ᠲᠦᠮᠡᠳ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠥᠭᠡᠷᠡᠴᠢᠯᠡᠯᠲᠡ ᠬᠥᠭᠵᠢᠭᠦᠯᠦᠯᠲᠡ ᠶᠢᠨ ᠬᠡᠷᠡᠭ ᠢ ᠵᠠᠳᠠᠯᠤᠨ ᠰᠢᠨᠵᠢᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/5
     ᠬᠡᠷᠡᠭ ᠤᠨ ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠪᠠᠷᠢᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 1 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠲᠦᠮᠡᠳ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠥᠭᠡᠷᠡᠴᠢᠯᠡᠯᠲᠡ ᠬᠥᠭᠵᠢᠭᠦᠯᠦᠯᠲᠡ ᠶᠢᠨ ᠬᠡᠷᠡᠭ ᠢ ᠵᠠᠳᠠᠯᠤᠨ ᠰᠢᠨᠵᠢᠯᠡᠬᠦ ᠬᠤᠷᠠᠯ ᠬᠤᠷᠠᠯᠳᠤᠭᠤᠯᠵᠤ᠂ ᠳᠡᠳ᠋ ᠬᠤᠷᠢᠶᠠᠨ ᠳᠠᠷᠤᠭ᠎ᠠ ᠯᠢᠦ ᠵᠢᠶᠠ ᠬᠤᠷᠠᠯ ᠢ ᠡᠷᠭᠢᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠵᠢᠶᠠ ᠰᠢ ᠵᠥᠩ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠬᠤᠷᠢᠶᠠᠨ ᠳᠠᠷᠤᠭ᠎ᠠ ᠶᠦᠨ ᠵᠢᠶᠦ᠋ᠨ ᠹᠧᠩ ᠵᠢᠴᠢ ᠪᠥᠬᠦ ᠠᠵᠢᠯᠲᠠᠨ ᠤ ᠲᠣᠭᠠᠨ ᠤ ᠰᠢᠭᠦᠬᠦ ᠲᠤᠰᠢᠶᠠᠯᠲᠠᠨ ᠬᠤᠷᠠᠯ ᠳᠤ ᠣᠷᠣᠯᠴᠠᠵᠠᠢ᠃     ᠬᠤᠷᠠᠯ ᠳᠡᠭᠡᠷ᠎ᠡ᠂ ᠰᠢᠭᠦᠨ ᠲᠠᠰᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠸᠠᠨ ᠳ᠋ᠣᠣ ᠸᠧᠢ ᠲᠦᠮᠡᠳ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ 2023 ᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠬᠡᠷᠡᠭ ᠤᠨ ᠦᠨᠳᠦᠰᠦᠨ ᠪᠠᠶᠢᠳᠠᠯ ᠢ ᠮᠡᠳᠡᠭᠳᠡᠭᠰᠡᠨ ᠪᠥᠭᠡᠳ ᠬᠤᠯᠪᠣᠭᠳᠠᠯ ᠪᠦᠬᠦᠢ ᠭᠦᠢᠴᠡᠳᠬᠡᠯ ᠲᠤᠭ᠎ᠠ ᠶᠢᠨ ᠲᠤᠬᠠᠢ ᠳᠠᠬᠢᠨᠲᠠ ᠲᠠᠶᠢᠯᠪᠤᠷᠢᠯᠠᠨ ᠲᠣᠳᠣᠷᠬᠠᠶᠢᠯᠠᠪᠠ᠃ ᠡᠯ᠎ᠡ ᠳᠠᠭᠠᠭᠠᠨ ᠠᠪᠴᠤ ᠰᠢᠢᠳᠪᠦᠷᠢᠯᠡᠬᠦ ᠬᠠᠤᠯᠢ ᠶᠢᠨ ᠲᠤᠰᠢᠶᠠᠯᠲᠠᠨ ᠥᠭᠡᠷᠡᠴᠢᠯᠡᠨ ᠲᠠᠰᠤᠯᠤᠭᠳᠠᠭᠰᠠᠨ᠂ ᠪᠤᠴᠠᠭᠠᠵᠤ ᠳᠠᠬᠢᠨ ᠰᠢᠭᠦᠯᠭᠡᠭᠰᠡᠨ ᠬᠡᠷᠡᠭ ᠤᠨ ᠨᠢᠭᠡᠳᠦᠭᠡᠷ ᠰᠢᠭᠦᠯᠲᠡ ᠶᠢᠨ ᠬᠡᠷᠡᠭ ᠤᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠭᠰᠠᠨ᠂ ᠲᠠᠰᠤᠯᠤᠨ ᠲᠣᠭᠲᠠᠭᠠᠭᠰᠠᠨ ᠤᠴᠢᠷ ᠰᠢᠯᠲᠠᠭᠠᠨ ᠵᠢᠴᠢ ᠦᠨᠳᠦᠰᠦᠯᠡᠯ᠂ ᠬᠤᠶᠠᠳᠤᠭᠠᠷ ᠰᠢᠭᠦᠯᠲᠡ ᠶᠢᠨ ᠥᠭᠡᠷᠡᠴᠢᠯᠡᠨ ᠲᠠᠰᠤᠯᠤᠭᠰᠠᠨ᠂ ᠪᠤᠴᠠᠭᠠᠵᠤ ᠳᠠᠬᠢᠨ ᠰᠢᠭᠦᠯᠭᠡᠭᠰᠡᠨ ᠰᠢᠯᠲᠠᠭᠠᠨ ᠤ ᠲᠤᠬᠠᠢ ᠲᠤᠰ ᠲᠤᠰ ᠨᠠᠷᠢᠨ ᠵᠠᠳᠠᠯᠤᠯᠲᠠ ᠬᠢᠵᠦ᠂ ᠬᠤᠷᠠᠯ ᠳᠤ ᠣᠷᠣᠯᠴᠠᠭᠰᠠᠨ ᠬᠠᠤᠯᠢ ᠶᠢᠨ ᠲᠤᠰᠢᠶᠠᠯᠲᠠᠨ ᠬᠡᠷᠡᠭ ᠤᠨ ᠶᠠᠰᠤ ᠴᠢᠨᠠᠷ ᠢ ᠬᠡᠷᠬᠢᠨ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠲᠠᠰᠤᠯᠤᠨ ᠲᠣᠭᠲᠠᠭᠠᠬᠤ ᠪᠠᠷᠢᠮᠵᠢᠶ᠎ᠠ ᠶᠢ ᠨᠢᠭᠡᠳᠬᠡᠬᠦ᠂ ᠬᠥᠭᠵᠢᠭᠦᠯᠦᠯᠲᠡ ᠥᠭᠡᠷᠡᠴᠢᠯᠡᠯᠲᠡ ᠶᠢᠨ ᠨᠤᠷᠮ᠎ᠠ ᠶᠢ ᠬᠡᠷᠬᠢᠨ ᠪᠠᠭᠤᠷᠠᠭᠤᠯᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃ ᠬᠤᠷᠠᠯᠳᠤᠭᠠᠨ ᠤ ᠶᠠᠷᠢᠯᠴᠠᠭ᠎ᠠ ᠬᠦᠷ ᠬᠥᠭᠵᠢᠶᠡᠨ ᠲᠠᠢ ᠶᠠᠪᠤᠭᠳᠠᠵᠤ᠂ ᠬᠤᠷᠠᠯ ᠳᠤ ᠣᠷᠣᠯᠴᠠᠭᠰᠠᠳ ᠴᠥᠮ ᠥᠪᠡᠷ ᠤᠨ ᠰᠠᠨᠠᠯ ᠢᠶᠠᠨ ᠢᠳᠡᠪᠬᠢᠲᠡᠢ ᠪᠠᠷ ᠢᠯᠡᠳᠬᠡᠭᠰᠡᠨ ᠢᠶᠠᠷ ᠮᠠᠰᠢ ᠰᠠᠶᠢᠨ ᠦᠷ᠎ᠡ ᠪᠦᠲᠦᠮᠵᠢ ᠣᠯᠵᠠᠢ᠃     ᠬᠤᠷᠢᠶᠠᠨ ᠳᠠᠷᠤᠭ᠎ᠠ ᠵᠢᠶᠠ ᠰᠢ ᠵᠥᠩ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ ᠴᠢᠬᠤᠯᠠᠴᠢᠯᠠᠭᠰᠠᠨ ᠨᠢ ᠂ ᠨᠢᠭᠡ ᠳᠤ ᠳᠡᠭᠡᠳᠦ ᠱᠠᠲᠤᠨ ᠤ ᠰᠢᠭᠦᠬᠦ ᠬᠤᠷᠢᠶ᠎ᠠ ᠲᠠᠢ ᠢᠳᠡᠪᠬᠢᠲᠡᠢ ᠪᠥᠭᠡᠳ ᠰᠠᠨᠠᠭᠠᠴᠢᠯᠠᠭ᠎ᠠ  ᠠᠴᠠ ᠪᠠᠨ ᠨᠡᠪᠲᠡᠷᠡᠯᠴᠡᠨ ᠵᠣᠬᠢᠴᠠᠭᠤᠯᠵᠤ᠂ ᠲᠡᠰᠦᠯᠦᠨ ᠲᠣᠭᠲᠠᠭᠠᠬᠤ ᠪᠠᠷᠢᠮᠵᠢᠶ᠎ᠠ ᠶᠢ ᠨᠢᠭᠡᠳᠦᠯᠲᠡᠢ ᠪᠣᠯᠭᠠᠨ᠂ ᠲᠡᠰᠦᠯᠦᠨ ᠲᠣᠭᠲᠠᠭᠠᠬᠤ ᠡᠷᠬᠡ ᠶᠢ ᠵᠢᠷᠤᠮᠵᠢᠭᠤᠯᠤᠨ ᠬᠡᠷᠡᠭᠵᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠡᠮᠬᠢᠯᠡᠨ ᠳᠢᠭᠯᠡᠵᠦ᠂ ᠲᠡᠰᠦᠯᠦᠨ ᠲᠣᠭᠲᠠᠭᠠᠬᠤ ᠪᠠᠷᠢᠮᠵᠢᠶ᠎ᠠ ᠶᠢ ᠣᠨᠣᠪᠴᠢᠲᠠᠶ ᠡᠵᠡᠮᠰᠢᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠬᠡᠷᠡᠭ ᠤᠨ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠭᠤᠷᠠᠭᠤᠯᠵᠤ᠂ ᠰᠢᠭᠦᠨ ᠲᠠᠰᠤᠯᠬᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠡᠯ᠎ᠡ ᠲᠢᠩᠬᠢᠮ ᠤᠨ ᠬᠢᠨ ᠲᠠᠰᠤᠯᠤᠨ ᠲᠣᠭᠲᠠᠭᠠᠬᠤ ᠪᠠᠷᠢᠮᠵᠢᠶ᠎ᠠ ᠪᠠᠨ ᠨᠢᠭᠡᠳᠬᠡᠵᠦ᠂ ᠠᠳᠠᠯᠢ ᠲᠦᠷᠦᠯ ᠤᠨ ᠬᠡᠷᠡᠭ ᠢ ᠬᠠᠮᠲᠤ ᠳᠤᠨᠢ ᠲᠠᠰᠤᠯᠬᠤ ᠶᠢ ᠪᠡᠶᠡᠯᠡᠭᠦᠯᠵᠦ᠂ ᠬᠡᠷᠡᠭ ᠢ ᠳᠠᠬᠢᠨᠲᠠ ᠠᠳᠠᠯᠢᠪᠲᠤᠷ ᠠᠰᠠᠭᠤᠳᠠᠯ ᠠᠴᠠ ᠪᠣᠯᠵᠤ ᠥᠭᠡᠷᠡᠴᠢᠯᠡᠨ ᠲᠠᠰᠤᠯᠬᠤ ᠪᠤᠶᠤ ᠪᠤᠴᠠᠭᠠᠵᠤ ᠲᠠᠬᠢᠨ ᠰᠢᠭᠦᠯᠭᠡᠬᠦ ᠠᠴᠠ ᠵᠠᠶᠢᠯᠠᠰᠬᠢᠬᠦ ᠬᠡᠷᠡᠭᠲᠡᠢ᠃ ᠭᠤᠷᠪᠠ ᠳᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠬᠡᠷᠡᠭᠯᠡᠯᠲᠡ ᠶᠢ ᠨᠢᠭᠡᠳᠬᠡᠵᠦ᠂ ᠬᠡᠷᠡᠭ ᠤᠨ ︽ᠶᠠᠰᠤ ᠴᠢᠨᠠᠷ ᠤᠨ ᠪᠣᠭᠤᠮᠲᠠ︾ ᠶᠢ ᠴᠢᠩᠭ᠎ᠠ ᠠᠳᠬᠤᠵᠤ᠂ ᠬᠡᠷᠡᠭ ᠤᠨ ᠶᠠᠰᠤ ᠴᠢᠨᠠᠷ ᠤᠨ ︽ᠠᠮᠢᠨ ᠰᠤᠳᠠᠰᠤ︾ ᠶᠢ ᠰᠠᠶᠢᠲᠤᠷ ᠠᠳᠬᠤᠬᠤ ᠬᠡᠷᠡᠭᠲᠡᠢ᠃     ᠳᠡᠳ᠋ ᠬᠤᠷᠢᠶᠠᠨ ᠳᠠᠷᠤᠭ᠎ᠠ ᠶᠦᠨ ᠵᠢᠶᠦ᠋ᠨ ᠹᠧᠩ ᠲᠣᠰ ᠤᠳᠠᠭᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠬᠡᠷᠡᠭ ᠤᠨ ᠵᠠᠳᠠᠯᠤᠯᠲᠠ ᠶᠢᠨ ᠬᠤᠷᠠᠯ ᠤᠨ ᠢᠳᠡᠪᠬᠢᠲᠡᠢ ᠦᠢᠯᠡᠳᠦᠯ ᠢ ᠨᠤᠲᠠᠯᠠᠵᠤ᠂ ᠬᠤᠶᠢᠰᠢᠳᠠ ᠶᠢᠨ ᠠᠵᠢᠯ ᠤᠨ ᠳᠤᠮᠳᠠ᠂ ᠨᠢᠭᠡ ᠳᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠰᠢᠭᠦᠨ ᠲᠠᠰᠤᠯᠤᠭᠰᠠᠨ ᠤ ᠳᠠᠷᠠᠭᠠᠬᠢ ᠮᠠᠳᠠᠭ ᠲᠠᠢ ᠠᠰᠠᠭᠤᠳᠠᠯ ᠢ ᠬᠠᠷᠢᠭᠤᠯᠬᠤ ᠠᠵᠢᠯ ᠢ ᠰᠠᠶᠢᠲᠤᠷ ᠬᠢᠵᠦ᠂ ᠬᠤᠶᠠᠳᠤᠭᠠᠷ ᠰᠢᠭᠦᠯᠲᠡ᠂ ᠭᠦᠢᠴᠡᠳᠬᠡᠬᠦ᠂ ᠵᠠᠷᠭᠤ ᠳᠤ ᠬᠤᠯᠪᠣᠭᠳᠠᠭᠰᠠᠨ ᠵᠠᠬᠢᠳᠠᠯ ᠰᠣᠷᠪᠤᠯᠵᠢᠯᠠᠭ᠎ᠠ ᠵᠡᠷᠭᠡ ︽ᠡᠭᠦᠰᠦᠮᠡᠯ ᠬᠡᠷᠡᠭ︾ ᠤᠨ ᠲᠤᠭ᠎ᠠ ᠬᠡᠮᠵᠢᠶ᠎ᠡ ᠶᠢ ᠪᠠᠭᠠᠰᠬᠠᠬᠤ ᠬᠡᠷᠡᠭᠲᠡᠢ ᠃ ᠬᠤᠶᠠᠷ ᠲᠤ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠬᠠᠤᠯᠢ ᠶᠢ ᠲᠠᠶᠢᠯᠪᠤᠷᠢᠯᠠᠨ ᠶᠣᠰᠣ ᠶᠠᠷᠢᠬᠤ ᠬᠡᠰᠡᠭ ᠢ ᠴᠢᠩᠭᠠᠳᠬᠠᠨ ᠵᠢᠷᠤᠮᠵᠢᠭᠤᠯᠵᠤ᠂ ᠬᠡᠷᠡᠭ ᠤᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠬᠤ ᠶᠢᠨ ᠪᠤᠰᠤᠳᠴᠢ ᠴᠢᠨᠠᠷ᠂ ᠲᠥᠪ ᠭᠤᠣᠯᠴᠢ ᠴᠢᠨᠠᠷ ᠪᠠ ᠣᠨᠣᠪᠴᠢᠲᠤ ᠴᠢᠨᠠᠷ ᠢ ᠢᠯᠡᠷᠡᠭᠦᠯᠬᠦ ᠬᠡᠷᠡᠭᠲᠡᠢ᠃ ᠭᠤᠷᠪᠠ ᠳᠤ᠂ ᠲᠦᠷᠦᠯ ᠵᠦᠢᠯ ᠤᠨ ᠬᠡᠷᠡᠭ ᠢ ᠡᠷᠢᠬᠦ ᠪᠠᠭᠠᠵᠢ ᠶᠢ ᠰᠠᠶᠢᠲᠤᠷ ᠬᠡᠷᠡᠭᠯᠡᠬᠦ ᠶᠢᠨ ᠬᠠᠮᠲᠤ ᠬᠥᠭᠵᠢᠭᠦᠯᠦᠯᠲᠡ ᠥᠭᠡᠷᠡᠴᠢᠯᠡᠯᠲᠡ ᠶᠢᠨ ᠬᠡᠷᠡᠭ ᠢ ᠵᠠᠳᠠᠯᠬᠤ ᠬᠤᠷᠠᠯ᠂ ᠬᠡᠷᠡᠭ ᠢ ᠦᠨᠡᠯᠡᠨ ᠪᠠᠶᠢᠴᠠᠭᠠᠬᠤ ᠵᠡᠷᠭᠡ ᠳᠦᠷᠢᠮ ᠢ ᠰᠠᠶᠢᠲᠤᠷ ᠬᠡᠷᠡᠭᠯᠡᠵᠦ᠂ ᠦᠷ᠎ᠡ ᠳ᠋ᠦᠩ ᠢ ᠬᠤᠪᠢᠷᠠᠭᠤᠯᠬᠤ ᠶᠢ ᠴᠢᠬᠤᠯᠠᠴᠢᠯᠠᠵᠤ᠂ ᠬᠡᠷᠡᠭ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠦᠨᠡᠨ ᠬᠦ ᠠᠬᠢᠭᠤᠯᠬᠤ ᠬᠡᠷᠡᠭᠲᠡᠢ᠃     ᠬᠡᠷᠡᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠨᠤᠷᠮ᠎ᠠ ᠪᠣᠯ ᠰᠢᠭᠦᠨ ᠲᠠᠰᠤᠯᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢᠨ ᠭᠤᠣᠯᠳᠠᠯᠭ᠎ᠠ ᠲᠠᠢ ᠭᠦᠢᠴᠡᠳᠬᠡᠯ ᠲᠤᠭ᠎ᠠ ᠮᠥᠨ᠂ ᠲᠡᠷᠡ ᠨᠢ ᠬᠡᠷᠡᠭ ᠤᠨ ᠶᠠᠰᠤ ᠴᠢᠨᠠᠷ᠂ ᠬᠠᠤᠯᠢ ᠪᠠᠷᠢᠬᠤ ᠴᠢᠳᠠᠪᠤᠷᠢ ᠳᠤ ᠬᠢᠨᠠᠨ ᠠᠵᠢᠭᠯᠠᠭᠤᠷ᠂ ᠵᠢᠩ ᠬᠡᠮᠵᠢᠭᠦᠷ᠂ ᠰᠠᠯᠬᠢᠨ ᠤ ᠵᠦᠭᠯᠡᠭᠦᠷ ᠤᠨ ᠦᠢᠯᠡᠳᠦᠯ ᠦᠵᠡᠭᠦᠯᠵᠦ ᠪᠠᠶᠢᠳᠠᠭ᠃ ᠬᠥᠭᠵᠢᠭᠦᠯᠦᠯᠲᠡ ᠥᠭᠡᠷᠡᠴᠢᠯᠡᠯᠲᠡ ᠶᠢᠨ ᠬᠡᠷᠡᠭ ᠢ ᠵᠠᠳᠠᠯᠤᠨ ᠰᠢᠨᠵᠢᠯᠡᠬᠦ ᠬᠤᠷᠠᠯ ᠢ ᠬᠤᠷᠠᠯᠳᠤᠭᠤᠯᠬᠤ ᠨᠢ ᠥᠭᠡᠷᠡᠴᠢᠯᠡᠨ ᠲᠠᠰᠤᠯᠬᠤ᠂ ᠪᠤᠴᠠᠭᠠᠵᠤ ᠲᠠᠬᠢᠨ ᠰᠢᠭᠦᠯᠭᠡᠬᠦ ᠬᠡᠷᠡᠭ ᠢ ᠵᠠᠳᠠᠯᠤᠨ ᠰᠤᠳᠤᠯᠵᠤ ᠶᠠᠷᠢᠯᠴᠠᠬᠤ ᠵᠢᠴᠢ ᠬᠠᠷᠢᠭᠤ ᠲᠤᠰᠬᠠᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠥᠭᠡᠷᠡᠴᠢᠯᠡᠨ ᠲᠠᠰᠤᠯᠬᠤ᠂ ᠪᠤᠴᠠᠭᠠᠵᠤ ᠲᠠᠬᠢᠨ ᠰᠢᠭᠦᠯᠭᠡᠬᠦ ᠬᠡᠷᠡᠭ ᠤᠨ ᠨᠡᠪᠲᠡᠷᠡᠯᠴᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠲᠠᠰᠤᠯᠤᠨ ᠲᠣᠭᠲᠠᠭᠠᠬᠤ ᠪᠠᠷᠢᠮᠵᠢᠶ᠎ᠠ ᠶᠢ ᠨᠢᠭᠡᠳᠬᠡᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠨᠤᠷᠮ᠎ᠠ ᠶᠢ ᠪᠠᠭᠤᠷᠠᠭᠤᠯᠵᠤ᠂ ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠬᠡᠷᠡᠭ ᠤᠨ ᠶᠠᠰᠤ ᠴᠢᠨᠠᠷ ᠤᠨ ᠠᠮᠢᠨ ᠰᠤᠳᠠᠰᠤ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠬᠡᠷᠡᠭ ᠢ ᠦᠨᠡᠯᠡᠨ ᠵᠢᠱᠢᠬᠦ ᠠᠵᠢᠯ ᠤᠨ ᠳᠦᠷᠢᠮᠵᠢᠯᠲᠡ ᠪᠠ ᠪᠠᠶᠢᠩᠭᠤᠵᠢᠯᠲᠠ ᠶᠢ ᠠᠬᠢᠭᠤᠯᠤᠨ᠂ ᠦᠨᠡᠯᠡᠬᠦ ᠪᠠᠷ ᠰᠤᠷᠤᠯᠴᠠᠯᠭ᠎ᠠ ᠶᠢ ᠠᠬᠢᠭᠤᠯᠵᠤ᠂ ᠦᠨᠡᠯᠡᠬᠦ ᠪᠠᠷ ᠥᠭᠡᠷᠡᠴᠢᠯᠡᠯᠲᠡ ᠶᠢ ᠠᠬᠢᠭᠤᠯᠵᠤ᠂ ᠦᠨᠡᠯᠡᠬᠦ ᠪᠠᠷ ᠠᠬᠢᠭᠤᠯᠵᠤ᠂ ᠬᠡᠷᠡᠭ ᠤᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠦᠨ᠂ ᠠᠷᠠᠳ ᠣᠯᠠᠨ ᠤ ᠰᠢᠭᠦᠬᠦ ᠬᠤᠷᠢᠶᠠᠨ ᠤ ᠠᠵᠢᠯ ᠳᠠᠬᠢ ᠬᠠᠨᠤᠮᠵᠢ ᠶᠢᠨ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ 
 
ᠢᠷᠡᠯᠲᠡ᠄ ᠰᠢᠭᠦᠬᠦ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号