︽ᠬᠤᠶᠠᠷ ᠬᠤᠷᠠᠯ ᠳᠤ ᠠᠩᠬᠠᠷᠤᠯ ᠢᠶᠠᠨ ᠲᠥᠪᠯᠡᠷᠡᠭᠦᠯᠦᠨ᠎ᠡ︾ ᠤᠯᠤᠰ ᠲᠥᠷᠥ ᠶᠢᠨ ᠵᠥᠪᠯᠡᠯᠭᠡᠨ ᠤ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠳᠤ ᠣᠷᠣᠯᠴᠠᠭᠰᠠᠨ ᠭᠡᠰᠢᠭᠦᠳ ᠳᠤᠭᠤᠶᠢᠯᠠᠩ ᠬᠤᠪᠢᠶᠠᠨ ᠶᠠᠷᠢᠯᠴᠠᠪᠠ
ᠨᠡᠶᠢᠲᠡᠯᠡᠭᠰᠡᠨ ᠴᠠᠭ᠄
2024/1/5
     1 ᠳ᠋ᠦᠭᠡᠷ ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠲᠦᠮᠡᠳ ᠵᠡᠭᠦᠨ ᠬᠤᠰᠢᠭᠤᠨ ᠤ ᠨᠠᠮ ᠵᠠᠰᠠᠭ ᠤᠨ ᠠᠯᠪᠠᠨ ᠠᠰᠠᠷ ᠤᠨ ᠬᠤᠷᠠᠯ ᠤᠨ ᠲᠥᠪ ᠲᠤ ᠡᠬᠢᠯᠡᠪᠡ᠃ ᠲᠣᠰ ᠤᠳᠠᠭᠠᠨ ᠤ ᠬᠤᠷᠠᠯ ᠤᠨ ᠠᠩᠬᠠᠳᠤᠭᠠᠷ ᠶᠡᠭᠡ ᠬᠤᠷᠠᠯ ᠬᠤᠷᠠᠯᠳᠤᠭᠰᠠᠨ ᠤ ᠳᠠᠷᠠᠭ᠎ᠠ᠂ ᠲᠣᠰ ᠬᠤᠷᠠᠯ ᠳᠤ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠢ ᠶᠢᠩ ᠤᠨ ᠶᠠᠷᠢᠶᠠᠨ ᠤ ᠵᠣᠷᠢᠭ ᠰᠠᠨᠠᠭ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠧᠨ ᠰᠢ ᠯᠧ ᠶᠢᠨ ᠬᠢᠭᠰᠡᠨ ᠤᠯᠤᠰ ᠲᠥᠷᠥ ᠶᠢᠨ ᠵᠥᠪᠯᠡᠯᠭᠡᠨ ᠤ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ  ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠣᠭᠤᠷᠢᠨ ᠳᠤ ᠳᠤᠭᠤᠶᠢᠯᠠᠩ ᠬᠤᠪᠢᠶᠠᠨ ᠶᠠᠷᠢᠯᠴᠠᠪᠠ᠃     ᠡᠯ᠎ᠡ ᠶᠠᠷᠢᠯᠴᠠᠬᠤ ᠳᠤᠭᠤᠶᠢᠯᠠᠩ ᠳᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠭᠡᠰᠢᠭᠦᠳ ᠳᠡᠭᠡᠳᠦ ᠬᠡᠮᠵᠢᠶᠡᠨ ᠤ ᠤᠯᠤᠰ ᠲᠦᠷᠦ ᠶᠢᠨ ᠡᠭᠦᠷᠭᠡᠲᠦ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠪᠠᠷ ᠭᠦᠢᠴᠡᠳ ᠶᠠᠷᠢᠯᠴᠠᠵᠤ᠂ ᠢᠳᠡᠪᠬᠢᠲᠡᠢ ᠪᠠᠷ ᠶᠠᠷᠢᠶ᠎ᠠ ᠲᠠᠯᠪᠢᠪᠠ᠃ ᠭᠡᠰᠢᠭᠦᠳ ᠰᠠᠨᠠᠯ ᠨᠢᠭᠡᠲᠡᠢ ᠦᠵᠡᠭᠰᠡᠨ ᠨᠢ᠂ ᠬᠠᠢ ᠶᠢᠩ ᠱᠦᠵᠢ ᠶᠢᠨ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠬᠤᠶᠢᠰᠢᠳᠠ ᠶᠢᠨ ᠠᠵᠢᠯ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠤᠨ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠢᠯᠡᠳᠬᠡᠯ ᠳᠤ 2023 ᠣᠨ ᠤ ᠠᠵᠢᠯ ᠢ ᠶᠣᠰᠣ ᠲᠠᠢ ᠦᠨᠳᠦᠰᠦ ᠪᠠᠷᠢᠮᠲᠠ ᠲᠠᠢ ᠡᠷᠭᠢᠴᠡᠭᠦᠯᠦᠨ ᠳ᠋ᠦᠩᠨᠡᠭᠰᠡᠨ ᠪᠥᠭᠡᠳ ᠰᠢᠨ᠎ᠡ ᠨᠢᠭᠡ ᠵᠢᠯ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠰᠡᠳᠬᠢᠴᠡ ᠲᠣᠳᠣᠷᠬᠠᠢ ᠲᠣᠬᠢᠷᠠᠭᠤᠯᠤᠨ ᠪᠠᠶᠢᠷᠢᠯᠠᠭᠤᠯᠵᠠᠢ᠃ ᠭᠡᠰᠢᠭᠦᠳ ᠰᠠᠨᠠᠯ ᠨᠢᠭᠡᠲᠡᠢ ᠢᠯᠡᠷᠬᠡᠶᠢᠯᠡᠭᠰᠡᠨ  ᠨᠢ᠂ ᠲᠤᠯᠭᠤᠷ ᠵᠣᠷᠢᠯᠲᠠ ᠪᠠᠨ ᠪᠠᠲᠤ ᠰᠠᠬᠢᠵᠤ ᠢᠷᠡᠭᠡᠳᠦᠢ ᠵᠦᠭ ᠤᠷᠤᠭᠰᠢᠯᠠᠨ᠂ ᠡᠷᠴᠢ ᠵᠣᠷᠢᠭ ᠢᠶᠠᠨ ᠬᠥᠪᠴᠢᠯᠡᠨ ᠰᠢᠨ᠎ᠡ ᠬᠠᠭᠤᠳᠠᠰᠤ ᠶᠢ ᠪᠢᠴᠢᠭᠯᠡᠵᠦ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠲᠤ ᠡᠵᠡᠮᠳᠡᠨ᠂ ᠦᠷᠭᠦᠯᠵᠢᠯᠡᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠰᠣᠳᠣ ᠮᠡᠷᠭᠡᠨ ᠦᠭᠡ ᠶᠠᠷᠢᠶ᠎ᠠ ᠶᠢ ᠢᠯᠡᠭᠦᠬᠡᠨ ᠵᠣᠬᠢᠶᠠᠵᠤ᠂ ᠪᠣᠳᠠᠲᠠᠢ ᠶᠢ ᠡᠷᠬᠢᠮᠯᠡᠬᠦ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠵᠦ᠂ ᠲᠦᠮᠡᠳ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠢ᠃ 
 
ᠢᠷᠡᠯᠲᠡ᠄ ᠲᠦᠮᠡᠳ ᠵᠡᠭᠦᠨ ᠬᠤᠰᠢᠭᠤᠨ ᠦ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号