︽ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠴᠢᠬᠤᠯᠠ ᠶᠡᠭᠡ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠫᠷᠥᠭᠷᠡᠮ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ | ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ ᠤᠨ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ | ᠨᠠᠮ ᠤᠨ ᠬᠤᠷᠢᠶ᠎ᠠ ᠶᠢᠨ ᠲᠤᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ︶ ﹇ | 2012﹈ 2492 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ | ᠶᠡᠭᠡ ᠰᠢᠢᠳᠪᠦᠷᠢᠲᠦ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠶᠢ | ᠬᠡᠷᠡᠭᠵᠢᠭᠦᠯᠬᠦ ᠠᠷᠭ᠎ᠠ︾ ︵ᠥᠪᠥᠷ ᠮᠤᠩᠭᠤᠯ ᠤᠨ ᠨᠠᠮ ᠵᠠᠰᠠᠭ ᠤᠨ ᠠᠯᠪᠠᠨ ᠭᠡᠷ ᠤᠨ ᠲᠠᠷᠬᠠᠭᠠᠭᠰᠠᠨ ﹇2021﹈ | 7 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠪᠣᠯᠣᠨ | ᠰᠢᠨ ᠷᠦᠩ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠨᠢ ᠥᠪᠥᠷ ᠮᠣᠩᠭᠤᠯ ᠤᠨ ᠵᠢᠶᠠᠨ ᠴᠧᠨ ᠢᠨᠵᠧᠨᠧᠷᠢᠩ ᠤᠨ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠳᠤ ᠨᠠᠶᠢᠳᠠᠵᠤ ᠲᠣᠰ ᠢᠨᠵᠧᠨᠧᠷᠢᠩ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ | ᠦᠨᠡᠯᠡᠨ ᠵᠢᠱᠢᠯᠲᠡ ᠶᠢ ᠪᠡᠶᠡᠯᠡᠭᠦᠯᠦᠨ᠎ᠡ᠂ ᠡᠳᠦᠭᠡ ᠬᠤᠯᠪᠣᠭᠳᠠᠯ ᠪᠦᠬᠦᠢ ᠪᠠᠶᠢᠳᠠᠯ ᠢ ᠢᠯᠡ ᠨᠡᠶᠢᠲᠡᠯᠡᠶ᠎ᠡ᠃ | ᠨᠢᠭᠡ᠂ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠨᠡᠷᠡᠶᠢᠳᠦᠯ | ᠰᠢ ᠹᠧᠩ ᠱᠠᠩ ᠵᠢᠦᠢ ᠬᠤᠳᠠᠯᠳᠤᠭᠠᠨ ᠤ ᠣᠷᠣᠨ ᠰᠠᠭᠤᠴᠠ ᠶᠢᠨ ᠵᠢᠵᠢᠭ ᠲᠣᠭᠤᠷᠢᠭ ︵ᠬᠤᠶᠠᠳᠤᠭᠠᠷ | ᠬᠤᠭᠤᠴᠠᠭ᠎ᠠ︶ ᠤᠨ ᠦᠷᠭᠦᠯᠵᠢᠯᠡᠨ ᠪᠠᠶᠢᠭᠤᠯᠬᠤ ᠵᠦᠢᠯᠡᠰ ᠲᠤ ᠬᠡᠷᠡᠭᠯᠡᠬᠦ ᠭᠠᠵᠠᠷ ᠤᠨ ᠲᠠᠲᠠᠪᠤᠷᠢᠯᠠᠯᠲᠠ | ᠬᠤᠶᠠᠷ᠂ ᠦᠨᠡᠯᠡᠨ ᠵᠢᠱᠢᠬᠦ ᠭᠤᠣᠯ ᠴᠣᠭᠴᠠ᠄ ᠲᠦᠮᠡᠳ ᠵᠡᠭᠦᠨ ᠬᠤᠰᠢᠭᠤᠨ ᠤ ᠲᠠᠶᠢᠭ᠎ᠠ ᠮᠤᠳᠤ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ | ᠭᠤᠷᠪᠠ᠂ ᠪᠦᠲᠦᠭᠡᠨ ᠪᠠᠶᠢᠭᠤᠯᠬᠤ ᠨᠢᠭᠡᠴᠢ | ᠨᠢᠭᠡᠴᠡ ᠶᠢᠨ ᠨᠡᠷᠡᠶᠢᠳᠦᠯ᠄ ᠥᠪᠥᠷ ᠮᠣᠩᠭᠤᠯ ᠤᠨ ᠾᠧ ᠰᠢᠨ ᠷᠦᠩ ᠶᠢᠨ ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠪᠦᠲᠦᠭᠡᠨ ᠪᠠᠶᠢᠭᠤᠯᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠲᠠᠶᠢᠭ᠎ᠠ ᠮᠣᠳᠤ ᠪᠠᠯᠭᠠᠰᠤ ᠶᠢᠨ ᠡᠾᠥᠸᠧ ᠵᠠᠢ | ᠲᠣᠰᠬᠤᠨ᠃ | ᠬᠠᠷᠢᠯᠴᠠᠬᠤ ᠬᠥᠮᠥᠨ᠄ ᠶᠢᠨ ᠺᠦᠨ | ᠬᠠᠷᠢᠯᠴᠠᠬᠤ ᠤᠲᠠᠰᠤ᠄ 13644887895 | ᠳᠥᠷᠪᠡ᠂ ᠦᠨᠡᠯᠡᠨ ᠵᠢᠱᠢᠬᠦ ᠨᠢᠭᠡᠴᠢ | ᠨᠢᠭᠡᠴᠡ ᠶᠢᠨ ᠨᠡᠷᠡᠶᠢᠳᠦᠯ᠄ ᠥᠪᠥᠷ ᠮᠣᠩᠭᠤᠯ ᠤᠨ ᠵᠢᠶᠠᠨ ᠴᠧᠨ ᠢᠨᠵᠧᠨᠧᠷᠢᠩ ᠤᠨ ᠮᠡᠷᠭᠡᠵᠢᠯ ᠤᠨ | ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠬᠠᠷᠢᠯᠴᠠᠬᠤ ᠬᠥᠮᠥᠨ᠄ ᠯᠢᠦ ᠳ᠋ᠦᠩ | ᠬᠠᠷᠢᠯᠴᠠᠬᠤ ᠤᠲᠠᠰᠤ᠄ 13848101983 | ᠲᠠᠪᠤ᠂ ᠫᠷᠥᠭᠷᠡᠮ ᠤᠨ ᠪᠦᠲᠦᠭᠡᠨ ᠪᠠᠶᠢᠭᠤᠯᠤᠯᠲᠠ ᠶᠢᠨ ᠲᠣᠶᠢᠮᠣ ᠪᠠᠶᠢᠳᠠᠯ | ᠰᠢ ᠹᠧᠩ ᠱᠠᠩ ᠵᠢᠦᠢ ᠬᠤᠳᠠᠯᠳᠤᠭ᠎ᠠ ᠣᠷᠣᠨ ᠰᠠᠭᠤᠴᠠ ᠶᠢᠨ ᠵᠢᠵᠢᠭ ᠲᠣᠭᠤᠷᠢᠭ ︵ᠬᠤᠶᠠᠳᠤᠭᠠᠷ | ᠬᠤᠭᠤᠴᠠᠭ᠎ᠠ︶ ᠤᠨ ᠦᠷᠭᠦᠯᠵᠢᠯᠡᠨ ᠪᠠᠶᠢᠭᠤᠯᠬᠤ ᠵᠦᠢᠯᠡᠰ ᠤᠨ ᠬᠡᠷᠡᠭᠯᠡᠬᠦ ᠭᠠᠵᠠᠷ ᠤᠨ ᠦᠨᠳᠦᠰᠦᠨ ᠪᠠᠶᠢᠳᠠᠯ᠄ ᠲᠣᠰ | ᠵᠦᠢᠯᠡᠰ ᠤᠨ ᠶᠡᠷᠦᠩᠬᠡᠢ ᠡᠵᠡᠯᠡᠬᠦ ᠲᠠᠯᠠᠪᠠᠶ ᠨᠢ 0.0944 ᠾᠧᠺᠲ᠋ᠠᠷ ᠪᠠᠶᠢᠵᠤ᠂ ᠡᠭᠦᠨ ᠳᠤ ᠤᠰᠤᠯᠠᠯᠲᠠ ᠶᠢᠨ | ᠲᠠᠷᠢᠶ᠎ᠠ 0.0440 ᠾᠧᠺᠲ᠋ᠠᠷ᠂ ᠪᠤᠰᠤᠳ ᠡᠪᠡᠰᠦᠲᠦ ᠭᠠᠵᠠᠷ 0.0204 ᠾᠧᠺᠲ᠋ᠠᠷ ᠪᠠᠶᠢᠵᠤ᠂ ᠲᠠᠶᠢᠭ᠎ᠠ ᠮᠣᠳᠤ | ᠪᠠᠯᠭᠠᠰᠤᠨ ᠤ ᠾᠦᠥᠸ᠋ ᠵᠠᠢ ᠲᠣᠰᠬᠤᠨ ᠤ ᠬᠠᠮᠲᠤ ᠶᠢᠨ ᠭᠠᠵᠠᠷ ᠰᠢᠷᠣᠢ ᠪᠣᠯᠣᠨ᠎ᠠ᠃ ᠲᠠᠶᠢᠭ᠎ᠠ ᠮᠤᠳᠤ ᠪᠠᠯᠭᠠᠰᠤ ᠶᠢᠨ | ᠡᠾᠥᠸᠧ ᠵᠠᠢ ᠲᠣᠰᠬᠤᠨ ᠤ ᠬᠠᠮᠲᠤ ᠶᠢᠨ ᠭᠠᠵᠠᠷ ᠰᠢᠷᠣᠢ 0.0944 ᠾᠧᠺᠲ᠋ᠠᠷ ︵1.4205 ᠮᠦ︶ ᠪᠠᠶᠢᠵᠤ᠂ | ᠲᠠᠲᠠᠪᠤᠷᠢᠯᠠᠬᠤ ᠨᠥᠬᠦᠪᠦᠷᠢ ᠶᠢᠨ ᠪᠠᠷᠢᠮᠵᠢᠶ᠎ᠠ ᠨᠢ ᠮᠦ ᠪᠦᠷᠢ 5.25 ᠲᠦᠮᠡᠨ ᠲᠥᠭᠦᠷᠢᠭ ︵ᠭᠠᠵᠠᠷ ᠰᠢᠷᠣᠢ ᠶᠢᠨ | ᠨᠥᠬᠦᠪᠦᠷᠢ ᠶᠢᠨ ᠰᠦᠢᠳᠬᠡᠯ ᠤᠨ ᠮᠦ ᠪᠦᠷᠢ 2.1 ᠲᠦᠮᠡᠨ ᠲᠥᠭᠦᠷᠢᠭ/ᠮᠦ᠂ ᠲᠥᠪᠬᠢᠨᠡᠭᠦᠯᠬᠦ ᠨᠥᠬᠦᠪᠦᠷᠢ ᠶᠢᠨ | ᠰᠦᠢᠳᠬᠡᠯ ᠤᠨ ᠮᠦ ᠪᠦᠷᠢ 3.15 ᠲᠦᠮᠡᠨ ᠲᠥᠭᠦᠷᠢᠭ/ᠮᠦ ᠪᠠᠭᠲᠠᠨ᠎ᠠ︶ ᠪᠣᠯᠣᠨ᠎ᠠ᠃ | ᠵᠢᠷᠭᠤᠭ᠎ᠠ᠂ ᠯᠠᠪᠯᠠᠨ ᠠᠰᠠᠭᠤᠬᠤ ᠵᠦᠢᠯ | ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠤᠳ᠄ ᠲᠣᠰ ᠫᠷᠥᠭᠷᠡᠮ ᠢ ᠬᠡᠷᠡᠭᠵᠢᠭᠦᠯᠬᠦ ᠳᠤ ᠶᠠᠮᠠᠷ | ᠰᠠᠨᠠᠭᠤᠯᠭ᠎ᠠ ᠪᠠ ᠰᠠᠨᠠᠯ ᠲᠠᠢ ᠪᠠᠶᠢᠬᠤ᠃ | ᠳᠣᠯᠤᠭ᠎ᠠ᠂ ᠢᠯᠡ ᠨᠡᠶᠢᠲᠡᠯᠡᠬᠦ ᠲᠣᠳᠣᠷᠬᠠᠶᠢᠯᠠᠯᠲᠠ | 1. ᠲᠤᠰ ᠤᠳᠠᠭᠠᠨ ᠤ ᠣᠯᠠᠨ ᠨᠡᠶᠢᠲᠡ ᠶᠢᠨ ᠰᠠᠨᠠᠯ ᠢ ᠵᠠᠬᠢᠳᠠᠯ᠂ ᠹᠠᠺᠰ᠂ ᠡᠯᠧᠺᠲᠷᠣᠨ ᠰᠢᠤᠳᠠᠨ ᠵᠦᠢᠯ | ᠵᠡᠷᠭᠡ ᠪᠢᠴᠢᠭ ᠤᠨ ᠬᠡᠯᠪᠡᠷᠢ ᠪᠠᠷ ᠪᠦᠲᠦᠭᠡᠨ ᠪᠠᠶᠢᠭᠤᠯᠬᠤ ᠨᠢᠭᠡᠴᠡ ᠪᠤᠶᠤ ᠨᠡᠶᠢᠭᠡᠮ ᠤᠨ ᠲᠣᠭᠲᠠᠭᠤᠨ ᠪᠠᠶᠢᠳᠠᠯ ᠤᠨ | ᠠᠶᠤᠯ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ ᠲᠠᠢ ᠬᠠᠷᠢᠯᠴᠠᠵᠤ ᠪᠣᠯᠣᠨ᠎ᠠ᠃ | 2᠂ ᠵᠠᠷᠯᠠᠨ ᠨᠡᠶᠢᠲᠡᠯᠡᠬᠦ ᠶᠢᠨ ᠡᠬᠢᠯᠡᠵᠦ ᠳᠠᠭᠤᠰᠬᠤ ᠴᠠᠭ᠄ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ 15 | ᠡᠳᠦᠷ ᠤᠨ ᠳᠣᠲᠣᠷ᠎ᠠ᠃ | 3. ᠣᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ | ᠪᠠᠶᠢᠳᠠᠯ ᠤᠨ ᠲᠦᠭᠰᠢᠭᠦᠷᠢ ᠶᠢᠨ ᠲᠠᠯ᠎ᠠ ᠪᠠᠷ ᠬᠢ ᠰᠠᠨᠠᠭᠤᠯᠭ᠎ᠠ ᠪᠤᠶᠤ ᠰᠠᠨᠠᠯ ᠢ ᠢᠯᠡ ᠨᠡᠶᠢᠲᠡᠯᠡᠭᠰᠡᠨ ᠬᠤᠭᠤᠴᠠᠭᠠᠨ ᠳᠤ | ᠂ ᠪᠦᠲᠦᠭᠡᠨ ᠪᠠᠶᠢᠭᠤᠯᠤᠯᠲᠠ ᠶᠢᠨ ᠫᠷᠥᠭᠷᠡᠮ ᠤᠨ ᠨᠢᠭᠡᠴᠡ ᠪᠤᠶᠤ ᠨᠡᠶᠢᠭᠡᠮ ᠤᠨ ᠲᠣᠭᠲᠠᠭᠤᠨ ᠪᠠᠶᠢᠳᠠᠯ ᠤᠨ | ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠪᠢᠴᠢᠭ ᠢ ᠨᠠᠶᠢᠷᠠᠭᠤᠯᠤᠨ ᠵᠣᠬᠢᠶᠠᠭᠰᠠᠨ ᠨᠢᠭᠡᠴᠡ ᠳᠤ | ᠳᠤᠷᠠᠳᠴᠤ ᠪᠣᠯᠣᠨ᠎ᠠ᠃ | ᠵᠠᠷᠯᠠᠨ ᠨᠡᠶᠢᠲᠡᠯᠡᠭᠰᠡᠨ ᠨᠢᠭᠡᠴᠡ᠄ ᠥᠪᠥᠷ ᠮᠣᠩᠭᠤᠯ ᠤᠨ ᠾᠧ ᠰᠢᠨ ᠷᠦᠩ ᠶᠢᠨ ᠤ ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠵᠠᠷᠯᠠᠨ ᠨᠡᠶᠢᠲᠡᠯᠡᠭᠰᠡᠨ ᠴᠠᠭ᠄ 2024 ᠣᠨ ᠤ 1 ᠰᠠᠷ᠎ᠠ ᠶᠢᠨ 16 ᠤ ᠡᠳᠦᠷ | |