ᠲᠦᠮᠡᠳ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠨᠢᠭᠡᠳᠦᠭᠡᠷ ᠬᠤᠭᠤᠴᠠᠭᠠᠨ ᠤ ᠺᠣᠮᠢᠰ ᠤᠨ ᠵᠢᠷᠭᠤᠳᠤᠭᠠᠷ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/4
     8 ᠰᠠᠷ᠎ᠠ ᠶᠢᠨ 31 ᠤ ᠡᠳᠦᠷ᠂ ᠲᠦᠮᠡᠳ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠬᠤᠷᠠᠯᠳᠤᠪᠠ᠃     ᠬᠤᠷᠠᠯ  ᠠᠴᠠ ᠲᠦᠮᠡᠳ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠪᠠᠶᠢᠩᠭᠤ ᠶᠢᠨ ᠭᠡᠰᠢᠭᠦᠨ ᠢ ᠰᠣᠩᠭᠤᠪᠠ᠃ ᠶᠠᠩ ᠵᠢᠶᠠᠨ ᠵᠦᠩ ᠲᠦᠮᠡᠳ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠨᠢᠭᠡᠳᠦᠭᠡᠷ ᠬᠤᠭᠤᠴᠠᠭᠠᠨ ᠤ ᠵᠥᠪᠯᠡᠯ ᠤᠨ ᠲᠡᠷᠢᠭᠦᠯᠡᠭᠴᠢ ᠪᠠᠷ ᠰᠣᠩᠭᠤᠭᠳᠠᠪᠠ᠃ ᠶᠡᠭᠡ ᠲᠦᠮᠡᠳ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠨᠢᠭᠡᠳᠦᠭᠡᠷ ᠬᠤᠭᠤᠴᠠᠭᠠᠨ ᠤ ᠵᠥᠪᠯᠡᠯ ᠤᠨ ᠳᠡᠳ᠋ ᠲᠡᠷᠢᠭᠦᠯᠡᠭᠴᠢ ᠪᠠᠷ ᠰᠣᠩᠭᠤᠭᠳᠠᠪᠠ᠃     ᠲᠦᠮᠡᠳ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠤᠳᠠᠭ᠎ᠠ ᠶᠢᠨ ᠪᠥᠬᠦᠳᠡ ︵ᠥᠷᠭᠡᠳᠬᠡᠭᠰᠡᠨ︶ ᠬᠤᠷᠠᠯ ᠢ ᠶᠠᠩ ᠵᠢᠶᠠᠨ ᠵᠥᠩ ᠡᠷᠭᠢᠯᠡᠪᠡ ᠃ ᠶᠡᠭᠡ ᠲᠦᠮᠡᠳ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ︽ᠬᠦᠴᠦ ᠪᠠᠨ ᠬᠠᠮᠲᠤᠳᠬᠠᠨ ᠬᠦᠴᠦ ᠪᠠᠨ ᠬᠠᠮᠲᠤᠳᠬᠠᠵᠤ ᠰᠢᠪᠲᠤᠯᠤᠯᠲᠠ ᠶᠢ ᠲᠡᠮᠡᠴᠡᠨ ᠰᠢᠨ᠎ᠡ ᠵᠠᠮ ᠢ ᠡᠬᠢᠯᠡᠭᠦᠯᠬᠦ ᠪᠠᠷ ᠴᠢᠷᠮᠠᠶᠢᠵᠤ ᠥᠷᠭᠡᠨ ᠤᠯᠠᠨ ᠠᠵᠢᠯᠲᠠᠳ ᠢ ᠪᠦᠯᠬᠦᠮᠳᠡᠭᠦᠯᠦᠨ ᠲᠠᠶᠢᠴᠢᠯᠠᠵᠤ ᠲᠦᠮᠡᠳ ᠵᠡᠭᠦᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠭᠤᠶᠢᠳᠠ ᠰᠠᠶᠢᠬᠠᠨ ᠬᠠᠷᠢᠭᠤᠯᠲᠠ ᠶᠢᠨ ᠬᠠᠭᠤᠳᠠᠰᠤ ᠶᠢᠨ ᠠᠵᠢᠯᠴᠢᠨ ᠤ ᠡᠪᠯᠡᠯ ᠤᠨ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠵᠡᠢ᠃     ᠢᠯᠡᠳᠬᠡᠯ ᠳᠤ ᠤᠨᠤᠯ ᠢᠶᠠᠷ ᠵᠡᠪᠰᠡᠭᠯᠡᠬᠦ᠂ ᠠᠵᠢᠯᠲᠠᠨ ᠠᠵᠢᠯᠴᠢᠨ ᠤ ᠦᠵᠡᠯ ᠰᠠᠨᠠᠭᠠᠨ ᠤ ᠵᠢᠯᠣᠭᠤᠳᠤᠯᠭ᠎ᠠ ᠶᠢ ᠭᠦᠨᠵᠡᠭᠡᠶᠢᠷᠡᠭᠦᠯᠦᠭᠰᠡᠨ ᠠᠴᠠ ᠰᠢᠨ᠎ᠡ ᠦᠷ᠎ᠡ ᠪᠦᠲᠦᠮᠵᠢ ᠣᠯᠪᠠ︔ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠳᠤ ᠰᠢᠨ᠎ᠡ‌ᠠᠵᠢᠯᠲᠠᠨ ᠠᠵᠢᠯᠴᠢᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠬᠡ ᠠᠰᠢᠭ ᠢᠶᠠᠨ ᠬᠠᠮᠠᠭᠠᠯᠠᠬᠤ ᠦᠢᠯᠡᠴᠢᠯᠡᠭᠡᠨ ᠤ ᠶᠠᠰᠤ ᠴᠢᠨᠠᠷ ᠢ ᠰᠢᠨ᠎ᠡ‌ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠨᠠᠮ ᠤᠨ ᠪᠠᠶᠢᠭᠤᠯᠤᠯᠲᠠ ᠪᠠᠷ ᠠᠵᠤ ᠦᠢᠯᠡᠳᠪᠦᠷᠢ ᠶᠢᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ ᠶᠢ ᠳᠠᠶᠢᠴᠢᠯᠠᠬᠤ ᠬᠡᠷᠡᠭᠲᠡᠢ︔ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ᠂ ᠠᠵᠢᠯᠴᠢᠨ ᠤ ᠡᠪᠯᠡᠯ ᠤᠨ ᠲᠤᠰ ᠪᠡᠶ᠎ᠡ ᠶᠢᠨ ᠪᠠᠶᠢᠭᠤᠯᠤᠯᠲᠠ ᠰᠢᠨ᠎ᠡ ᠰᠢᠪᠲᠤᠯᠤᠯᠲᠠ ᠲᠠᠢ ᠪᠣᠯᠤᠭᠰᠠᠨ ᠲᠠᠪᠤᠨ ᠲᠠᠯ᠎ᠠ ᠪᠠᠷ ᠳᠡᠭᠡᠷ᠎ᠡ ᠨᠢᠭᠡ ᠱᠠᠲᠤᠨ ᠤ ᠠᠵᠢᠯᠴᠢᠨ ᠤ ᠡᠪᠯᠡᠯ ᠤᠨ ᠠᠵᠢᠯ ᠤᠨ ᠪᠠᠶᠢᠳᠠᠯ ᠢ ᠳ᠋ᠦᠩᠨᠡᠪᠡ᠃ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ ᠲᠠᠷᠠᠭᠠᠴᠢ ᠶᠢᠨ ᠱᠠᠲᠤᠨ ᠤ ᠪᠥᠬᠦ ᠬᠤᠰᠢᠭᠤᠨ ᠤ ᠠᠵᠢᠯᠴᠢᠨ ᠤ ᠡᠪᠯᠡᠯ ᠤᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠵᠢᠯᠴᠢᠨ ᠠᠩᠭᠢ ᠪᠠ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠬᠤᠰᠢᠭᠤᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠶᠢ ᠴᠢᠩᠭᠠᠳᠬᠠᠵᠤ᠂ ᠡᠷᠬᠡ ᠪᠠᠨ ᠬᠠᠮᠠᠭᠠᠯᠠᠬᠤ ᠦᠢᠯᠡᠴᠢᠯᠡᠭᠡ ᠶᠢ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠢᠨ᠎ᠡ ᠭᠠᠷᠤᠭ᠎ᠠ ᠳᠤ ᠰᠠᠭᠤᠷᠢᠯᠠᠨ᠂ ᠠᠵᠢᠯᠴᠢᠨ ᠤ ᠡᠪᠯᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠵᠤ ᠂ ᠥᠷᠭᠡᠨ ᠣᠯᠠᠨ ᠠᠵᠢᠯᠲᠠᠨ ᠠᠵᠢᠯᠴᠢᠨ ᠢ ᠪᠦᠯᠬᠦᠮᠳᠡᠭᠦᠯᠦᠨ ᠳᠠᠶᠢᠴᠢᠯᠠᠵᠤ ᠪᠠᠶᠢᠭᠠᠳ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠲᠦᠮᠡᠳ ᠵᠡᠭᠦᠨ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢᠨ ᠲᠥᠯᠥᠭᠡ ᠴᠢᠷᠮᠠᠶᠢᠨ ᠲᠡᠮᠡᠴᠡᠭᠦᠯᠦᠨ᠎ᠡ᠃     ᠬᠤᠷᠠᠯ ᠤᠨ ᠱᠠᠭᠠᠷᠳᠠᠯᠭ᠎ᠠ     ᠪᠥᠬᠦ ᠬᠤᠰᠢᠭᠤᠨ ᠤ ᠡᠯ᠎ᠡ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠠᠵᠢᠯᠲᠠᠨ ᠠᠵᠢᠯᠴᠢᠨ ᠤ ᠦᠵᠡᠯ ᠰᠠᠨᠠᠭ᠎ᠠ ᠤᠯᠤᠰ ᠲᠥᠷᠥ  ᠶᠢᠨ ᠠᠵᠢᠯ  ᠢ ᠨᠠᠷᠢᠨ ᠨᠢᠮᠪᠠᠢ ᠰᠠᠶᠢᠲᠤᠷ ᠬᠢᠵᠦ᠂ ᠥᠷᠭᠡᠨ ᠣᠯᠠᠨ ᠠᠵᠢᠯᠲᠠᠨ ᠠᠵᠢᠯᠴᠢᠨ  ᠢ ᠳᠠᠭᠠᠭᠤᠯᠤᠨ ᠨᠠᠮ ᠤᠨ ᠠᠴᠢ  ᠶᠢ ᠮᠡᠳᠡᠷᠡᠵᠦ᠂ ᠨᠠᠮ ᠤᠨ ᠦᠭᠡ  ᠶᠢ ᠰᠣᠨᠣᠰᠴᠤ᠂ ᠨᠠᠮ  ᠢ ᠳᠠᠭᠠᠵᠤ᠂ ᠨᠠᠮ  ᠠᠴᠠ ᠠᠵᠢᠯᠴᠢᠨ ᠤ ᠡᠪᠯᠡᠯ ᠳᠤ ᠲᠤᠰᠢᠶᠠᠭᠰᠠᠨ ᠡᠭᠦᠷᠭᠡ  ᠶᠢ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠲᠤᠷ ᠪᠡᠶᠡᠯᠡᠭᠦᠯᠬᠦ ᠬᠡᠷᠡᠭᠲᠡᠢ᠃︽ᠳᠤᠮᠳᠠᠳᠤ ᠶᠢᠨ ᠵᠡᠭᠦᠳᠦ·ᠬᠥᠳᠡᠯᠮᠦᠷᠢ ᠶᠢᠨ ᠭᠤᠸ᠎ᠠ ᠰᠠᠶᠢᠬᠠᠨ︾ᠰᠢᠷᠢᠰ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ︽ᠤᠯᠠᠨ ᠲᠦᠮᠡᠨ ᠲᠠᠢ ᠣᠶᠢᠷᠠᠲᠤᠬᠤ︾᠂︽ᠬᠠᠯᠠᠭᠤᠨ ᠠᠭᠤᠷ ᠭᠠᠷᠭᠠᠬᠤ︾᠂︽ᠴᠤᠭ ᠵᠢᠪᠬᠤᠭ᠎ᠠ ᠲᠠᠢ ᠪᠠᠶᠢᠬᠤ︾ᠠᠷᠭ᠎ᠠ ᠬᠡᠯᠪᠡᠷᠢ ᠪᠠᠷ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠲᠤᠪᠤᠶᠢᠯᠭᠠᠬᠤ ᠬᠡᠷᠡᠭᠲᠡᠢ᠃ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠠᠵᠢᠯᠴᠢᠨ ᠠᠩᠭᠢ ᠶᠢᠨ ᠭᠤᠣᠯ ᠬᠦᠴᠦᠨ ᠤ ᠦᠢᠯᠡᠳᠦᠯ ᠢ ᠭᠦᠢᠴᠡᠳ ᠳᠠᠶᠢᠴᠢᠯᠠᠨ ᠪᠠᠳᠠᠷᠠᠭᠤᠯᠵᠤ᠂ ᠲᠦᠮᠡᠳ ᠵᠡᠭᠦᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃     ᠬᠤᠷᠠᠯ ᠳᠡᠭᠡᠷ᠎ᠡ ᠪᠠᠰᠠ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠺᠠᠳ᠋ᠷᠴᠤᠳ ᠤᠨ ᠮᠡᠳᠡᠯᠭᠡ ᠶᠢ ᠥᠷᠢᠰᠦᠯᠳᠦᠭᠦᠯᠦᠨ ᠬᠠᠷᠢᠭᠤᠯᠬᠤ ᠠᠵᠢᠯᠯᠠᠭ᠎ᠠ ᠶᠢ ᠥᠷᠨᠢᠭᠦᠯᠪᠡ᠃ᠲᠦᠮᠡᠳ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠨᠢᠭᠡᠳᠦᠭᠡᠷ ᠬᠤᠭᠤᠴᠠᠭᠠᠨ ᠤ ᠵᠥᠪᠯᠡᠯ ᠤᠨ ᠭᠡᠰᠢᠭᠦᠨ᠂ ᠴᠡᠯᠡᠭᠡᠷ ᠲᠠᠯ᠎ᠠ ᠰᠦ᠋ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠡᠯ᠎ᠡ ᠰᠢᠶᠠᠩ ᠪᠠᠯᠭᠠᠰᠤ᠂ ᠣᠷᠣᠨ ᠪᠦᠰᠡ ᠶᠢᠨ ᠦᠢᠯᠡᠴᠢᠯᠡᠭᠡᠨ ᠤ ᠲᠥᠪ ᠂ ᠡᠯ᠎ᠡ ᠨᠢᠭᠡᠴᠡ ᠰᠠᠯᠠᠭ᠎ᠠ ᠮᠥᠴᠢᠷ ᠤᠨ ᠠᠵᠢᠯᠴᠢᠨ ᠤ ᠡᠪᠯᠡᠯ ᠤᠨ ᠲᠡᠷᠢᠭᠦᠯᠡᠭᠴᠢ ᠬᠤᠷᠠᠯ ᠳᠤ ᠣᠷᠣᠯᠴᠠᠵᠠᠢ᠃ 
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ ᠂ ᠠᠵᠢᠯᠴᠢᠨ ᠤ ᠶᠡᠷᠦᠩᠬᠡᠢ ᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号