︽ᠬᠤᠶᠠᠷ ᠬᠤᠷᠠᠯ ᠳᠤ ᠠᠩᠬᠠᠷᠤᠯ ᠢᠶᠠᠨ ᠲᠥᠪᠯᠡᠷᠡᠭᠦᠯᠦᠶ᠎ᠡ︾ ᠲᠦᠮᠡᠳ ᠵᠡᠭᠦᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/5
     1 ᠰᠠᠷ᠎ᠠ ᠶᠢᠨ 4 ᠤ ᠦᠳᠡ ᠶᠢᠨ ᠬᠤᠶᠢᠨ᠎ᠠ᠂ ᠲᠦᠮᠡᠳ ᠵᠡᠭᠦᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠢ ᠶᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃     ᠬᠤᠷᠠᠯ ᠠᠴᠠ ᠲᠦᠷ ᠴᠠᠭ ᠤᠨ ᠨᠠᠮ ᠤᠨ ᠬᠤᠷᠢᠶᠠᠨ ᠤ ᠪᠦᠷᠢᠯᠳᠦᠭᠦᠨ ᠤ ᠨᠡᠷᠡᠰ᠂ ᠡᠯ᠎ᠡ ᠡᠪᠯᠡᠯ ᠤᠨ ᠲᠦᠷ ᠴᠠᠭ ᠤᠨ ᠨᠠᠮ ᠤᠨ ᠡᠭᠦᠷ ᠤᠨ ᠱᠦᠵᠢ᠂ ᠳᠡᠳ᠋ ᠱᠦᠵᠢ ᠶᠢᠨ ᠨᠡᠷᠡᠰ ᠢ ᠨᠡᠶᠢᠲᠡᠯᠡᠪᠡ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠲᠦᠮᠡᠳ ᠵᠡᠭᠦᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠨᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠲᠠᠢ ᠨᠢᠭᠲᠠ ᠠᠪᠴᠠᠯᠳᠤᠵᠤ᠂ ᠲᠦᠮᠡᠳ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ ᠲᠦᠷᠭᠡᠨ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠴᠡᠭ ᠪᠣᠯᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ᠂ ᠢᠷᠠᠭᠤ ᠠᠯᠳᠠᠷᠲᠠᠢ ᠡᠭᠦᠷᠭᠡ ᠬᠠᠷᠢᠭᠤᠴᠠᠯᠭ᠎ᠠ ᠲᠠᠢ ᠶᠤᠮ᠃ ᠡᠯ᠎ᠡ ᠨᠥᠬᠦᠳ ᠠᠵᠤ ᠦᠢᠯᠡᠰ ᠤᠨ ᠬᠥᠭᠵᠢᠯᠲᠡ᠂ ᠰᠣᠶᠣᠯ ᠵᠢᠭᠤᠯᠴᠢᠯᠠᠯ ᠤᠨ ᠨᠡᠶᠢᠯᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠪᠥᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠡᠯ᠎ᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠵᠤ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ᠃     ᠬᠤᠷᠠᠯ ᠠᠴᠠ᠂ ᠲᠥᠯᠥᠭᠡᠯᠡᠭᠴᠢᠳ ᠦᠨᠳᠦᠰᠦᠨ ᠬᠠᠤᠯᠢ ᠪᠣᠯᠣᠨ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠷᠠᠳ ᠲᠦᠮᠡᠨ ᠤ ᠬᠦᠰᠡᠯ ᠰᠠᠨᠠᠭ᠎ᠠ ᠶᠢ ᠲᠤᠰᠬᠠᠵᠤ᠂ ᠠᠷᠠᠳ ᠲᠦᠮᠡᠨ ᠤ ᠬᠦᠰᠡᠯ ᠵᠣᠷᠢᠯᠲᠠ ᠶᠢ ᠢᠯᠡᠷᠡᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠴᠢᠩᠭ᠎ᠠ ᠬᠦᠴᠦᠲᠡᠢ ᠲᠡᠦᠬᠡ ᠶᠢᠨ ᠡᠭᠦᠷᠭᠡᠲᠦ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠷᠬᠡ ᠪᠠᠨ ᠵᠥᠪ ᠬᠡᠷᠡᠭᠵᠢᠭᠦᠯᠵᠦ᠂ ᠬᠤᠷᠠᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢᠨ ᠬᠠᠤᠯᠢ ᠶᠣᠰᠣᠭᠠᠷ᠂ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠦᠨᠡᠨ ᠦᠭᠡ ᠬᠡᠯᠡᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠶᠡᠭᠡ ᠬᠤᠷᠠᠯ ᠤᠨ ᠰᠤᠷᠲᠠᠯ ᠴᠢᠬᠡᠴᠢ ᠣᠪᠣᠷ ᠲᠥᠪ ᠪᠠᠶᠢᠬᠤ᠂ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃     ᠬᠤᠷᠠᠯ ᠠᠴᠠ᠂ ᠶᠡᠭᠡ ᠬᠤᠷᠠᠯ ᠤᠨ ᠲᠦᠷ ᠴᠠᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠲᠥᠯᠥᠭᠡᠯᠡᠭᠴᠢᠳ ᠲᠦᠷᠦᠭᠦᠯᠡᠨ ᠨᠠᠮ ᠤᠨ ᠴᠢᠭᠯᠡᠯᠲᠡ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠦᠷᠦᠭᠦᠯᠡᠨ ᠠᠷᠠᠳᠴᠢᠯᠠᠯ ᠢ ᠪᠠᠳᠠᠷᠠᠭᠤᠯᠵᠤ᠂ ᠬᠠᠤᠯᠢ ᠶᠣᠰᠣᠭᠠᠷ ᠠᠵᠢᠯᠯᠠᠬᠤ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠪᠤᠰᠤ ᠲᠥᠯᠥᠭᠡᠯᠡᠭᠴᠢᠳ ᠲᠠᠢ ᠨᠢᠭᠲᠠ ᠬᠠᠷᠢᠯᠴᠠᠵᠤ᠂ ᠤᠯᠠᠨ ᠢ ᠬᠥᠲᠥᠯᠥᠨ ᠵᠢᠯᠤᠭᠤᠳᠴᠤ ᠪᠠᠶᠢᠭᠠᠳ ᠲᠠᠨᠢᠯᠲᠠ ᠶᠢ ᠨᠢ ᠨᠢᠭᠡᠳᠬᠡᠨ᠂ ᠤᠯᠠᠨ ᠤ ᠤᠬᠠᠭᠠᠨ ᠬᠠᠮᠲᠤ ᠶᠢᠨ ᠬᠦᠴᠦᠨ ᠢ ᠪᠠᠳᠠᠷᠠᠭᠤᠯᠵᠤ᠂ ᠬᠤᠷᠠᠯᠳᠤᠭᠠᠨ ᠤ ᠬᠠᠤᠯᠢ ᠶᠣᠰᠣᠭᠠᠷ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠬᠦᠴᠦᠨ ᠢᠶᠠᠨ ᠲᠥᠪᠯᠡᠷᠡᠭᠦᠯᠦᠨ ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠶᠢ ᠰᠠᠶᠢᠲᠤᠷ ᠶᠠᠷᠢᠯᠴᠠᠨ ᠬᠢᠨᠠᠨ ᠵᠥᠪᠯᠡᠵᠦ᠂ ᠲᠦᠮᠡᠳ ᠵᠡᠭᠦᠨ ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠦᠨᠴᠡ ᠲᠠᠢ᠂ ᠴᠢᠨᠠᠷ ᠰᠠᠶᠢᠲᠠᠢ ᠰᠠᠨᠠᠯ ᠰᠠᠨᠠᠭᠤᠯᠭ᠎ᠠ ᠳᠤᠷᠠᠳᠴᠤ᠂ ᠲᠦᠮᠡᠳ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃    ᠬᠤᠰᠢᠭᠤᠨ ᠤ ᠤᠳᠤᠷᠢᠳᠤᠯᠭ᠎ᠠ ᠵᠣᠣ ᠯᠢ ᠮᠢᠨ᠂ ᠵᠢᠶᠠ ᠶᠢᠨ ᠹᠧᠩ᠂ ᠯᠢᠦᠢ ᠸᠧᠨ ᠫᠢᠩ ᠵᠡᠷᠭᠡ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠶᠠᠷ ᠳᠠᠷᠤᠭ᠎ᠠ ᠪᠣᠯᠣᠨ ︽ᠬᠤᠶᠠᠷ ᠬᠤᠷᠠᠯ︾ ᠳᠤ ᠣᠷᠣᠯᠴᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠯᠥᠭᠡᠯᠡᠭᠴᠢ ᠪᠣᠯᠣᠨ ᠭᠡᠰᠢᠭᠦᠳ ᠬᠤᠷᠠᠯ ᠳᠤ ᠣᠷᠣᠯᠴᠠᠵᠠᠢ᠃ 
 
ᠢᠷᠡᠯᠲᠡ᠄ ᠲᠦᠮᠡᠳ ᠵᠡᠬᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号