋ ᠸᠧᠨ ᠪᠥᠸᠧ᠄     ᠡᠨᠡ ᠵᠢᠯ ᠠᠴᠠ ᠨᠠᠰᠢ᠂ ᠢᠦᠢ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠬᠤᠲᠠ ᠶᠢᠨ ᠨᠠᠮ ᠤᠨ ᠬᠤᠷᠢᠶᠠᠨ ᠤ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠤᠨ ᠡᠯ᠎ᠡ ᠵᠦᠢᠯ ᠤᠨ ᠱᠠᠭᠠᠷᠳᠠᠯᠭ᠎ᠠ  ᠶᠢ ᠢᠳᠡᠪᠬᠢᠲᠡᠢ ᠨᠠᠶᠢᠳᠠᠪᠤᠷᠢᠵᠢᠭᠤᠯᠵᠤ ︽ᠮᠣᠳᠣ ᠶᠢ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠬᠤ︾ ᠲᠤᠰᠬᠠᠢ ᠵᠦᠢᠯ ᠤᠨ ᠠᠵᠢᠯᠯᠠᠭ᠎ᠠ ᠥᠷᠨᠢᠭᠦᠯᠬᠦ ᠪᠠᠷ ᠠᠴᠢᠶᠠᠯᠠᠪᠤᠷᠢ ᠪᠣᠯᠭᠠᠵᠤ᠂ ︽ᠵᠢᠷᠭᠤᠭ᠎ᠠ ᠶᠢ ᠰᠡᠷᠭᠡᠶᠢᠯᠡᠵᠦ ᠲᠠᠪᠤ ᠶᠢ ᠡᠵᠡᠮᠳᠡᠵᠦ ᠳᠥᠷᠪᠡ ᠶᠢ ᠠᠬᠢᠭᠤᠯᠬᠤ︾ᠰᠠᠭᠤᠷᠢ ᠶᠢ ᠴᠢᠩᠭᠠᠳᠬᠠᠬᠤ ᠢᠨᠵᠧᠨᠧᠷᠢᠩ ᠢᠶᠠᠷ ᠭᠠᠷᠳᠠᠴᠠ ᠪᠣᠯᠭᠠᠵᠤ᠂ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠷᠠᠳ ᠲᠦᠮᠡᠨ ᠤ ᠠᠮᠤᠷ ᠲᠣᠭᠲᠠᠭᠤᠨ ᠢ ᠪᠠᠲᠤᠯᠠᠬᠤ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠦᠨᠡᠨᠴᠢ ᠪᠠᠷ ᠭᠦᠢᠴᠡᠳᠬᠡᠵᠦ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠡᠷᠡᠮᠡᠬᠡᠶᠢᠯᠡᠨ ᠤᠷᠤᠭᠰᠢᠯᠠᠵᠤ᠂ ᠢᠦ᠋ᠢᠴᠢᠦᠸᠠᠨ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠬᠠᠩᠭᠠᠵᠤ᠂ ᠥᠷᠭᠡᠨ ᠤᠯᠠᠨ ᠠᠷᠠᠳ ᠲᠦᠮᠡᠨ ᠤ ᠠᠮᠤᠷ ᠲᠦᠪᠰᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠪᠦᠲᠦᠮᠵᠢᠲᠡᠢ ᠳᠡᠭᠡᠭᠰᠢᠯᠡᠭᠦᠯᠵᠡᠢ᠃
 
ᠢᠷᠡᠯᠲᠡ᠄ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号