ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ | ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠳᠤ | ᠵᠣᠷᠢᠭᠤᠯᠤᠭᠰᠠᠨ ᠪᠦᠭᠦ ᠤᠯᠤᠰ ᠤᠨ 40 ᠰᠢᠯᠢᠳᠡᠭ ᠲᠠᠶᠢᠰᠠᠨ ᠤ ᠤᠷᠠᠯᠢᠭ ᠤᠨ ᠪᠦᠲᠦᠭᠡᠯ ᠤᠨ ᠨᠢᠭᠡ ᠪᠤᠯᠬᠤ ︽ | ᠮᠣᠷᠢᠲᠤ ᠴᠡᠷᠢᠭ︾ ᠢ 10 ᠰᠠᠷ᠎ᠠ ᠶᠢᠨ 15 ᠪᠣᠯᠣᠨ 16 ᠤ ᠣᠷᠣᠢ ᠪᠡᠭᠡᠵᠢᠩ ᠤᠨ ᠲᠢᠶᠠᠨ ᠴᠢᠶᠣᠤ | ᠲᠢᠶᠠᠲᠷ ᠲᠤ ᠲᠣᠭᠯᠠᠵᠤ᠂ ᠪᠦᠭᠦ ᠤᠯᠤᠰ ᠤᠨ ᠦᠵᠡᠭᠴᠢᠳ ᠰᠦᠯᠵᠢᠶᠡᠨ ᠳᠡᠭᠡᠷᠡᠬᠢ ᠰᠢᠭᠤᠳ | ᠨᠡᠪᠲᠡᠷᠡᠭᠦᠯᠭᠡ ᠠᠴᠠ ᠪᠠᠭ᠋ᠠᠳᠤᠨ ᠰᠣᠨᠢᠷᠬᠠᠪᠠ᠃ | ᠪᠥᠵᠢᠭᠲᠦ ᠵᠦᠴᠦᠭᠡ ︽ᠮᠣᠷᠢᠲᠤ ᠴᠡᠷᠢᠭ︾ ᠢ ᠥᠪᠥᠷ ᠮᠣᠩᠭᠤᠯ ᠤᠨ ᠤᠷᠠᠯᠢᠭ ᠵᠦᠴᠦᠭᠡ ᠶᠢᠨ | ᠬᠦᠷᠢᠶᠡᠯᠡᠩ ᠠᠴᠠ ᠵᠣᠬᠢᠶᠠᠨ ᠪᠦᠲᠦᠭᠡᠵᠦ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ | ᠳᠠᠭᠤᠤ ᠪᠥᠵᠢᠭ ᠤᠨ ᠪᠦᠯᠭᠦᠮ ᠠᠴᠠ ᠲᠣᠭᠯᠠᠪᠠ᠃ ᠵᠣᠬᠢᠶᠠᠨ ᠪᠦᠲᠦᠭᠡᠬᠦ ᠳᠤᠮᠳᠠ ᠤᠯᠠᠮᠵᠢᠯᠠᠯ ᠪᠠ ᠰᠢᠨᠡᠴᠢᠯᠡᠯ ᠤᠨ | ᠬᠤᠷᠢᠭ᠎ᠠ ᠰᠠᠭᠠᠳ ᠢ ᠡᠪᠳᠡᠨ ᠬᠡᠪᠰᠢᠮᠡᠯ ᠪᠠᠶᠢᠳᠠᠯ ᠢ ᠥᠭᠡᠷᠡᠴᠢᠯᠡᠵᠦ᠂ ᠵᠣᠷᠢᠭᠲᠠᠢ ᠪᠠᠷ ᠤᠷᠠᠯᠢᠭ ᠤᠨ ᠡᠭᠦᠳᠦᠯᠲᠡ | ᠬᠢᠵᠦ᠂ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠬᠦᠴᠦᠨ ᠴᠢᠳᠠᠯ ᠢ ᠤᠷᠠᠯᠢᠭ ᠢᠶᠠᠷ | ᠢᠯᠡᠷᠡᠭᠦᠯᠦᠭᠰᠡᠨ ᠶᠤᠮ᠃ ᠳᠦᠷᠢ ᠶᠢᠨ ᠲᠠᠯ᠎ᠠ ᠳᠤ ᠠᠩᠬ᠎ᠠ ᠤᠳᠠᠭ᠎ᠠ ᠬᠡᠪ ᠤᠨ ᠵᠤᠷᠰᠢᠯ ᠢ ᠡᠪᠳᠡᠵᠦ᠂ ᠬᠥᠮᠥᠨ ᠢᠶᠠᠷ | ᠮᠣᠷᠢ ᠶᠢ ᠲᠣᠭᠯᠠᠭᠤᠯᠤᠨ᠂ ᠡᠵᠡᠨ ᠭᠦᠯᠦᠭ ᠤᠨ ᠬᠠᠶᠢᠷ᠎ᠠ ᠰᠡᠳᠬᠢᠯᠭᠡ ᠶᠢ ᠡᠪᠲᠡᠶᠢᠬᠡᠨ ᠢᠯᠡᠷᠡᠭᠦᠯᠦᠭᠰᠡᠨ ᠪᠥᠭᠡᠳ | ᠵᠦᠴᠦᠭᠡ ᠶᠢᠨ ᠦᠢᠯᠡ ᠶᠠᠪᠤᠳᠠᠯ ᠤᠨ ᠬᠥᠭᠵᠢᠯᠲᠡ ᠶᠢ ᠠᠬᠢᠭᠤᠯᠵᠠᠢ᠃ ᠪᠥᠵᠢᠭ ᠤᠨ ᠭᠤᠸ᠎ᠠ ᠰᠠᠶᠢᠬᠠᠨ᠂ ᠳ᠋ᠧᠩ ᠤᠨ | ᠭᠡᠷᠡᠯ ᠤᠨ ᠲᠠᠯ᠎ᠠ ᠪᠠᠷ ᠬᠥᠳᠡᠭᠡ ᠨᠤᠲᠤᠭ ᠠᠴᠠ ᠳᠠᠶᠢᠨ ᠤ ᠲᠠᠯᠠᠪᠤᠷ ᠲᠤ ᠰᠢᠯᠵᠢᠭᠦ ᠰᠦᠷᠯᠢᠭ ᠠᠭᠤᠳᠠᠮ ᠪᠠᠶᠢᠳᠠᠯ ᠢ | ᠤᠳᠬᠠᠴᠢᠯᠠᠨ ᠪᠦᠲᠦᠭᠡᠵᠡᠢ᠃ | ︽ᠮᠣᠷᠢᠲᠤ ᠴᠡᠷᠢᠭ︾ ᠪᠣᠯ ᠳᠤᠮᠳᠠᠳᠤ ᠤᠯᠤᠰ ᠤᠨ ᠲᠠᠶᠢᠰᠠᠨ ᠤ ᠤᠷᠠᠯᠢᠭ ᠤᠨ ᠲᠡᠦᠬᠡᠨ ᠳᠡᠭᠡᠷᠡᠬᠢ | ᠠᠩᠬᠠᠳᠠᠭᠴᠢ ᠮᠣᠷᠢᠲᠤ ᠴᠡᠷᠢᠭ ᠢᠶᠠᠷ ᠰᠡᠳᠦᠪᠯᠡᠭᠰᠡᠨ ᠪᠥᠵᠢᠭᠲᠦ ᠵᠦᠴᠦᠭᠡ᠂ ᠦᠨᠡᠨᠴᠢ ᠰᠢᠳᠤᠷᠭᠤ ᠡᠷᠡᠯᠬᠡᠭ | ᠪᠠᠭᠠᠲᠤᠷᠯᠢᠭ ᠮᠣᠷᠢᠲᠤ ᠴᠡᠷᠢᠭ ᠤᠨ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠵᠦ᠂ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠮᠠᠭᠲᠠᠨ ᠳᠠᠭᠤᠯᠠᠵᠤ᠂ ᠤᠯᠤᠰ ᠢᠶᠠᠨ ᠬᠠᠶᠢᠷᠠᠯᠠᠬᠤ ᠦᠵᠡᠯ ᠢ ᠤᠬᠠᠭᠤᠯᠤᠭᠰᠠᠨ ᠪᠦᠲᠦᠭᠡᠯ ᠪᠣᠯᠣᠨ᠎ᠠ᠃ | ᠵᠦᠴᠦᠭᠡ ᠳᠤ ᠭᠤᠣᠯ ᠪᠠᠭᠠᠲᠤᠷ ᠴᠢᠯᠠᠭᠤ ᠭᠤᠸᠠᠢ ᠤᠯᠤᠰ ᠭᠡᠷ ᠠᠶᠤᠯ ᠲᠦᠭᠰᠢᠭᠦᠷᠢ ᠳᠤ ᠲᠣᠬᠢᠶᠠᠯᠳᠤᠭᠰᠠᠨ | ᠦᠶ᠎ᠡ ᠳᠤ ᠳᠤᠮᠳᠠᠳᠤ ᠤᠯᠤᠰ ᠤᠨ ᠡᠪ ᠬᠠᠮᠲᠤ ᠨᠠᠮ ᠢ ᠡᠷᠡᠰ ᠳᠠᠭᠠᠵᠤ᠂ ᠲᠡᠶᠢᠨ ᠤ ᠲᠠᠯᠠᠪᠤᠷ ᠲᠤ ᠠᠮᠢ ᠪᠡᠶ᠎ᠡ ᠪᠠᠨ | ᠦᠷᠡᠭᠳᠡᠭᠦᠯᠬᠦ ᠠᠴᠠ ᠰᠦᠷᠳᠡᠯ ᠦᠭᠡᠢ ᠪᠠᠷ ᠡᠷᠡᠯᠬᠡᠭᠯᠡᠨ ᠪᠠᠶᠢᠯᠳᠤᠵᠤ᠂ ᠡᠩᠬᠡ ᠲᠠᠶᠢᠪᠤᠩ ᠤᠨ ᠲᠤᠬᠠᠢ ᠬᠦᠰᠡᠯ | ᠮᠥᠷᠥᠭᠡᠳᠦᠯ ᠳᠡᠭᠡᠨ ᠦᠨᠡᠨᠴᠢ ᠪᠠᠷ ᠵᠢᠳᠬᠦᠭᠰᠡᠨ ᠥᠯᠢᠭᠡᠷ ᠢ ᠶᠠᠷᠢᠵᠠᠢ᠃ |