ᠪᠠᠯᠭᠠᠰᠤᠨ ᠤ ᠬᠠᠷᠢᠶ᠎ᠠ ᠡᠯ᠎ᠡ ᠠᠯᠪᠠᠨ ᠭᠡᠷ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ | ᠲᠥᠪ᠂ ᠡᠯ᠎ᠡ ᠵᠠᠰᠠᠭ ᠵᠠᠬᠢᠷᠭᠠᠨ ᠤ ᠲᠣᠰᠬᠤᠨ ᠳᠤ᠄ | ᠴᠡᠯᠡᠭᠡᠷ ᠲᠠᠯ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠢᠲᠡᠭᠡᠮᠵᠢ ᠶᠢᠨ ᠬᠠᠮᠢᠶᠠᠷᠤᠯᠲᠠ ᠶᠢ | ᠴᠢᠩᠭᠠᠳᠬᠠᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠠᠬᠢᠭᠤᠯᠬᠤ ᠶᠢᠨ ᠲᠥᠯᠥᠭᠡ᠂ ᠲᠣᠰ ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠲᠦᠷᠢᠮ ᠢ | ᠣᠨᠴᠠᠭᠠᠶᠢᠯᠠᠨ ᠲᠣᠭᠲᠠᠭᠠᠪᠠ᠃ | ᠨᠢᠭᠡᠳᠦᠭᠡᠷ ᠵᠦᠢᠯ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠳᠦᠷᠢᠮᠵᠢᠯᠲᠡ ᠶᠢ | ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ ᠠᠵᠢᠯ ᠶᠠᠪᠤᠳᠠᠯ ᠤᠨ | ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠪᠠ ᠬᠡᠷᠡᠭᠯᠡᠯᠲᠡ ᠶᠢ ᠵᠢᠷᠤᠮᠵᠢᠭᠤᠯᠵᠤ᠂ | ᠦᠨᠡᠨᠴᠢ ᠢᠲᠡᠭᠡᠮᠵᠢ ᠲᠠᠢ ᠨᠡᠶᠢᠭᠡᠮ ᠤᠨ ᠠᠭᠤᠷ ᠠᠮᠢᠰᠬᠤᠯ ᠢ ᠰᠠᠨᠠᠭᠠᠴᠢᠯᠠᠨ᠂ ᠢᠲᠡᠭᠡᠮᠵᠢ ᠠᠯᠳᠠᠭᠰᠠᠨ | ᠠᠵᠢᠯᠯᠠᠭ᠎ᠠ ᠶᠢ ᠪᠦᠲᠦᠮᠵᠢᠲᠡᠢ ᠵᠠᠯᠬᠠᠭᠠᠨ ᠴᠡᠭᠡᠷᠯᠡᠭᠦᠯᠬᠦ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ | ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠪᠠᠯᠭᠠᠰᠤᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠳᠦᠷᠢᠮ ᠢ | ᠲᠣᠭᠲᠠᠭᠠᠪᠠ᠃ | ᠬᠤᠶᠠᠳᠤᠭᠠᠷ ᠵᠦᠢᠯ᠂ ᠮᠠᠨ ᠤ ᠪᠠᠯᠭᠠᠰᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠡᠭᠦᠷᠭᠡ | ᠬᠠᠷᠢᠭᠤᠴᠠᠯᠭ᠎ᠠ ᠶᠢ ᠦᠨᠳᠦᠰᠦᠯᠡᠨ᠂ ᠬᠡᠷᠡᠭᠵᠢᠭᠦᠯᠵᠦ ᠪᠠᠶᠢᠭ᠎ᠠ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠦᠷ᠎ᠡ | ᠳ᠋ᠦᠩ ᠢ ᠨᠡᠶᠢᠭᠡᠮ ᠤᠨ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠬᠢᠨᠠᠯᠲᠠ ᠬᠠᠮᠢᠶᠠᠷᠤᠯᠲᠠ ᠶᠢᠨ ᠳᠤᠮᠳᠠ ᠬᠤᠯᠪᠣᠭᠳᠠᠭᠰᠠᠨ ᠪᠣᠶ ᠪᠥᠬᠦᠶ ᠬᠠᠮᠢᠶᠠᠷᠤᠯᠲᠠ ᠶᠢᠨ ᠡᠲᠡᠭᠡᠳ ︵ᠬᠠᠤᠯᠢ ᠶᠢᠨ | ᠡᠷᠬᠡᠲᠡᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠪᠠᠶᠢᠭᠠᠯᠢ ᠬᠥᠮᠦᠨ︶ ᠳᠤ ᠢᠲᠡᠭᠡᠮᠵᠢ ᠶᠢᠨ ᠲᠠᠰ ᠲᠥᠷᠥᠯ | ᠬᠤᠪᠢᠶᠠᠨ ᠬᠢᠨᠠᠨ ᠬᠠᠮᠢᠶᠠᠷᠬᠤ ᠲᠦᠷᠢᠮ ᠢ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠵᠡᠷᠭᠡ ᠳᠡᠰ ᠢ ᠦᠨᠡᠯᠡᠨ | ᠲᠣᠭᠲᠠᠭᠠᠬᠤ ᠭᠡᠳᠡᠭ ᠨᠢ ᠲᠣᠭᠲᠠᠭᠰᠠᠨ ᠳᠡᠰ ᠳᠠᠷᠠᠭᠠᠯᠠᠯ ᠪᠣᠯᠤᠨ ᠠᠷᠭ᠎ᠠ ᠶᠢᠨ ᠶᠣᠰᠣᠭᠠᠷ᠂ ᠬᠠᠮᠢᠶᠠᠷᠤᠯᠲᠠ ᠶᠢᠨ | ᠡᠲᠡᠭᠡᠳ ᠤᠨ ᠢᠲᠡᠭᠡᠮᠵᠢ ᠶᠢᠨ ᠬᠢᠷᠢ ᠬᠡᠮᠵᠢᠶ᠎ᠡ ᠳᠤ ᠶᠡᠷᠦᠩᠬᠡᠶᠢᠯᠡᠭᠰᠡᠨ ᠦᠨᠡᠯᠡᠯᠲᠡ ᠬᠢᠬᠦ ᠶᠢᠨ ᠬᠠᠮᠲᠤ᠂ | ᠢᠲᠡᠭᠡᠮᠵᠢ ᠶᠢᠨ ᠵᠡᠷᠭᠡ ᠳᠡᠰ ᠢ ᠲᠣᠭᠲᠠᠭᠠᠬᠤ ᠠᠵᠢᠯᠯᠠᠭ᠎ᠠ ᠶᠢ ᠵᠢᠭᠠᠵᠤ ᠪᠤᠶ᠃ ᠢᠲᠡᠭᠡᠮᠵᠢ ᠶᠢᠨ ᠵᠡᠷᠭᠡ ᠳᠡᠰ ᠢ | ᠦᠨᠡᠯᠡᠨ ᠲᠣᠭᠲᠠᠭᠠᠬᠤ ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠳᠥᠷᠪᠡᠳᠦᠭᠡᠷ ᠵᠦᠢᠯ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠵᠡᠷᠭᠡ ᠳᠡᠰ ᠢ ᠦᠨᠡᠯᠡᠨ | ᠲᠣᠭᠲᠠᠭᠠᠬᠤ ᠳᠤ ᠨᠢᠭᠡ ᠵᠢᠯ ᠤᠨ ᠳᠣᠲᠣᠷ᠎ᠠ ᠬᠡᠮᠵᠢᠶᠡᠵᠢᠭᠦᠯᠦᠨ ᠲᠠᠰ ᠬᠤᠪᠢᠶᠠᠬᠤ᠂ ᠵᠥᠪᠰᠢᠶᠡᠷᠡᠯ ᠤᠨ ᠬᠠᠮᠢᠶᠠᠷᠤᠯᠲᠠ | ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ᠂ ᠵᠠᠭᠠᠯᠳᠤᠵᠤ ᠢᠯᠡᠴᠢᠯᠡᠨ ᠮᠡᠳᠡᠭᠦᠯᠬᠦ᠂ ᠵᠠᠰᠠᠭ ᠵᠠᠬᠢᠷᠭᠠᠨ ᠤ | ᠰᠢᠢᠳᠬᠡᠯ ᠪᠠ ᠣᠯᠠᠨ ᠨᠡᠶᠢᠲᠡ ᠶᠢᠨ ᠦᠨᠡᠯᠡᠯᠲᠡ ᠶᠢ ᠦᠨᠳᠦᠰᠦᠯᠡᠨ᠂ ᠳᠡᠭᠡᠳᠦ ᠱᠠᠲᠤᠨ ᠠᠴᠠ ᠬᠦᠷᠭᠡᠭᠰᠡᠨ | ᠤᠯᠤᠰ ᠤᠨ ᠣᠯᠠᠨ ᠨᠡᠶᠢᠲᠡ ᠶᠢᠨ ᠢᠲᠡᠭᠡᠮᠵᠢ ᠶᠢᠨ ᠶᠡᠷᠦᠩᠬᠡᠶᠢᠯᠡᠭᠰᠡᠨ ᠦᠨᠡᠯᠡᠯᠲᠡ ᠶᠢᠨ ᠦᠷ᠎ᠡ ᠳ᠋ᠦᠩ᠂ ︽ᠤᠯᠠᠭᠠᠨ | ᠬᠠᠷ᠎ᠠ ᠲᠠᠩᠰᠠ︾ ᠵᠢᠴᠢ ᠪᠤᠰᠤᠳ ᠰᠠᠯᠠᠭ᠎ᠠ ᠮᠥᠴᠢᠷ ᠤᠨ ᠵᠠᠷᠯᠠᠨ ᠮᠡᠳᠡᠭᠳᠡᠭᠰᠡᠨ ᠬᠤᠯᠪᠣᠭᠠᠯᠠᠨ ᠱᠠᠩᠨᠠᠵᠤ ᠲᠣᠷᠭᠠᠬᠤ | ᠮᠡᠳᠡᠭᠡ ᠵᠠᠩᠭᠢ ᠲᠠᠢ ᠤᠶᠠᠯᠳᠤᠭᠤᠯᠤᠨ ᠶᠡᠷᠦᠩᠬᠡᠶᠢᠯᠡᠨ ᠦᠨᠡᠯᠡᠨ ᠲᠣᠭᠲᠠᠭᠠᠨ᠎ᠠ᠃ | ᠲᠠᠪᠤᠳᠤᠭᠠᠷ ᠵᠦᠢᠯ᠂ ᠮᠠᠨ ᠤ ᠪᠠᠯᠭᠠᠰᠤᠨ ᠤ ᠬᠠᠮᠢᠶ᠎ᠠ ᠪᠦᠬᠦᠢ ᠠᠯᠪᠠᠨ ᠭᠡᠷ ᠤᠨ ᠳᠡᠭᠡᠭᠰᠢ ᠮᠡᠳᠡᠭᠦᠯᠦᠭᠰᠡᠨ | ᠢᠲᠡᠭᠡᠯ ᠠᠯᠳᠠᠭᠰᠠᠨ ᠠᠵᠢᠯᠯᠠᠭ᠎ᠠ ᠶᠢᠨ ᠮᠡᠳᠡᠭᠡ ᠵᠠᠩᠭᠢ ᠨᠢ ᠦᠨᠡᠨ ᠪᠣᠳᠠᠲᠠᠶ ᠪᠥᠭᠡᠳ ᠪᠦᠲᠦᠮᠵᠢᠲᠡᠶ ᠪᠠᠶᠢᠵᠤ᠂ | ᠬᠠᠮᠢᠶᠠᠷᠤᠯᠲᠠ ᠶᠢᠨ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠢᠲᠡᠭᠡᠯ | ᠠᠯᠳᠠᠭᠰᠠᠨ ᠠᠵᠢᠯᠯᠠᠭ᠎ᠠ ᠶᠢᠨ ᠮᠡᠳᠡᠭᠡ ᠵᠠᠩᠭᠢ ᠬᠠᠩᠭᠠᠬᠤ ᠰᠠᠯᠠᠭ᠎ᠠ ᠮᠥᠴᠢᠷ ᠤᠳ ᠬᠠᠩᠭᠠᠬᠤ ᠮᠡᠳᠡᠭᠡ ᠵᠠᠩᠭᠢ ᠶᠢᠨ | ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠃ | ᠵᠢᠷᠭᠤᠳᠤᠭᠠᠷ ᠵᠦᠢᠯ᠂ ᠲᠤᠰ ᠳᠦᠷᠢᠮ ᠳᠤ ᠬᠡᠯᠡᠵᠦ ᠪᠠᠶᠢᠭ᠎ᠠ ᠢᠲᠡᠭᠡᠯ ᠢᠶᠠᠨ ᠠᠯᠳᠠᠭᠰᠠᠨ ᠠᠵᠢᠯᠯᠠᠭ᠎ᠠ | ᠭᠡᠳᠡᠭ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ | ᠬᠠᠷᠢᠭᠤᠴᠠᠯᠭ᠎ᠠ ᠪᠣᠯᠤᠨ ᠡᠷᠬᠡ ᠮᠡᠳᠡᠯ ᠢᠶᠠᠨ ᠦᠨᠳᠦᠰᠦᠯᠡᠨ᠂ ᠬᠠᠤᠯᠢ ᠶᠣᠰᠣᠭᠠᠷ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢ ᠬᠡᠷᠡᠭᠵᠢᠭᠦᠯᠬᠦ ᠶᠠᠪᠤᠴᠠ ᠳᠤ᠂ ᠣᠯᠵᠤ ᠮᠡᠳᠡᠭᠰᠡᠨ ᠪᠠ ᠰᠢᠢᠳᠪᠦᠷᠢᠯᠡᠭᠰᠡᠨ ᠡᠯ᠎ᠡ ᠵᠦᠢᠯ ᠤᠨ | ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠵᠢᠭᠠᠵᠤ ᠪᠤᠶ᠃ | ᠳᠣᠯᠣᠳᠤᠭᠠᠷ ᠵᠦᠢᠯ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠢᠨᠠᠯᠲᠠ ᠬᠠᠮᠢᠶᠠᠷᠤᠯᠲᠠ ᠨᠢ ᠡᠭᠦᠷᠭᠡ | ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠪᠠ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ | ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠦᠨᠳᠦᠰᠦᠯᠡᠨ᠂ ᠬᠠᠮᠢᠶᠠᠷᠤᠯᠲᠠ ᠶᠢᠨ ᠡᠲᠡᠭᠡᠳ ᠤᠨ ᠠᠳᠠᠯᠢ | ᠪᠤᠰᠤ ᠢᠲᠡᠭᠡᠮᠵᠢ ᠶᠢᠨ ᠳᠡᠰ ᠲᠤ ᠲᠥᠷᠥᠯ ᠬᠤᠪᠢᠶᠠᠨ ᠬᠠᠮᠢᠶᠠᠷᠬᠤ ᠪᠠ ᠦᠢᠯᠡᠴᠢᠯᠡᠬᠦ ᠶᠢ ᠬᠡᠷᠡᠭᠵᠢᠭᠦᠯᠦᠨ᠎ᠡ᠃ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠳᠡᠰ ᠢ A᠂ B᠂ C᠂ D ᠭᠡᠵᠦ ᠳᠥᠷᠪᠡᠨ ᠳᠡᠰ | ᠬᠤᠪᠢᠶᠠᠨ᠎ᠠ᠃ A ᠳᠡᠰ ᠨᠢ ᠢᠲᠡᠭᠡᠮᠵᠢ ᠰᠢᠯᠢᠳᠡᠭ᠂ B ᠳᠡᠰ ᠨᠢ ᠢᠲᠡᠭᠡᠮᠵᠢ ᠰᠠᠶᠢᠲᠠᠶ᠂ C ᠳᠡᠰ ᠨᠢ ᠡᠩ ᠤᠨ | ᠢᠲᠡᠭᠡᠯ ᠠᠯᠳᠠᠭᠰᠠᠨ ᠪᠠᠶᠢᠵᠤ᠂ D ᠳᠡᠰ ᠨᠢ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠪᠠᠶᠢᠨ᠎ᠠ᠃ | ᠨᠠᠢᠮᠠᠳᠤᠭᠠᠷ ᠵᠦᠢᠯ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠵᠡᠷᠭᠡ ᠳᠡᠰ ᠢ ᠮᠠᠭᠠᠳᠯᠠᠨ | ᠲᠣᠭᠲᠠᠭᠠᠬᠤ᠄ | ︵ᠨᠢᠭᠡ︶ A ᠳᠡᠰ ᠨᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠬᠠᠤᠯᠢ ᠶᠣᠰᠣᠭᠠᠷ | ᠡᠵᠡᠩᠨᠡᠵᠦ᠂ ᠲᠥᠪ ᠭᠤᠣᠯᠴᠢ ᠪᠠᠷ ᠥᠷᠢᠰᠥᠯᠳᠦᠵᠦ᠂ ᠭᠡᠷ᠎ᠡ ᠶᠢ ᠵᠢᠷᠤᠮᠯᠠᠨ ᠰᠠᠬᠢᠵᠤ᠂ ᠨᠢᠭᠡ ᠵᠢᠯ ᠤᠨ ᠳᠣᠲᠣᠷ᠎ᠠ | ᠬᠠᠤᠯᠢ ᠲᠣᠭᠲᠠᠭᠠᠯ ᠠᠴᠠ ᠵᠥᠷᠢᠴᠡᠭᠰᠡᠨ ᠶᠠᠮᠠᠷᠪᠠ ᠦᠢᠯᠡ ᠠᠵᠢᠯᠯᠠᠭ᠎ᠠ ᠪᠠᠶᠢᠬᠤ ᠦᠭᠡᠢ᠂ ᠢᠷᠡᠭᠡᠳᠦᠢ ᠳᠤ | ᠢᠲᠡᠭᠡᠮᠵᠢ ᠶᠢᠨ ᠠᠶᠤᠯ ᠲᠦᠭᠰᠢᠭᠦᠷᠢ ᠶᠢᠨ ᠬᠡᠷᠡᠭ ᠡᠭᠦᠰᠬᠦ ᠲᠣᠬᠢᠶᠠᠯᠳᠤᠮᠵᠢ ᠲᠦᠢᠯ ᠤᠨ ᠳᠣᠣᠷ᠎ᠠ ᠪᠠᠶᠢᠨ᠎ᠠ᠃ | ︵ᠬᠤᠶᠠᠷ︶ B ᠳᠡᠰ ᠲᠤ ᠨᠢᠭᠡ ᠵᠢᠯ ᠤᠨ ᠳᠣᠲᠣᠷ᠎ᠠ ᠬᠠᠤᠯᠢ ᠳᠦᠷᠢᠮ ᠠᠴᠠ ᠵᠥᠷᠢᠴᠡᠭᠰᠡᠨ ᠶᠠᠮᠠᠷᠪᠠ ᠦᠢᠯᠡ | ᠠᠵᠢᠯᠯᠠᠭ᠎ᠠ ᠥᠬᠡᠢ᠂ ᠢᠲᠡᠭᠡᠮᠵᠢ ᠨᠠᠢᠳᠠᠪᠤᠷᠢᠲᠠᠢ᠃ | ︵ᠭᠤᠷᠪᠠ︶ C ᠳᠡᠰ ᠪᠣᠯ ᠳᠣᠣᠷᠠᠬᠢ ᠪᠠᠶᠢᠳᠠᠯ ᠤᠳ ᠤᠨ ᠨᠢᠭᠡ ᠨᠢ ᠪᠠᠶᠢᠪᠠᠯ᠄ | 1. ᠨᠢᠭᠡ ᠵᠢᠯ ᠤᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ᠂ ᠰᠡᠷᠡᠮᠵᠢ ᠥᠭᠭᠦᠭᠰᠡᠨ | ᠨᠡᠶᠢᠲᠡ ᠲᠤᠭ᠎ᠠ ᠨᠢ 2 ᠤᠳᠠᠭ᠎ᠠ ᠠᠴᠠ ᠳᠣᠷᠣᠭᠰᠢ ᠪᠠᠶᠢᠪᠠᠯ᠃ | 2. ᠨᠢᠭᠡ ᠵᠢᠯ ᠤᠨ ᠳᠣᠲᠣᠷ᠎ᠠ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠡᠷᠡᠭ 1 ᠤᠳᠠᠭ᠎ᠠ ᠠᠴᠠ | ᠳᠣᠷᠣᠭᠰᠢ ᠭᠠᠷᠴᠤ᠂ ᠲᠣᠷᠭᠠᠵᠤ ᠬᠤᠷᠢᠶᠠᠮᠵᠢᠯᠠᠭᠰᠠᠨ ᠵᠣᠭᠤᠰ ᠤᠨ ᠲᠤᠭ᠎ᠠ ᠨᠢ ᠨᠡᠶᠢᠲᠡ 20 ᠲᠦᠮᠡᠨ | ᠲᠥᠭᠦᠷᠢᠭ ᠠᠴᠠ ᠬᠡᠲᠦᠷᠡᠬᠦ ᠦᠭᠡᠢ᠃ | 3᠂ ᠨᠢᠭᠡ ᠵᠢᠯ ᠤᠨ ᠳᠣᠲᠣᠷ᠎ᠠ ᠵᠥᠪᠰᠢᠶᠡᠷᠡᠯ ᠣᠯᠤᠭᠰᠠᠨ ᠠᠮᠠᠯᠠᠯᠲᠠ ᠪᠠᠨ 2 ᠤᠳᠠᠭ᠎ᠠ ᠠᠴᠠ ᠳᠤᠷᠤᠭᠰᠢ | ᠵᠦᠷᠢᠴᠡᠭᠰᠡᠨ᠃ | ︵ᠲᠦᠷᠪᠡ︶ D ᠳᠡᠰ ᠨᠢ ᠢᠲᠡᠭᠡᠯ ᠢᠶᠠᠨ ᠬᠦᠨᠳᠦ ᠨᠣᠴᠢᠲᠠᠶ ᠠᠯᠳᠠᠭᠰᠠᠨ ᠮᠡᠳᠡᠭᠡ ᠵᠠᠩᠭᠢ ᠲᠠᠢ ᠪᠠᠶᠢᠵᠤ᠂ | ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠰᠠᠶᠢᠲᠤᠷ ᠵᠢᠷᠤᠮᠯᠠᠵᠤ ᠳᠡᠶᠢᠯᠦᠭᠰᠡᠨ ᠦᠭᠡᠶ᠂ ᠦᠨᠡᠨᠴᠢ | ᠢᠲᠡᠭᠡᠮᠵᠢ ᠲᠠᠢ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠵᠦ ᠳᠡᠶᠢᠯᠬᠦ ᠦᠭᠡᠶ ᠪᠠᠶᠢᠵᠤ᠂ ᠨᠡᠶᠢᠭᠡᠮ ᠤᠨ | ᠮᠠᠭᠤ ᠨᠥᠯᠥᠭᠡ ᠭᠠᠷᠭᠠᠭᠰᠠᠨ᠃ | ᠶᠢᠰᠦᠳᠦᠭᠡᠷ ᠵᠦᠢᠯ᠂ ᠠᠳᠠᠯᠢ ᠨᠢᠭᠡᠨ ᠰᠢᠢᠳᠪᠦᠷᠢᠯᠡᠬᠦ ᠲᠣᠭᠲᠠᠭᠠᠯ ᠤᠨ ᠳᠣᠲᠣᠷ᠎ᠠ ᠬᠠᠤᠯᠢ ᠲᠣᠭᠲᠠᠭᠠᠯ ᠠᠴᠠ | ᠵᠥᠷᠢᠴᠡᠭᠰᠡᠨ ᠣᠯᠠᠨ ᠦᠢᠯᠡ ᠠᠵᠢᠯᠯᠠᠭ᠎ᠠ ᠪᠠᠭᠲᠠᠨ᠎ᠠ᠂ ᠲᠤᠰ ᠲᠤᠰ ᠢᠲᠡᠭᠡᠯ ᠢᠶᠠᠨ ᠠᠯᠳᠠᠭᠰᠠᠨ ᠬᠡᠮᠵᠢᠶ᠎ᠡ ᠪᠠᠨ | ᠲᠣᠭᠲᠠᠭᠠᠵᠤ᠂ ᠲᠡᠭᠦᠨ ᠤ ᠳᠣᠲᠣᠷᠠᠬᠢ ᠬᠠᠮᠤᠭ ᠤᠨ ᠬᠦᠨᠳᠦ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢ | ᠦᠨᠳᠦᠰᠦᠯᠡᠨ ᠢᠲᠡᠭᠡᠮᠵᠢ ᠶᠢᠨ ᠵᠡᠷᠭᠡ ᠳᠡᠰ ᠢ ᠦᠨᠡᠮᠰᠢᠬᠦ ᠬᠡᠷᠡᠭᠲᠡᠶ᠃ | ᠠᠷᠪᠠᠳᠤᠭᠠᠷ ᠵᠦᠢᠯ᠂ ᠢᠲᠡᠭᠡᠮᠵᠢ ᠶᠢᠨ ᠵᠡᠷᠭᠡ ᠳᠡᠰ ᠨᠢ A ᠲᠠᠰ ᠤᠨ ᠬᠠᠮᠢᠶᠠᠷᠤᠯᠲᠠ ᠶᠢᠨ ᠡᠲᠡᠭᠡᠳ ᠢᠶᠠᠷ | ᠦᠨᠡᠯᠡᠭᠳᠡᠵᠦ᠂ ᠡᠳᠦᠷ ᠲᠤᠲᠤᠮ ᠤᠨ ᠪᠠᠶᠢᠴᠠᠭᠠᠬᠤ ᠤᠳᠠᠭ᠎ᠠ ᠶᠢ ᠪᠠᠭᠠᠰᠬᠠᠬᠤ ᠶᠢᠨ ᠬᠠᠮᠲᠤ ᠬᠠᠮᠢᠶ᠎ᠠ ᠪᠦᠬᠦᠢ ᠲᠥᠷᠥᠯ | ᠵᠦᠢᠯ ᠤᠨ ᠪᠡᠯᠡ ᠮᠥᠩᠭᠦ᠂ ᠲᠤᠰᠬᠠᠶ ᠵᠦᠢᠯ ᠤᠨ ᠲᠡᠳᠬᠦᠬᠦ ᠲᠥᠷᠥ ᠶᠢᠨ ᠪᠣᠳᠣᠯᠭ᠎ᠠ ᠵᠢᠴᠢ ᠡᠯ᠎ᠡ ᠲᠥᠷᠥᠯ ᠤᠨ | ᠠᠳᠠᠯᠢᠳᠬᠠᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠳᠤᠮᠳᠠ ᠤᠷᠢᠳᠠᠪᠠᠷ ᠪᠣᠳᠣᠯᠬᠢᠯᠠᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ᠂ ᠢᠲᠡᠭᠡᠮᠵᠢ ᠶᠢᠨ ᠵᠡᠷᠭᠡ ᠳᠡᠰ ᠨᠢ B ᠲᠠᠰ ᠤᠨ ᠬᠠᠮᠢᠶᠠᠷᠤᠯᠲᠠ ᠶᠢᠨ ᠡᠲᠡᠭᠡᠳ ᠢᠶᠠᠷ | ᠦᠨᠡᠯᠡᠭᠳᠡᠵᠦ᠂ ᠡᠩ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ | ᠠᠷᠪᠠᠨ ᠬᠤᠶᠠᠳᠣᠭᠠᠷ ᠵᠦᠢᠯ᠂ ᠢᠳᠡᠭᠡᠮᠵᠢ ᠶᠢᠨ ᠳᠡᠰ ᠵᠡᠷᠭᠡ ᠠᠴᠠ C ᠳᠡᠰ ᠤᠨ ᠬᠠᠮᠢᠶᠡᠷᠦᠯᠳᠡ ᠶᠢᠨ | ᠡᠳᠡᠭᠡᠳ ᠢᠶᠠᠷ ᠦᠨᠡᠯᠡᠵᠦ᠂ ᠡᠳᠣᠷ ᠲᠣᠳᠣᠮ ᠤᠨ ᠪᠠᠶᠢᠴᠠᠭᠠᠬᠤ ᠳᠡᠪᠳᠡᠮᠵᠢ ᠣᠳᠠᠭ᠎ᠠ ᠶᠢ ᠵᠦᠢ ᠵᠤᠬᠢᠰᠳᠡᠢ ᠪᠠᠷ | ᠨᠡᠮᠡᠭᠳᠡᠬᠦᠯᠵᠦ᠂ ᠳᠡᠰᠢᠷᠡᠮ ᠢᠶᠠᠷ ᠰᠤᠭᠤᠴᠢᠨ ᠪᠠᠶᠢᠴᠠᠭᠠᠬᠤ ᠲᠤᠮᠳᠡ ᠭᠤᠤᠯᠳᠡᠯᠭ᠎ᠠ ᠲᠠᠢ ᠪᠠᠶᠢᠴᠠᠭᠠᠬᠤ ᠡᠳᠡᠭᠡᠳ ᠲᠤ | ᠵᠢᠠᠠᠰᠠᠭᠠᠬᠤ ᠶᠢᠨ ᠬᠠᠮᠳᠣ ᠳᠡᠬᠦᠨ ᠤ ᠳᠥᠷᠥ ᠶᠢᠨ ᠪᠤᠳᠣᠯᠭ᠎ᠠ ᠬᠠᠦᠯᠢ ᠲᠣᠠᠠᠳᠠᠭᠠᠯ ᠤᠨ ᠣᠬᠠᠭᠤᠯᠥᠯ ᠬᠦᠮᠦᠵᠢᠯ᠂ | ᠲᠣᠬᠠᠶᠢᠯᠬᠠᠰᠠᠨ ᠠᠵᠢᠯ ᠤᠨ ᠬᠠᠪᠰᠣᠷᠣᠨ ᠵᠢᠯᠥᠭᠤᠳᠬᠤ ᠵᠡᠷᠭᠡ ᠠᠵᠢᠯ ᠢ ᠴᠢᠩᠭᠠᠳᠬᠠᠵᠦ᠂ ᠦᠨᠡᠨᠴᠢ ᠢᠳᠡᠭᠡᠮᠵᠢᠳᠡᠢ | ᠡᠵᠡᠩᠨᠡᠯᠳᠡ ᠶᠢᠨ ᠬᠢᠷᠢ ᠭᠡᠮᠵᠢᠶ᠎ᠠ ᠶᠢ ᠬᠠᠪᠰᠣᠷᠣᠨ ᠳᠡᠭᠡᠭᠰᠢᠯᠡᠬᠦᠯᠦᠨ᠎ᠡ᠃ | ᠠᠷᠪᠠᠨ ᠭᠤᠷᠪᠠᠳᠤᠭᠠᠷ ᠵᠦᠢᠯ᠂ ᠢᠲᠡᠭᠡᠮᠵᠢ ᠶᠢᠨ ᠵᠡᠷᠭᠡ ᠳᠡᠰ ᠨᠢ D ᠲᠠᠰ ᠤᠨ ᠬᠠᠮᠢᠶᠠᠷᠤᠯᠲᠠ ᠶᠢᠨ | ᠬᠠᠷᠢᠴᠠᠩᠭᠤᠢ ᠬᠥᠮᠦᠨ ᠢᠶᠠᠷ ᠦᠨᠡᠯᠡᠭᠳᠡᠵᠦ᠂ ᠡᠳᠦᠷ ᠲᠤᠲᠤᠮ ᠤᠨ ᠪᠠᠶᠢᠴᠠᠭᠠᠬᠤ ᠤᠳᠠᠭ᠎ᠠ ᠪᠠ ᠲᠠᠰᠢᠷᠠᠮ ᠢᠶᠠᠷ | ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠴᠢᠨᠠᠷᠲᠠᠶ ᠬᠢᠵᠠᠭᠠᠷᠯᠠᠯ ᠪᠠ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠬᠤ ᠶᠢᠨ | ᠬᠠᠮᠲᠤ᠂ ᠬᠠᠮᠢᠶ᠎ᠠ ᠪᠥᠬᠦᠶ ᠲᠥᠷᠥᠯ ᠵᠦᠢᠯ ᠤᠨ ᠪᠠᠯᠠ ᠮᠥᠩᠭᠦ᠂ ᠲᠤᠰᠬᠠᠶ ᠵᠦᠢᠯ ᠤᠨ ᠲᠡᠳᠬᠦᠨ ᠳᠡᠮᠵᠢᠬᠦ | ᠲᠥᠷᠥ ᠶᠢᠨ ᠪᠣᠳᠣᠯᠭ᠎ᠠ ᠵᠢᠴᠢ ᠡᠯ᠎ᠡ ᠲᠥᠷᠥᠯ ᠤᠨ ᠠᠳᠠᠯᠢᠳᠬᠠᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ | ᠳᠤᠮᠳᠠ ᠠᠷᠢᠯᠭᠠᠨ᠎ᠠ᠃ | ᠠᠷᠪᠠᠨ ᠳᠥᠷᠪᠡᠳᠦᠭᠡᠷ ᠵᠦᠢᠯ᠂ ᠢᠲᠡᠭᠡᠮᠵᠢ ᠶᠢᠨ ᠵᠡᠷᠭᠡ ᠳᠡᠰ ᠨᠢ C ᠳᠡᠰ᠂ D ᠳᠡᠰ ᠢᠶᠠᠷ ᠦᠨᠡᠯᠡᠭᠳᠡᠬᠦ | ᠬᠠᠮᠢᠶᠠᠷᠤᠯᠲᠠ ᠶᠢᠨ ᠡᠲᠡᠭᠡᠳ ᠲᠤ ᠢᠲᠡᠭᠡᠮᠵᠢ ᠶᠢᠨ ᠵᠡᠷᠭᠡ ᠳᠡᠰ ᠤᠨ ᠪᠠᠶᠢᠳᠠᠯ ᠢ ᠮᠡᠳᠡᠭᠳᠡᠵᠦ᠂ ᠲᠡᠭᠦᠨ ᠤ ᠢᠲᠡᠭᠡᠮᠵᠢ | ᠠᠯᠳᠠᠭᠰᠠᠨ ᠠᠵᠢᠯᠯᠠᠭ᠎ᠠ ᠶᠢ ᠵᠢᠭᠠᠨ ᠭᠠᠷᠭᠠᠵᠤ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ | ᠲᠥᠷᠥ ᠶᠢᠨ ᠪᠣᠳᠣᠯᠭ᠎ᠠ ᠶᠢ ᠤᠬᠠᠭᠤᠯᠤᠨ᠂ ᠲᠡᠭᠦᠨ ᠢ ᠰᠢᠮᠳᠠᠭᠤᠯᠤᠨ ᠥᠪᠡᠷ ᠢ ᠪᠠᠨ ᠴᠢᠩᠭ᠎ᠠ ᠱᠠᠭᠠᠷᠳᠠᠵᠤ᠂ | ᠦᠨᠡᠨᠴᠢ ᠢᠲᠡᠭᠡᠮᠵᠢᠲᠡᠶ ᠪᠠᠷ ᠬᠠᠤᠯᠢ ᠶᠢ ᠵᠢᠷᠤᠮᠯᠠᠭᠤᠯᠬᠤ ᠶᠢᠨ ᠬᠠᠮᠲᠤ᠂ ᠪᠠᠶᠢᠳᠠᠯ ᠢ ᠨᠢ ᠦᠵᠡᠵᠦ ᠪᠠᠶᠢᠭᠠᠳ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢ | ᠬᠠᠮᠲᠤ ᠪᠠᠷ ᠡᠳ᠋ᠯᠡᠬᠦ ᠲᠠᠪᠴᠠᠩ ᠳᠤ ᠬᠦᠷᠭᠡᠬᠦ ᠬᠡᠷᠡᠭᠲᠡᠶ᠃ | ᠠᠷᠪᠠᠨ ᠲᠠᠪᠤᠳᠤᠭᠠᠷ ᠵᠦᠢᠯ᠂ ᠣᠯᠠᠨ ᠨᠡᠶᠢᠲᠡ ᠶᠢᠨ ᠬᠢᠨᠠᠯᠲᠠ ᠲᠠᠯᠪᠢᠯᠲᠠ ᠳᠤ ᠣᠷᠣᠯᠴᠠᠬᠤ ᠠᠷᠭ᠎ᠠ ᠵᠠᠮ ᠪᠠ | ᠠᠷᠭ᠎ᠠ ᠮᠠᠶ᠋ᠢᠭ ᠢ ᠤᠯᠠᠮ ᠨᠢᠭᠡ ᠠᠯᠬᠤᠮ ᠥᠷᠭᠡᠳᠬᠡᠵᠦ᠂ ᠨᠡᠶᠢᠭᠡᠮ ᠨᠡᠶᠢᠲᠡ ᠪᠠᠷ ᠢᠶᠠᠨ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠢᠯᠡᠴᠢᠯᠡᠨ | ᠮᠡᠳᠡᠭᠦᠯᠦᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ᠂ ᠬᠠᠮᠢᠶᠠᠷᠤᠯᠲᠠ ᠶᠢᠨ ᠬᠠᠷᠢᠴᠠᠩᠭᠤᠶ ᠡᠲᠡᠭᠡᠳ ᠤᠨ ᠢᠲᠡᠭᠡᠮᠵᠢ ᠠᠯᠳᠠᠭᠰᠠᠨ | ᠦᠢᠯᠡ ᠠᠵᠢᠯᠯᠠᠭ᠎ᠠ ᠳᠤ ᠣᠨᠳᠣᠤ ᠰᠠᠨᠠᠯ ᠲᠠᠢ ᠪᠣᠯ᠂ ᠰᠡᠭᠦᠯᠴᠢ ᠶᠢᠨ ᠬᠤᠭᠤᠴᠠᠭᠠᠨ ᠳᠤ ᠬᠢᠨᠠᠨ ᠬᠠᠷᠭᠤᠭᠤᠯᠵᠤ | ᠬᠦᠴᠦᠨ ᠦᠭᠡᠶ ᠪᠣᠯᠭᠠᠬᠤ ᠪᠤᠶᠤ ᠨᠢᠭᠡᠨᠲᠡ ᠢᠲᠡᠭᠡᠮᠵᠢ ᠶᠢ ᠨᠢ ᠰᠡᠷᠭᠦᠭᠡᠭᠰᠡᠨ ᠪᠣᠯ᠂ ᠲᠡᠭᠦᠨ ᠤ ᠢᠲᠡᠭᠡᠮᠵᠢ ᠶᠢᠨ | ᠳᠡᠰ ᠲᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠬᠡᠷᠡᠭᠲᠡᠶ᠃ | ᠠᠷᠪᠠᠨ ᠳᠣᠯᠣᠳᠤᠭᠠᠷ ᠵᠦᠢᠯ᠂ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | ᠴᠡᠯᠡᠭᠡᠷ ᠲᠠᠯ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | 2024 ᠣᠨ ᠤ 10 ᠰᠠᠷ᠎ᠠ ᠶᠢᠨ 7 ᠤ ᠡᠳᠦᠷ |