︽ᠬᠤᠶᠠᠷ ᠬᠤᠷᠠᠯ ᠳᠤ ᠠᠩᠬᠠᠷᠤᠯ ᠢᠶᠠᠨ ᠲᠥᠪᠯᠡᠷᠡᠭᠦᠯᠦᠨ᠎ᠡ︾ ᠬᠤᠰᠢᠭᠤᠨ ᠤ ᠤᠳᠤᠷᠢᠳᠤᠯᠭ᠎ᠠ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ‍ᠤᠨ‌‍ᠲ᠋ᠦ᠋ᠯᠦᠭᠡᠯᠡᠭᠴᠢᠳ ᠢ ᠪᠤᠯᠭᠤᠭᠠᠨ ᠦᠵᠡᠵᠡᠢ
ᠨᠡᠶᠢᠲᠡᠯᠡᠭᠰᠡᠨ ᠴᠠᠭ᠄
2024/1/5
     ᠲᠦᠮᠡᠳ ᠵᠡᠭᠦᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ 1 ᠰᠠᠷ᠎ᠠ ᠶᠢᠨ 5 ᠤ ᠡᠳᠦᠷ ᠬᠤᠰᠢᠭᠤᠨ ᠤ ᠨᠠᠮ ᠵᠠᠰᠠᠭ ᠤᠨ ᠠᠯᠪᠠᠨ ᠠᠰᠠᠷ ᠤᠨ ᠬᠤᠷᠠᠯ ᠤᠨ ᠲᠥᠪ ᠲᠤ ᠡᠬᠢᠯᠡᠨ᠎ᠡ᠃     1 ᠰᠠᠷ᠎ᠠ ᠶᠢᠨ 4 ᠤ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠢ ᠶᠢᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠯᠢ ᠮᠢᠨ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶᠠ ᠶᠢᠨ ᠹᠧᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠧᠨ ᠰᠢ ᠯᠧ ᠵᠡᠷᠭᠡ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠨᠠᠷ ᠰᠠᠭᠤᠭ᠎ᠠ ᠭᠠᠵᠠᠷ ᠲᠠᠭᠠᠨ ᠢᠷᠡᠵᠦ ᠬᠤᠷᠠᠯ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠢ ᠪᠣᠯᠭᠤᠭᠠᠨ ᠦᠵᠡᠵᠦ᠂ ᠲᠡᠳᠡᠨ ᠲᠠᠢ ᠳᠣᠲᠣᠨᠣᠰᠤᠭ ᠢᠶᠠᠷ ᠭᠠᠷ ᠠᠳᠬᠤᠨ᠂ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ᠂ ᠲᠦᠮᠡᠳ ᠵᠡᠭᠦᠨ ᠬᠤᠰᠢᠭᠤᠨ ᠤ ᠡᠯ᠎ᠡ ᠵᠦᠢᠯ ᠤᠨ ᠠᠵᠢᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠯ ᠢᠶᠠᠨ ᠳᠡᠪᠰᠢᠭᠦᠯᠵᠦ᠂ ᠲᠡᠳᠡᠨ ᠤ ᠬᠤᠶᠢᠰᠢᠳᠠ ᠶᠢᠨ ᠠᠵᠢᠯ ᠤᠨ ᠳᠤᠮᠳᠠ ᠪᠠᠨ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃ ᠪᠦᠬᠦ ᠬᠤᠰᠢᠭᠤᠨ ᠤ ᠡᠯ᠎ᠡ ᠠᠵᠢᠯ ᠲᠥᠷᠥᠯ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠤᠷᠠᠯ ᠤᠨ ᠬᠤᠭᠤᠴᠠᠭᠠᠨ ᠳᠤ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠬᠠᠯᠠᠭᠤᠨ ᠰᠡᠳᠬᠢᠯᠭᠡ ᠪᠠ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠤᠯᠤᠰ ᠲᠦᠷᠦ ᠶᠢᠨ ᠣᠪᠣᠷ ᠢᠶᠠᠷ ᠲᠥᠯᠥᠭᠡᠯᠡᠭᠴᠢ ᠶᠢᠨ ᠡᠷᠬᠡ ᠪᠠᠨ ᠰᠠᠶᠢᠲᠤᠷ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠷᠠᠳ ᠤᠯᠠᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠲᠤᠰ ᠤᠳᠠᠭ᠎ᠠ ᠶᠢᠨ ᠬᠤᠷᠠᠯ ᠢ ᠰᠠᠶᠢᠲᠤᠷ ᠬᠤᠷᠠᠯᠳᠤᠭᠤᠯᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠪᠠᠷ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠨ᠎ᠡ ᠭᠡᠵᠦ ᠲᠥᠯᠥᠭᠡᠯᠡᠭᠴᠢᠳ ᠢᠯᠡᠳᠬᠡᠵᠡᠭᠡᠪᠡ᠃     ᠲᠦᠮᠡᠳ ᠵᠡᠭᠦᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ 2 ᠡᠳᠦᠷ ᠶᠠᠪᠤᠭᠳᠠᠵᠤ᠂ 1 ᠰᠠᠷ᠎ᠠ ᠶᠢᠨ 5 ᠤ ᠡᠳᠦᠷ ᠡᠬᠢᠯᠡᠵᠦ᠂ 1 ᠰᠠᠷ᠎ᠠ ᠶᠢᠨ 6 ᠤ ᠡᠳᠦᠷ ᠲᠡᠭᠦᠰᠦᠨ᠎ᠡ᠃  
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号