ᠲᠣᠭᠤᠷᠢᠨ ᠪᠠᠶᠢᠴᠠᠭᠠᠬᠤ ᠵᠠᠷᠯᠠᠯ
ᠨᠡᠶᠢᠲᠡᠯᠡᠭᠰᠡᠨ ᠴᠠᠭ᠄
2024/10/16
    ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠤᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 2024 ᠣᠨ ᠤ 10 ᠰᠠᠷ᠎ᠠ ᠶᠢᠨ 14 ᠤ ᠡᠳᠦᠷ ᠠᠴᠠ 12 ᠰᠠᠷ᠎ᠠ ᠶᠢᠨ 15 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠲᠦᠮᠡᠳ ᠵᠡᠭᠦᠨ ᠬᠤᠰᠢᠭᠤᠨ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠥᠷᠨᠢᠭᠦᠯᠪᠡ᠃    ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ᠂ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠪᠠᠶᠢᠳᠠᠯ ᠤᠨ ᠲᠣᠭᠤᠷᠢᠨ ᠳᠤ ᠬᠢᠨᠠᠯᠲᠠ ᠲᠠᠯᠪᠢᠵᠤ᠂ ᠭᠤᠤᠯᠳᠠᠭᠤ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠳᠣᠤᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ ᠪᠠ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠰᠤᠷᠪᠤᠯᠵᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠶᠢᠨ ᠭᠤᠤᠯᠳᠠᠯᠭ᠎ᠠ ᠨᠢ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠤᠨ᠎ᠠ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃    ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠲᠤᠰᠬᠠᠶ ᠵᠢᠵᠢᠭᠦᠷᠯᠡᠬᠦ ᠤᠲᠠᠰᠤ ᠲᠣᠬᠢᠷᠠᠭᠤᠯᠪᠠ᠄ 0471 - 3123379 ᠡᠳᠦᠷ ᠪᠦᠷᠢ ᠶᠢᠨ ᠬᠦᠯᠢᠶᠡᠨ ᠠᠪᠬᠤ ᠳ᠋ᠢᠶᠠᠩᠬᠤᠸᠠ ᠶᠢᠨ ᠴᠠᠭ 8᠄ 00 ᠠᠴᠠ 18᠄ 00    ᠡᠭᠦᠨ ᠤ ᠬᠠᠮᠲᠤ᠂ ᠲᠦᠮᠡᠳ ᠵᠡᠭᠦᠨ ᠬᠤᠰᠢᠭᠤᠨ ᠤ ᠨᠠᠮ ᠵᠠᠰᠠᠭ ᠤᠨ ᠠᠯᠪᠠᠨ ᠠᠰᠠᠷ ᠤᠨ ᠭᠤᠤᠯ ᠡᠭᠦᠳᠡ᠂ ᠬᠤᠲᠠ ᠶᠢᠨ ᠪᠠᠯᠠ ᠣᠷᠣᠭᠤᠯᠤᠯᠲᠠ ᠶᠢᠨ ᠰᠣᠶᠣᠯ ᠵᠠᠭᠤᠴᠢᠯᠠᠭᠤᠷ ᠤᠨ ᠺᠣᠮᠫᠠᠨᠢ ᠶᠢᠨ ᠭᠥᠯᠢᠶᠡᠨ ᠠᠪᠬᠤ ᠲᠥᠪ ᠤᠨ ᠭᠤᠤᠯ ᠡᠭᠦᠳᠡ᠂ ᠠᠷᠠᠳ ᠤᠨ ᠲᠠᠯᠠᠪᠠᠶ ᠶᠢᠨ ᠰᠦᠷᠴᠢᠨ ᠪᠤᠯᠠᠭ ᠤᠨ ᠬᠠᠵᠠᠭᠤ ᠳᠤ ᠬᠠᠷᠢᠯᠴᠠᠬᠤ ᠵᠠᠬᠢᠳᠠᠯ ᠤᠨ ᠬᠠᠶᠢᠷᠴᠠᠭ ᠭᠠᠷᠭᠠᠵᠤ᠂ ᠪᠠᠰᠠ ︽ᠺᠣᠳ᠋ ᠳᠡᠭᠡᠷ᠎ᠡ ᠲᠣᠭᠤᠷᠢᠨ ᠪᠠᠶᠢᠴᠠᠭᠠᠬᠤ︾ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢ ᠨᠡᠭᠡᠭᠡᠵᠦ᠂ ᠳᠣᠤᠷ᠎ᠠ ᠲᠠᠯ᠎ᠠ ᠶᠢᠨ ᠬᠤᠶᠠᠷ ᠬᠡᠮᠵᠢᠯᠳᠦ ᠺᠣᠳ᠋ ᠢ ᠰᠢᠷᠪᠢᠵᠦ ᠠᠰᠠᠭᠤᠳᠠᠯ ᠢ ᠲᠤᠰᠬᠠᠵᠤ ᠪᠣᠯᠤᠨ᠎ᠠ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2024 ᠣᠨ ᠤ 12 ᠰᠠᠷ᠎ᠠ ᠶᠢᠨ 10 ᠤ ᠡᠳᠦᠷ ᠪᠣᠯᠲᠠᠯ᠎ᠠ ᠦᠷᠭᠦᠯᠵᠢᠯᠡᠨ᠎ᠡ᠃ ᠥᠷᠭᠡᠨ ᠤᠯᠠᠨ ᠺᠠᠳ᠋ᠷ ᠤᠯᠠᠨ ᠲᠦᠮᠡᠨ ᠤ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ᠂ ᠰᠤᠷᠪᠤᠯᠵᠢᠯᠠᠬᠤ ᠪᠠᠷ ᠢᠷᠡᠬᠦ ᠵᠡᠷᠭᠡ ᠠᠷᠭ᠎ᠠ ᠮᠠᠶ᠋ᠢᠭ ᠢᠶᠠᠷ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠦᠨᠡᠨ ᠢ ᠪᠠᠷᠢᠮᠲᠠᠯᠠᠨ ᠪᠠᠶᠢᠳᠠᠯ ᠢᠶᠠᠨ ᠲᠤᠰᠬᠠᠬᠤ ᠶᠢ ᠪᠠᠶᠠᠷᠯᠠᠨ ᠤᠭᠲᠤᠨ᠎ᠠ᠃    ᠭᠠᠷ ᠤᠲᠠᠰᠤ ᠪᠠᠷ ᠳᠡᠭᠡᠷ᠎ᠡ ᠲᠠᠯ᠎ᠠ ᠶᠢᠨ ᠬᠤᠶᠠᠷ ᠬᠡᠮᠵᠢᠯᠲᠦ ᠺᠣᠳ᠋ ᠢ ᠰᠢᠷᠪᠢᠵᠦ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠠᠰᠠᠭᠤᠳᠠᠯ ᠢ  ᠳᠤᠰᠬᠠᠭᠠᠷᠠᠢ ᠃
C:\Users\bch\Desktop\10.16\10.16  巡察二维码.jpg
   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠨᠢᠭᠡᠳᠦᠭᠡᠷ ᠳᠤᠭᠤᠶᠢᠯᠠᠩ       2024 ᠣᠨ ᠤ 10 ᠰᠠᠷ᠎ᠠ ᠶᠢᠨ 16 ᠤ ᠡᠳᠦᠷ
 
ᠢᠷᠡᠯᠲᠡ᠄ ᠲᠦᠮᠡᠳ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号