ᠡᠷᠢᠶᠡᠨ ᠤᠯᠠᠭ᠎ᠠ ᠦᠷᠳᠡᠭᠡ᠄ ᠲᠦᠮᠡᠨ ᠭᠠᠵᠠᠷ ᠤᠨ ᠴᠠᠢ ᠶᠢᠨ ᠵᠠᠮ ᠳᠡᠭᠡᠷᠡᠬᠢ ᠬᠡᠷᠡᠯᠳᠦ ᠰᠤᠪᠤᠳ
ᠨᠡᠶᠢᠲᠡᠯᠡᠭᠰᠡᠨ ᠴᠠᠭ᠄
2023/9/7
     ᠡᠷᠢᠶᠡᠨ ᠤᠯᠠᠭ᠎ᠠ ᠦᠷᠳᠡᠭᠡ ︵ᠤᠳᠤ ᠶᠢᠨ ᠡᠷᠢᠶᠡᠨ ᠬᠤᠳᠠ︶ ᠪᠣᠯ ᠲᠦᠮᠡᠨ ᠭᠠᠵᠠᠷ ᠤᠨ ᠴᠠᠢ ᠶᠢᠨ ᠵᠠᠮ ᠤᠨ ︽ᠵᠠᠩ ᠺᠦ᠋ ᠶᠡᠭᠡ ᠵᠠᠮ︾ ᠤᠨ ᠭᠤᠣᠯ ᠵᠠᠮ ᠤᠨ ᠴᠢᠬᠤᠯᠠ ᠥᠷᠲᠡᠭᠡᠨ ᠤ ᠨᠢᠭᠡ ᠪᠣᠯᠣᠨ᠎ᠠ᠃ ᠲᠡᠷᠡ ᠨᠢ ᠣᠳᠣᠬᠠᠨ ᠳᠤ ᠤᠯᠤᠰ ᠤᠨ ᠳᠣᠲᠣᠭᠠᠳᠤ ᠳᠤ ᠬᠤᠪᠣᠷᠬᠠᠨ ᠦᠯᠡᠳᠡᠵᠦ ᠪᠠᠶᠢᠭ᠎ᠠ ᠤᠯᠠᠭ᠎ᠠ ᠥᠷᠲᠡᠭᠡᠨ ᠤ ᠪᠠᠭᠤᠷᠢ ᠪᠠᠶᠢᠵᠤ᠂ ᠡᠷᠲᠡᠨ ᠤ ᠤᠯᠠᠭ᠎ᠠ ᠥᠷᠲᠡᠭᠡᠨ ᠤ ᠳᠦᠷᠢᠮ᠂ ᠳᠠᠪᠤᠰᠤᠨ ᠤ ᠰᠣᠶᠣᠯ᠂ ᠣᠷᠣᠨ ᠪᠦᠰᠡ ᠶᠢᠨ ᠲᠡᠦᠬᠡ ᠶᠢᠨ ᠤᠯᠠᠷᠢᠯ ᠬᠤᠪᠢᠰᠤᠯ ᠵᠡᠷᠭᠡ ᠶᠢ ᠰᠤᠳᠤᠯᠬᠤ ᠳᠤ ᠣᠷᠣᠯᠠᠭᠤᠯᠵᠤ ᠪᠣᠯᠣᠰᠢ ᠦᠭᠡᠢ ᠦᠢᠯᠡᠳᠦᠯ ᠲᠠᠢ ᠶᠤᠮ᠃ ᠪᠠᠭᠤᠷᠢ ᠠᠴᠠ ᠶᠡᠭᠡ ᠬᠡᠮᠵᠢᠶᠡᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠠᠭᠤᠳᠠᠯᠵᠤ ᠭᠠᠷᠭᠠᠭᠰᠠᠨ ᠨᠢ ᠦᠨᠳᠦᠰᠦᠲᠡᠨ ᠤ ᠰᠣᠶᠣᠯ ᠤᠨ ᠰᠣᠯᠢᠯᠴᠠᠭ᠎ᠠ᠂ ᠣᠨᠴᠠᠭᠠᠶᠢᠯᠠᠨ ᠳᠤᠮᠳᠠᠳᠤ ᠥᠷᠥᠨᠡᠳᠠᠬᠢᠨ ᠤ ᠰᠣᠶᠣᠯ ᠪᠦᠭᠦᠨ ᠢ ᠪᠠᠭᠲᠠᠭᠠᠨ ᠬᠠᠳᠠᠭᠠᠯᠠᠵᠤ᠂ ᠤᠯᠠᠨ ᠡᠰᠢᠲᠦ ᠠᠭᠤᠰᠤᠯᠴᠠᠯ ᠳᠤ ᠰᠢᠭᠤᠳ ᠭᠡᠷᠡᠴᠢ ᠪᠠᠷᠢᠮᠲᠠ ᠬᠠᠩᠭᠠᠭᠰᠠᠨ ᠪᠠᠶᠢᠨ᠎ᠠ᠃
C:\Users\bch\Desktop\9.07  文化\文化1111.png
              ᠡᠷᠢᠶᠡᠨ ᠤᠯᠠᠭ᠎ᠠ ᠥᠷᠲᠡᠭᠡᠨ ᠤ ᠪᠠᠭᠤᠷᠢ ᠶᠢ ᠨᠢᠰᠬᠡᠯ ᠢᠶᠠᠷ ᠰᠡᠭᠦᠳᠡᠷᠯᠡᠭᠰᠡᠨ ᠭᠡᠷᠡᠯ ᠵᠢᠷᠤᠭ     ︽ᠵᠠᠩ ᠺᠦ᠋ ᠶᠡᠭᠡ ᠵᠠᠮ︾ ᠤᠨ ᠤᠯᠠᠭ᠎ᠠ ᠥᠷᠲᠡᠭᠡᠨ ᠤ ᠲᠡᠦᠬᠡᠨ ᠦᠯᠢᠭᠡᠷ     ᠤᠯᠠᠭ᠎ᠠ ᠥᠷᠲᠡᠭᠡ ᠰᠢᠶᠠ ᠱᠠᠩ ᠤᠯᠤᠰ ᠤᠨ ᠦᠶ᠎ᠡ ᠳᠤ ᠡᠭᠦᠰᠴᠦ᠂ ᠴᠢᠨ ᠬᠠᠨ ᠤᠯᠤᠰ ᠤᠨ ᠦᠶ᠎ᠡ ᠳᠤ ᠪᠦᠷᠢᠯᠳᠦᠨ᠂ ᠶᠤᠸᠠᠨ ᠤᠯᠤᠰ ᠤᠨ ᠦᠶ᠎ᠡ ᠪᠤᠯᠬᠤ ᠳᠤ ᠪᠠᠶᠢᠭᠤᠯᠤᠮᠵᠢ ᠨᠢ ᠤᠯᠠᠮ ᠲᠡᠭᠦᠯᠳᠡᠷᠵᠢᠵᠡᠢ᠃ ᠮᠢᠩ ᠴᠢᠩ ᠤᠯᠤᠰ ᠠᠴᠠ ᠡᠮᠦᠨ᠎ᠡ᠂ ᠤᠮᠠᠷᠠᠲᠤ ᠣᠷᠣᠨ ᠤ ᠲᠠᠯ᠎ᠠ ᠨᠤᠲᠤᠭ ᠲᠤ ᠳᠤᠮᠳᠠᠳᠤ ᠤᠯᠤᠰ ᠬᠢᠭᠡᠳ ᠡᠸᠦ᠋ᠷᠦᠫᠡ ᠠᠽᠢᠶ᠎ᠠ ᠶᠢᠨ ᠳᠣᠲᠣᠭᠠᠳᠤ ᠬᠠᠭᠤᠷᠠᠢ ᠶᠢᠨ ᠣᠯᠠᠨ ᠤᠯᠤᠰ ᠵᠢᠴᠢ ᠭᠠᠵᠠᠷ ᠣᠷᠣᠨ ᠢ ᠬᠤᠯᠪᠣᠭᠰᠠᠨ ᠲᠠᠯ᠎ᠠ ᠨᠤᠲᠤᠭ ᠤᠨ ᠲᠣᠷᠭᠠᠨ ᠵᠠᠮ ᠨᠡᠪᠲᠡ ᠣᠷᠣᠰᠢᠵᠤ ᠪᠠᠶᠢᠭᠰᠠᠨ ᠢᠶᠠᠷ᠂ ᠥᠨᠢ ᠤᠳᠠᠭᠠᠨ ᠲᠡᠦᠬᠡ ᠲᠠᠢ ᠪᠥᠭᠡᠳ ᠠᠯᠤᠰ ᠭᠡᠳᠦ ᠶᠢᠨ ᠨᠥᠯᠥᠭᠡ ᠲᠠᠢ ᠶᠤᠮ᠃     ︽ᠳᠤᠮᠳᠠᠳᠤ ᠤᠯᠤᠰ ᠤᠨ ᠤᠯᠤᠰ ᠤᠨ ᠲᠡᠦᠬᠡ︾ ᠳᠤ ᠨᠢ ᠢᠦᠢ ᠫᠢᠩ᠂ ᠼᠦᠢ ᠰᠧ ᠫᠧᠩ ᠤᠨ ᠵᠣᠬᠢᠶᠠᠨ ᠨᠠᠶᠢᠷᠠᠭᠤᠯᠤᠭᠰᠠᠨ ︽ᠲᠦᠮᠡᠨ ᠭᠠᠵᠠᠷ ᠤᠨ ᠴᠠᠢ ᠶᠢᠨ ᠵᠠᠮ᠄ ᠴᠢᠩ ᠤᠯᠤᠰ ᠤᠨ ᠦᠶ᠎ᠡ ᠶᠢᠨ ᠳᠤᠮᠳᠠᠳᠤ ᠣᠷᠣᠰ ᠤᠨ ᠴᠠᠢ ᠶᠢᠨ ᠠᠷᠠᠯᠵᠢᠶ᠎ᠠ ᠬᠤᠳᠠᠯᠳᠤᠭ᠎ᠠ ᠬᠢᠭᠡᠳ ᠤᠮᠠᠷᠠᠲᠤ ᠶᠢᠨ ᠲᠠᠯ᠎ᠠ ᠨᠤᠲᠤᠭ ᠤᠨ ᠲᠣᠷᠭᠠᠨ ᠵᠠᠮ︾ ᠳᠤ ᠲᠡᠮᠳᠡᠭᠯᠡᠭᠰᠡᠨ ᠢᠶᠠᠷ᠄ ᠮᠢᠩ ᠤᠯᠤᠰ ᠤᠨ ᠦᠶ᠎ᠡ ᠳᠤ ᠶᠢᠰᠦᠨ ᠬᠢᠯᠢ ᠶᠢᠨ ︵ᠲᠤᠰ ᠪᠦᠷᠢ ᠯᠢᠶᠣᠤᠳᠦ᠋ᠩ᠂ ᠵᠢᠢ ᠵᠧᠨ᠂ ᠰᠢᠤᠸᠠᠨ ᠹᠦ᠋᠂ ᠳ᠋ᠠᠲ᠋ᠦ᠋ᠩ᠂ ᠱᠠᠨ ᠰᠢ᠂ ᠢᠤᠶᠢᠯᠢᠨ᠂ ᠨᠢᠩᠰᠢᠶᠠ᠂ ᠭᠠᠨᠰᠤ᠂ ᠭᠦᠶᠤᠸᠠᠨ︶ᠣᠷᠣᠨ ᠳᠤ ᠴᠢᠬᠤᠯᠠ ᠪᠠᠯᠭᠠᠰᠤ ᠪᠠᠶᠢᠭᠤᠯᠵᠤ᠂ ᠤᠷᠲᠤ ᠴᠠᠭᠠᠨ ᠬᠡᠷᠡᠮ ᠳᠠᠭᠠᠤ ︽ᠵᠠᠬ᠎ᠠ ᠶᠢᠨ ᠠᠷᠠᠯᠵᠢᠶ᠎ᠠ︾ ᠶᠢ ᠬᠡᠷᠡᠭᠵᠢᠭᠦᠯᠵᠡᠢ᠃ ᠢᠩᠭᠢᠵᠦ ᠲᠦᠮᠡᠨ ᠭᠠᠵᠠᠷ ᠤᠨ ᠴᠠᠢ ᠶᠢᠨ ᠵᠠᠮ ᠪᠤᠶ ᠪᠣᠯᠪᠠ᠃
C:\Users\bch\Desktop\9.07  文化\文化2222.png
              ᠡᠷᠢᠶᠡᠨ ᠤᠯᠠᠭ᠎ᠠ ᠥᠷᠲᠡᠭᠡ ᠶᠢ ᠰᠡᠷᠭᠦᠭᠡᠭᠰᠡᠨ ᠵᠢᠷᠤᠭ     ᠴᠢᠩ ᠤᠯᠤᠰ ᠤᠨ ᠡᠩᠬᠡ ᠠᠮᠤᠭᠤᠯᠠᠩ ᠤᠨ ᠭᠤᠴᠢᠳᠤᠭᠠᠷ ᠣᠨ ︵ᠨᠠᠶᠢᠳᠠ ᠶᠢᠨ ᠣᠨ ᠲᠣᠭᠠᠯᠠᠯ ᠤᠨ1691 ᠣᠨ︶ ᠳᠤ ᠥᠪᠥᠷ ᠮᠣᠩᠭᠤᠯ ᠣᠷᠣᠨ ᠳᠤ ᠤᠯᠠᠭ᠎ᠠ ᠥᠷᠲᠡᠭᠡᠨ ᠤ ᠳᠦᠷᠢᠮ ᠢ ᠵᠢᠩᠬᠢᠨᠢ ᠪᠠᠷ ᠪᠠᠶᠢᠭᠤᠯᠵᠠᠢ᠃ ᠪᠠᠶᠠᠰᠬᠤᠯᠠᠩ ᠬᠠᠳᠠᠲᠤ ᠬᠠᠭᠠᠯᠭ᠎ᠠ᠂ ᠮᠣᠯᠲᠣᠰᠢ ᠬᠠᠭᠠᠯᠭ᠎ᠠ᠂ ᠥᠷᠥᠭᠡᠰᠦᠨ ᠴᠢᠯᠠᠭᠤᠲᠤ ᠬᠠᠭᠠᠯᠭ᠎ᠠ᠂ ᠴᠢᠭᠤᠯᠤᠯᠲᠤ ᠬᠠᠭᠠᠯᠭ᠎ᠠ᠂ ᠱᠦᠷᠭᠡᠢ ᠬᠠᠭᠠᠯᠭ᠎ᠠ ᠵᠡᠷᠭᠡ 5 ᠵᠠᠮ ᠤᠨ ᠤᠯᠠᠭ᠎ᠠ ᠥᠷᠲᠡᠭᠡ ᠶᠢ ᠪᠠᠶᠢᠭᠤᠯᠵᠤ᠂ ᠤᠯᠠᠭ᠎ᠠ ᠥᠷᠲᠡᠭᠡ ᠶᠢ ᠪᠠᠶᠢᠭᠤᠯᠤᠭᠰᠠᠨ ᠨᠢ ᠴᠠᠢ ᠶᠢᠨ ᠵᠠᠮ ᠤᠨ ᠰᠠᠭᠠᠳ ᠦᠭᠡᠢ ᠨᠡᠪᠲᠡᠷᠡᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃︽ᠵᠠᠩ ᠺᠦ᠋ ᠶᠡᠭᠡ ᠵᠠᠮ︾ ᠭᠡᠳᠡᠭ ᠨᠢ ᠴᠢᠭᠤᠯᠤᠯᠲᠤ ᠬᠠᠭᠠᠯᠭ᠎ᠠ ᠶᠢᠨ ᠶᠡᠭᠡ ᠬᠢᠯᠢ ᠶᠢᠨ ᠭᠠᠳᠠᠨᠠᠬᠢ ᠪᠠᠷᠠᠭᠤᠨ ᠭᠤᠤ ᠠᠴᠠ ᠤᠯᠠᠭᠠᠨᠪᠠᠭᠠᠲᠤᠷ ᠲᠤ ᠬᠦᠷᠴᠦ᠂ ᠲᠠᠭᠢᠭᠠᠳ ᠣᠷᠣᠰ ᠤᠨ ᠬᠢᠶᠠᠭᠲᠤ ᠳᠤ ᠬᠦᠷᠬᠦ ᠨᠢᠭᠡᠨ ᠴᠢᠬᠤᠯᠠ ᠡᠷᠲᠡᠨ ᠤ ᠬᠤᠳᠠᠯᠳᠤᠭᠠᠨ ᠤ ᠵᠠᠮ ᠪᠣᠯᠣᠨ᠎ᠠ᠃     ︽ᠵᠠᠩ ᠺᠦ᠋ ᠶᠡᠭᠡ ᠵᠠᠮ︾ ᠪᠣᠯ ᠪᠣᠭᠤᠮᠲᠠ ᠶᠢᠨ ᠭᠠᠳᠠᠨᠠᠬᠢ ᠴᠢᠬᠤᠯᠠ ᠪᠠᠯᠭᠠᠰᠤ ᠴᠢᠭᠤᠯᠤᠯᠲᠤ ᠬᠠᠭᠠᠯᠭ᠎ᠠ ︵ᠾᠧᠪᠧᠢ︶ ᠠᠴᠠ ᠮᠣᠷᠳᠠᠵᠤ᠂ ᠮᠣᠩᠭᠤᠯ ᠤᠨ ᠲᠠᠯ᠎ᠠ ᠨᠤᠲᠤᠭ ᠤᠨ ᠳᠣᠲᠣᠷ᠎ᠠ ᠭᠠᠵᠠᠷ ᠤᠨ ᠬᠤᠲᠠ - ᠤᠯᠠᠭᠠᠨᠪᠠᠭᠠᠲᠤᠷ︵ᠲᠤᠬᠠᠢ ᠶᠢᠨ ᠦᠶ᠎ᠡ ᠳᠤ ᠬᠦᠷᠢᠶ᠎ᠡ ᠭᠡᠵᠦ ᠪᠠᠶᠢᠪᠠ︶ ᠲᠤ ᠨᠡᠪᠲᠡᠷᠡᠬᠦ ᠪᠥᠭᠡᠳ ᠣᠷᠣᠰ ᠤᠨ ᠬᠢᠶᠠᠭᠲᠤ ᠳᠤ ᠬᠦᠷᠬᠦ ᠠᠷᠠᠯᠵᠢᠶ᠎ᠠ ᠬᠤᠳᠠᠯᠳᠤᠭᠠᠨ ᠤ ᠠᠴᠢᠶ᠎ᠠ ᠲᠡᠭᠡᠭᠡᠪᠦᠷᠢᠯᠡᠨ ᠪᠣᠷᠣᠯᠠᠭᠤᠯᠬᠤ ᠱᠤᠭᠤᠮ ᠪᠣᠯᠣᠨ᠎ᠠ᠂ ᠪᠦᠭᠦ ᠣᠷᠳᠣ ᠨᠢ 1400 ᠭᠠᠷᠤᠢ ᠺᠢᠯᠣᠮᠧᠲᠷ ᠪᠠᠶᠢᠵᠤ᠂︽ᠮᠢᠩ ᠤᠯᠤᠰ ᠤᠨ ᠦᠶ᠎ᠡ ᠠᠴᠠ ᠡᠬᠢᠯᠡᠵᠦ᠂ ᠴᠢᠩ ᠤᠯᠤᠰ ᠤᠨ ᠦᠶ᠎ᠡ ᠳᠤ ᠬᠥᠭᠵᠢᠨ ᠮᠠᠨᠳᠤᠵᠤ᠂ ᠢᠷᠭᠡᠨ ᠤᠯᠤᠰ ᠤᠨ ᠦᠶ᠎ᠡ ᠳᠤ ᠳᠣᠷᠣᠶᠢᠲᠠᠵᠤ ᠡᠬᠢᠯᠡᠵᠡᠢ︾᠃     ︽ᠴᠢᠭᠤᠯᠤᠯᠲᠤ ᠬᠠᠭᠠᠯᠭ᠎ᠠ ᠶᠢᠨ ᠰᠣᠶᠣᠯ ᠲᠡᠦᠬᠡ ᠶᠢᠨ ᠮᠠᠲ᠋ᠧᠷᠢᠶᠠᠯ︾ ᠳᠤ᠄ ︽ᠵᠠᠩ ᠺᠦ᠋ ᠶᠡᠭᠡ ᠵᠡᠮ ᠪᠣᠯ ᠤᠷᠳᠦ ᠤᠳᠠᠭᠠᠨ ᠲᠡᠦᠬᠡ ᠲᠠᠢ᠂ ᠲᠤᠯᠦᠭᠠᠠ ᠵᠠᠭᠤ ᠭᠠᠷᠤᠢ ᠵᠢᠯ ᠤᠨ ᠡᠮᠦᠨ᠎ᠡ᠂ ᠶᠤᠸᠠᠨ ᠤᠯᠤᠰ ᠪᠡᠭᠡᠵᠢᠩ ᠳᠤ ᠨᠡᠶᠢᠰᠯᠡᠵᠦ᠂ ᠯᠢᠩᠪᠸᠢ ᠣᠷᠣᠨ ᠳᠠᠬᠢ ᠨᠣᠶᠠᠷᠬᠠᠯ ᠢᠶᠠᠨ ᠴᠢᠩᠭᠠᠳᠬᠠᠬᠤ ᠶᠢᠨ ᠲᠥᠯᠥᠭᠡ ᠡᠨᠡ ᠬᠦ ᠭᠤᠸᠠᠨ ᠮᠠ ᠶᠡᠭᠡ ᠵᠡᠮ ᠢ ᠨᠡᠭᠡᠭᠡᠭᠰᠡᠨ ᠶᠤᠮ᠂ ᠭᠡᠪᠡᠴᠦ ᠵᠥᠪᠭᠡᠨ ︿ᠬᠢᠯᠢ ᠶᠢᠨ ᠪᠠᠶᠢᠳᠠᠯ ᠢ ᠣᠶᠢᠯᠠᠭᠠᠵᠤ ᠬᠢᠯᠢ ᠪᠠᠷ ᠨᠡᠪᠲᠡᠷᠡᠭᠦᠯᠬᠦ᠂ ᠵᠠᠷᠯᠢᠭ ᠪᠠᠭᠤᠯᠭᠠᠬᠤ﹀ ᠳᠤ ᠯᠠ ᠬᠡᠷᠡᠭᠯᠡᠳᠡᠭ︾ ᠭᠡᠰᠡᠨ ᠲᠡᠮᠳᠡᠭᠯᠡᠯ ᠲᠠᠢ᠃ ᠡᠳᠡᠭᠡᠷ ᠤᠯᠠᠭ᠎ᠠ ᠥᠷᠲᠡᠭᠡ ᠨᠢ ︽ᠬᠠᠭᠠᠨ ᠤ ᠡᠯᠴᠢ ᠢᠷᠡᠵᠤ ᠠᠮᠠᠷᠠᠬᠤ ᠳᠤ ᠬᠡᠷᠡᠭᠯᠡᠬᠦ ᠮᠥᠷᠲᠡᠭᠡᠨ᠂ ᠪᠠᠰᠠ ᠨᠠᠭᠠᠰᠢ ᠴᠠᠭᠠᠰᠢ ᠢᠷᠡᠵᠤ ᠶᠠᠪᠤᠬᠤ ᠬᠤᠳᠠᠯᠳᠤᠭᠠᠴᠢᠨ ᠢ ᠭᠥᠯᠢᠶᠡᠨ ᠠᠪᠴᠤ ᠵᠣᠴᠢᠯᠠᠳᠠᠭ︾᠃     ︽ᠵᠠᠩ ᠺᠦ᠋ ᠶᠡᠭᠡ ᠵᠠᠮ︾ᠨᠡᠭᠡᠭᠡᠭᠳᠡᠭᠰᠡᠨ ᠤ ᠳᠠᠷᠠᠭ᠎ᠠ᠂ ᠵᠠᠮ ᠳᠠᠭᠠᠤ ᠵᠢᠴᠢ ᠲᠡᠭᠦᠨ ᠤ ᠨᠥᠯᠥᠭᠡᠯᠡᠬᠦ ᠬᠡᠪᠴᠢᠶ᠎ᠡ ᠨᠢ ᠮᠠᠰᠢ ᠲᠦᠷᠭᠡᠨ ᠢᠶᠠᠷ ᠵᠠᠩᠪᠧᠢ︵ᠣᠲᠣ ᠶᠢᠨ ᠾᠧᠪᠧᠢ ᠮᠤᠵᠢ ᠶᠢᠨ ᠵᠠᠩᠪᠧᠢ ᠰᠢᠶᠠᠨ︶᠂ ᠪᠡᠶᠢᠰᠡ ᠶᠢᠨ ᠰᠦᠮ᠎ᠡ ︵ᠣᠲᠣ ᠶᠢᠨ ᠥᠪᠥᠷ ᠮᠣᠩᠭᠤᠯ ᠤᠨ ᠰᠢᠯᠢᠩᠬᠤᠲᠠ︶᠂ ᠳᠣᠯᠣᠨ ᠨᠤᠤᠷ ︵ᠣᠲᠣ ᠶᠢᠨ ᠥᠪᠥᠷ ᠮᠣᠩᠭᠤᠯ ᠤᠨ ᠲᠤᠯᠤᠨ ᠨᠤᠤᠷ ᠰᠢᠶᠠᠨ︶᠂ ᠭᠦᠢᠬᠤᠸᠠ ︵ᠣᠲᠣ ᠶᠢᠨ ᠥᠪᠥᠷ ᠮᠣᠩᠭᠤᠯ ᠤᠨ ᠭᠦᠭᠡᠬᠤᠲᠠ︶᠂ ᠬᠤᠪᠳᠣ ︵ᠣᠲᠣ ᠶᠢᠨ ᠮᠣᠩᠭᠤᠯ ᠤᠯᠤᠰ ᠤᠨ ᠪᠠᠷᠠᠭᠤᠨ ᠬᠡᠰᠡᠭ ᠤᠨ ᠬᠤᠲᠠ︶᠂ ᠡᠷᠢᠶᠡᠨ ︵ᠣᠲᠣ ᠶᠢᠨ ᠥᠪᠥᠷ ᠮᠣᠩᠭᠤᠯ ᠤᠨ ᠡᠷᠢᠶᠡᠨ ᠬᠤᠲᠠ︶ ᠵᠡᠷᠭᠡ ᠠᠷᠪᠠᠨ ᠬᠡᠳᠦᠨ ᠬᠤᠳᠠᠯᠳᠤᠭᠠᠨ ᠤ ᠬᠤᠲᠠ ᠪᠠᠯᠭᠠᠰᠤ ᠪᠤᠶ ᠪᠣᠯᠵᠠᠢ᠃     ᠮᠠᠲ᠋ᠧᠷᠢᠶᠠᠯ ᠳᠤ ᠲᠡᠮᠳᠡᠭᠯᠡᠭᠰᠡᠨ ᠢᠶᠠᠷ᠂ ᠲᠤᠬᠠᠢ ᠶᠢᠨ ᠦᠶ᠎ᠡ ᠳᠤ ᠴᠢᠭᠤᠯᠤᠯᠲᠤ ᠬᠠᠭᠠᠯᠭ᠎ᠠ ᠠᠴᠠ ᠬᠦᠷᠢᠶ᠎ᠡ ᠬᠦᠷᠬᠦ ᠳᠤ᠂ ᠮᠣᠷᠢᠲᠤ ᠴᠡᠷᠢᠭ 40 ᠡᠳᠦᠷ ᠠᠴᠠ ᠳᠡᠭᠡᠭᠰᠢ ᠶᠠᠪᠤᠵᠤ᠂ ᠦᠬᠡᠷ ᠲᠡᠷᠭᠡ 60 ᠡᠳᠦᠷ ᠬᠡᠷᠡᠭᠰᠡᠳᠡᠭ ᠪᠠᠶᠢᠵᠤ ᠭᠡᠨ᠎ᠠ; ᠡᠪᠦᠯ ᠬᠠᠪᠤᠷ ᠤᠨ ᠬᠤᠶᠠᠷ ᠤᠯᠠᠷᠢᠯ ᠤᠨ ᠲᠡᠭᠡᠭᠡᠪᠦᠷᠢ ᠶᠢ ᠭᠤᠣᠯ ᠨᠢ ᠲᠡᠮᠡᠭᠡᠨ ᠳᠤ ᠲᠦᠰᠢᠵᠦ᠂ ᠪᠠᠷᠤᠭ 35 ᠬᠤᠨᠤᠭ ᠶᠠᠪᠤᠭᠠᠳ ᠬᠦᠷᠢᠶ᠎ᠡ ᠳᠤ ᠬᠦᠷᠴᠦ᠂ ᠳᠠᠷᠠᠭ᠎ᠠ ᠨᠢ ᠭᠤᠣᠯ ᠭᠠᠲᠤᠯᠵᠤ ᠬᠢᠶᠠᠭᠲᠤ ᠳᠤ ᠭᠦᠷᠳᠡᠭ᠃ ᠴᠠᠢ ᠶᠢᠨ ᠠᠷᠠᠯᠵᠢᠶ᠎ᠠ ᠶᠢᠨ ᠬᠥᠭᠵᠢᠯ ᠮᠠᠨᠳᠤᠯ ᠤᠨ ᠦᠶ᠎ᠡ ᠳᠤ᠂ ᠴᠠᠢ ᠶᠢᠨ ᠵᠠᠮ ᠳᠡᠭᠡᠷ᠎ᠡ ᠲᠡᠮᠡᠭᠡᠨ ᠵᠢᠩ ᠤᠨ ᠠᠩᠭᠢ ᠣᠯᠠᠨ ᠬᠠᠷᠠᠭᠳᠠᠵᠤ᠂ ᠴᠥᠷᠬᠡᠯᠡᠭᠡ ᠲᠡᠮᠡᠭᠡ᠂ ᠵᠢᠭᠳᠡᠷᠡᠭᠰᠡᠨ ᠬᠤᠳᠠᠯᠳᠤᠭᠠᠴᠢᠨ ᠤ ᠡᠩᠨᠡᠭᠡ ᠲᠡᠷᠡ ᠦᠶ᠎ᠡ ᠶᠢᠨ ᠨᠢᠭᠡᠨ ᠭᠤᠶᠤ ᠦᠵᠡᠮᠵᠢ ᠪᠣᠯᠣᠨ ᠪᠦᠷᠢᠯᠳᠦᠭᠦᠯᠦᠭᠰᠡᠨ ᠪᠢᠯᠡ᠃     ᠡᠷᠢᠶᠡᠨ ᠤᠯᠠᠭ᠎ᠠ ᠥᠷᠲᠡᠭᠡ ︵ᠣᠲᠣ ᠶᠢᠨ ᠡᠷᠢᠶᠡᠨ ᠬᠤᠲᠠ︶ ᠴᠢᠭᠤᠯᠤᠯᠲᠤ ᠬᠠᠭᠠᠯᠭ᠎ᠠ ᠠᠴᠠ ᠬᠦᠷᠢᠶ᠎ᠡ ︵ᠣᠲᠣ ᠶᠢᠨ ᠮᠣᠩᠭᠤᠯ ᠤᠯᠤᠰ ᠤᠨ ᠤᠯᠠᠭᠠᠨᠪᠠᠭᠠᠲᠤᠷ ᠬᠤᠳᠠ︶ᠬᠦᠷᠬᠦ ᠳᠤᠮᠳᠠ ᠴᠡᠭ ᠤᠨ ᠪᠠᠶᠢᠷᠢ ᠠᠴᠠ ᠡᠮᠦᠨ᠎ᠡ ᠤᠮᠠᠷᠠᠰᠢ ᠴᠥᠮ 350 ᠺᠢᠯᠣᠮᠧᠲᠷ ᠵᠠᠶᠢᠲᠠᠢ᠂ ᠳᠤᠮᠳᠠᠳᠤ ᠮᠣᠩᠭᠤᠯ ᠤᠨ ᠬᠢᠯᠢ ᠬᠢᠵᠠᠭᠠᠷ ᠠᠴᠠ 4 ᠺᠢᠯᠣᠮᠧᠲᠷ ᠵᠠᠶᠢᠲᠠᠢ ᠪᠠᠶᠢᠵᠤ᠂ ︽ᠵᠠᠩ ᠺᠦ᠋ ᠶᠡᠭᠡ ᠵᠠᠮ︾ ᠳᠡᠭᠡᠷᠡᠬᠢ ᠵᠦᠩᠶᠤᠸᠠᠨ ᠣᠷᠣᠨ ᠪᠠ ᠤᠮᠠᠷᠠᠲᠤ ᠶᠢᠨ ᠠᠷᠠᠯᠵᠢᠶᠠᠨ ᠤ ᠵᠠᠮ ᠢ ᠬᠤᠯᠪᠣᠭᠰᠠᠨ ᠴᠢᠬᠤᠯᠠ ᠭᠠᠵᠠᠷ ᠣᠷᠣᠨ ᠪᠣᠯᠣᠨ᠎ᠠ᠃ ᠡᠷᠢᠶᠡᠨ ᠤᠯᠠᠭ᠎ᠠ ᠥᠷᠲᠡᠭᠡ ᠶᠢ ᠥᠩᠭᠡᠷᠡᠬᠦ ᠳᠤ ᠬᠤᠶᠢᠰᠢ ᠪᠠᠨ ᠶᠠᠪᠤᠪᠠᠯ ᠭᠤᠪᠢ ᠪᠠ ᠡᠯᠡᠰᠦᠨ ᠴᠥᠯ ᠳᠤ ᠣᠷᠣᠵᠤ᠂ ᠮᠠᠯ ᠤᠨ ᠡᠪᠡᠰᠦ ᠪᠣᠷᠳᠤᠭ᠎ᠠ ᠳᠤᠲᠠᠭᠳᠠᠬᠤ ᠤᠴᠢᠷ ᠠᠴᠠ ᠵᠠᠮ ᠬᠥᠭᠡᠭᠡᠬᠦ ᠳᠤ ᠲᠤᠶᠢᠯ ᠤᠨ ᠬᠦᠴᠢᠷᠲᠡᠢ ᠪᠠᠶᠢᠳᠠᠭ᠂ ᠡᠶᠢᠮᠦ ᠪᠠᠷ ᠢᠶᠠᠨ ᠡᠷᠢᠶᠡᠨ ᠤᠯᠠᠭ᠎ᠠ ᠥᠷᠲᠡᠭᠡ ᠪᠣᠯ ᠴᠠᠢ ᠶᠢᠨ ᠵᠠᠮ ᠢᠶᠠᠷ ᠶᠠᠪᠤᠳᠠᠭ ᠬᠤᠳᠠᠯᠳᠤᠭᠠᠴᠢᠳ ᠲᠤ ᠲᠦᠷ ᠠᠮᠠᠷᠠᠬᠤ᠂ ᠢᠳᠡᠵᠦ ᠤᠤᠭᠤᠬᠤ᠂ ᠬᠤᠨᠣᠵᠤ ᠬᠡᠪᠲᠡᠬᠦ᠂ ᠨᠥᠬᠦᠪᠦᠷᠢᠯᠡᠵᠦ ᠬᠠᠩᠭᠠᠬᠤ᠂ ᠲᠡᠷᠭᠡ ᠰᠣᠯᠢᠬᠤ ᠵᠡᠷᠭᠡ ᠦᠢᠯᠡᠴᠢᠯᠡᠭᠡ ᠶᠢ ᠳᠠᠮᠵᠢᠭᠤᠯᠬᠤ ᠥᠷᠲᠡᠭᠡ ᠮᠥᠨ᠃     ᠲᠦᠮᠡᠨ ᠭᠠᠵᠠᠷ ᠤᠨ ᠴᠠᠢ ᠶᠢᠨ ᠵᠠᠮ ᠤᠨ ᠬᠥᠭᠵᠢᠨ ᠮᠠᠨᠳᠤᠬᠤ ᠶᠢ ᠳᠠᠭᠠᠯᠳᠤᠨ᠂ ᠡᠷᠢᠶᠡᠨ ᠤᠯᠠᠭ᠎ᠠ ᠥᠷᠲᠡᠭᠡ  ᠨᠢ ᠲᠦᠮᠡᠨ ᠭᠠᠵᠠᠷ ᠤᠨ ᠴᠠᠢ ᠶᠢᠨ ᠵᠠᠮ ᠤᠨ ᠴᠢᠬᠤᠯᠠ ᠵᠠᠩᠭᠢᠯᠠᠭ᠎ᠠ ᠶᠢᠨ ᠴᠡᠭ ᠤᠨ ᠨᠢᠭᠡ ᠪᠣᠯᠵᠠᠢ᠃ ᠬᠥᠮᠥᠰ ᠤᠨ ᠬᠡᠯᠡᠬᠦ ᠪᠠᠷ᠂ ᠲᠤᠬᠠᠢ ᠶᠢᠨ ᠦᠶ᠎ᠡ ᠳᠤ ᠡᠳᠦᠷ ᠪᠦᠷᠢ 500 ᠭᠠᠷᠤᠢ ᠦᠬᠡᠷ ᠮᠣᠷᠢᠨ ᠲᠡᠷᠭᠡ ᠤᠯᠠᠭ᠎ᠠ ᠥᠷᠲᠡᠭᠡ ᠪᠠᠷ ᠥᠩᠭᠡᠷᠡᠨ᠂ ᠲᠠᠯ᠎ᠠ ᠨᠤᠲᠤᠭ ᠤᠨ ᠬᠠᠷᠠᠬᠤᠷᠢᠨ ︵ᠣᠳᠣ ᠶᠢᠨ ᠮᠣᠩᠭᠤᠯ ᠤᠯᠤᠰ ᠤᠨ ᠬᠢᠯᠢ ᠳᠣᠲᠣᠷ᠎ᠠ ᠪᠤᠢ︶ ᠳᠤ ᠪᠠᠷᠠᠭ᠎ᠠ ᠬᠦᠷᠭᠡᠵᠦ ᠪᠠᠶᠢᠭᠰᠠᠨ ᠪᠥᠭᠡᠳ ᠨᠢᠭᠡ ᠪᠦᠯᠦᠭ ᠦᠬᠡᠷ ᠮᠣᠷᠢᠨ ᠲᠡᠷᠭᠡ᠂ ᠲᠡᠮᠡᠭᠡᠨ ᠵᠢᠩ ᠤᠨ ᠠᠩᠭᠢ ᠨᠢ ᠤᠯᠠᠭ᠎ᠠ ᠥᠷᠲᠡᠭᠡ ᠶᠢ ᠳᠠᠭᠠᠵᠤ ᠬᠠᠷᠠᠬᠤᠷᠢᠨ ᠢ ᠥᠩᠭᠡᠷᠡᠨ᠂ ᠳᠤᠮᠳᠠᠳᠤ ᠠᠽᠢᠶ᠎ᠠ ᠪᠣᠯᠣᠨ ᠡᠸᠦ᠋ᠷᠦᠫᠡ ᠳᠤ ᠬᠦᠷᠴᠦ ᠪᠠᠶᠢᠵᠠᠢ᠃ ᠡᠷᠢᠶᠡᠨ ᠤᠯᠠᠭ᠎ᠠ ᠥᠷᠲᠡᠭᠡ ᠲᠦᠮᠡᠨ ᠭᠠᠵᠠᠷ ᠤᠨ ᠴᠠᠢ ᠶᠢᠨ ᠵᠠᠮ ᠳᠠᠬᠢ ᠠᠷᠠᠯᠵᠢᠶ᠎ᠠ ᠬᠤᠳᠠᠯᠳᠤᠭ᠎ᠠ᠂ ᠰᠣᠶᠣᠯ ᠤᠨ ᠰᠣᠯᠢᠯᠴᠠᠭ᠎ᠠ ᠵᠢᠴᠢ ᠤᠯᠠᠭ᠎ᠠ ᠥᠷᠲᠡᠭᠡᠨ ᠤ ᠳᠦᠷᠢᠮ ᠳᠤ ᠣᠨᠴᠠᠭᠠᠶ ᠭᠡᠷᠡᠴᠢ ᠬᠠᠩᠭᠠᠭᠰᠠᠨ ᠪᠠᠶᠢᠨ᠎ᠠ᠃     ᠲᠦᠮᠡᠨ ᠭᠠᠵᠠᠷ ᠤᠨ ᠴᠠᠢ ᠶᠢᠨ ᠵᠠᠮ ᠤᠨ ᠠᠷᠠᠯᠵᠢᠶ᠎ᠠ     ᠬᠥᠭᠵᠢᠶᠡᠨ ᠨᠠᠷᠭᠢᠶᠠᠨ ᠲᠠᠢ ᠪᠠᠶᠢᠬᠤ ᠶᠢ ᠳᠠᠬᠢᠨᠲᠠ ᠬᠠᠷᠠᠭᠤᠯᠪᠠ     ︽1689 ᠣᠨ ᠳᠤ ︿ᠳᠤᠮᠳᠠᠳᠤ ᠣᠷᠣᠰ ᠤᠨ ᠨᠢᠪᠦᠴᠦ᠋ ᠶᠢᠨ ᠭᠡᠷ᠎ᠡ﹀ ᠶᠢ ᠲᠣᠭᠲᠠᠨ᠂ ᠵᠢᠩᠬᠢᠨᠢ ᠤᠳᠬ᠎ᠠ ᠠᠭᠤᠯᠭ᠎ᠠ ᠳᠡᠭᠡᠷᠡᠬᠢ ᠣᠯᠠᠨ ᠤᠯᠤᠰ ᠤᠨ ᠠᠷᠠᠯᠵᠢᠶᠠᠨ ᠤ ᠵᠠᠮ ᠢ ᠪᠠᠶᠢᠭᠤᠯᠵᠠᠢ᠂ ᠡᠯ᠎ᠡ ᠤᠯᠤᠰ ᠤᠨ ᠬᠤᠳᠠᠯᠳᠤᠭᠠᠴᠢᠳ ᠨᠢᠪᠦᠴᠦ᠋ ᠳᠤ ᠬᠦᠷᠬᠦ ᠳᠤ ᠪᠠᠷᠤᠭ 1000 ᠺᠢᠯᠣᠮᠧᠲᠷ ᠤᠨ ᠵᠠᠮ ᠢ ᠠᠷᠪᠢᠯᠠᠵᠤ ᠲᠡᠶᠢᠯᠭᠦ︿ᠵᠠᠩ ᠺᠦ᠋ ᠶᠡᠭᠡ ᠵᠠᠮ﹀ ᠢ ᠢᠯᠡᠷᠡᠭᠦᠯᠪᠡ᠂ ᠡᠨᠡ ᠵᠠᠮ ᠨᠢ ᠨᠢᠪᠦᠴᠦ᠋ ᠪᠠᠷ ᠥᠩᠭᠡᠷᠡᠬᠦ ᠠᠴᠠ ᠨᠠᠩ ᠣᠶᠢᠷ᠎ᠠ᠂ ᠨᠠᠩ ᠠᠮᠤᠷ ᠲᠦᠪᠰᠢᠨ ᠪᠠᠶᠢᠵᠤ᠂ ᠮᠠᠰᠢ ᠣᠯᠠᠨ ᠮᠣᠩᠭᠤᠯ ᠤᠨ ᠬᠤᠳᠠᠯᠳᠤᠭᠠᠴᠢᠳ ᠡᠨᠡ ᠵᠠᠮ ᠢ ᠰᠣᠩᠭᠤᠵᠤ ᠡᠸᠦ᠋ᠷᠦᠫᠡ ᠳᠤ ᠠᠷᠠᠯᠵᠢᠶ᠎ᠠ ᠬᠤᠳᠠᠯᠳᠤᠭ᠎ᠠ ᠬᠢᠭᠰᠡᠨ ᠠᠴᠠ ᠡᠷᠢᠶᠡᠨ ᠬᠤᠲᠠ ᠶᠢᠨ ᠭᠠᠵᠠᠷ ᠵᠦᠢ ᠶᠢᠨ ᠳᠠᠪᠠᠭᠤᠯᠢᠭ ᠨᠢ ᠡᠭᠦᠨ ᠠᠴᠠ ᠡᠬᠢᠯᠡᠨ ᠲᠣᠪᠣᠶᠢᠮ᠎ᠠ ᠪᠣᠯᠤᠭᠰᠠᠨ ᠪᠠᠶᠢᠨ᠎ᠠ︾ ᠭᠡᠵᠦ ᠡᠷᠢᠶᠡᠨ ᠬᠤᠳᠠ ᠶᠢᠨ ᠡᠷᠢᠶᠡᠨ ᠤᠯᠠᠭ᠎ᠠ ᠥᠷᠲᠡᠭᠡᠨ ᠤ ᠪᠠᠭᠤᠷᠢ ᠶᠢᠨ ᠮᠦᠽᠧᠢ ᠶᠢᠨ ᠳᠠᠷᠤᠭ᠎ᠠ ᠯᠢ ᠴᠢᠶᠠᠩ ᠶᠠᠷᠢᠨ᠎ᠠ᠃     ᠤᠯᠠᠭ᠎ᠠ ᠥᠷᠲᠡᠭᠡᠨ ᠤ ᠪᠠᠭᠤᠷᠢ ᠶᠢ ᠰᠡᠷᠭᠦᠭᠡᠨ ᠪᠠᠶᠢᠭᠤᠯᠤᠭᠰᠠᠨ ᠡᠷᠢᠶᠡᠨ ᠤᠯᠠᠭ᠎ᠠ ᠥᠷᠲᠡᠭᠡᠨ ᠤ ᠪᠠᠭᠤᠷᠢ ᠶᠢᠨ ᠮᠦᠽᠧᠢ ᠨᠢ ᠡᠷᠢᠶᠡᠨ ᠡᠷᠲᠡᠨ ᠤ ᠤᠯᠠᠭ᠎ᠠ ᠥᠷᠲᠡᠭᠡᠨ ᠤ ᠪᠠᠭᠤᠷᠢ ᠠᠴᠠ ᠡᠮᠦᠨᠡᠰᠢ ᠪᠠᠷᠤᠭ 2 ᠺᠢᠯᠣᠮᠧᠲᠷ ᠵᠠᠶᠢᠲᠠᠢ ᠭᠠᠵᠠᠷ ᠲᠤ ᠪᠠᠶᠢᠷᠢᠯᠠᠵᠤ᠂ ᠡᠷᠢᠶᠡᠨ ᠬᠤᠲᠠ ᠶᠢᠨ ᠲᠣᠭᠤᠷᠢᠭ ᠠᠴᠠ 9 ᠺᠢᠯᠣᠮᠧᠲᠷ ᠣᠷᠴᠢᠮ ᠵᠠᠶᠢᠲᠠᠢ ᠪᠠᠶᠢᠳᠠᠭ᠃ ᠡᠨᠡ ᠪᠣᠯ ᠪᠦᠭᠦ ᠤᠯᠤᠰ ᠤᠨ ᠬᠠᠮᠤᠭ ᠠᠩᠬᠠᠨ ᠤ ᠤᠯᠠᠭ᠎ᠠ ᠥᠷᠲᠡᠭᠡᠨ ᠤ ᠰᠣᠶᠣᠯ ᠢᠶᠠᠷ ᠭᠤᠣᠯ ᠰᠡᠳᠦᠪ ᠪᠤᠯᠭᠠᠬᠰᠠᠨ ᠮᠦᠽᠧᠢ ᠪᠣᠯᠣᠨ᠎ᠠ᠂ ᠲᠡᠭᠦᠨ ᠤ ᠪᠦᠬᠦᠶᠢᠯᠡ ᠭᠠᠳᠠᠷ ᠳᠦᠷᠰᠦ ᠶᠢᠨ ᠵᠢᠷᠤᠭ ᠲᠥᠯᠥᠪᠯᠡᠭᠡ ᠨᠢ ᠡᠷᠲᠡᠨ ᠤ ᠡᠷᠢᠶᠡᠨ ᠤᠯᠠᠭ᠎ᠠ ᠥᠷᠲᠡᠭᠡᠨ ᠤ ᠪᠦᠲᠦᠴᠡ ᠪᠣᠯᠣᠨ ᠪᠠᠶᠢᠷᠢᠰᠢᠭᠤᠯᠤᠯᠲᠠ ᠪᠠᠷ ᠯᠠᠪᠯᠠᠯᠲᠠ ᠪᠤᠯᠭᠠᠵᠤ᠂ ᠦᠯᠡᠳᠡᠭᠳᠡᠵᠦ ᠬᠤᠴᠣᠷᠤᠭᠰᠠᠨ ᠪᠠᠶᠢᠰᠢᠩ ᠤᠨ ᠰᠠᠭᠤᠷᠢ ᠪᠣᠯᠣᠨ ᠬᠦᠷᠢᠶ᠎ᠡ ᠬᠠᠰᠢᠶ᠎ᠠ ᠨᠢ ᠲᠦᠮᠡᠨ ᠭᠠᠵᠠᠷ ᠤᠨ ᠴᠠᠢ ᠶᠢᠨ ᠵᠠᠮ ᠤᠨ ᠥᠩᠭᠡᠷᠡᠭᠰᠡᠨ ᠤ ᠦᠯᠢᠭᠡᠷ ᠲᠡᠦᠬᠡ ᠶᠢ ᠬᠦᠦᠷᠨᠢᠵᠦ᠂ ᠲᠡᠷᠭᠡᠨ ᠤ ᠮᠥᠷ ᠨᠢ ᠭᠦᠷᠳᠡᠯ᠎ᠠ ᠭᠦᠨ ᠤᠷᠤᠮ ᠦᠯᠡᠳᠡᠵᠦ᠂ ᠡᠷᠲᠡᠨ ᠤ ᠤᠯᠠᠭ᠎ᠠ ᠥᠷᠲᠡᠭᠡᠨ ᠤ ᠠᠷᠠᠯᠵᠢᠶ᠎ᠠ ᠮᠠᠶᠢᠮᠠᠢ ᠬᠥᠭᠵᠢᠶᠡᠨᠲᠡᠢ ᠪᠠᠶᠢᠬᠤ ᠶᠢ ᠭᠡᠷᠡᠴᠢᠯᠡᠵᠡᠢ᠃     ᠡᠷᠢᠶᠡᠨ ᠤᠯᠠᠭ᠎ᠠ ᠥᠷᠲᠡᠭᠡᠨ ᠤ ᠪᠠᠭᠤᠷᠢ ᠶᠢᠨ ᠮᠦᠽᠧᠢ ᠶᠢᠨ ᠦᠵᠡᠭᠦᠯᠭᠡ ᠶᠢᠨ ᠲᠢᠩᠬᠢᠮ ᠳᠤ᠂ ᠵᠢᠭᠰᠠᠭᠠᠯᠲᠠ ᠶᠢᠨ ᠲᠢᠩᠬᠢᠮ᠂ ᠤᠯᠠᠭ᠎ᠠ ᠥᠷᠲᠡᠭᠡᠨ ᠤ ᠰᠣᠶᠣᠯ ᠤᠨ ᠲᠢᠩᠬᠢᠮ᠂ ᠢᠦᠢ ᠯᠦᠩ ᠦᠷᠳᠡᠭᠡ ᠶᠢᠨ ᠲᠢᠩᠬᠢᠮ᠂ ᠡᠷᠢᠶᠡᠨ ᠤᠯᠠᠭ᠎ᠠ ᠥᠷᠲᠡᠭᠡᠨ ᠤ ᠲᠢᠩᠬᠢᠮ᠂ ᠫᠠᠩ ᠪᠧᠢ ᠦᠷᠲᠡᠭᠡ ᠪᠣᠯᠣᠨ ᠡᠷᠢᠶᠡᠨ ᠨᠠᠭᠤᠷ ᠤᠨ ᠲᠢᠩᠬᠢᠮ ︵ᠳᠠᠪᠤᠰᠤᠨ ᠤ ᠰᠣᠶᠣᠯ ᠤᠨ ᠲᠢᠩᠬᠢᠮ︶ ᠪᠠᠭᠲᠠᠵᠤ᠂ ᠤᠮᠠᠷᠠᠲᠤ ᠶᠢᠨ ᠴᠠᠢ ᠶᠢᠨ ᠵᠠᠮ ᠲᠣᠷᠭᠠᠨ ᠵᠠᠮ᠂ ᠵᠠᠩ ᠺᠦ᠋ ᠶᠡᠭᠡ ᠵᠠᠮ ᠪᠣᠯᠣᠨ ᠡᠸᠦ᠋ᠷᠦᠫᠡ ᠠᠽᠢᠶ᠎ᠠ ᠶᠢᠨ ᠡᠬᠡ ᠬᠠᠭᠤᠷᠠᠢ ᠶᠢᠨ ᠬᠥᠭᠦᠷᠭᠡ ᠶᠢ ᠨᠢᠭᠡ ᠴᠣᠭᠴᠠᠵᠢᠭᠤᠯᠤᠭᠰᠠᠨ ︽ᠵᠠᠮ - ᠶᠡᠭᠡ ᠵᠠᠮ - ᠬᠥᠭᠦᠷᠭᠡ︾ ᠶᠢ ᠳᠡᠯᠭᠡᠨ ᠦᠵᠡᠭᠦᠯᠵᠡᠢ᠃ ᠡᠷᠢᠶᠡᠨ ᠤᠯᠠᠭ᠎ᠠ ᠥᠷᠲᠡᠭᠡᠨ ᠤ ᠪᠠᠭᠤᠷᠢ ᠶᠢᠨ ᠮᠦᠽᠧᠢ ᠳᠤ ᠡᠷᠲᠡᠨ ᠤ ᠤᠯᠠᠭ᠎ᠠ ᠥᠷᠲᠡᠭᠡᠨ ᠤ ᠳᠦᠷᠢᠮ᠂ ᠲᠠᠯ᠎ᠠ ᠨᠤᠲᠤᠭ ᠤᠨ ᠳᠠᠪᠤᠰᠤᠨ ᠰᠣᠶᠣᠯ ᠵᠢᠴᠢ ᠬᠤᠯᠪᠣᠭᠳᠠᠯ ᠪᠦᠬᠦᠢ ᠲᠡᠦᠬᠡ ᠶᠢᠨ ᠭᠤᠣᠯ ᠰᠡᠳᠦᠪᠲᠦ ᠠᠭᠤᠯᠭ᠎ᠠ ᠵᠡᠷᠭᠡ ᠶᠢ ᠳᠡᠯᠭᠡᠨ ᠦᠵᠡᠭᠦᠯᠵᠦ᠂ ᠠᠳᠠᠯᠢ ᠪᠤᠰᠤ ᠲᠡᠦᠬᠡᠨ ᠴᠠᠭ ᠦᠶ᠎ᠡ ᠶᠢᠨ ᠴᠢᠬᠤᠯᠠ ᠬᠡᠷᠡᠭ ᠶᠠᠪᠤᠳᠠᠯ ᠢᠶᠠᠷ ᠬᠤᠯᠪᠣᠵᠤ ᠪᠠᠶᠢᠭᠠᠳ᠂ ᠲᠤᠬᠠᠢ ᠶᠢᠨ ᠦᠶ᠎ᠡ ᠶᠢᠨ ᠮᠣᠩᠭᠤᠯ ᠤᠨ ᠬᠤᠳᠠᠯᠳᠤᠭᠠᠴᠢᠳ ᠤᠨ ᠠᠷᠠᠯᠵᠢᠶ᠎ᠠ ᠬᠤᠳᠠᠯᠳᠤᠭ᠎ᠠ ᠬᠢᠵᠦ ᠪᠠᠶᠢᠭᠰᠠᠨ ᠪᠣᠯᠣᠨ ᠡᠷᠢᠶᠡᠨ ᠤᠯᠠᠭ᠎ᠠ ᠥᠷᠲᠡᠭᠡ ᠪᠠᠷ ᠥᠩᠭᠡᠷᠡᠵᠦ ᠪᠠᠶᠢᠭᠰᠠᠨ ᠪᠠᠶᠢᠳᠠᠯ ᠢ ᠠᠮᠢᠳᠤᠯᠢᠭ ᠢᠶᠠᠷ ᠢᠯᠡᠷᠡᠭᠦᠯᠦᠭᠰᠡᠨ ᠪᠠᠶᠢᠨ᠎ᠠ᠃
C:\Users\bch\Desktop\9.07  文化\文化3333.png
              ᠮᠣᠩᠭᠤᠯ ᠳᠠᠬᠢ ᠶᠠᠪᠤᠭᠤᠯ ᠬᠤᠳᠠᠯᠳᠤᠭᠠᠴᠢᠳ ᠤᠨ ᠵᠠᠩ ᠺᠦ᠋ ᠶᠡᠭᠡ ᠵᠠᠮ ᠢᠶᠠᠷ ᠶᠠᠪᠤᠵᠤ ᠪᠠᠶᠢᠭ᠎ᠠ               ᠪᠠᠶᠢᠳᠠᠯ ᠢ ᠰᠡᠷᠭᠦᠭᠡᠪᠡ ᠮᠠ ᠯᠢ ᠮᠢᠩ   ᠺᠧᠦ ᠨᠢᠩ   ᠰᠡᠭᠦᠳᠡᠷᠯᠡᠪᠡ     ᠡᠷᠢᠶᠡᠨ ᠤᠯᠠᠭ᠎ᠠ ᠥᠷᠲᠡᠭᠡᠨ ᠤ ᠪᠠᠭᠤᠷᠢ ᠶᠢᠨ ᠮᠦᠽᠧᠢ ᠶᠢᠨ ᠣᠯᠠᠨ ᠦᠵᠡᠮᠦᠷᠢ ᠶᠢᠨ ᠪᠣᠳᠠᠰ ᠤᠨ ᠳᠣᠲᠣᠷ᠎ᠠ᠂ ᠨᠢᠭᠡ ᠬᠡᠰᠡᠭ ᠭᠢᠯᠲᠠᠭᠠᠨᠠᠮ᠎ᠠ ᠪᠣᠯᠣᠷ ᠴᠢᠯᠠᠭᠤ ᠨᠢ ᠬᠥᠮᠥᠰ ᠤᠨ ᠠᠩᠬᠠᠷᠤᠯ ᠢ ᠶᠡᠬᠡᠳᠡ ᠲᠠᠲᠠᠵᠤ ᠪᠠᠶᠢᠯ᠎ᠠ᠃ ᠯᠢ ᠴᠢᠶᠠᠩ ᠤᠨ ᠲᠠᠨᠢᠯᠴᠠᠭᠤᠯᠤᠭᠰᠠᠨ ᠢᠶᠠᠷ᠂ ᠡᠨᠡ ᠬᠦ ᠪᠣᠯᠣᠷ ᠴᠢᠯᠠᠭᠤᠨ ᠤ ᠡᠵᠡᠨ ᠨᠢ ᠲᠢᠶᠠᠨ ᠷᠦ ᠮᠢᠩ ᠭᠡᠳᠡᠭ᠂ ᠲᠡᠷᠡ 1923 ᠣᠨ ᠠᠴᠠ 1943 ᠣᠨ ᠪᠤᠯᠲᠠᠯ᠎ᠠ ᠡᠷᠢᠶᠡᠨ ᠤ ᠤᠯᠠᠭ᠎ᠠ ᠥᠷᠲᠡᠭᠡᠨ ᠳᠤ ᠠᠵᠢᠯᠯᠠᠵᠤ ᠪᠠᠶᠢᠪᠠ᠃1990 ᠣᠨ ᠤ 9 ᠰᠠᠷ᠎ᠠ ᠳᠤ᠂ ᠲᠢᠶᠠᠨ ᠷᠤ᠋ ᠮᠢᠩ ᠨᠠᠰᠤᠲᠠᠨ ᠤ ᠡᠷᠭᠢᠴᠡᠭᠦᠯᠦᠯ ᠪᠠ ᠲᠤᠬᠠᠢ ᠶᠢᠨ ᠭᠠᠵᠠᠷ ᠲᠤ ᠪᠠᠶᠢᠴᠠᠭᠠᠯᠲᠠ ᠬᠢᠬᠦ ᠪᠠᠷ ᠳᠠᠮᠵᠢᠨ᠂ ᠲᠡᠦᠬᠡ ᠶᠢᠨ ᠤᠬᠠᠭᠠᠨᠲᠠᠨ ᠳᠤ ᠲᠤᠬᠠᠢ ᠶᠢᠨ ᠦᠶ᠎ᠡ ᠶᠢᠨ ᠤᠯᠠᠭ᠎ᠠ ᠥᠷᠲᠡᠭᠡᠨ ᠤ ᠮᠠᠲ᠋ᠧᠷᠢᠶᠠᠯ ᠢ ᠬᠠᠩᠭᠠᠬᠤ ᠶᠢᠨ ᠬᠠᠮᠲᠤ᠂ ᠤᠯᠠᠭ᠎ᠠ ᠥᠷᠲᠡᠭᠡᠨ ᠤ ᠬᠥᠮᠥᠷᠭᠡ ᠶᠢᠨ ᠨᠣᠭᠤᠭ᠎ᠠ  ᠶᠢᠨ ᠵᠣᠭᠤᠷᠢ ᠠᠴᠠ ᠡᠨᠡ ᠬᠦ ᠪᠣᠯᠣᠷ ᠴᠢᠯᠠᠭᠤ ᠪᠠ ᠠᠷᠢᠬᠢᠨ ᠯᠣᠩᠬᠤ ᠵᠡᠷᠭᠡ ᠶᠢ ᠮᠠᠯᠲᠠᠨ ᠭᠠᠷᠭᠠᠵᠠᠢ᠃ ᠡᠷᠢᠶᠡᠨ ᠤᠯᠠᠭ᠎ᠠ ᠥᠷᠲᠡᠭᠡᠨ ᠤ ᠪᠠᠭᠤᠷᠢ ᠶᠢ ᠢᠯᠡᠷᠡᠭᠦᠯᠦᠭᠰᠡᠨ ᠠᠴᠠ ᠨᠠᠭᠠᠰᠢ᠂ ᠮᠠᠰᠢ ᠣᠯᠠᠨ ᠲᠤᠰᠬᠠᠢ ᠮᠡᠷᠭᠡᠵᠢᠯᠲᠡᠨ ᠡᠷᠳᠡᠮᠲᠡᠳ ᠤᠨ ᠰᠤᠳᠤᠯᠤᠯᠲᠠ ᠪᠠᠷ ᠳᠡᠮᠵᠢᠨ᠂ ᠲᠡᠭᠦᠨ ᠤ ᠴᠢᠬᠤᠯᠠ ᠦᠨ᠎ᠡ ᠥᠷᠲᠡᠭ ᠲᠠᠢ ᠪᠠᠶᠢᠬᠤ ᠶᠢ ᠲᠣᠳᠣᠯᠠᠵᠤ᠂ 2006 ᠣᠨ ᠳᠤ ᠥᠪᠥᠷ ᠮᠣᠩᠭᠤᠯ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠳᠤ ᠵᠢᠭᠰᠠᠭᠠᠭᠳᠠᠨ᠂ 2009 ᠣᠨ ᠳᠤ ᠡᠷᠢᠶᠡᠨ ᠤᠯᠠᠭ᠎ᠠ ᠥᠷᠲᠡᠭᠡᠨ ᠤ ᠪᠠᠭᠤᠷᠢ ᠶᠢᠨ ᠮᠦᠽᠧᠢ ᠶᠢ ᠪᠠᠶᠢᠭᠤᠯᠪᠠ᠃ ᠮᠦᠽᠧᠢ ᠳᠤ᠂ ᠬᠠᠭᠤᠴᠢᠨ ᠤ ᠡᠳ᠋ᠯᠡᠯ ᠬᠡᠷᠡᠭᠰᠡᠯ ᠢ ᠦᠷᠤᠨ ᠲᠠᠯᠪᠢᠵᠠᠢ᠂ ᠡᠭᠦᠨ ᠳᠤ ᠴᠢᠩ ᠤᠯᠤᠰ ᠤᠨ ᠪᠠᠳᠠᠷᠠᠭᠤᠯᠲᠤ ᠲᠥᠷᠥ ᠶᠢᠨ ᠶᠢᠰᠦᠳᠦᠭᠡᠷ ᠣᠨ ᠳᠤ ᠱᠠᠨ ᠰᠢ ᠶᠢᠨ ᠬᠤᠳᠠᠯᠳᠤᠭᠠᠴᠢᠨ ᠤ ᠴᠠᠢ ᠶᠢᠨ ᠫᠦᠰᠡ ᠶᠢᠨ ᠪᠤᠷᠭᠠᠰᠤᠨ ᠭᠦᠷᠦᠮᠡᠯ ᠳᠤ ᠬᠠᠳᠠᠭᠠᠯᠠᠭᠰᠠᠨ ᠴᠠᠢ ᠵᠢᠴᠢ ᠴᠠᠢ ᠰᠠᠪᠠᠯᠠᠬᠤ ᠰᠠᠪᠠ ᠬᠡᠷᠡᠭᠰᠡᠯ᠂ ᠭᠠᠤᠯᠢᠨ ᠳᠣᠮᠪᠤ᠂ ᠠᠯᠲᠠ ᠪᠠᠷ ᠥᠩᠭᠡᠯᠡᠭᠰᠡᠨ ᠮᠣᠳᠣᠨ ᠠᠶᠠᠭ᠎ᠠ ᠵᠡᠷᠭᠡ ᠮᠠᠰᠢ ᠣᠯᠠᠨ ᠬᠠᠭᠤᠴᠢᠨ ᠤ ᠡᠳ᠋ᠯᠡᠯ ᠬᠡᠷᠡᠭᠰᠡᠯ ᠪᠤᠢ᠃     ᠡᠷᠢᠶᠡᠨ ᠤᠯᠠᠭ᠎ᠠ ᠥᠷᠲᠡᠭᠡᠨ ᠤ ᠪᠠᠭᠤᠷᠢ ᠶᠢ ᠰᠡᠷᠭᠦᠭᠡᠭᠰᠡᠨ ᠵᠠᠭᠪᠤᠷ ᠠᠴᠠ ᠦᠵᠡᠪᠡᠯ᠂ ᠤᠯᠠᠭ᠎ᠠ ᠥᠷᠲᠡᠭᠡᠨ ᠳᠤ ᠠᠯᠪᠠᠨ ᠭᠡᠷ᠂ ᠵᠣᠴᠢᠨ ᠤ ᠥᠷᠥᠭᠡ᠂ ᠲᠣᠭᠤᠭᠠᠨ ᠭᠡᠷ᠂ ᠡᠳ᠋ ᠪᠣᠳᠠᠰ ᠤᠨ ᠬᠥᠮᠥᠷᠭᠡ᠂ ᠨᠣᠭᠤᠭ᠎ᠠ  ᠶᠢᠨ ᠵᠣᠭᠤᠷᠢ᠂ ᠬᠥᠮᠥᠷᠭᠡ᠂ ᠴᠠᠭᠢᠯᠭᠠᠨ ᠮᠡᠳᠡᠭᠡᠨ ᠤ ᠥᠷᠥᠭᠡ ᠵᠡᠷᠭᠡ ᠪᠠᠶᠢᠬᠤ ᠠᠴᠠ ᠭᠠᠳᠠᠨ᠎ᠠ᠂ ᠳ᠋ᠢᠶᠠᠩᠬᠤᠸᠠ ᠶᠢᠨ ᠤᠲᠠᠰᠤ᠂ ᠴᠠᠭᠢᠯᠭᠠᠨ ᠤᠲᠠᠰᠤᠨ ᠤ ᠪᠠᠭᠠᠨ᠎ᠠ ᠵᠡᠷᠭᠡ ᠨᠢ ᠲᠣᠳᠣᠷᠬᠠᠢ ᠬᠠᠷᠠᠭᠳᠠᠵᠤ ᠪᠠᠶᠢᠨ᠎ᠠ᠃ ᠭᠡᠷ ᠪᠠᠶᠢᠰᠢᠩ ᠤᠨ ᠡᠮᠦᠨ᠎ᠡ ᠨᠢ ᠡᠳ᠋ ᠪᠠᠷᠠᠭ᠎ᠠ ᠪᠠ ᠦᠬᠡᠷ ᠲᠡᠷᠭᠡ ᠵᠡᠷᠭᠡ ᠶᠢ ᠲᠠᠯᠪᠢᠵᠤ᠂ ᠤᠯᠠᠭ᠎ᠠ ᠥᠷᠲᠡᠭᠡᠨ ᠤ ᠡᠭᠦᠳᠡᠨ ᠳᠤ ᠮᠣᠳᠣᠨ ᠬᠡᠷᠡᠰᠬᠡ ᠪᠠ ᠡᠯᠭᠦᠭᠦᠷ ᠮᠣᠳᠣ ᠲᠠᠢ ᠪᠠᠶᠢᠵᠤ᠂ ᠥᠩᠭᠡᠷᠡᠭᠰᠡᠨ ᠤ ᠮᠠᠶᠢᠮᠠᠶᠢᠴᠢᠳ ᠤᠨ ᠨᠠᠭᠠᠰᠢ ᠴᠠᠭᠠᠰᠢ ᠶᠠᠪᠤᠵᠤ ᠪᠠᠶᠢᠭᠰᠠᠨ ᠬᠥᠭᠵᠢᠶᠡᠨ ᠨᠠᠷᠭᠢᠶᠠᠨ ᠲᠠᠢ ᠪᠠᠶᠢᠳᠠᠯ ᠮᠠᠰᠢ ᠢᠯᠡᠷᠬᠡᠢ ᠬᠠᠷᠠᠭᠳᠠᠨ᠎ᠠ᠃     ᠲᠡᠦᠬᠡᠨ ᠮᠠᠲ᠋ᠧᠷᠢᠶᠠᠯ ᠤᠨ ᠲᠡᠮᠳᠡᠭᠯᠡᠯ ᠢ ᠦᠨᠳᠦᠰᠦᠯᠡᠪᠡᠯ᠂ ᠴᠢᠩ ᠤᠯᠤᠰ ᠤᠨ ᠰᠠᠶᠢᠰᠢᠶᠠᠯ ᠢᠷᠦᠭᠡᠯᠲᠦ ᠶᠢᠨ ᠬᠤᠷᠢᠨ ᠬᠤᠶᠠᠳᠤᠭᠠᠷ ᠣᠨ︵ᠨᠡᠶᠢᠲᠡ ᠶᠢᠨ ᠣᠨ ᠲᠣᠭᠠᠯᠠᠯ ᠤᠨ 1817 ᠣᠨ︶ ᠤ ᠨᠢᠭᠡ ᠯᠡ ᠵᠢᠯ ᠳᠤ᠂ ᠡᠷᠢᠶᠡᠨ ᠤᠯᠠᠭ᠎ᠠ ᠥᠷᠲᠡᠭᠡ ᠪᠠᠷ ᠳᠡᠮᠵᠢᠨ ᠣᠷᠣᠰ ᠲᠤ ᠴᠠᠢ ᠪᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠯ᠎ᠡ ᠵᠦᠢᠯ ᠤᠨ ᠪᠠᠷᠠᠭ᠎ᠠ ᠲᠠᠸᠠᠷ ᠢ ᠬᠡᠳᠦᠨ ᠮᠢᠩᠭ᠎ᠠ ᠪᠠᠷ ᠵᠥᠭᠡᠭᠡᠪᠦᠷᠢᠯᠡᠨ ᠠᠪᠠᠴᠢᠭᠰᠠᠨ ᠪᠠᠶᠢᠨ᠎ᠠ᠃ ᠠᠷᠠᠯᠵᠢᠶ᠎ᠠ ᠬᠤᠳᠠᠯᠳᠤᠭ᠎ᠠ ᠬᠥᠭᠵᠢᠭᠰᠡᠨ ᠦᠶ᠎ᠡ ᠳᠤ᠂ ᠵᠢᠯ ᠪᠦᠷᠢ ᠬᠡᠳᠦᠨ ᠲᠦᠮᠡᠨ ᠲᠡᠮᠡᠭᠡ ᠪᠠ ᠮᠢᠩᠭ᠎ᠠ ᠲᠦᠮᠡᠨ ᠦᠬᠡᠷ ᠮᠣᠷᠢᠨ ᠲᠡᠷᠭᠡ ᠡᠷᠢᠶᠡᠨ ᠤᠯᠠᠭ᠎ᠠ ᠦᠷᠳᠡᠭᠡ ᠪᠠᠷ ᠥᠩᠭᠡᠷᠡᠳᠡᠭ᠂ ᠲᠡᠷᠡᠴᠢᠯᠡᠨ ᠡᠷᠢᠶᠡᠨ ᠤᠯᠠᠭ᠎ᠠ ᠦᠷᠳᠡᠭᠡ ᠶᠢᠨ ᠬᠠᠵᠠᠭᠤ ᠳᠠᠬᠢ ᠲᠡᠷᠭᠡᠨ ᠤ ᠮᠥᠷ ᠨᠢ ᠳᠠᠷᠤᠢ ᠲᠤᠬᠠᠢ ᠶᠢᠨ ᠦᠶ᠎ᠡ ᠶᠢᠨ ᠡᠷᠲᠡᠨ ᠤ ᠤᠯᠠᠭ᠎ᠠ ᠦᠷᠳᠡᠭᠡ ᠶᠢᠨ ᠬᠥᠭᠵᠢᠶᠡᠨ ᠨᠠᠷᠭᠢᠶᠠᠨ ᠲᠠᠢ ᠪᠠᠶᠢᠭᠰᠠᠨ ᠢ ᠭᠡᠷᠡᠴᠢᠯᠡᠵᠦ ᠪᠣᠯᠣᠨ᠎ᠠ᠃     ᠰᠣᠶᠣᠯ ᠤᠨ ᠠᠭᠤᠯᠤᠭᠳᠠᠬᠤᠨ ᠢ ᠠᠭᠤᠳᠠᠯᠤᠨ ᠬᠠᠮᠠᠭᠠᠯᠠᠵᠤ ᠢᠯᠡᠷᠡᠭᠦᠯᠪᠡ     2017 ᠣᠨ ᠤ 6 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 29 ᠤ ᠡᠳᠦᠷ ᠪᠤᠯᠲᠠᠯ᠎ᠠ᠂ ᠥᠪᠥᠷ ᠮᠣᠩᠭᠤᠯ ᠤᠨ ᠮᠦᠽᠧᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ᠂ ᠡᠷᠢᠶᠡᠨ ᠬᠤᠳᠠ ᠶᠢᠨ ᠰᠣᠶᠣᠯ ᠤᠨ ᠣᠷᠳᠣᠨ ᠪᠣᠯᠣᠨ ᠡᠷᠢᠶᠡᠨ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠭᠠᠵᠠᠷ ᠠᠴᠠ ᠬᠠᠮᠲᠤᠷᠠᠨ ᠬᠠᠭᠤᠴᠢ ᠰᠤᠳᠤᠯᠤᠯ ᠤᠨ ᠠᠩᠭᠢ ᠶᠢ ᠵᠣᠬᠢᠶᠠᠨ ᠪᠠᠶᠢᠭᠤᠯᠵᠤ᠂ ᠡᠷᠢᠶᠡᠨ ᠤᠯᠠᠭ᠎ᠠ ᠦᠷᠳᠡᠭᠡ ᠶᠢᠨ ᠪᠠᠭᠤᠷᠢ ᠳᠤ ᠬᠠᠭᠤᠴᠢ ᠰᠤᠳᠤᠯᠤᠯ ᠤᠨ ᠠᠭᠤᠳᠠᠯᠤᠯᠲᠠ ᠬᠢᠭᠰᠡᠨ ᠪᠠᠶᠢᠨ᠎ᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠠᠰᠤᠭ ᠤᠨ ᠡᠷᠭᠢᠯᠡᠭᠴᠢ ᠶᠤᠸᠠᠢ ᠭᠧᠦ ᠮᠢᠩ  ᠡᠷᠢᠶᠡᠨ ᠤᠯᠠᠭ᠎ᠠ ᠥᠷᠲᠡᠭᠡ ᠶᠢ ᠮᠠᠯᠲᠠᠵᠤ ᠠᠭᠤᠳᠠᠯᠬᠤ ᠠᠵᠢᠯ ᠳᠤ ᠤᠤᠯ ᠨᠢ ᠤᠷᠤᠯᠴᠠᠵᠤ ᠥᠩᠭᠡᠷᠡᠵᠡᠢ᠃ ᠲᠡᠷᠡ ᠲᠠᠨᠢᠯᠴᠠᠭᠤᠯᠬᠤ ᠳᠠᠭᠠᠨ᠂ ᠪᠠᠭᠤᠷᠢ ᠶᠢᠨ 3 ᠬᠦᠷᠢᠶ᠎ᠡ ᠬᠠᠰᠢᠶ᠎ᠠ ᠶᠢ ᠴᠡᠪᠡᠷᠯᠡᠵᠦ᠂ ᠨᠡᠶᠢᠲᠡ 37 ᠲᠠᠰᠤᠯᠭ᠎ᠠ ᠭᠡᠷ ᠪᠠᠶᠢᠰᠢᠩ ᠪᠠ ᠪᠤᠰᠤᠳ ᠦᠯᠡᠳᠡᠭᠳᠡᠯ ᠣᠯᠳᠠᠭᠰᠠᠨ ᠪᠠᠶᠢᠨ᠎ᠠ᠃ ᠮᠠᠯᠲᠠᠵᠤ ᠭᠠᠷᠭᠠᠭᠰᠠᠨ ᠦᠯᠡᠳᠡᠭᠳᠡᠯ ᠳᠤ ᠸᠠᠭᠠᠷ᠂ ᠱᠠᠭᠠᠵᠠᠩ᠂ ᠵᠡᠰ᠂ ᠶᠠᠰᠤ᠂ ᠮᠣᠳᠣ᠂ ᠵᠣᠭᠤᠰ ᠪᠣᠯᠣᠨ ᠨᠡᠯᠢᠶᠡᠳ ᠣᠯᠠᠨ ᠴᠠᠭᠠᠰᠤᠨ ᠤ ᠲᠡᠦᠬᠡ ᠶᠢᠨ ᠳᠤᠷᠠᠰᠬᠠᠯᠲᠤ ᠵᠦᠢᠯ ᠵᠡᠷᠭᠡ ᠪᠤᠶ᠃     ᠸᠠᠭᠠᠷ ᠰᠠᠪᠠ ᠠᠴᠠ ᠫᠸᠡᠭᠰᠠ᠂ ᠪᠤᠷᠬᠠᠨ ᠤ ᠭᠦᠷᠥᠭ᠃ ᠱᠠᠭᠠᠵᠠᠩ ᠰᠠᠪᠠ ᠠᠴᠠ ᠠᠶᠠᠭ᠎ᠠ᠂ ᠲᠠᠪᠠᠬ᠂ ᠬᠤᠨᠳᠠᠭ᠎ᠠ᠂ ᠯᠣᠩᠬᠤ ᠵᠡᠷᠭᠡ ᠪᠠᠶᠢᠵᠤ᠂ ᠰᠠᠪᠠ ᠶᠢᠨ ᠢᠷᠤᠭᠠᠷ ᠲᠤ ᠣᠯᠠᠩᠬᠢ ᠳᠠᠭᠠᠨ︽ᠭᠦᠩ︾᠂ ︽ᠢᠦᠢ︾᠂ ︽ᠱᠧᠩ︾᠂ ︽ᠶᠤᠸᠠᠨ︾᠂ ︽ᠾᠧᠩ︾᠂︽ᠳᠣᠲᠣᠭᠠᠳᠤ ᠣᠷᠳᠣᠨ︾᠂ ︽ᠶᠤᠸᠠᠨ ᠱᠧᠩ︾ ᠵᠡᠷᠭᠡ ᠦᠰᠦᠭ ᠪᠢᠴᠢᠭᠡᠰᠤᠲᠡᠶ; ᠭᠠᠤᠯᠢᠨ ᠡᠳ᠋ᠯᠡᠯ ᠳᠤ ᠲᠣᠪᠴᠢ᠂ ᠬᠠᠳᠬᠤᠭᠤᠷ᠂ ᠵᠠᠰᠠᠯ ᠵᠢᠮᠰᠡᠭ᠂ ᠭᠠᠩᠰᠠᠨ ᠤ ᠰᠢᠯᠪᠢ᠂ ᠰᠤᠮᠤ ᠵᠡᠷᠭᠡ ᠪᠤᠶ; ᠶᠠᠰᠤᠨ ᠡᠳ᠋ᠯᠡᠯ ᠬᠡᠷᠡᠭᠰᠡᠯ ᠳᠤ ᠮᠠᠵᠢᠶᠠᠩ᠂ ᠰᠢᠳᠦᠨ ᠤ ᠱᠤᠸᠠᠰᠠ ᠵᠡᠷᠭᠡ ᠪᠤᠶ;ᠮᠣᠳᠣᠨ ᠡᠳ᠋ᠯᠡᠯ ᠳᠤ ᠶᠠᠰᠤᠨ ᠫᠠᠢ᠂ ᠫᠠᠶᠢᠰᠠ ᠢᠯᠡᠷᠬᠡᠶᠢᠯᠡᠯ ᠵᠡᠷᠭᠡ ᠪᠤᠢ;ᠵᠤᠭᠤᠰ ᠮᠥᠩᠭᠦᠨ ᠳᠤ ︽ᠵᠧᠩ ᠯᠦᠩ ᠶᠤᠸᠠᠨᠪᠦᠦ︾᠂ ︽ᠲᠡᠭᠷᠢ ᠲᠡᠳᠬᠦᠭᠴᠢ ᠶᠢᠨ ᠭᠦᠢᠯᠭᠡᠭᠡᠨ ᠤ ᠡᠷᠳᠡᠨᠢ︾᠂ ︽ᠰᠠᠶᠢᠰᠢᠶᠠᠯ ᠢᠷᠦᠭᠡᠯᠲᠦ ᠶᠢᠨ ᠭᠦᠢᠯᠭᠡᠭᠡᠨ ᠤ ᠡᠷᠳᠡᠨᠢ︾᠂ ︽ᠳᠠᠶᠢᠴᠢᠩ ᠤᠯᠤᠰ ᠤᠨ ᠭᠠᠤᠯᠢᠨ ᠵᠣᠭᠤᠰ︾᠂ ︽ᠳᠤᠮᠳᠠᠳᠤ ᠶᠢᠨ ᠭᠠᠤᠯᠢᠨ ᠵᠣᠭᠤᠰ︾᠂ ᠮᠣᠩᠭᠤᠯ ᠤᠯᠤᠰ ᠤᠨ ᠮᠥᠩᠭᠦ᠂ ᠶᠠᠫᠤᠨ ᠤ ᠵᠣᠣ ᠾᠧ ᠶᠢᠨ ᠠᠷᠪᠠᠨ ᠲᠠᠪᠤᠳᠤᠭᠠᠷ ᠣᠨ ᠤ ᠵᠣᠭᠤᠰ;ᠴᠠᠭᠠᠰᠤᠨ ᠤ ᠳᠤᠷᠠᠰᠬᠠᠯᠲᠤ ᠵᠦᠢᠯᠡᠰ ᠲᠤ ᠲᠠᠮᠠᠬᠢᠨ ᠬᠠᠶᠢᠷᠴᠠᠭ᠂ ᠵᠢᠵᠢᠭ ᠵᠢᠷᠤᠭ᠂ ᠴᠠᠭ ᠤᠯᠠᠷᠢᠯ ᠤᠨ ᠪᠢᠴᠢᠭ᠂ ᠰᠣᠨᠢᠨ ᠵᠡᠷᠭᠡ ᠪᠤᠶ᠂ ᠡᠭᠦᠨ ᠳᠤ ᠬᠢᠲᠠᠳ ᠬᠡᠯᠡᠨ ᠤ ᠰᠣᠨᠢᠨ᠂ ᠶᠠᠫᠤᠨ ᠬᠡᠯᠡᠨ ᠤ ᠰᠣᠨᠢᠨ ᠵᠢᠴᠢ ᠣᠷᠣᠰ ᠬᠡᠯᠡᠨ ᠤ ᠰᠣᠨᠢᠨ ᠵᠡᠷᠭᠡ ᠰᠣᠨᠢᠨ ᠪᠠᠶᠢᠨ᠎ᠠ᠃     ᠡᠷᠢᠶᠡᠨ ᠤᠯᠠᠭ᠎ᠠ ᠥᠷᠲᠡᠭᠡᠨ ᠤ ᠪᠠᠭᠤᠷᠢ ᠶᠢᠨ ᠡᠮᠦᠨ᠎ᠡ ᠲᠠᠯ᠎ᠠ ᠶᠢᠨ ᠬᠤᠶᠠᠷ ᠬᠤᠳᠳᠤᠭ ᠪᠦᠷᠢᠨ ᠪᠦᠲᠦᠨ ᠬᠠᠳᠠᠭᠠᠯᠠᠭᠳᠠᠵᠤ᠂ ᠪᠠᠷᠠᠭᠤᠨ ᠬᠤᠶᠢᠰᠢ ᠪᠠᠨ 500 ᠮᠧᠲᠷ ᠤᠨ ᠭᠠᠵᠠᠷ ᠲᠤ ᠡᠷᠲᠡᠨ ᠤ ᠲᠡᠷᠭᠡᠨ ᠤ ᠣᠷᠣᠮ ᠪᠠᠶᠢᠵᠤ᠂ ᠵᠡᠭᠦᠨᠰᠢ ᠪᠠᠷᠠᠭᠤᠨᠰᠢ 600 ᠮᠧᠲᠷ ᠥᠷᠭᠡᠨ᠂ ᠡᠮᠦᠨᠡᠰᠢ ᠤᠮᠠᠷᠠᠰᠢ 1000 ᠮᠧᠲᠷ ᠤᠷᠲᠤ ᠪᠠᠶᠢᠳᠠᠭ᠃ ᠬᠠᠭᠤᠴᠢ ᠰᠤᠳᠤᠯᠤᠭᠴᠢᠳ ᠡᠷᠲᠡᠨ ᠤ ᠲᠡᠷᠭᠡᠨ ᠤ ᠤᠷᠤᠮ ᠠᠴᠠ ᠮᠣᠷᠢᠨ ᠤ ᠲᠠᠬ᠎ᠠ᠂ ᠲᠡᠮᠦᠷ ᠪᠠᠭᠠᠵᠢ᠂ ᠮᠣᠷᠢᠨ ᠲᠡᠷᠭᠡᠨ ᠤ ᠲᠣᠨᠣᠭᠯᠠᠭᠠᠰᠤ᠂ ᠸᠠᠭᠠᠷ ᠰᠠᠪᠠ᠂ ᠱᠠᠭᠠᠵᠠᠩ ᠯᠣᠩᠬᠤ ᠵᠡᠷᠭᠡ ᠵᠦᠢᠯ ᠤᠳ ᠪᠠᠶᠢᠭᠰᠠᠨ ᠢ  ᠴᠤᠭᠯᠠᠭᠤᠯᠵᠤ ᠣᠯᠣᠭᠰᠠᠨ  ᠪᠠᠶᠢᠨ᠎ᠠ᠃     1918 ᠣᠨ ᠳᠤ᠂ ᠴᠢᠭᠤᠯᠤᠯᠲᠤ ᠬᠠᠭᠠᠯᠭ᠎ᠠ ᠶᠢᠨ ᠵᠢᠭᠤᠯᠴᠢᠯᠠᠯ ᠤᠨ ᠬᠤᠳᠠᠯᠳᠤᠭᠠᠴᠢᠨ ᠵᠢᠩ ᠰᠢᠤᠸᠠᠢ ᠴᠢᠶᠠᠨ ︽ᠳ᠋ᠠ ᠴᠧᠩ ᠵᠠᠩ ᠺᠦ᠋ ᠮᠠᠰᠢᠨ ᠲᠡᠷᠭᠡᠨ ᠤ ᠺᠤᠮᠫᠠᠨᠢ︾ ᠶᠢ ᠡᠭᠦᠰᠬᠡᠨ ᠪᠠᠶᠢᠭᠤᠯᠵᠤ᠂ ᠮᠠᠰᠢᠨ ᠲᠡᠷᠭᠡᠨ ᠤ ᠲᠡᠭᠡᠭᠡᠪᠦᠷᠢ ᠪᠠᠷ ᠭᠤᠣᠯ ᠪᠤᠯᠭᠠᠬᠰᠠᠨ ᠵᠠᠩ ᠺᠦ᠋ ᠶᠡᠭᠡ ᠵᠠᠮ ᠢ ᠨᠡᠪᠲᠡᠷᠡᠭᠦᠯᠪᠡ᠃ ᠵᠠᠩ - ᠺᠦ᠋ ᠶᠢᠨ ᠬᠤᠭᠤᠷᠣᠨᠳᠣᠭᠢ ᠮᠠᠰᠢᠨ ᠲᠡᠷᠭᠡᠨ ᠤ ᠡᠵᠡᠩᠨᠡᠯᠲᠡ  20 ᠳ᠋ᠤᠭᠠᠷ ᠵᠠᠭᠤᠨ ᠤ 10 - 20 ᠊ᠭᠠᠳ ᠣᠨ ᠤ ᠦᠶ᠎ᠡ ᠪᠠᠷ ᠲᠤᠶᠢᠯ ᠤᠨ ᠶᠡᠭᠡ ᠪᠠᠷ ᠬᠥᠭᠵᠢᠨ ᠪᠠᠳᠠᠷᠠᠵᠤ᠂ ᠰᠡᠭᠦᠯᠡᠷ ᠨᠢ ᠡᠯ᠎ᠡ ᠭᠠᠵᠠᠷ ᠤᠨ ᠲᠡᠮᠦᠷ ᠵᠠᠮ ᠮᠠᠨᠳᠤᠨ ᠬᠥᠭᠵᠢᠭᠰᠡᠨ ᠠᠴᠠ ᠪᠣᠯᠵᠤ᠂ ᠲᠤᠰ ᠵᠠᠮ ᠰᠠᠶ᠋ᠢ ᠠᠭᠠᠵᠢᠮ ᠢᠶᠠᠷ ᠳᠣᠷᠣᠶᠢᠲᠠᠵᠠᠢ᠃ 1943 ᠣᠨ ᠳᠤ ᠶᠠᠫᠤᠨ ᠴᠡᠷᠢᠭ ᠲᠤᠰ ᠭᠠᠵᠠᠷ ᠢ ᠡᠵᠡᠯᠡᠭᠡᠳ ᠤᠯᠠᠭ᠎ᠠ ᠥᠷᠲᠡᠭᠡ ᠬᠠᠶᠠᠭᠳᠠᠵᠠᠢ᠃
C:\Users\bch\Desktop\9.07  文化\文化4444.png
              ᠡᠷᠲᠡᠨ ᠤ ᠬᠤᠳᠳᠤᠭ ᠤᠨ ᠪᠠᠭᠤᠷᠢ     ᠥᠪᠥᠷ ᠮᠣᠩᠭᠤᠯ ᠤᠨ ᠬᠠᠭᠤᠴᠢ ᠰᠤᠳᠤᠯᠤᠯ ᠤᠨ ᠨᠡᠶᠢᠭᠡᠮᠯᠢᠭ ᠤᠨ ᠬᠡᠷᠡᠭ ᠡᠷᠭᠢᠯᠡᠭᠴᠢᠳ ᠤᠨ ᠳᠠᠷᠤᠭ᠎ᠠ᠂ ᠲᠤᠬᠠᠢ ᠶᠢᠨ ᠦᠶ᠎ᠡ ᠳᠤ ᠡᠷᠢᠶᠡᠨ ᠤᠯᠠᠭ᠎ᠠ ᠥᠷᠲᠡᠭᠡᠨ ᠤ ᠪᠠᠭᠤᠷᠢ ᠶᠢ ᠠᠭᠤᠳᠠᠯᠤᠨ ᠮᠠᠯᠲᠠᠬᠤ ᠳᠤ ᠬᠤᠯᠪᠤᠭᠠᠯᠠᠨ ᠠᠵᠢᠯᠯᠠᠭᠰᠠᠨ ᠬᠠᠭᠤᠴᠢ ᠰᠤᠳᠤᠯᠤᠯ ᠤᠨ ᠠᠩᠭᠢ ᠶᠢᠨ ᠳᠠᠭᠠᠭᠤᠯᠤᠭᠴᠢ ᠲᠠᠯ᠎ᠠ ᠶᠢᠨ ᠦᠵᠡᠬᠦ ᠪᠠᠷ᠂ ᠡᠷᠢᠶᠡᠨ ᠤᠯᠠᠭ᠎ᠠ ᠥᠷᠲᠡᠭᠡ ᠪᠣᠯ ᠲᠦᠮᠡᠨ ᠭᠠᠵᠠᠷ ᠤᠨ ᠴᠠᠢ ᠶᠢᠨ ᠵᠠᠮ ᠳᠡᠭᠡᠷᠡᠬᠢ ᠴᠣᠷ ᠤᠨ ᠭᠠᠭᠴᠠ ᠣᠷᠣᠰ ᠮᠣᠩᠭᠤᠯ ᠲᠠᠢ ᠬᠥᠷᠰᠢᠯᠡᠵᠦ ᠪᠠᠶᠢᠭ᠎ᠠ ᠭᠠᠵᠠᠷ ᠣᠷᠣᠨ ᠤ ᠵᠠᠮ ᠬᠠᠷᠢᠯᠴᠠᠭᠠᠨ ᠤ ᠤᠯᠠᠭ᠎ᠠ ᠥᠷᠲᠡᠭᠡ ᠪᠣᠯᠣᠨ᠎ᠠ᠂ ᠡᠷᠢᠶᠡᠨ ᠤᠯᠠᠭ᠎ᠠ ᠥᠷᠲᠡᠭᠡ ᠳᠤ ᠬᠠᠳᠠᠭᠠᠯᠠᠭᠳᠠᠵᠤ ᠪᠠᠶᠢᠭ᠎ᠠ ᠠᠷᠠᠯᠵᠢᠶ᠎ᠠ ᠬᠤᠳᠠᠯᠳᠤᠭ᠎ᠠ᠂ ᠰᠣᠶᠣᠯ ᠵᠢᠭᠤᠯᠴᠢᠯᠠᠯ ᠵᠡᠷᠭᠡ ᠲᠡᠦᠬᠡ ᠰᠣᠶᠣᠯ ᠤᠨ ᠠᠭᠤᠯᠬᠤᠨ ᠢ ᠭᠦᠨᠵᠡᠭᠡᠢ ᠠᠭᠤᠳᠠᠯᠵᠤ᠂ ᠮᠠᠨ ᠤ ᠤᠯᠤᠰ ᠤᠨ ᠲᠦᠮᠡᠨ ᠭᠠᠵᠠᠷ ᠤᠨ ᠴᠠᠢ ᠶᠢᠨ ᠵᠠᠮ ᠤᠨ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠳᠤ ᠴᠢᠬᠤᠯᠠ ᠲᠡᠦᠬᠡ᠂ ᠰᠣᠶᠣᠯ ᠤᠨ ᠦᠨ᠎ᠡ ᠥᠷᠲᠡᠭ ᠪᠠ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃     ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ ᠤᠨ ᠰᠤᠷᠪᠤᠯᠵᠢᠯᠠᠬᠴᠢ  ᠦ᠋ ᠹᠧᠩ     ︵ᠲᠣᠰ ᠨᠢᠭᠤᠷ ᠤᠨ ᠭᠡᠷᠡᠯ  ᠵᠢᠷᠤᠭ ᠢ ᠡᠷᠢᠶᠡᠨ ᠬᠤᠲᠠ ᠶᠢᠨ ᠡᠷᠢᠶᠡᠨ ᠤᠯᠠᠭ᠎ᠠ ᠥᠷᠲᠡᠭᠡᠨ ᠤ ᠮᠦᠽᠧᠢ ᠠᠴᠠ ᠬᠠᠩᠭᠠᠪᠠ︶ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号