ᠲᠠᠪᠤᠨᠰᠠᠶᠢᠨ ᠰᠢᠶᠠᠩ ᠤᠨ 2023 ᠣᠨ ᠤ ᠳᠡᠭᠡᠷ᠎ᠡ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠵᠢᠴᠢ ᠳᠣᠣᠷ᠎ᠠ ᠬᠠᠭᠠᠰ ᠵᠢᠯ ᠤᠨ ᠠᠵᠢᠯ ᠤᠨ ᠲᠥᠯᠥᠪᠯᠡᠭᠡ
ᠨᠡᠶᠢᠲᠡᠯᠡᠭᠰᠡᠨ ᠴᠠᠭ᠄
2023/9/28
     2023 ᠣᠨ ᠤ ᠳᠡᠭᠡᠷ᠎ᠡ ᠬᠠᠭᠠᠰ ᠵᠢᠯ ᠳᠤ᠂ ᠲᠠᠪᠤᠨᠰᠠᠶᠢᠨ ᠰᠢᠶᠠᠩ ᠤᠨ ᠬᠢᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ ᠤᠨ᠂ ᠥᠪᠡᠷᠲᠡᠭᠡᠨ ᠵᠠᠰᠠᠬᠤ ᠣᠷᠣᠨ᠂ ᠬᠤᠳᠠ᠂ ᠬᠤᠰᠢᠭᠤᠨ ᠤ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠰᠢᠶᠠᠩ ᠤᠨ ᠡᠯ᠎ᠡ ᠵᠦᠢᠯ ᠤᠨ ᠦᠢᠯᠡᠰ ᠤᠨ ᠥᠷᠨᠢᠩᠭᠦᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠠᠢ᠃ᠨᠢᠭᠡ᠂ 2023 ᠣᠨ ᠤ ᠳᠡᠭᠡᠷ᠎ᠡ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ         ︵ᠨᠢᠭᠡ︶ᠪᠦᠬᠦ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠴᠦᠯᠡᠨ ᠠᠬᠢᠭᠤᠯᠤᠨ᠎ᠠ     ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠪᠡ᠃ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ ᠢ ᠢᠳᠡᠪᠬᠢᠲᠡᠢ ᠥᠷᠨᠢᠭᠦᠯᠵᠦ᠂ ᠲᠠᠷᠢᠶᠠᠴᠢᠨ ᠡᠷᠦᠬᠡ ᠶᠢᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠬᠤᠲᠠ ᠶᠢᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠲᠤᠰᠬᠠᠢ ᠮᠡᠷᠭᠡᠵᠢᠯᠲᠡᠨ ᠢ ᠤᠷᠢᠵᠤ ᠺᠧᠨᠪᠠᠨ ᠲᠣᠰᠬᠤᠨ ᠳᠤ ᠠᠮᠲᠠᠲᠤ ᠬᠡᠮᠬᠡ ᠳᠠᠷᠢᠬᠤ ᠪᠠ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠣᠯᠪᠠᠰᠤᠷᠠᠭᠤᠯᠤᠯ ᠢ ᠥᠷᠨᠢᠭᠦᠯᠵᠦ᠂ ᠨᠡᠶᠢᠲᠡ 100 ᠭᠠᠷᠤᠢ ᠬᠥᠮᠥᠨ ᠤᠳᠠᠭ᠎ᠠ ᠪᠣᠯᠪᠠᠰᠤᠷᠠᠭᠤᠯᠪᠠ᠃ ᠣᠶᠢᠷ᠎ᠠ ᠬᠠᠪᠢ ᠳᠠᠭᠠᠨ ᠠᠵᠢᠯ ᠣᠯᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠪᠥᠬᠦ ᠰᠢᠶᠠᠩ ᠳᠤ ᠣᠲᠣ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠥᠳᠡᠯᠮᠦᠷᠢ ᠦᠢᠯᠡᠴᠢᠯᠡᠭᠡᠨ ᠤ ᠠᠵᠢᠯ ᠤᠨ ᠪᠠᠶᠢᠷᠢ 32 ᠪᠠᠶᠢᠵᠤ᠂ ᠨᠢᠭᠡᠨᠲᠡ 3.84 ᠲᠦᠮᠡᠨ ᠲᠥᠭᠦᠷᠢᠭ ᠤᠨ ᠨᠥᠬᠦᠪᠦᠷᠢ ᠣᠯᠭᠤᠪᠠ ᠃ ᠠᠮᠢ ᠠᠬᠤᠢ ᠶᠢᠨ ᠣᠶ ᠬᠠᠮᠠᠭᠠᠯᠠᠭᠴᠢ ᠶᠢᠨ ᠠᠵᠢᠯ ᠤᠨ ᠪᠠᠶᠢᠷᠢ 4 ᠪᠠᠶᠢᠵᠤ᠂ ᠨᠢᠭᠡᠨᠲᠡ 3.2 ᠲᠦᠮᠡᠨ ᠲᠥᠭᠦᠷᠢᠭ ᠤᠨ ᠨᠥᠬᠦᠪᠦᠷᠢ ᠣᠯᠭᠤᠪᠠ᠃ ᠲᠠᠷᠢᠶᠠᠯᠠᠩ ᠮᠠᠯ ᠠᠵᠤ ᠠᠬᠤᠢ ᠡᠷᠡᠭᠦᠯ ᠢᠶᠠᠷ ᠬᠥᠭᠵᠢᠪᠡ᠃ᠪᠥᠬᠦ ᠰᠢᠶᠠᠩ ᠳᠤ ᠣᠲᠣ 13 ᠮᠠᠯᠵᠢᠯ ᠤᠨ ᠲᠠᠯᠠᠪᠠᠶ ᠶᠢᠨ ᠬᠦᠷᠢᠶᠡᠯᠡᠩ ᠲᠣᠭᠤᠷᠢᠭ ᠲᠠᠢ᠂ 5 ᠰᠠᠷ᠎ᠠ ᠶᠢᠨ ᠰᠡᠭᠦᠯᠴᠢ ᠪᠣᠯᠲᠠᠯ᠎ᠠ᠂ ᠰᠠᠭᠠᠯᠢ ᠶᠢᠨ ᠦᠨᠢᠶ᠎ᠡ ᠶᠢᠨ ᠲᠤᠭ᠎ᠠ 35521 ᠪᠠᠶᠢᠵᠤ᠂ ︽ᠨᠢᠭᠡ ᠡᠪᠡᠰᠦ ᠠᠴᠠ ᠨᠢᠭᠡ ᠴᠣᠮᠣ ᠰᠦ᠋ ᠬᠦᠷᠲᠡᠯ᠎ᠡ︾ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠬᠠᠷᠠᠯᠲᠠ ᠶᠢ ᠠᠬᠢᠭᠤᠯᠬᠤ ᠳᠤ ᠰᠠᠭᠤᠷᠢ ᠲᠠᠯᠪᠢᠵᠤ᠂ ᠪᠥᠬᠦ ᠬᠤᠰᠢᠭᠤᠨ ᠤ ᠰᠦ᠋ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ  ᠃ ︽ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠵᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ︾ ᠪᠠᠶᠢᠯᠳᠤᠬᠤ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠴᠢ ᠲᠠᠨ ᠪᠠᠨ ᠲᠣᠰᠬᠤᠨ᠂ ᠾᠧᠢ ᠾᠧ ᠲᠣᠰᠬᠤᠨ᠂ ᠺᠧᠨᠪᠠᠨ ᠲᠣᠰᠬᠤᠨ ᠳᠤ ᠬᠤᠯᠪᠣᠭᠳᠠᠭᠰᠠᠨ 2.26 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢᠯᠡᠳᠲᠡ︽ᠭᠤᠷᠪᠠ ᠶᠢ ᠴᠡᠪᠡᠷᠯᠡᠬᠦ᠂ ᠭᠤᠷᠪᠠ ᠶᠢ ᠴᠡᠭᠴᠡᠯᠡᠨ ᠵᠠᠰᠠᠬᠤ᠂ ᠳᠥᠷᠪᠡ ᠶᠢ ᠳᠡᠭᠡᠭᠰᠢᠯᠡᠭᠦᠯᠬᠦ︾ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠪᠥᠬᠦ ᠰᠢᠶᠠᠩ ᠤᠨ ᠡᠯ᠎ᠡ ᠲᠣᠰᠬᠤᠨ ᠤ ᠳᠣᠲᠣᠷᠠᠬᠢ ᠭᠤᠣᠯ ᠳᠡᠳ᠋ ᠵᠠᠮ᠂ ᠭᠡᠷ ᠤᠨ ᠠᠷᠤ ᠠᠷᠤ᠂ ᠵᠡᠭᠡᠯᠢ ᠭᠤᠳᠤᠮᠵᠢ ᠶᠢᠨ ᠬᠤᠭ ᠨᠣᠪᠰᠢ ᠶᠢ ᠲᠥᠪᠯᠡᠷᠡᠭᠦᠯᠦᠨ ᠴᠡᠪᠡᠷᠯᠡᠵᠦ᠂ ᠥᠷᠭᠡᠨ ᠣᠯᠠᠨ ᠺᠠᠳ᠋ᠷ᠂ ᠲᠣᠰᠬᠤᠨ ᠤ ᠠᠷᠠᠳ ᠢ ᠳᠠᠶᠢᠴᠢᠯᠠᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠬᠤ᠂ ᠣᠷᠳᠣ ᠬᠤᠭᠤᠴᠠᠭᠠᠨ ᠤ ᠪᠦᠲᠦᠮᠵᠢᠲᠡᠶ ᠪᠣᠯᠭᠠᠬᠤ ᠶᠢ ᠬᠦᠴᠦ ᠪᠠᠨ ᠬᠠᠮᠲᠤᠳᠬᠠᠨ ᠠᠬᠢᠭᠤᠯᠪᠠ ᠃ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠣᠶᠤᠨᠲᠤ ᠲᠠᠪᠤᠨᠰᠠᠶᠢᠨ︾ ᠶᠢᠨ ᠰᠢᠰᠲ᠋ᠧᠮ ᠢ ᠭᠦᠢᠴᠡᠳ ᠠᠰᠢᠭᠯᠠᠨ᠂ ᠲᠣᠭᠤᠷᠢᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶᠠᠲᠤ ᠣᠷᠣᠨ ᠤ ᠳᠣᠲᠣᠷᠠᠬᠢ ᠲᠣᠭᠲᠠᠭᠰᠠᠨ ᠴᠠᠭ ᠦᠭᠡᠢ ᠪᠠᠷ ᠲᠣᠭᠤᠷᠢᠨ ᠪᠠᠶᠢᠴᠠᠭᠠᠵᠤ ᠪᠠᠶᠢᠴᠠᠭᠠᠬᠤ᠂ ᠡᠰᠢ ᠰᠦᠷᠡᠯ ᠢ ᠬᠤᠷᠢᠶᠠᠨ ᠠᠪᠴᠤ ᠶᠡᠷᠦᠩᠬᠡᠶᠢᠯᠡᠨ ᠠᠰᠢᠭᠯᠠᠬᠤ ᠶᠢ ᠤᠬᠠᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠴᠢᠩᠭ᠎ᠠ ᠪᠣᠳᠠᠲᠠᠢ ᠪᠠᠷ ᠥᠷᠨᠢᠭᠦᠯᠦᠨ᠎ᠡ  ᠃ ᠭᠤᠷᠪᠠᠨ ᠱᠠᠲᠤᠨ ᠤ ᠤᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ‌‍ᠪᠦ᠋ᠬᠦ ᠵᠢᠯ ᠳᠤ ᠪᠠᠶᠢᠭᠠᠯᠢ ᠶᠢᠨ ᠤᠢ ᠶᠢᠨ ᠡᠬᠢ ᠪᠠᠶᠠᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠢ ᠠᠬᠤᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠪᠠᠶᠢᠩᠭᠤᠵᠢᠭᠤᠯᠤᠨ ᠴᠢᠩᠭᠠᠳᠬᠠᠵᠤ᠂ ᠡᠳᠦᠷ ᠲᠤᠳᠤᠮ ᠤᠨ ᠤᠢ ᠰᠢᠭᠤᠢ ᠶᠢ ᠲᠣᠭᠤᠷᠢᠨ ᠪᠠᠶᠢᠴᠠᠭᠠᠬᠤ᠂ ᠭᠤᠣᠯ ᠮᠥᠷᠡᠨ ᠢ ᠲᠣᠭᠤᠷᠢᠨ ᠪᠠᠶᠢᠴᠠᠭᠠᠬᠤ ᠠᠵᠢᠯ ᠢ ᠡᠮᠬᠢ ᠵᠢᠷᠤᠮ ᠲᠠᠢ ᠥᠷᠨᠢᠭᠦᠯᠦᠨ᠎ᠡ᠃     ︵ᠬᠤᠶᠠᠷ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠡᠶᠢᠭᠡᠮ ᠤᠨ ᠡᠯ᠎ᠡ ᠵᠦᠢᠯ ᠤᠨ ᠦᠢᠯᠡᠰ ᠢ ᠲᠣᠭᠲᠠᠭᠤᠨ ᠢᠶᠠᠷ ᠬᠥᠭᠵᠢᠭᠦᠯᠪᠡ     ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠴᠢᠨᠠᠷ ᠰᠠᠶᠢᠲᠠᠢ ᠠᠬᠢᠭᠤᠯᠤᠨ᠎ᠠ᠃ᠰᠢᠶᠠᠩ ᠤᠨ ᠠᠷᠪᠠᠨ ᠳᠣᠯᠣᠳᠤᠭᠠᠷ ᠬᠤᠭᠤᠴᠠᠭᠠᠨ ᠤ ᠳᠥᠷᠪᠡᠳᠦᠭᠡᠷ ᠤᠳᠠᠭ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠰᠢᠶᠠᠩ ᠤᠨ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ᠂ ᠣᠳᠣᠬᠠᠨ ᠳᠤ ᠲᠠᠪᠤᠨᠰᠠᠶᠢᠨ ᠶᠢᠨ ᠣᠶᠤᠨᠲᠤ ᠰᠢᠶᠠᠩ ᠪᠠᠯᠭᠠᠰᠤᠨ ᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠲᠤᠨᠤᠭ ᠲᠥᠬᠦᠭᠡᠷᠦᠮᠵᠢ ᠶᠢ ᠤᠭᠰᠠᠷᠠᠬᠤ ᠠᠵᠢᠯ ᠪᠦᠬᠦᠨ ᠢᠶᠠᠷ ᠢᠶᠠᠨ ᠳᠠᠭᠤᠰᠴᠤ᠂ ᠳᠠᠷᠠᠭᠠᠴᠢ ᠶᠢᠨ ᠠᠯᠬᠤᠮ ᠳᠤ ᠰᠡᠭᠦᠯᠴᠢ ᠶᠢᠨ ᠬᠤᠭᠤᠴᠠᠭᠠᠨ ᠤ ᠰᠢᠰᠲ᠋ᠥᠮ ᠢ ᠬᠠᠮᠠᠭᠠᠯᠠᠬᠤ ᠪᠠ ᠲᠡᠰ ᠳᠡᠪᠰᠢᠭᠦᠯᠬᠦ ᠠᠵᠢᠯ ᠢ ᠶᠠᠪᠤᠭᠳᠠᠭᠤᠯᠤᠨ᠎ᠠ︔ᠲᠤᠯᠤᠭᠠᠨ ᠨᠡᠭᠦᠷᠡᠰᠦᠨ ᠬᠠᠪᠲᠠᠰᠤᠲᠤ ᠵᠠᠮ ᠪᠠ ᠬᠥᠭᠦᠷᠭᠡ ᠶᠢᠨ ᠭᠤᠯᠳᠤᠩ ᠢ ᠰᠡᠯᠪᠢᠨ ᠵᠠᠰᠠᠬᠤ  ᠫᠷᠤᠭ᠍ᠷᠡᠮ ᠤᠨ ᠵᠠᠮ ᠢ ᠨᠢᠭᠡᠨᠲᠡ ᠳᠡᠪᠢᠰᠴᠦ ᠳᠠᠭᠤᠰᠬᠠᠭᠠᠳ᠂ ᠨᠡᠶᠢᠲᠡ 84 ᠮᠧᠲᠷ ᠲᠤ ᠬᠦᠷᠴᠦ᠂ ᠵᠢᠱᠢᠯᠲᠡ ᠪᠠᠷ 35 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠣᠲᠣ ᠶᠠᠭ ᠬᠥᠭᠦᠷᠭᠡ ᠶᠢᠨ ᠪᠦᠲᠦᠴᠡ ᠶᠢ ᠵᠠᠰᠠᠵᠤ ᠪᠣᠶ᠂ ᠡᠨᠡ ᠬᠤᠶᠠᠷ ᠲᠥᠷᠥᠯ ᠵᠦᠢᠯ ᠢ ᠴᠥᠮ ᠡᠮᠬᠢ ᠵᠢᠷᠤᠮ ᠲᠠᠢ ᠲᠦᠯᠬᠢᠨ ᠠᠬᠢᠭᠤᠯᠵᠤ ᠪᠠᠶᠢᠨ᠎ᠠ᠃ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ‌ᠨᠠᠰᠤᠵᠢᠯ ᠤᠨ ᠠᠰᠠᠷᠠᠮᠵᠢ ᠶᠢᠨ ᠡᠮ ᠡᠮᠨᠡᠯᠭᠡ ᠶᠢᠨ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠶᠢ ᠲᠦᠯᠬᠢᠨ ᠠᠬᠢᠭᠤᠯᠵᠤ᠂ ᠴᠡᠷᠢᠭ ᠠᠴᠠ ᠬᠠᠯᠠᠭᠳᠠᠭᠰᠠᠳ ᠤᠨ ᠮᠡᠳᠡᠭᠡ ᠵᠠᠩᠭᠢ ᠶᠢ ᠪᠦᠷᠢᠳᠬᠡᠬᠦ᠂ ᠵᠡᠮᠳᠡᠭᠴᠦᠳ ᠢ ᠨᠡᠶᠢᠳᠡᠮ ᠪᠠᠶᠢᠴᠠᠭᠠᠬᠤ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠢ ᠳᠠᠩᠰᠠᠯᠠᠬᠤ ᠠᠵᠢᠯ ᠢ ᠲᠡᠭᠦᠯᠳᠡᠷᠵᠢᠭᠦᠯᠵᠦ᠂ ᠬᠥᠳᠡᠯᠦᠩᠭᠦᠢ ᠬᠢᠨᠠᠨ ᠬᠡᠮᠵᠢᠯᠲᠡ᠂ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ᠂ ᠠᠪᠤᠷᠠᠨ ᠲᠤᠰᠠᠯᠠᠬᠤ ᠠᠵᠢᠯ ᠢ ᠡᠷᠤᠭᠡ ᠳᠤ ᠬᠦᠷᠲᠡᠯ᠎ᠡ ᠰᠤᠩᠭᠠᠵᠤ᠂ ᠬᠥᠮᠥᠨ ᠳᠤ ᠬᠦᠷᠲᠡᠯ᠎ᠡ ᠣᠶᠢᠯᠠᠭᠠᠬᠤ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ᠣᠳᠣᠬᠠᠨ ᠳᠤ ᠪᠥᠬᠦ ᠰᠢᠶᠠᠩ ᠳᠤ ᠶᠠᠳᠠᠭᠤ  ᠠᠴᠠ ᠠᠩᠭᠢᠵᠢᠷᠠᠭᠤᠯᠤᠭᠰᠠᠨ ᠡᠷᠦᠬᠡ 575 ᠡᠷᠦᠬᠡ 1135 ᠪᠣᠶ᠂ ᠡᠭᠦᠨ ᠳᠤ ᠶᠠᠳᠠᠭᠤ   ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠭᠥᠷᠳᠡᠬᠦ ᠡᠷᠦᠬᠡ 241 ᠡᠷᠦᠬᠡ 435 ᠪᠠᠶᠢᠵᠤ᠂ ᠶᠠᠳᠠᠭᠤ   ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠭᠥᠷᠳᠡᠬᠦ ᠦᠭᠡᠢ ᠡᠷᠦᠬᠡ 334 ᠡᠷᠦᠬᠡ 700 ᠪᠣᠶ᠃ᠬᠢᠨᠠᠨ ᠬᠡᠮᠵᠢᠬᠦ ᠡᠷᠦᠬᠡ ᠳᠤ 1 ᠡᠷᠦᠬᠡ 1 ᠬᠥᠮᠥᠨ ᠪᠠᠶᠢᠵᠤ᠂ ᠭᠡᠨᠡᠳᠲᠡ ᠶᠢᠨ ᠬᠦᠴᠢᠷᠳᠡᠯ ᠲᠠᠢ ᠡᠷᠦᠬᠡ ᠳᠤ 1 ᠡᠷᠦᠬᠡ 1 ᠬᠥᠮᠥᠨ ᠪᠠᠶᠢᠨ᠎ᠠ᠃ᠪᠥᠬᠦ ᠰᠢᠶᠠᠩ ᠤᠨ ᠬᠢᠨ ᠲᠦᠷᠦᠭᠦᠸ ᠬᠠᠭᠠᠰ ᠵᠢᠯ ᠳᠤ ᠬᠥᠳᠡᠭᠡ ᠲᠣᠰᠬᠤᠨ ᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠨᠥᠬᠦᠪᠦᠷᠢ ᠶᠢ ᠨᠡᠶᠢᠲᠡ 971.8437 ᠲᠦᠮᠡᠨ ᠲᠥᠭᠦᠷᠢᠭ ᠲᠠᠷᠬᠠᠭᠠᠭᠰᠠᠨ ᠪᠠᠶᠢᠨ᠎ᠠ᠃ᠠᠮᠤᠷ ᠲᠦᠪᠰᠢᠨ ᠤ ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠤᠨ᠎ᠠ᠃ᠳᠡᠭᠡᠷ᠎ᠡ ᠬᠠᠭᠠᠰ ᠵᠢᠯ ᠳᠤ 17 ᠠᠵᠤ ᠠᠬᠤᠶᠢᠯᠠᠯ ᠪᠠ ᠰᠢᠲᠠᠮᠠᠬᠠᠢ ᠬᠡᠢ ᠶᠢᠨ ᠬᠡᠷᠡᠭᠯᠡᠯᠲᠡ ᠶᠢ ᠵᠢᠭᠰᠠᠭᠠᠨ ᠪᠠᠶᠢᠴᠠᠭᠠᠵᠤ᠂ 3 ᠠᠮᠤᠷ ᠲᠦᠪᠰᠢᠨ ᠤ ᠳᠠᠯᠳᠠ ᠬᠡᠮ ᠣᠷᠣᠰᠢᠵᠤ᠂ 3 ᠭᠠᠵᠠᠷ ᠢ ᠴᠡᠭᠴᠡᠯᠡᠨ ᠵᠠᠰᠠᠪᠠ ᠃ᠪᠥᠬᠦ ᠰᠢᠶᠠᠩ ᠤᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠣᠬᠢᠶᠠᠨ ᠪᠠᠶᠢᠭᠤᠯᠤᠨ ᠵᠢᠭᠰᠠᠭᠠᠨ ᠪᠠᠶᠢᠴᠠᠭᠠᠵᠤ ᠂ ᠳᠡᠭᠡᠷ᠎ᠡ ᠬᠠᠭᠠᠰ ᠵᠢᠯ ᠳᠤ ᠨᠡᠶᠢᠲᠡ 6212 ᠡᠷᠦᠬᠡ ᠶᠢᠨ ᠥᠪᠡᠰᠦᠪᠡᠨ ᠪᠠᠷᠢᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠬᠡᠮ ᠰᠣᠭᠤᠭ ᠲᠠᠢ ᠥᠪᠡᠰᠦᠪᠡᠨ ᠪᠠᠷᠢᠭᠰᠠᠨ ᠭᠡᠷ ᠪᠠᠶᠢᠰᠢᠩ ᠢ ᠴᠠᠭ ᠲᠤᠬᠠᠢ  ᠳᠤᠨᠢ ᠵᠠᠷᠯᠢᠭ ᠪᠠᠭᠤᠯᠭᠠᠨ ᠨᠤᠷᠠᠭᠠᠬᠤ ᠪᠤᠶᠤ ᠪᠠᠬᠢᠵᠢᠭᠦᠯᠵᠦ᠂ ᠴᠠᠭ ᠲᠤᠬᠠᠢ ᠳᠤᠨᠢ ᠳ᠋ᠤᠭᠠᠷ ᠢ ᠨᠢ ᠬᠦᠴᠦᠨ ᠦᠭᠡᠢ ᠪᠣᠯᠭᠠᠪᠠ᠃ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠬᠢᠨᠠᠨ ᠵᠢᠯᠤᠭᠤᠳᠬᠤ ᠠᠵᠢᠯ ᠢ ᠥᠷᠨᠢᠭᠦᠯᠦᠨ᠎ᠡ᠃ᠪᠥᠬᠦ ᠰᠢᠶᠠᠩ ᠳᠤ ᠣᠲᠣ ᠳᠠᠭᠠᠳᠬᠠᠯ ᠢ ᠳᠠᠭᠠᠭᠠᠴᠢᠯᠠᠭᠰᠠᠨ ᠠᠵᠤ ᠠᠬᠤᠶᠢᠯᠠᠯ 63᠂ C ᠲᠠᠰ ᠤᠨ ᠳᠠᠭᠠᠳᠬᠠᠯ ᠢ ᠳᠠᠭᠠᠭᠠᠴᠢᠯᠠᠭᠰᠠᠨ ᠺᠠᠳ᠋ᠷ 1᠂ D ᠲᠠᠰ ᠤᠨ ᠳᠠᠭᠠᠳᠬᠠᠯ ᠢ ᠳᠠᠭᠠᠭᠠᠴᠢᠯᠠᠭᠰᠠᠨ ᠺᠠᠳ᠋ᠷ 17 ᠪᠠᠶᠢᠵᠤ᠂ C᠂ D ᠲᠠᠰ ᠤᠨ ᠬᠢᠨ ᠲᠣᠰ ᠲᠣᠰ ᠡᠭᠦᠷᠭᠡ ᠶᠢᠨ ᠲᠣᠳᠣᠷᠬᠠᠢ ᠬᠠᠭᠤᠳᠠᠰᠤ᠂ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ᠂ ᠬᠠᠷᠢᠭᠤᠴᠠᠯᠭ᠎ᠠ ᠶᠢᠨ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠨᠡᠶᠢᠲᠡ 63 ᠬᠤᠪᠢ ᠬᠢᠨᠠᠨ ᠵᠢᠯᠤᠭᠤᠳᠴᠤ ᠪᠡᠶᠡᠯᠡᠭᠦᠯᠦᠭᠰᠡᠨ ᠨᠣᠷᠮ᠎ᠠ ᠨᠢ 100% ᠳᠤ ᠬᠥᠷᠪᠡ᠃ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠪᠦᠲᠦᠮᠵᠢᠲᠡᠶ ᠰᠢᠢᠳᠪᠦᠷᠢᠯᠡᠪᠡ᠃ᠱᠠᠲᠤ ᠠᠯᠤᠰᠯᠠᠨ ᠳᠡᠭᠡᠭᠰᠢ ᠰᠤᠷᠪᠤᠯᠵᠢᠯᠠᠬᠤ ᠦᠵᠡᠭᠳᠡᠯ ᠭᠠᠷᠤᠭᠰᠠᠨ ᠦᠭᠡᠢ᠂ ᠳᠡᠭᠡᠷ᠎ᠡ ᠬᠠᠭᠠᠰ ᠵᠢᠯ ᠳᠤ ᠨᠡᠶᠢᠲᠡ 10 ᠤᠳᠠᠭ᠎ᠠ 55 ᠬᠥᠮᠥᠨ ᠤ ᠰᠣᠷᠪᠤᠯᠵᠢᠯᠠᠭ᠎ᠠ  ᠶᠢ ᠬᠦᠯᠢᠶᠡᠨ ᠠᠪᠴᠤ᠂ 10 ᠤᠳᠠᠭ᠎ᠠ  ᠶᠢᠨ ᠵᠥᠷᠢᠴᠡᠯ  ᠢ ᠰᠢᠢᠳᠪᠦᠷᠢᠯᠡᠨ᠂ ᠰᠢᠢᠳᠪᠦᠷᠢᠯᠡᠭᠰᠡᠨ ᠨᠣᠷᠮ᠎ᠠ ᠨᠢ 100% ᠳᠤ ᠬᠦᠷᠴᠡᠢ᠃ᠵᠥᠷᠢᠴᠡᠯ ᠵᠢᠭᠤᠷᠠᠯᠳᠤᠭᠠᠨ ᠢ ᠠᠷᠢᠯᠭᠠᠬᠤ ᠬᠠᠮᠲᠤᠷᠠᠭᠰᠠᠨ ᠦᠢᠯᠡᠴᠢᠯᠡᠭᠡᠨ ᠤ ᠲᠥᠪ ᠲᠤ ᠪᠠᠭ ᠤᠨ ᠪᠦᠷᠢᠯᠳᠦᠭᠦᠨ ᠲᠦᠷᠦᠭᠦᠯᠡᠨ ᠵᠢᠵᠢᠭᠦᠷᠯᠡᠨ ᠰᠣᠷᠪᠤᠯᠵᠢᠯᠠᠭ᠎ᠠ ᠶᠢ ᠬᠦᠯᠢᠶᠡᠨ ᠠᠪᠴᠤ᠂ ᠲᠤᠰᠬᠠᠢ ᠬᠥᠮᠥᠨ 24 ᠴᠠᠭ ᠢᠶᠠᠷ ᠵᠢᠵᠢᠭᠦᠷᠯᠡᠨ ᠰᠠᠬᠢᠵᠤ᠂ ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠰᠢᠢᠳᠪᠦᠷᠢᠯᠡᠵᠦ ᠬᠠᠷᠢᠭᠤ ᠥᠭᠴᠦ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠬᠦᠰᠡᠯ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠥᠭᠴᠦ᠂ ᠳᠡᠭᠡᠷ᠎ᠡ ᠬᠠᠭᠠᠰ ᠵᠢᠯ ᠳᠤ ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠰᠢᠢᠳᠪᠦᠷᠢᠯᠡᠬᠦ 111 ᠬᠡᠷᠡᠭ ᠢ ᠬᠦᠯᠢᠶᠡᠨ ᠠᠪᠴᠤ᠂ 52 ᠬᠡᠷᠡᠭ ᠢ ᠰᠢᠢᠳᠪᠦᠷᠢᠯᠡᠨ ᠳᠠᠭᠤᠰᠬᠠᠵᠤ᠂ 4 ᠬᠡᠷᠡᠭ ᠢ ᠪᠤᠴᠠᠭᠠᠪᠠ᠃     ︵ᠭᠤᠷᠪᠠ︶ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠶᠢ ᠪᠣᠳᠠᠲᠠᠢ ᠠᠳᠬᠤᠨ ᠰᠠᠶᠢᠲᠤᠷ ᠠᠳᠬᠤᠵᠤ᠂ ᠦᠨᠳᠦᠰᠦᠲᠡᠨ ᠤ ᠪᠦᠯᠬᠦᠮᠳᠡᠯ ᠢ ᠪᠠᠬᠢᠵᠢᠭᠦᠯᠦᠨ ᠠᠬᠢᠭᠤᠯᠤᠨ᠎ᠠ     ᠨᠢᠭᠡ ᠳᠤ᠂ ᠡᠷᠦᠬᠡ ᠶᠢᠨ ᠴᠡᠷᠢᠭ ᠤᠨ ᠡᠩᠨᠡᠭᠡ ᠶᠢ ᠪᠠᠶᠢᠭᠤᠯᠤᠨ‌ᠵᠢᠯ ᠤᠨ ᠡᠬᠢᠨ ᠳᠤ ᠲᠣᠭᠲᠠᠭᠠᠭᠰᠠᠨ ᠪᠣᠯᠪᠠᠰᠤᠷᠠᠭᠤᠯᠤᠯ ᠤᠨ ᠲᠥᠯᠥᠪᠯᠡᠭᠡ ᠶᠣᠰᠣᠭᠠᠷ᠂ ᠪᠥᠬᠦ ᠰᠢᠶᠠᠩ ᠤᠨ ᠰᠢᠯᠢᠳᠡᠭ ᠡᠷᠦᠬᠡ ᠶᠢᠨ ᠴᠡᠷᠢᠭ ᠢ ᠪᠠᠶᠢᠩᠭᠤᠵᠢᠭᠤᠯᠤᠨ ᠵᠣᠬᠢᠶᠠᠨ ᠪᠠᠶᠢᠭᠤᠯᠵᠤ ᠪᠦᠬᠦᠯᠢ ᠴᠣᠭᠴᠠ ᠶᠢᠨ ᠬᠡᠪ ᠴᠢᠨᠠᠷ ᠪᠠ ᠪᠣᠳᠠᠲᠤ ᠪᠠᠶᠢᠯᠳᠤᠭᠠᠨ ᠤ ᠰᠣᠷᠢᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠰᠢᠶᠠᠩ ᠤᠨ 30 ᠺᠠᠳ᠋ᠷ ᠬᠦᠴᠢᠷ ᠪᠡᠷᠬᠡᠰᠢᠶᠡᠯ ᠢ ᠢᠯᠠᠨ ᠳᠠᠪᠠᠵᠤ ᠬᠤᠰᠢᠭᠤᠨ ᠤ ᠵᠡᠪᠰᠡᠭᠲᠦ ᠬᠦᠴᠦᠨ ᠤ ᠬᠡᠯᠲᠡᠰ ᠤᠨ ᠵᠣᠬᠢᠶᠠᠨ ᠪᠠᠶᠢᠭᠤᠯᠤᠭᠰᠠᠨ ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠭᠤᠯᠤᠯ ᠳᠤ ᠣᠷᠣᠯᠴᠠᠪᠠ᠃ᠬᠤᠶᠠᠷ ᠲᠤ᠂ ︽ᠨᠢᠭᠡ ᠵᠢᠯ ᠳᠤ ᠬᠤᠶᠠᠷ ᠤᠳᠠᠭ᠎ᠠ ᠲᠠᠲᠠᠪᠤᠷᠢᠯᠠᠬᠤ︾ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ 5 ᠰᠠᠷ᠎ᠠ ᠳᠤ ᠪᠥᠬᠦ ᠰᠢᠶᠠᠩ ᠤᠨ ᠴᠡᠷᠢᠭ ᠡᠯᠰᠡᠬᠦ ᠠᠵᠢᠯ ᠤᠨ ᠬᠤᠷᠠᠯᠳᠤᠭᠠᠨ ᠢ ᠬᠤᠷᠠᠯᠳᠤᠭᠤᠯᠵᠤ᠂ 2023 ᠣᠨ ᠤ ᠳᠡᠭᠡᠷ᠎ᠡ ᠬᠠᠭᠠᠰ ᠵᠢᠯ ᠳᠤ 23 ᠬᠥᠮᠥᠨ ᠴᠡᠷᠢᠭ ᠡᠯᠰᠡᠬᠦ ᠠᠵᠢᠯ ᠳᠤ ᠨᠡᠷ᠎ᠡ ᠮᠡᠳᠡᠭᠦᠯᠵᠦ᠂ 20 ᠬᠥᠮᠥᠨ ᠪᠡᠶ᠎ᠡ ᠶᠢᠨ ᠪᠠᠶᠢᠴᠠᠭᠠᠯᠲᠠ ᠳᠤ ᠣᠷᠣᠯᠴᠠᠵᠤ᠂ 7 ᠬᠥᠮᠥᠨ ᠴᠥᠮ ᠬᠢᠷᠢ ᠲᠡᠩᠴᠡᠵᠦ᠂ ᠬᠠᠮᠤᠭ ᠤᠨ ᠰᠡᠭᠦᠯ ᠳᠤ 6 ᠬᠥᠮᠥᠨ ᠴᠡᠷᠢᠭ ᠲᠤ ᠣᠷᠣᠵᠠᠢ᠃ᠭᠤᠷᠪᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠬᠤᠰᠢᠭᠤ︾ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ 5 ᠳ᠋ᠤᠭᠠᠷ ᠰᠠᠷ᠎ᠠ ᠳᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ ᠬᠥᠳᠡᠭᠡ ᠲᠣᠰᠬᠤᠨ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠦᠨᠡᠨ ᠬᠦ ᠠᠬᠢᠭᠤᠯᠪᠠ᠃     ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ:     ᠠᠮᠵᠢᠯᠲᠠ ᠪᠠᠨ ᠨᠤᠲᠠᠯᠠᠬᠤ ᠶᠢᠨ ᠵᠡᠷᠭᠡᠴᠡᠭᠡᠪᠡᠷ ᠪᠢᠳᠡ ᠪᠠᠰᠠ ᠣᠷᠣᠰᠢᠵᠤ ᠪᠠᠶᠢᠭ᠎ᠠ ᠠᠰᠠᠭᠤᠳᠠᠯ ᠪᠠᠰᠠ ᠨᠡᠯᠢᠶᠡᠳ ᠤᠯᠠᠨ ᠪᠠᠶᠢᠵᠤ᠂ ᠲᠤᠯᠭᠠᠷᠠᠵᠤ ᠪᠠᠶᠢᠭ᠎ᠠ ᠥᠷᠢᠰᠦᠯᠳᠦᠭᠡᠨ ᠪᠠᠰᠠ ᠨᠡᠯᠢᠶᠡᠳ ᠶᠡᠭᠡ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠄ ᠨᠢᠭᠡ ᠳᠤ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠢᠷᠢ ᠬᠡᠮᠵᠢᠶ᠎ᠡ ᠨᠡᠯᠢᠶᠡᠳ ᠳᠣᠣᠷ᠎ᠠ ᠪᠠᠶᠢᠵᠤ᠂ ᠬᠡᠪᠴᠢᠶᠡᠵᠢᠯᠲᠡ ᠪᠠ ᠵᠣᠬᠢᠶᠠᠨ ᠪᠠᠶᠢᠭᠤᠯᠤᠯᠲᠠᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠤᠳᠤ ᠦᠶ᠎ᠡ ᠶᠢᠨ ᠥᠨᠳᠥᠷ ᠪᠦᠲᠦᠮᠵᠢᠲᠡᠶ ᠲᠠᠷᠢᠶᠠᠯᠠᠩ ᠢ ᠬᠥᠭᠵᠢᠭᠦᠯᠬᠦ ᠡᠭᠦᠷᠭᠡ ᠬᠦᠨᠳᠦ ᠵᠠᠮ ᠬᠤᠯᠠ ᠪᠠᠶᠢᠨ᠎ᠠ᠃ᠬᠤᠶᠠᠷ ᠲᠤ ᠤᠯᠠᠨ ᠨᠡᠶᠢᠲᠡ ᠶᠢᠨ ᠦᠢᠯᠡᠴᠢᠯᠡᠭᠡ ᠪᠠ ᠰᠠᠭᠤᠷᠢ ᠲᠥᠬᠦᠭᠡᠷᠦᠮᠵᠢ ᠮᠥᠨ ᠯᠡ ᠪᠠᠭᠤᠷᠠᠢ ᠪᠠᠶᠢᠵᠤ᠂ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠦᠰᠡᠯ ᠡᠷᠡᠮᠡᠯᠵᠡᠯ ᠯᠦᠭᠡ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ;ᠭᠤᠷᠪᠠ ᠳᠤ ᠵᠠᠰᠠᠭ ᠤᠨ ᠣᠷᠳᠣᠨ ᠤ ᠦᠢᠯᠡᠴᠢᠯᠡᠭᠡᠨ ᠤ ᠤᠬᠠᠮᠰᠠᠷ ᠪᠠ ᠠᠵᠢᠯ ᠤᠨ ᠦᠷ᠎ᠡ ᠪᠦᠲᠦᠮᠵᠢ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ;ᠳᠥᠷᠪᠡ ᠳᠤ ᠭᠠᠴᠠᠭᠠᠨ ᠤ ᠬᠠᠮᠲᠤ ᠶᠢᠨ ᠠᠵᠤ ᠠᠬᠤᠢ ᠪᠠᠭᠤᠷᠠᠢ ᠪᠠᠶᠢᠵᠤ᠂ ᠨᠡᠩ ᠥᠨᠳᠥᠷ ᠲᠦᠪᠰᠢᠨ ᠳᠡᠭᠡᠷᠡᠬᠢ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠶᠢ ᠬᠢᠵᠠᠭᠠᠷᠯᠠᠵᠤ ᠪᠠᠶᠢᠬᠤ ᠵᠡᠷᠭᠡ ᠪᠣᠯᠣᠨ᠎ᠠ᠃ᠡᠲᠡᠭᠡᠷ ᠠᠰᠠᠭᠤᠳᠠᠯ ᠳᠤ ᠴᠢᠭᠯᠡᠭᠦᠯᠦᠨ᠂ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ 2023 ᠣᠨ ᠤ ᠳᠣᠣᠷ᠎ᠠ ᠬᠠᠭᠠᠰ ᠵᠢᠯ ᠤᠨ ᠠᠵᠢᠯ ᠤᠨ ᠳᠤᠮᠳᠠ ᠪᠠᠨ ᠬᠢᠨᠠᠮᠠᠭᠠᠢ ᠰᠢᠢᠳᠪᠦᠷᠢᠯᠡᠨ᠎ᠡ᠃ᠬᠤᠶᠠᠷ᠂ 2023 ᠣᠨ ᠤ ᠳᠣᠣᠷ᠎ᠠ ᠬᠠᠭᠠᠰ ᠵᠢᠯ ᠤᠨ ᠠᠵᠢᠯ ᠤᠨ ᠲᠥᠯᠥᠪᠯᠡᠭᠡ     ︵ᠨᠢᠭᠡ︶ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠺᠠᠳ᠋ᠷ ᠤᠨ ᠡᠩᠨᠡᠭᠡᠨ ᠤ ᠦᠵᠡᠯ ᠰᠠᠨᠠᠭ᠎ᠠ ᠪᠠ ᠤᠯᠤᠰ ᠲᠦᠷᠦ ᠶᠢᠨ ᠪᠠᠶᠢᠭᠤᠯᠤᠯᠲᠠ ᠶᠢ ᠪᠣᠳᠠᠲᠠᠢ ᠪᠠᠷ ᠠᠳᠬᠤᠨ᠎ᠠ᠃ᠨᠢᠭᠡ ᠳᠤ ᠰᠢᠶᠠᠩ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠳᠦᠷᠢᠮ ᠢ ᠪᠠᠷᠢᠮᠲᠠᠯᠠᠨ᠎ᠠ᠃ᠪᠦᠲᠦᠮᠵᠢᠲᠡᠢ ᠰᠤᠷᠤᠯᠴᠠᠬᠤ ᠲᠥᠯᠥᠪᠯᠡᠭᠡ ᠶᠢ ᠲᠣᠭᠲᠠᠭᠠᠵᠤ᠂ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠰᠤᠷᠤᠯᠴᠠᠵᠤ᠂ ᠤᠳᠤᠷᠢᠳᠬᠤ ᠪᠠᠭ ᠤᠨ ᠪᠦᠷᠢᠯᠳᠦᠭᠦᠨ ᠤ ᠤᠯᠤᠰ ᠲᠦᠷᠦ ᠶᠢᠨ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ᠬᠤᠶᠠᠷ ᠲᠤ᠂ ᠬᠥᠳᠡᠭᠡ ᠲᠣᠰᠬᠤᠨ ᠤ ᠨᠠᠮ ᠤᠨ ᠭᠡᠰᠢᠭᠦᠨ ᠺᠠᠳ᠋ᠷ ᠤᠨ ᠰᠤᠷᠤᠯᠴᠠᠯᠭ᠎ᠠ ᠪᠣᠯᠪᠠᠰᠤᠷᠠᠯ ᠢ ᠪᠣᠳᠠᠲᠠᠢ ᠠᠳᠬᠤᠬᠤ ᠬᠡᠷᠡᠭᠲᠡᠢ᠃ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠦᠵᠡᠯ ᠤᠬᠠᠮᠰᠠᠷ ᠤᠨ ᠬᠡᠯᠪᠡᠷᠢ᠂ ᠵᠡᠪᠰᠡᠭᠲᠦ ᠬᠦᠴᠦᠨ᠂ ᠱᠠᠰᠢᠨ ᠰᠤᠷᠲᠠᠬᠤᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠬᠦ ᠵᠡᠷᠭᠡ ᠠᠭᠤᠯᠭ᠎ᠠ ᠶᠢ ᠪᠣᠯᠪᠠᠰᠤᠷᠠᠯ ᠤᠨ ᠬᠡᠪᠴᠢᠶᠡᠨ ᠳᠤ ᠭᠤᠣᠯᠳᠠᠯᠭ᠎ᠠ ᠲᠠᠢ ᠪᠠᠷ ᠣᠷᠣᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠨᠠᠷᠢᠯᠢᠭ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃     ︵ᠬᠤᠶᠠᠷ︶ ᠭᠤᠣᠯᠳᠠᠯᠭ᠎ᠠ ᠲᠠᠢ ᠲᠥᠷᠥᠯ ᠵᠦᠢᠯ ᠢ ᠰᠠᠶᠢᠲᠤᠷ ᠠᠳᠬᠤᠵᠤ ᠤᠬᠠᠭᠠᠯᠠᠨ ᠠᠬᠢᠭᠤᠯᠤᠨ᠎ᠠ᠃ᠨᠢᠭᠡ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠪᠡᠶᠡᠯᠡᠭᠦᠯᠦᠨ᠎ᠡ᠃ᠵᠠᠯᠭᠠᠵᠤ ᠠᠪᠤᠭᠰᠠᠨ 226 ᠲᠦᠮᠡᠨ ᠮᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠲᠥᠪᠯᠡᠷᠡᠨ ᠵᠠᠯᠭᠠᠯᠳᠤᠭᠰᠠᠨ ᠵᠢᠱᠢᠶ᠎ᠡ ᠦᠵᠡᠭᠦᠯᠬᠦ ᠣᠷᠣᠨ ᠢ 69 ᠲᠦᠮᠡᠨ ᠮᠤ ᠪᠤᠢ ᠪᠣᠯᠭᠠᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠪᠡ᠃ᠬᠤᠶᠠᠷ ᠲᠤ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠤᠨ᠎ᠠ᠃ᠬᠤᠰᠢᠭᠤᠨ ᠤ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠺᠣᠮᠫᠠᠨᠢ ᠲᠠᠢ ᠬᠠᠮᠵᠢᠯᠴᠠᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠰᠡᠯᠡᠭᠦᠴᠡᠨ ᠵᠤᠭᠠᠴᠠᠬᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠭᠠᠷᠭᠠᠵᠤ᠂ ᠤᠯᠠᠭᠠᠨᠬᠦᠦ ᠶᠢᠨ ᠬᠠᠭᠤᠴᠢᠨ ᠰᠠᠭᠤᠴᠠ᠂ ᠬᠤᠪᠢᠰᠬᠠᠯ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠬᠤᠵᠢᠷᠯᠢᠭ ᠭᠠᠵᠠᠷ ᠢ ᠥᠭᠡᠷᠡᠴᠢᠯᠡᠨ ᠵᠠᠰᠠᠬᠤ ᠦᠵᠡᠮᠵᠢ ᠶᠢᠨ ᠨᠠᠭᠤᠷ ᠪᠠ ᠣᠶᠤᠨ ᠤ ᠡᠵᠡᠮᠳᠡᠯ ᠤᠨ ᠲᠥᠪ᠂ ᠣᠲᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠵᠡᠷᠭᠡ ᠶᠢ ᠬᠡᠯᠬᠢᠶ᠎ᠡ ᠱᠤᠭᠤᠮ ᠪᠣᠯᠭᠠᠵᠤ᠂ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠨ᠎ᠠ᠃     ︵ᠭᠤᠷᠪᠠ︶ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠬᠦᠴᠦᠲᠡᠢ ᠠᠬᠢᠭᠤᠯᠤᠨ᠎ᠠ᠃ᠨᠢᠭᠡ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠴᠢᠨᠠᠷ ᠰᠠᠶᠢᠲᠠᠢ ᠠᠵᠤ ᠠᠬᠤᠶᠢᠯᠠᠯ ᠢ ᠲᠡᠳᠡᠨ ᠠᠪᠴᠢᠷᠠᠵᠤ ᠠᠰᠢᠭᠯᠠᠯᠲᠠ ᠳᠤ ᠣᠷᠣᠭᠤᠯᠵᠤ᠂  ᠲᠠᠶᠢᠭ᠎ᠠ ᠮᠣᠳᠤ ᠲᠣᠰᠬᠤᠨ ᠤ ᠰᠢᠨ᠎ᠡ ᠬᠡᠯᠪᠡᠷᠢ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢᠨ ᠪᠠᠷᠢᠯᠭ᠎ᠠ ᠶᠢᠨ ᠮᠠᠲ᠋ᠧᠷᠢᠶᠠᠯ ᠪᠣᠯᠪᠠᠰᠤᠷᠠᠭᠤᠯᠬᠤ ᠲᠥᠷᠥᠯ ᠵᠦᠢᠯ ᠨᠢᠭᠡᠨᠲᠡ ᠠᠩᠬ᠎ᠠ ᠠᠯᠬᠤᠮ ᠤᠨ ᠰᠠᠨᠠᠮᠵᠢ ᠲᠠᠢ ᠪᠣᠯᠪᠠ ᠃ ᠭᠠᠵᠠᠷ ᠤᠨ ᠢᠯᠴᠢ ᠶᠢᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠠᠵᠤ ᠠᠬᠤᠶᠢᠯᠠᠯ ᠤᠨ ᠵᠦᠢ ᠵᠣᠬᠢᠰᠲᠠᠢ ᠠᠰᠢᠭᠯᠠᠵᠤ ᠨᠡᠭᠡᠭᠡᠨ ᠬᠥᠭᠵᠢᠭᠦᠯᠬᠦ ᠲᠠᠢ ᠢᠳᠡᠪᠬᠢᠲᠡᠢ ᠵᠣᠯᠭᠠᠭᠤᠯᠬᠤ ᠬᠡᠷᠡᠭᠲᠡᠢ᠃ᠬᠤᠶᠠᠷ ᠲᠤ ᠳᠠᠪᠠᠭᠤᠯᠢᠭ ᠠᠵᠤ ᠠᠬᠤᠶᠢᠯᠠᠯ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ᠲᠠᠷᠢᠶᠠᠯᠠᠩ ᠤᠨ ᠨᠠᠷᠠᠲᠤ ᠲᠥᠷᠥᠯ ᠲᠡᠮᠳᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠤᠤᠯ ᠤᠨ ᠪᠠᠶᠢᠭᠰᠠᠨ ᠰᠠᠭᠤᠷᠢᠨ ᠳᠡᠭᠡᠷ᠎ᠡ᠂ ᠠᠮᠠᠨ ᠬᠠᠪᠲᠠᠰᠤᠨ ᠠᠮᠲᠠᠲᠤ ᠬᠡᠮᠬᠡ ᠶᠢᠨ ᠡᠷᠬᠢᠨ ᠲᠣᠭᠤᠷᠢᠨ ᠤ ᠳᠠᠷᠢᠬᠤ ᠲᠠᠯᠠᠪᠠᠶ ᠶᠢ 5000 ᠮᠦ ᠨᠥᠯᠥᠭᠡᠯᠡᠨ ᠳᠠᠶᠢᠴᠢᠯᠠᠵᠤ᠂ ᠺᠥᠴᠢᠨ ᠲᠣᠰᠬᠤᠨ ᠤ ᠰᠢᠨ᠎ᠡ ᠪᠠᠷ ᠪᠠᠶᠢᠭᠤᠯᠤᠭᠰᠠᠨ ᠬᠦᠢᠲᠡᠨ ᠬᠥᠮᠥᠷᠭᠡ ᠶᠢ ᠭᠦᠢᠴᠡᠳ ᠠᠰᠢᠭᠯᠠᠨ᠂ ᠺᠥᠴᠢᠨ ᠲᠣᠰᠬᠤᠨ ᠤ ᠵᠢᠵᠢᠭ ᠲᠠᠷᠪᠤᠰ ᠤᠨ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠥᠷᠭᠡᠳᠬᠡᠨ᠎ᠡ᠃ᠭᠤᠷᠪᠠ ᠳᠤ ᠮᠠᠯᠵᠢᠯ ᠤᠨ ᠲᠠᠯᠠᠪᠠᠶ ᠶᠢᠨ ᠡᠷᠴᠢᠮᠵᠢᠭᠦᠯᠦᠭᠰᠡᠨ᠂ ᠬᠡᠪᠴᠢᠶᠡᠵᠢᠭᠦᠯᠦᠭᠰᠡᠨ ᠡᠵᠡᠩᠨᠡᠯᠲᠡ ᠶᠢ ᠦᠷᠭᠦᠯᠵᠢᠯᠡᠨ ᠠᠬᠢᠭᠤᠯᠤᠨ᠎ᠠ᠃︽ᠨᠢᠭᠡ ᠡᠪᠡᠰᠦ ᠠᠴᠠ ᠨᠢᠭᠡ ᠴᠣᠮᠣ ᠰᠦ᠋ ᠬᠦᠷᠲᠡᠯ᠎ᠡ︾ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠬᠠᠷᠠᠯᠲᠠ ᠶᠢ ᠠᠬᠢᠭᠤᠯᠬᠤ ᠳᠤ ᠰᠠᠭᠤᠷᠢ ᠶᠢ ᠰᠠᠶᠢᠲᠤᠷ ᠲᠠᠯᠪᠢᠵᠤ᠂ ᠪᠥᠬᠦ ᠬᠤᠰᠢᠭᠤᠨ ᠤ ᠰᠦ᠋ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠪᠠᠲᠤᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃     ︵ᠳᠥᠷᠪᠡ︶ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢ ᠵᠡᠷᠭᠡᠪᠡᠷ ᠳᠡᠭᠡᠭᠰᠢᠯᠡᠭᠦᠯᠦᠨ᠎ᠡ᠃ᠨᠢᠭᠡ ᠳᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ᠬᠤᠶᠠᠷ ᠲᠤ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠶᠡᠬᠡᠪᠡᠷ ᠥᠷᠨᠢᠭᠦᠯᠵᠦ᠂ ᠬᠠᠷᠢᠶ᠎ᠠ ᠣᠷᠣᠨ ᠤ ᠳᠣᠲᠣᠷᠠᠬᠢ ᠲᠣᠭᠲᠠᠭᠰᠠᠨ ᠴᠠᠭ ᠦᠭᠡᠢ ᠪᠠᠶᠢᠳᠠᠯ ᠳᠤ ᠲᠣᠭᠤᠷᠢᠨ ᠪᠠᠶᠢᠴᠠᠭᠠᠯᠲᠠ ᠬᠢᠵᠦ᠂ ᠡᠰᠢ ᠰᠦᠷᠡᠯ ᠢ ᠬᠤᠷᠢᠶᠠᠨ ᠠᠪᠴᠤ ᠶᠡᠷᠦᠩᠬᠡᠶᠢᠯᠡᠨ ᠠᠰᠢᠭᠯᠠᠬᠤ ᠠᠷᠭ᠎ᠠ ᠬᠡᠮᠵᠢᠶ᠎ᠡ ᠶᠢ ᠤᠬᠠᠭᠤᠯᠵᠤ᠂ ᠭᠠᠯ ᠤᠨ ᠴᠡᠭ ᠢ ᠢᠯᠡᠷᠡᠭᠦᠯᠪᠡᠯ ᠴᠢᠩᠭ᠎ᠠ ᠰᠢᠢᠳᠪᠦᠷᠢᠯᠡᠬᠦ ᠬᠡᠷᠡᠭᠲᠡᠢ᠃ᠭᠤᠷᠪᠠ ᠳᠤ ᠭᠠᠴᠠᠭᠠᠨ ᠤ ᠳᠣᠲᠣᠷᠠᠬᠢ ᠵᠡᠭᠡᠯᠢ ᠭᠤᠳᠤᠮᠵᠢ ᠪᠠ ᠵᠠᠮ ᠢ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ᠴᠢ ᠲᠠᠨ  ᠪᠠᠨ ᠲᠣᠰᠬᠤᠨ ᠤ ᠵᠠᠮ ᠪᠣᠯᠣᠨ ᠬᠥᠭᠦᠷᠭᠡ ᠶᠢᠨ ᠭᠤᠯᠳᠤᠩ ᠢ ᠰᠡᠯᠪᠢᠨ ᠵᠠᠰᠠᠬᠤ ᠲᠥᠷᠥᠯ ᠵᠦᠢᠯ ᠪᠣᠯᠣᠨ ᠪᠧᠢ ᠶᠤᠸᠠᠨ ᠽᠢ ᠲᠣᠰᠬᠤᠨ ᠤ ᠤᠤᠭᠤᠬᠤ ᠤᠰᠤ ᠶᠢ ᠪᠠᠬᠢᠵᠢᠭᠦᠯᠦᠨ ᠳᠡᠭᠡᠭᠰᠢᠯᠡᠭᠦᠯᠬᠦ ᠲᠥᠷᠥᠯ ᠵᠦᠢᠯ ᠢ ᠢᠳᠡᠪᠬᠢᠲᠡᠢ ᠪᠠᠷ ᠪᠡᠶᠡᠯᠡᠭᠦᠯᠵᠦ᠂ ᠠᠶᠢᠯ ᠲᠣᠰᠬᠤᠨ ᠤ ᠢᠵᠢ ᠪᠦᠷᠢᠳᠦᠭᠦᠯᠬᠦ ᠪᠡᠯᠡᠳᠬᠡᠮᠵᠢ ᠶᠢ ᠡᠮᠬᠢ ᠵᠢᠷᠤᠮ ᠲᠠᠢ ᠲᠡᠭᠦᠯᠳᠡᠷᠵᠢᠭᠦᠯᠦᠨ᠎ᠡ᠃     ︵ᠲᠠᠪᠤ︶ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ ᠠᠷᠠᠳ ᠲᠦᠮᠡᠨ ᠤ ᠪᠤᠶᠠᠨ ᠵᠢᠷᠭᠠᠯ ᠢ ᠳᠡᠭᠡᠭᠰᠢᠯᠡᠭᠦᠯᠦᠨ᠎ᠡ᠃ᠨᠢᠭᠡ ᠳᠤ᠂ ᠲᠣᠣᠷᠵᠢᠭᠤᠯᠤᠭᠰᠠᠨ ᠦᠢᠯᠡᠴᠢᠯᠡᠭᠡ ᠬᠠᠮᠢᠶᠠᠷᠤᠯᠲᠠ ᠪᠠᠷ ᠬᠦᠴᠦᠯᠡᠬᠦ ᠴᠡᠭ ᠪᠣᠯᠭᠠᠵᠤ᠂ ᠵᠥᠷᠢᠴᠡᠯ ᠵᠠᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠪᠠ ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠰᠢᠢᠳᠪᠦᠷᠢᠯᠡᠵᠦ ᠬᠠᠷᠢᠭᠤ ᠥᠭᠴᠦ ᠰᠢᠢᠳᠪᠦᠷᠢᠯᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠠᠷᠠᠳ ᠤᠯᠠᠨ ᠤ ᠬᠦᠰᠡᠯ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠥᠭᠭᠦᠨ᠎ᠡ᠃ᠬᠤᠶᠠᠷ ᠲᠤ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠠᠵᠢᠯ ᠠᠯᠳᠠᠯᠲᠠ᠂ ᠦᠷᠡᠵᠢᠯ᠂ ᠠᠵᠢᠯ ᠤᠨ ᠭᠡᠮᠲᠦᠯ ᠤᠨ ᠳᠠᠭᠠᠳᠬᠠᠯ ᠵᠡᠷᠭᠡ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ ᠶᠢᠨ ︽ᠬᠤᠶᠠᠷ ᠬᠠᠷᠢᠭᠤᠴᠠᠯᠭ᠎ᠠ︾ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃                      ᠲᠠᠪᠤᠨᠰᠠᠶᠢᠨ ᠰᠢᠶᠠᠩ ᠤᠨ ᠠᠷᠠᠳ ᠤᠨ ᠵᠠᠰᠠᠭ ᠤᠨ ᠣᠷᠳᠣᠨ                                     2023 ᠣᠨ ᠤ 9 ᠰᠠᠷ᠎ᠠ ᠶᠢᠨ 27 
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号