︽ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠴᠢᠬᠤᠯᠠ ᠶᠡᠭᠡ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ | ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠤᠯᠤᠰ ᠤᠨ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ | ᠠᠵᠢᠯᠯᠠᠭᠠᠨ ᠤ ᠲᠦᠷᠢᠮ ︵ᠲᠤᠷᠰᠢᠨ ᠬᠡᠷᠡᠭᠵᠢᠭᠦᠯᠬᠦ︶︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ | ᠦᠨᠳᠦᠰᠦᠯᠡᠨ᠂ ᠲᠦᠮᠡᠳ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠲᠦᠷᠦᠭᠦᠯᠡᠨ ᠪᠠᠶᠢᠭᠤᠯᠤᠭᠰᠠᠨ ︽ᠬᠥᠬᠡᠬᠤᠲᠠ ᠶᠢᠨ ᠲᠦᠮᠡᠳ ᠵᠡᠭᠦᠨ | ᠬᠤᠰᠢᠭᠤᠨ ᠤ ᠤᠰᠤ ᠳᠤᠲᠠᠭᠳᠠᠵᠤ ᠪᠠᠶᠢᠭ᠎ᠠ ᠵᠢᠵᠢᠭ ᠲᠣᠭᠤᠷᠢᠭ ᠤᠨ ᠤᠰᠤ ᠬᠠᠩᠭᠠᠬᠤ ᠪᠡᠯᠡᠳᠬᠡᠮᠵᠢ ︵ | ᠬᠤᠶᠠᠳᠤᠭᠠᠷ ᠪᠦᠯᠦᠭ︶ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ︾ ᠤᠨ ᠲᠥᠷᠥᠯ ᠵᠦᠢᠯ᠂ ᠬᠥᠬᠡᠬᠤᠲᠠ ᠶᠢᠨ | ᠤᠰᠤ ᠬᠠᠩᠭᠠᠬᠤ ᠤᠰᠤ ᠵᠠᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠥᠪᠥᠷ ᠮᠣᠩᠭᠤᠯ ᠤᠨ ᠠᠨ ᠢ ᠲᠥᠷᠥᠯ | ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠨᠠᠶᠢᠳᠠᠵᠤ ᠨᠡᠶᠢᠭᠡᠮ ᠤᠨ ᠲᠣᠭᠲᠠᠭᠤᠨ ᠤ | ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠪᠡᠶᠡᠯᠡᠭᠦᠯᠪᠡ᠃ ᠡᠳᠦᠭᠡ ᠬᠤᠯᠪᠣᠭᠳᠠᠯ ᠪᠦᠬᠦᠢ ᠪᠠᠶᠢᠳᠠᠯ ᠢ ᠨᠡᠶᠢᠲᠡ ᠳᠤ | ᠵᠠᠷᠯᠠᠶ᠎ᠠ᠃ | ᠨᠢᠭᠡ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠡᠷᠡᠶᠢᠳᠦᠯ | ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠤᠰᠤ ᠳᠤᠲᠠᠭᠳᠠᠵᠤ ᠪᠠᠶᠢᠭ᠎ᠠ ᠵᠢᠵᠢᠭ ᠲᠣᠭᠤᠷᠢᠭ ᠤᠨ ᠤᠰᠤ | ᠬᠠᠩᠭᠠᠬᠤ ᠪᠡᠯᠡᠳᠬᠡᠮᠵᠢ ︵ᠬᠤᠶᠠᠳᠤᠭᠠᠷ ᠪᠦᠯᠦᠭ︶ ᠢ ᠥᠭᠡᠷᠡᠴᠢᠯᠡᠬᠦ ᠢᠨᠵᠧᠨᠧᠷᠢᠩ | ᠬᠤᠶᠠᠷ᠂ ᠪᠦᠲᠦᠭᠡᠨ ᠪᠠᠶᠢᠭᠤᠯᠤᠯᠲᠠ ᠶᠢᠨ ᠨᠢᠭᠡᠴᠢ | ᠨᠢᠭᠡᠴᠢ ᠶᠢᠨ ᠨᠡᠷᠡᠢᠳᠦᠯ᠄ ᠬᠥᠬᠡᠬᠤᠲᠠ ᠶᠢᠨ ᠤᠰᠤ ᠬᠠᠩᠭᠠᠵᠤ ᠤᠰᠤ ᠵᠠᠯᠠᠬᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ | ᠬᠠᠷᠢᠯᠴᠠᠬᠤ ᠬᠥᠮᠥᠨ᠄ ᠸᠠᠩ ᠳᠠᠯᠠᠢ | ᠬᠠᠷᠢᠯᠴᠠᠬᠤ ᠣᠳᠠᠰᠣ᠄ 13171419499 | ᠭᠤᠷᠪᠠ᠂ ᠮᠡᠳᠡᠭᠦᠯᠦᠯᠲᠡ ᠨᠠᠶᠢᠷᠠᠭᠤᠯᠤᠨ ᠵᠣᠬᠢᠶᠠᠭᠰᠠᠨ ᠨᠢᠭᠡᠴᠢ | ᠪᠠᠶᠢᠭᠤᠯᠭ᠎ᠠ ᠶᠢᠨ ᠨᠡᠷᠡᠶᠢᠳᠦᠯ᠄ ᠥᠪᠥᠷ ᠮᠣᠩᠭᠤᠯ ᠤᠨ ᠠᠨ ᠢ ᠲᠥᠷᠥᠯ ᠵᠦᠢᠯ ᠤᠨ ᠬᠠᠮᠢᠶᠠᠷᠤᠯᠲᠠ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠨᠢᠭᠡᠴᠡ ᠶᠢᠨ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 85 | ᠨᠣᠮᠧᠷ ᠤᠨ ᠲᠠᠢ ᠸᠧᠶ ᠹᠠᠩ ᠾᠧᠩ ᠠᠭᠤᠳᠠᠮ ᠲᠠᠯᠠᠪᠠᠶ ᠶᠢᠨ C ᠰᠠᠭᠤᠳᠠᠯ 7 ᠳᠠᠪᠬᠤᠷ | ᠬᠠᠷᠢᠯᠴᠠᠬᠤ ᠤᠲᠠᠰᠤ᠄ 0471 - 4927485 | ᠢᠮᠧᠯ᠄ 963546078@qq. com | ᠳᠥᠷᠪᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠦᠢᠮᠣ ᠪᠠᠶᠢᠳᠠᠯ | 1. ᠪᠥᠲᠥᠭᠡᠨ ᠪᠠᠶᠢᠭᠤᠯᠤᠯᠲᠠ ᠶᠢᠨ ᠠᠭᠤᠯᠭ᠎ᠠ᠄ ᠲᠦᠮᠡᠳ ᠵᠡᠭᠦᠨ ᠬᠤᠰᠢᠭᠤᠨ ᠤ 35 ᠤᠰᠤ ᠳᠤᠲᠠᠭᠳᠠᠵᠤ | ᠪᠠᠶᠢᠭ᠎ᠠ ᠵᠢᠵᠢᠭ ᠲᠣᠭᠤᠷᠢᠭ ︵ᠰᠠᠭᠤᠭᠠᠯᠢ ᠠᠷᠠᠳ ᠪᠠᠷᠤᠭ 21000 ᠡᠷᠦᠬᠡ︶ ᠤᠨ ᠪᠠᠷᠢᠮᠵᠢᠶ᠎ᠠ ᠳᠤ ᠨᠡᠶᠢᠴᠡᠬᠦ | ᠥᠬᠡᠶ ᠡᠷᠦᠬᠡ ᠶᠢᠨ ᠳᠣᠲᠣᠷᠠᠬᠢ ᠬᠤᠭᠤᠯᠠᠶ᠂ ᠬᠦᠷᠢᠶ᠎ᠡ ᠬᠠᠰᠢᠶ᠎ᠠ ᠶᠢᠨ ᠤᠰᠤ ᠬᠠᠩᠭᠠᠬᠤ ᠬᠤᠭᠤᠯᠠᠶ ᠶᠢᠨ ᠲᠣᠤᠷ᠂ | ᠳᠤᠯᠠᠭᠠᠯᠠᠭ᠎ᠠ ᠶᠢᠨ ᠭᠤᠤ ᠳᠤ ᠤᠰᠤ ᠬᠠᠩᠭᠠᠬᠤ ᠬᠤᠭᠤᠯᠠᠶ ᠶᠢ ᠰᠣᠯᠢᠵᠤ᠂ ᠡᠷᠦᠬᠡ ᠶᠢᠨ ᠳᠣᠲᠣᠷᠠᠬᠢ ᠬᠡᠮᠵᠢᠯᠲᠡ ᠶᠢᠨ | ᠤᠰᠤᠨ ᠤ ᠬᠡᠮᠵᠢᠭᠦᠷ ᠢ ᠰᠣᠯᠢᠵᠤ᠂ ᠳᠠᠷᠤᠯᠲᠠ ᠨᠡᠮᠡᠬᠦ ᠬᠥᠭᠡᠷᠭᠡ ᠶᠢᠨ ᠬᠡᠷ ᠢ ᠰᠢᠨ᠎ᠡ ᠪᠠᠷ ᠪᠠᠶᠢᠭᠤᠯᠤᠨ᠎ᠠ᠃ | 2. ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠄ | ︵1︶ ᠨᠡᠶᠢᠭᠡᠮ ᠲᠣᠭᠤᠷᠢᠭ ᠤᠨ ᠤᠯᠠᠭᠠᠨ ᠱᠤᠭᠤᠮ ᠤᠨ ᠭᠠᠳᠠᠨᠠᠬᠢ ᠬᠤᠲᠠ ᠶᠢᠨ ᠶᠠᠪᠤᠳᠠᠯ ᠤᠨ | ᠬᠤᠭᠤᠯᠠᠶ ᠶᠢᠨ ᠲᠣᠤᠷ ᠤᠨᠳᠢᠶᠠᠮᠧᠲᠷ ᠨᠢ DN150~DN2300 ᠶᠡᠷᠦᠩᠬᠡᠶ ᠣᠷᠳᠣ ᠨᠢ ᠪᠠᠷᠤᠭ 15.36.2 | ᠺᠢᠯᠣᠮᠧᠲᠷ ᠪᠣᠯᠤᠨ᠎ᠠ᠃ ᠡᠭᠦᠨ ᠤ ᠳᠣᠲᠣᠷ᠎ᠠ ᠨᠢᠭᠡᠳᠦᠭᠡᠷ ᠪᠠᠷᠢᠮᠵᠢᠶᠠᠲᠤ ᠬᠡᠰᠡᠭ ᠨᠢ 7.9 ᠺᠢᠯᠣᠮᠧᠲᠷ᠂ ᠬᠤᠶᠠᠳᠤᠭᠠᠷ | ᠪᠠᠷᠢᠮᠵᠢᠶ᠎ᠠ ᠶᠢᠨ ᠬᠡᠰᠡᠭ ᠨᠢ 7.4 ᠺᠢᠯᠣᠮᠧᠲᠷ᠃ | ︵2 ︶ 6 ᠲᠠᠪᠬᠤᠷ ᠠᠴᠠ ᠲᠤᠷᠤᠭᠰᠢ ︵6 ᠲᠠᠪᠬᠤᠷ ᠪᠠᠭᠲᠠᠨ᠎ᠠ︶ ᠬᠤᠭᠤᠯᠠᠢ ᠶᠢᠨ ᠳ᠋ᠢᠶᠠᠮᠧᠲᠷ ᠨᠢ | DN32 ~ DN200 ᠳ᠋ᠤᠭᠠᠷ ᠨᠡᠶᠢᠭᠡᠮ ᠲᠣᠭᠤᠷᠢᠭ ᠤᠨ ᠤᠰᠤ ᠬᠠᠩᠭᠠᠬᠤ ᠬᠤᠭᠤᠯᠠᠶ ᠶᠢᠨ ᠲᠣᠤᠷ ᠢ | ᠥᠭᠡᠷᠡᠴᠢᠯᠡᠬᠦ ᠬᠤᠭᠤᠯᠠᠶ ᠶᠢᠨ ᠱᠤᠭᠤᠮ ᠤᠨ ᠶᠡᠷᠦᠩᠬᠡᠶ ᠣᠷᠳᠣ ᠨᠢ 31.5 ᠺᠢᠯᠣᠮᠧᠲᠷ ᠪᠣᠯᠤᠨ᠎ᠠ᠃ ᠡᠭᠦᠨ ᠳᠤ | ᠨᠢᠭᠡᠳᠦᠭᠡᠷ ᠪᠠᠷᠢᠮᠵᠢᠶᠠᠲᠤ ᠬᠡᠰᠡᠭ 18.8ᠺᠢᠯᠣᠮᠧᠲᠷ᠂ ᠬᠤᠶᠠᠳᠤᠭᠠᠷ ᠪᠠᠷᠢᠮᠵᠢᠶᠠᠲᠤ ᠬᠡᠰᠡᠭ 12.7 ᠺᠢᠯᠣᠮᠧᠲᠷ ᠪᠤᠢ᠃ | | ︵3︶ ᠡᠷᠦᠬᠡ ᠶᠢᠨ ᠤᠰᠤᠨ ᠤ ᠲᠡᠮᠲᠡᠭᠯᠡᠬᠦᠷ ᠪᠠᠷᠤᠭ 17164 ᠶᠢ ᠰᠣᠯᠢᠵᠤ᠂ ᠡᠭᠦᠨ ᠳᠤ ᠨᠢᠭᠡᠲᠦᠭᠡᠷ | ᠪᠠᠷᠢᠮᠵᠢᠶ᠎ᠠ ᠬᠡᠰᠡᠭ 9370 ᠵᠦᠢᠯ᠂ ᠬᠤᠶᠠᠲᠤᠭᠠᠷ ᠳᠡᠮᠳᠡᠭ ᠤᠨ ᠬᠡᠰᠡᠭ 7794 ᠪᠤᠢ᠃ | ︵4︶ ᠰᠢᠨ᠎ᠡ ᠪᠠᠷ ᠪᠠᠶᠢᠭᠤᠯᠤᠭᠰᠠᠨ ᠨᠡᠶᠢᠭᠡᠮ ᠲᠣᠭᠤᠷᠢᠭ ᠤᠨ ᠤᠰᠤ ᠬᠠᠩᠭᠠᠬᠤ ᠳᠠᠷᠤᠯᠲᠠᠲᠤ ᠬᠥᠭᠡᠷᠭᠡ ᠶᠢᠨ | ᠭᠡᠷ 8 ᠶᠢ ᠪᠠᠶᠢᠭᠤᠯᠵᠤ᠂ ᠡᠭᠦᠨ ᠳᠤ ᠨᠢᠭᠡᠲᠦᠭᠡᠷ ᠪᠠᠷᠢᠮᠵᠢᠶ᠎ᠠ ᠬᠡᠰᠡᠭ ᠨᠢ 3᠂ ᠬᠤᠶᠠᠲᠤᠭᠠᠷ ᠪᠠᠷᠢᠮᠵᠢᠶ᠎ᠠ ᠬᠡᠰᠡᠭ ᠨᠢ | 5 ᠪᠠᠶᠢᠪᠠ᠃ | ᠲᠤᠰ ᠲᠥᠷᠥᠯ ᠵᠦᠢᠯ ᠤᠨ ᠲᠥᠰᠥᠪᠯᠡᠭᠰᠡᠨ ᠶᠡᠷᠦᠩᠬᠡᠢ ᠬᠥᠷᠥᠩᠭᠡ ᠣᠷᠣᠭᠤᠯᠤᠯᠲᠠ ᠨᠢ 9500.15 ᠲᠦᠮᠡᠨ | ᠲᠦᠭᠦᠷᠢᠭ᠃ ᠬᠤᠲᠠ ᠶᠢᠨ ᠵᠠᠰᠠᠭ ᠤᠨ ᠤᠷᠳᠤᠨ ᠠᠴᠠ 4750.08 ᠲᠦᠮᠡᠨ ᠲᠦᠬᠦᠷᠢᠭ ︵ᠪᠦᠬᠦ ᠪᠡᠯᠡ | ᠤᠷᠤᠭᠤᠯᠤᠯᠳᠠ ᠶᠢᠨ ᠬᠡᠮᠵᠢᠶ᠎ᠡ ᠶᠢᠨ 50% ᠶᠢ ᠡᠵᠡᠯᠡᠨ᠎ᠡ︶ ᠭᠠᠷᠭᠠᠨ᠎ᠠ᠃ ᠬᠤᠰᠢᠭᠤᠨ ᠤ ᠵᠠᠰᠠᠭ ᠤᠨ | ᠤᠷᠳᠤᠨ ᠠᠴᠠ 2375.04 ᠲᠦᠮᠡᠨ ᠲᠦᠬᠦᠷᠢᠭ ︵ᠶᠡᠷᠦᠩᠬᠡᠢ ᠪᠡᠯᠡ ᠤᠷᠤᠭᠤᠯᠤᠯᠳᠠ ᠶᠢᠨ ᠲᠤᠭ᠎ᠠ ᠶᠢᠨ | 25% ᠶᠢ ᠡᠵᠡᠯᠡᠨ᠎ᠡ︶᠃ ᠠᠵᠤ ᠠᠬᠤᠶᠢᠯᠠᠯ ᠠᠴᠠ 2375.04 ᠲᠦᠮᠡᠨ ᠲᠦᠬᠦᠷᠢᠭ ︵ᠶᠡᠷᠦᠩᠬᠡᠢ ᠪᠡᠯᠡ | ᠤᠷᠤᠭᠤᠯᠤᠯᠳᠠ ᠶᠢᠨ ᠲᠤᠭ᠎ᠠ ᠶᠢᠨ 25% ᠶᠢ ᠡᠵᠡᠯᠡᠨ᠎ᠡ︶᠃ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠭᠤᠴᠠᠭ᠎ᠠ᠄ 2024 ᠣᠨ | ᠵᠢᠷᠭᠤᠭ᠎ᠠ᠂ ᠢᠯᠡ ᠨᠡᠶᠢᠲᠡᠯᠡᠭᠰᠡᠨ ᠲᠣᠳᠣᠷᠬᠠᠶᠢᠯᠠᠯᠲᠠ | 1᠂ ᠲᠤᠰ ᠤᠳᠠᠭᠠᠨ ᠤ ᠣᠯᠠᠨ ᠨᠡᠢᠲᠡ ᠶᠢᠨ ᠰᠠᠨᠠᠯ ᠢ ᠵᠠᠬᠢᠳᠠᠯ᠂ ᠹᠠᠺᠰ᠂ ᠡᠯᠧᠺᠲᠷᠣᠨ ᠰᠢᠤᠳᠠᠨ ᠵᠡᠷᠭᠡ | ᠪᠢᠴᠢᠭ ᠤᠨ ᠬᠡᠯᠪᠡᠷᠢ ᠪᠠᠷ ᠪᠦᠲᠦᠭᠡᠨ ᠪᠠᠢᠭᠤᠯᠤᠯᠲᠠ ᠶᠢᠨ ᠨᠢᠭᠡᠴᠢ ᠪᠤᠶᠤ ᠨᠡᠢᠭᠡᠮ ᠤᠨ ᠲᠣᠭᠲᠠᠭᠤᠨ ᠪᠠᠢᠳᠠᠯ ᠤᠨ | ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ ᠲᠠᠢ ᠬᠠᠷᠢᠯᠴᠠᠵᠤ ᠪᠣᠯᠤᠨ᠎ᠠ᠃ | 2. ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ᠂ ᠪᠠᠷᠢᠯᠭ᠎ᠠ | ᠪᠠᠷᠢᠭᠤᠯᠬᠤ ᠨᠢᠭᠡᠴᠡ ᠪᠤᠶᠤ ᠨᠠᠶᠢᠳᠠᠯᠭ᠎ᠠ ᠬᠦᠯᠢᠶᠡᠭᠰᠡᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ | ᠵᠢᠱᠢᠬᠦ ᠨᠢᠭᠡᠴᠢ ᠨᠢ ᠣᠯᠠᠨ ᠨᠡᠶᠢᠲᠡ ᠳᠤ ᠬᠠᠮᠢᠶ᠎ᠠ ᠪᠥᠬᠦᠶ ᠮᠠᠲ᠋ᠧᠷᠢᠶᠠᠯ ᠢ ᠪᠠᠶᠢᠴᠠᠭᠠᠨ ᠯᠠᠪᠯᠠᠬᠤ᠂ ᠪᠠᠶᠢᠴᠠᠭᠠᠨ ᠦᠵᠡᠬᠦ | ᠦᠢᠯᠡᠴᠢᠯᠡᠭᠡ ᠬᠠᠩᠭᠠᠨ᠎ᠠ᠃ | 3. ᠣᠯᠠᠨ ᠨᠡᠶᠢᠲᠡ ᠪᠠᠷ ᠢᠶᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠡᠶᠢᠭᠡᠮ ᠤᠨ | ᠲᠣᠭᠲᠠᠭᠤᠨ ᠤ ᠠᠶᠤᠯ ᠲᠦᠭᠰᠢᠭᠦᠷᠢ ᠶᠢᠨ ᠲᠠᠯ᠎ᠠ ᠶᠢᠨ ᠰᠠᠨᠠᠭᠤᠯᠭ᠎ᠠ ᠪᠤᠶᠤ ᠰᠠᠨᠠᠯ ᠢ ᠵᠠᠷᠯᠠᠨ ᠨᠡᠶᠢᠲᠡᠯᠡᠭᠰᠡᠨ | ᠡᠳᠦᠷ ᠠᠴᠠ ᠡᠬᠢᠯᠡᠨ ᠠᠷᠪᠠᠨ ᠲᠠᠪᠤᠨ ᠠᠵᠢᠯᠯᠠᠬᠤ ᠡᠳᠦᠷ ᠤᠨ ᠳᠣᠲᠣᠷ᠎ᠠ᠂ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠨᠢᠭᠡᠴᠢ ᠪᠤᠶᠤ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ | ᠮᠡᠳᠡᠭᠦᠯᠦᠯᠲᠡ ᠶᠢᠨ ᠪᠢᠴᠢᠭ ᠢ ᠨᠠᠶᠢᠷᠠᠭᠤᠯᠤᠨ ᠵᠣᠬᠢᠶᠠᠭᠰᠠᠨ ᠨᠢᠭᠡᠴᠢ ᠳᠤ ᠳᠤᠷᠠᠳᠴᠤ ᠪᠣᠯᠤᠨ᠎ᠠ᠃ | ᠵᠠᠷᠯᠠᠨ ᠨᠡᠶᠢᠲᠡᠯᠡᠬᠦ ᠨᠢᠭᠡᠴᠡ᠄ ᠬᠥᠬᠡᠬᠤᠲᠠ ᠶᠢᠨ ᠤᠰᠤ ᠬᠠᠩᠭᠠᠬᠤ ᠤᠰᠤ ᠵᠠᠯᠠᠬᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ | ᠥᠪᠥᠷ ᠮᠤᠩᠭᠤᠯ ᠤᠨ ᠠᠨ ᠢ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ | ᠵᠠᠷᠯᠠᠨ ᠨᠡᠢᠲᠡᠯᠡᠭᠰᠡᠨ ᠴᠠᠭ᠄ 2024 ᠣᠨ ᠤ10 ᠰᠠᠷ᠎ᠠ ᠶᠢᠨ 12 ᠡᠳᠦᠷ |