ᠲᠦᠮᠡᠳ ᠵᠡᠭᠦᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/12
    10 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶᠠ ᠶᠢᠨ ᠹᠧᠩ ᠲᠦᠮᠡᠳ ᠵᠡᠭᠦᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠣᠯᠣᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠶᠢᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠨ ᠬᠤᠷᠠᠯ ᠤᠨ ᠲᠣᠭᠲᠠᠬᠤ ᠲᠦᠮᠡᠳ ᠵᠡᠭᠦᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠶᠢ ᠳᠡᠪᠰᠢᠭᠦᠯᠬᠦ ᠰᠠᠨᠠᠯ ᠵᠥᠪᠯᠡᠯᠭᠡ ᠶᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠪᠠ᠃    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠷᠦᠢ ᠪᠢᠶᠤᠤ᠂ ᠶᠠᠩ ᠰᠢᠶᠤᠤ ᠳ᠋ᠦᠩ᠂ ᠶᠠᠩ ᠵᠢᠶᠠᠨ ᠵᠥᠩ᠂ ᠶᠦᠨ ᠴᠤᠸᠠᠨ ᠹᠧᠩ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠼᠦᠢ ᠵᠢᠶᠧ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠼᠦᠢ ᠵᠢᠶᠠᠨ᠂ ᠬᠡᠰᠡᠭ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号