【 ᠬᠤᠶᠠᠷ ᠬᠤᠷᠠᠯ ᠳᠤ ᠠᠩᠬᠠᠷᠤᠯ ᠢᠶᠠᠨ ᠲᠥᠪᠯᠡᠷᠡᠭᠦᠯᠦᠨ᠎ᠡ】 ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2024/1/5
     ᠤᠭ ᠰᠠᠨᠠᠭ᠎ᠠ ᠪᠠᠨ ᠪᠠᠲᠤ ᠰᠠᠬᠢᠵᠤ ᠢᠷᠡᠭᠡᠳᠦᠢ ᠲᠡᠰᠢ ᠤᠷᠤᠭᠰᠢᠯᠠᠵᠤ᠂ ᠡᠷᠴᠢ ᠵᠣᠷᠢᠭ ᠢᠶᠠᠨ ᠬᠥᠪᠴᠢᠯᠡᠨ ᠰᠢᠨ᠎ᠡ ᠬᠠᠭᠤᠳᠠᠰᠤ ᠶᠢ ᠪᠢᠴᠢᠭᠯᠡᠨ᠎ᠡ᠃ 1 ᠰᠠᠷ᠎ᠠ ᠶᠢᠨ 4 ᠤ ᠡᠳᠦᠷ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠲᠦᠮᠡᠳ ᠵᠡᠭᠦᠨ ᠬᠤᠰᠢᠭᠤᠨ ᠤ ᠨᠠᠮ ᠵᠠᠰᠠᠭ ᠤᠨ ᠠᠯᠪᠠᠨ ᠠᠰᠠᠷ ᠤᠨ ᠬᠤᠷᠠᠯ ᠤᠨ ᠲᠥᠪ ᠲᠤ ᠡᠬᠢᠯᠡᠪᠡ᠃     ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠢ ᠶᠢᠩ ᠬᠤᠷᠠᠯ ᠳᠤ ᠣᠷᠣᠯᠴᠠᠵᠤ ᠪᠠᠶᠠᠷ ᠬᠦᠷᠭᠡᠬᠦ ᠶᠢᠨ ᠬᠠᠮᠲᠤ ᠶᠠᠷᠢᠶ᠎ᠠ ᠲᠠᠯᠪᠢᠪᠠ᠃ ᠬᠤᠰᠢᠭᠤᠨ ᠤ ᠤᠯᠤᠰ ᠳᠣᠶᠢᠷᠤ ᠶᠢᠨ ᠵᠣᠶᠢᠪᠯᠠᠯᠭᠠ ᠤ ᠲᠠᠷᠢᠭᠦᠯᠠᠭᠴᠢ ᠴᠧᠨ ᠰᠢ ᠯᠧ ᠬᠤᠷᠠᠯ ᠳᠤ ᠣᠷᠣᠯᠴᠠᠭᠰᠠᠨ ᠪᠦᠭᠡᠳ ᠲᠠᠷᠢᠭᠦᠯᠠᠭᠴᠢ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠤᠭ᠎ᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ ᠳᠤ ᠪᠠᠰᠠ ᠸᠠᠩ  ᠱᠦ᠋ ᠶᠠ᠂ ᠸᠠᠩ ᠹᠧᠩ᠂ ᠼᠦᠢ ᠶᠠᠨ ᠵᠢᠶᠦ᠋ᠨ᠂ ᠬᠠᠳᠠᠭ᠂ ᠵᠠᠩ ᠶᠣᠣ ᠬᠤᠸᠠ᠂ ᠯᠢᠶᠠᠩ ᠬᠤᠸᠠᠢ ᠯᠢ ᠵᠡᠷᠭᠡ ᠪᠣᠶ᠃ ᠬᠤᠷᠠᠯ ᠢ ᠬᠤᠰᠢᠭᠤᠨ ᠤ ᠤᠯᠤᠰ ᠲᠥᠷᠥ  ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠼᠦᠢ ᠶᠠᠨ ᠵᠢᠶᠦ᠋ᠨ ᠡᠷᠭᠢᠯᠡᠵᠡᠶ᠃ ᠬᠤᠰᠢᠭᠤᠨ ᠤ ᠤᠳᠤᠷᠢᠳᠤᠯᠭ᠎ᠠ ᠵᠣᠣ ᠯᠢ ᠮᠢᠨ᠂ ᠯᠢᠦ ᠱᠣᠸ ᡁᠢ᠂ ᠸᠠᠩ ᠵᠥᠩ ᠭᠠᠩ᠂ ᠵᠠᠩ ᠭᠤᠸᠠᠩ ᡁᠢ᠂ ᠭᠦᠸᠧ ᠵᠢᠶᠦ᠋ᠨ ᠯᠦᠩ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃     ᠬᠤᠰᠢᠭᠤᠨ ᠨᠠᠮ ᠤᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ᠂ ᠴᠡᠯᠡᠭᠡᠷ ᠲᠠᠯ᠎ᠠ ᠰᠦ᠋ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠤᠳᠤᠷᠢᠳᠤᠯᠭ᠎ᠠ᠂ ᠬᠤᠰᠢᠭᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ᠂ ᠬᠤᠰᠢᠭᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃     ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 193 ᠬᠥᠮᠥᠨ᠂ ᠪᠣᠳᠠᠲᠠᠢ ᠣᠷᠣᠯᠴᠠᠭᠰᠠᠨ ᠨᠢ 167 ᠬᠥᠮᠥᠨ ᠪᠠᠶᠢᠵᠤ᠂ ᠲᠣᠭᠲᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃ᠦᠳᠡ ᠶᠢᠨ ᠡᠮᠦᠨᠡᠬᠢ 9 ᠴᠠᠭ 30 ᠮᠢᠨᠦ᠋ᠲ ᠲᠤ᠂ ᠶᠡᠭᠡ ᠬᠤᠷᠠᠯ ᠡᠬᠢᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠪᠠ᠃ ᠬᠠᠢ ᠶᠢᠩ ᠡᠩ ᠲᠡᠷᠢᠭᠦᠨ ᠳᠤ ᠬᠤᠰᠢᠭᠤᠨ ᠤ ᠨᠠᠮ ᠤᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠡᠢ᠃ ᠲᠡᠷᠡ᠂ ᠥᠩᠭᠡᠷᠡᠭᠰᠡᠨ ᠨᠢᠭᠡ ᠵᠢᠯ ᠳᠤ᠂ ᠲᠦᠮᠡᠳ ᠵᠡᠭᠦᠨ ᠬᠤᠰᠢᠭᠤ︽ᠬᠤᠶᠠᠷ ᠶᠡᠭᠡ ᠶᠠᠪᠤᠳᠠᠯ︾  ᠢ ᠰᠠᠶᠢᠲᠤᠷ ᠬᠢᠬᠦ ᠶᠢᠨ ᠲᠣᠭᠤᠷᠢᠨ ᠳᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠬᠥᠭᠵᠢᠯᠲᠡ ᠲᠠᠰᠤᠷᠠᠯᠳᠡ ᠦᠭᠡᠢ ᠪᠤᠵᠠᠭᠠᠶᠢᠷᠠᠵᠤ᠂ ᠰᠠᠭᠤᠷᠢ ᠲᠥᠬᠦᠭᠡᠷᠦᠮᠵᠢ ᠲᠠᠰᠤᠷᠠᠯᠳᠡ ᠦᠭᠡᠢ ᠲᠡᠭᠦᠯᠳᠡᠷᠵᠢᠵᠦ᠂ ᠬᠥᠮᠥᠨ ᠳᠤᠮᠳᠠᠴᠢ ᠶᠢᠨ ᠣᠷᠣᠯᠭ᠎ᠠ ᠦᠷᠭᠦᠯᠵᠢᠯᠡᠨ ᠨᠡᠮᠡᠭᠳᠡᠵᠦ᠂ ᠨᠡᠶᠢᠭᠡᠮ ᠠᠷᠠᠳ ᠤᠨ ᠠᠮᠢᠳᠤᠷᠠᠯ ᠨᠡᠩ ᠲᠣᠭᠲᠠᠪᠤᠷᠢᠵᠢᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠦᠬᠦ ᠣᠷᠣᠨ ᠤ ᠡᠮᠦᠨ᠎ᠡ 20  ᠳᠤ ᠳᠡᠪᠰᠢᠬᠦ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠵᠡᠢ᠃ ᠬᠠᠢ ᠶᠢᠩ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠥᠬᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠪᠦᠯᠬᠦᠮᠳᠡᠭᠦᠯᠦᠨ ᠳᠠᠭᠠᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠨ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠭᠤᠷᠪᠠᠨ ᠶᠡᠭᠡ ᠡᠭᠦᠷᠭᠡ ᠴᠢᠳᠠᠪᠤᠷᠢ ᠪᠠᠨ ᠢᠳᠡᠪᠬᠢᠲᠡᠢ ᠭᠦᠢᠴᠡᠳᠬᠡᠵᠦ᠂ ᠨᠢᠭᠡ ᠪᠦᠯᠦᠭ ᠠᠷᠠᠳ ᠣᠯᠠᠨ ᠤ ᠰᠠᠨᠠᠭᠠᠨ ᠳᠤ ᠨᠡᠶᠢᠴᠡᠭᠰᠡᠨ ᠪᠣᠳᠠᠲᠤ ᠶᠠᠪᠤᠳᠠᠯ ᠢ ᠪᠦᠲᠦᠭᠡᠬᠦ ᠶᠢ ᠠᠬᠢᠭᠤᠯᠪᠠ᠃ ᠬᠠᠢ ᠶᠢᠩ ᠵᠢᠭᠠᠵᠤ ᠭᠠᠷᠭᠠᠭᠰᠠᠨ ᠨᠢ᠂ 2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠠᠰᠠ ᠴᠤ ᠲᠦᠮᠡᠳ ᠵᠡᠭᠦᠨ ᠬᠤᠰᠢᠭᠤᠨ ᠤ ᠠᠵᠤ ᠠᠬᠤᠢ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠵᠢᠯ ᠮᠥᠨ᠃ ᠣᠳᠣᠬᠠᠨ ᠤ ᠪᠠ ᠬᠤᠶᠢᠰᠢᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠲᠤᠬᠠᠢ ᠭᠤᠷᠪᠠᠨ ᠬᠦᠰᠡᠯ ᠳᠤᠷᠠᠳᠤᠶ᠎ᠠ᠄ ᠨᠢᠭᠡ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠣᠳᠣᠬᠢᠴᠢᠯᠠᠭᠰᠠᠨ ᠲᠦᠮᠡᠳ ᠵᠡᠭᠦᠨ ᠬᠤᠰᠢᠭᠤ ᠶᠢ ᠪᠦᠲᠦᠭᠡᠨ ᠪᠠᠶᠢᠭᠤᠯᠤᠨ᠎ᠠ᠃ ᠬᠤᠶᠠᠷ ᠲᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠪᠠᠶᠢᠭᠤᠯᠤᠯ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ ᠭᠤᠷᠪᠠ ᠳᠤ᠂ ᠡᠩᠨᠡᠭᠡ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠪᠦᠭᠦ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠰᠢᠨ᠎ᠡ ᠠᠮᠵᠢᠯᠲᠠ ᠶᠢ ᠡᠭᠦᠳᠬᠦ ᠶᠢ ᠠᠬᠢᠭᠤᠯᠤᠨ᠎ᠠ᠃     ᠴᠧᠨ ᠰᠢ ᠯᠧ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠢᠯᠡᠳᠬᠡᠯ ᠬᠢᠪᠡ᠃ ᠲᠡᠷᠡ ᠲᠠᠪᠤᠨ ᠲᠠᠯ᠎ᠠ ᠠᠴᠠ 2023 ᠣᠨ ᠤ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠳ᠋ᠦᠩᠨᠡᠪᠡ᠃ ᠲᠡᠷᠡ ᠬᠡᠯᠡᠭᠰᠡᠨ ᠨᠢ᠂ 2023 ᠣᠨ ᠪᠣᠯ ᠲᠦᠮᠡᠳ ᠵᠡᠭᠦᠨ ᠬᠤᠰᠢᠭᠤᠨ ᠤ ᠢᠯᠠᠯᠲᠠ ᠶᠢᠨ ᠡᠷᠴᠢᠨ ᠳᠡᠭᠡᠷ᠎ᠡ ᠪᠠᠨ ᠡᠷᠡᠯᠬᠡᠭᠯᠡᠨ ᠤᠷᠤᠭᠰᠢᠯᠠᠵᠤ᠂ ᠦᠷᠭᠦᠯᠵᠢᠯᠡᠨ ᠬᠦᠴᠦᠷᠬᠡᠭᠵᠢᠬᠦ‍ ᠨᠢᠭᠡ ᠵᠢᠯ ᠮᠥᠨ ᠂ ᠪᠠᠰᠠ ᠴᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ‍ ᠨᠢᠭᠡ ᠵᠢᠯ ᠮᠥᠨ᠃ ᠨᠢᠭᠡ ᠵᠢᠯ ᠤᠨ ᠲᠤᠷᠰᠢ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠠᠷ ᠭᠤᠣᠯ ᠰᠢᠵᠢᠮ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢᠴᠢ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠵᠤ᠂ ᠲᠤᠰᠬᠠᠢ ᠵᠥᠪᠯᠡᠯᠭᠡᠨ ᠤ ᠪᠠᠶᠢᠭᠤᠯᠤᠮᠵᠢ ᠶᠢᠨ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠰᠢᠵᠦ᠂ ᠪᠥᠬᠦ ᠬᠤᠰᠢᠭᠤᠨ ᠤ ᠭᠤᠣᠯ ᠠᠵᠢᠯ ᠤᠨ ᠲᠣᠭᠤᠷᠢᠨ ᠳᠤ᠂ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠦᠨᠡᠨᠬᠦ ᠴᠢᠩᠭᠠᠳᠬᠠᠵᠤ᠂ ᠵᠥᠪᠯᠡᠬᠦ ᠠᠴᠢᠶᠠᠯᠠᠪᠤᠷᠢ ᠶᠢᠨ ᠰᠢᠨ᠎ᠡ ᠶᠢ ᠡᠭᠦᠳᠬᠦ ᠪᠠᠷ ᠬᠦᠴᠦᠯᠡᠨ ᠴᠢᠷᠮᠠᠶᠢᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠨ᠂ ᠡᠯ᠎ᠡ ᠡᠲᠡᠭᠡᠳ ᠤᠨ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠯᠠᠪᠳᠠᠭᠤᠨ ᠢᠶᠠᠷ ᠠᠬᠢᠭᠤᠯᠵᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ︽ᠰᠢᠨ᠎ᠡ ᠳᠦᠷᠰᠦ ᠪᠠᠶᠢᠳᠠᠯ︾ ᠢ ᠪᠣᠶ ᠪᠣᠯᠭᠠᠬᠤ ᠦᠢᠯᠡᠳᠦᠯᠭᠡ ᠶᠢᠨ ᠳᠤᠮᠳᠠ ᠰᠦᠪᠡᠭᠴᠢᠯᠡᠨ ᠤᠷᠤᠭᠰᠢᠯᠠᠵᠤ᠂ ᠲᠦᠮᠡᠳ ᠵᠡᠭᠦᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠴᠢᠷᠮᠠᠶᠢᠯᠭ᠎ᠠ ᠭᠠᠷᠭᠠᠨ᠂ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠪᠡ᠃ ᠨᠢᠭᠡ ᠳᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠡᠨᠡᠬᠦ ᠦᠨᠳᠦᠰᠦᠨ ᠵᠦᠢᠯ ᠢ ᠴᠢᠩᠭ᠎ᠠ ᠠᠳᠬᠤᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢᠨ ᠲᠠᠯ᠎ᠠ ᠪᠠᠷ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠡᠨᠡᠬᠦ ᠪᠠᠶᠢᠷᠢ ᠲᠣᠭᠲᠠᠭᠠᠯᠲᠠ ᠶᠢ ᠴᠢᠩᠭ᠎ᠠ ᠡᠵᠡᠮᠳᠡᠵᠦ᠂ ᠦᠢᠯᠡᠴᠢᠯᠡᠭᠡᠨ ᠤ ᠶᠡᠭᠡ ᠲᠠᠯ᠎ᠠ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ᠃ ᠭᠤᠷᠪᠠ ᠳᠤ᠂ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠪᠠᠷ ᠡᠨᠡ ᠬᠦ ᠤᠳᠤᠷᠢᠳᠤᠮᠵᠢ ᠪᠠᠨ ᠪᠣᠯᠭᠠᠬᠤ ᠶᠢ ᠴᠢᠩᠭ᠎ᠠ ᠡᠵᠡᠮᠳᠡᠵᠦ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ᠃ ᠳᠥᠷᠪᠡ ᠳᠤ ᠶᠡᠭᠡ ᠪᠦᠯᠬᠦᠮᠳᠡᠯ ᠶᠡᠭᠡ ᠬᠤᠯᠪᠣᠭᠠᠯᠠᠯ ᠭᠡᠬᠦ ᠡᠨᠡ ᠬᠦ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠬᠥᠭᠵᠢᠯᠲᠡ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠬᠤ ᠲᠠᠯ᠎ᠠ ᠪᠠᠷ ᠰᠢᠨ᠎ᠡ ᠠᠯᠬᠤᠮ ᠢ ᠠᠯᠬᠤᠨ᠎ᠠ᠃ ᠲᠠᠪᠤ ᠳᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠡᠨᠡᠬᠦ ᠪᠠᠲᠤᠯᠠᠭ᠎ᠠ ᠲᠠᠢ ᠨᠢᠭᠲᠠ ᠤᠶᠠᠯᠳᠤᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠰᠢᠨ᠎ᠡ ᠳᠦᠷᠰᠦ ᠪᠠᠶᠢᠳᠠᠯ ᠲᠠᠢ ᠪᠣᠯᠪᠠ᠃     ᠴᠧᠨ ᠰᠢ ᠯᠧ ᠵᠢᠭᠠᠵᠤ ᠭᠠᠷᠭᠠᠭᠰᠠᠨ ᠨᠢ᠂ 2024 ᠣᠨ ᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢᠴᠢ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠳᠠᠭᠠᠵᠤ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠭᠦᠨᠵᠡᠭᠡᠢ ᠵᠥᠪᠳᠡᠯᠴᠡᠨ ᠬᠤᠷᠰᠢᠯᠴᠠᠬᠤ᠂ ᠰᠠᠨᠠᠯ ᠢᠶᠠᠨ ᠭᠦᠢᠴᠡᠳ ᠢᠯᠡᠳᠬᠡᠬᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠠᠭᠠᠭᠤᠯᠤᠭᠴᠢ ᠪᠣᠯᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠲᠦᠮᠡᠳ ᠵᠡᠭᠦᠨ ᠬᠤᠰᠢᠭᠤᠨ ᠤ ᠬᠠᠭᠤᠳᠠᠰᠤ ᠶᠢ ᠪᠢᠴᠢᠭᠯᠡᠬᠦ ᠳᠤ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠳᠦᠯᠭᠡ ᠶᠢ ᠭᠦᠨᠵᠡᠭᠡᠶᠢᠷᠡᠭᠦᠯᠬᠦ ᠪᠠᠷ ᠴᠢᠷᠮᠠᠶᠢᠨ᠎ᠠ᠃ ᠨᠢᠭᠡ ᠳᠤ᠂ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠤᠨ ᠳᠣᠣᠷ᠎ᠠ ᠭᠠᠷ ᠬᠤᠯᠪᠣᠨ ᠤᠷᠤᠭᠰᠢᠯᠠᠭᠤᠯᠤᠨ᠎ᠠ᠃ ᠬᠤᠶᠠᠷ ᠲᠤ᠂ ᠲᠥᠪ ᠤᠨ ᠶᠡᠭᠡ ᠲᠠᠯ᠎ᠠ ᠶᠢ ᠴᠢᠩᠭ᠎ᠠ ᠠᠳᠬᠤᠨ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠰᠢᠭᠤᠨ ᠤ ᠨᠠᠮ ᠤᠨ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ  ᠤ ᠬᠦᠰᠡᠯ ᠨᠠᠶᠢᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠪᠠᠶᠢᠷᠢᠯᠠᠭᠤᠯᠤᠯᠲᠠ ᠶᠢᠨ ᠲᠣᠭᠤᠷᠢᠨ ᠳᠤ ᠵᠠᠰᠠᠭ ᠤᠨ ᠶᠠᠪᠤᠳᠠᠯ ᠢ ᠵᠥᠪᠯᠡᠨ᠎ᠡ᠃ ᠭᠤᠷᠪᠠ ᠳᠤ᠂ ᠠᠷᠠᠳ ᠲᠦᠮᠡᠨ ᠢ ᠳᠡᠭᠡᠳᠦᠯᠡᠬᠦ᠂ ᠦᠨᠡᠨᠴᠢ ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠭᠡᠰᠢᠭᠦᠳ ᠤᠨ ᠡᠲᠡᠭᠡᠳ ᠤᠨ ᠢᠯᠭᠠᠯ ᠤᠨ ᠤᠯᠠᠨ ᠲᠦᠮᠡᠨ ᠲᠠᠢ ᠬᠠᠷᠢᠯᠴᠠᠬᠤ ᠶᠢ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ ᠪᠠ ᠦᠨᠳᠦᠰᠦᠨ ᠱᠠᠲᠤᠨ ᠤ ᠵᠥᠪᠯᠡᠯᠭᠡᠨ ᠤ ᠪᠦᠲᠦᠮᠵᠢᠲᠡᠶ ᠵᠣᠯᠭᠠᠯᠳᠤᠯ ᠢ ᠠᠬᠢᠭᠤᠯᠤᠨ᠎ᠠ᠃ ᠳᠥᠷᠪᠡ ᠳᠤ ᠨᠠᠮ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠦᠯᠬᠢᠨ ᠠᠬᠢᠭᠤᠯᠵᠤ᠂ ᠭᠡᠰᠢᠭᠦᠳ ᠤᠨ ᠺᠠᠳ᠋ᠷᠴᠤᠳ ᠤᠨ ᠡᠩᠨᠡᠭᠡᠨ ᠤ ᠰᠠᠭᠤᠷᠢ ᠶᠢ ᠪᠠᠲᠤᠳᠬᠠᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠪᠠ ᠰᠢᠨ᠎ᠡ ᠶᠢ ᠡᠭᠦᠳᠬᠦ ᠠᠮᠢᠳᠤᠯᠢᠭ     ᠴᠧᠨ ᠰᠢ ᠯᠧ ᠬᠠᠮᠤᠭ ᠰᠡᠭᠦᠯ ᠳᠤ ᠴᠢᠬᠤᠯᠠᠴᠢᠯᠠᠭᠰᠠᠨ ᠨᠢ᠂ ᠬᠡᠩᠭᠡᠷᠭᠡ ᠳᠡᠯᠡᠳᠦᠨ ᠠᠶᠠᠨ ᠳᠠᠶᠢᠨ  ᠢ ᠰᠢᠪᠠᠳᠠᠬᠤ ᠳᠤ ᠪᠦᠯᠬᠦᠮᠳᠡᠯ ᠪᠣᠯ ᠠᠯᠲᠠ ᠮᠥᠨ ᠃ ᠣᠩᠭᠤᠴᠠ ᠪᠠᠨ ᠰᠡᠯᠢᠵᠦ ᠳᠠᠷᠪᠠᠭᠤᠯ ᠬᠡᠶᠢᠰᠬᠡᠨ᠂ ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠬᠤ ᠬᠡᠷᠡᠭᠲᠡᠢ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠰᠢᠨ᠎ᠡ ᠡᠭᠦᠷᠭᠡ ᠬᠠᠷᠢᠭᠤᠴᠠᠯᠭ᠎ᠠ ᠶᠢᠨ ᠤᠷᠢᠶᠠᠯᠠᠭ᠎ᠠ ᠶᠢᠨ ᠡᠮᠦᠨ᠎ᠡ᠂ ᠪᠢᠳᠡᠨ ᠳᠤ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠬᠦᠨᠳᠦ ᠵᠠᠮ ᠬᠤᠯᠠ ᠪᠠᠶᠢᠨ᠎ᠠ ᠭᠡᠳᠡᠭ ᠢ ᠭᠦᠨ ᠲᠥᠷᠥᠭᠳᠡᠯ ᠥᠭᠴᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠬᠤᠰᠢᠭᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠪᠠᠨ ᠪᠠᠲᠤ ᠰᠠᠬᠢᠵᠤ ᠢᠷᠡᠭᠡᠳᠦᠢ ᠵᠦᠭ ᠤᠷᠤᠭᠰᠢᠯᠠᠨ᠂ ᠰᠢᠨ᠎ᠡ ᠬᠠᠭᠤᠳᠠᠰᠤ ᠶᠢ ᠡᠷᠡᠯᠬᠡᠭᠯᠡᠨ ᠪᠢᠴᠢᠭᠯᠡᠵᠦ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠦᠢᠯᠡᠰ ᠤᠨ ᠰᠢᠨ᠎ᠡ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠬᠠᠷᠢᠭᠤᠯᠲᠠ ᠶᠢᠨ ᠬᠠᠭᠤᠳᠠᠰᠤ ᠶᠢ ᠶᠠᠰᠤ ᠴᠢᠨᠠᠷ ᠰᠠᠶᠢᠲᠠᠢ ᠲᠦᠮᠡᠳ ᠵᠡᠭᠦᠨ ᠬᠤᠰᠢᠭᠤ ᠶᠢ ᠪᠦᠲᠦᠭᠡᠨ ᠪᠠᠶᠢᠭᠤᠯᠬᠤ ᠦᠢᠯᠡᠳᠦᠯᠭᠡ ᠶᠢᠨ ᠳᠤᠮᠳᠠ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠲᠦᠮᠡᠳ ᠵᠡᠭᠦᠨ ᠬᠤᠰᠢᠭᠤ ᠶᠢᠨ ᠬᠠᠭᠤᠳᠠᠰᠤᠨ ᠳᠤ ᠬᠠᠮᠲᠤ ᠪᠠᠷ ᠪᠢᠴᠢᠭᠯᠡᠨ᠎ᠡ︕     ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠠᠳᠠᠭ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ  ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ᠃  
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号