ᠲᠦᠮᠡᠳ ᠵᠡᠭᠦᠨ ᠬᠤᠰᠢᠭᠤᠨ ᠤ ᠴᠠᠭ ᠠᠭᠤᠷ ᠤᠨ ᠲᠣᠪᠴᠢᠶ᠎ᠠ ᠬᠦᠢᠲᠡᠨ ᠤᠷᠤᠰᠬᠠᠯ᠂ ᠬᠢᠷᠠᠭᠤ ᠬᠥᠯᠳᠡᠬᠦ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠪᠡ
ᠨᠡᠶᠢᠲᠡᠯᠡᠭᠰᠡᠨ ᠴᠠᠭ᠄
2024/10/18
    ᠲᠦᠮᠡᠳ ᠵᠡᠭᠦᠨ ᠬᠤᠰᠢᠭᠤᠨ ᠤ ᠴᠠᠭ ᠠᠭᠤᠷ ᠤᠨ ᠬᠤᠷᠢᠶ᠎ᠠ 10 ᠰᠠᠷ᠎ᠠ ᠶᠢᠨ 17 ᠤ ᠡᠳᠦᠷ ᠬᠦᠢᠲᠡᠨ ᠤᠷᠤᠰᠬᠠᠯ ᠤᠨ ᠬᠥᠬᠡ ᠥᠩᠭᠡ ᠶᠢᠨ ᠰᠡᠷᠡᠮᠵᠢᠯᠡᠭᠦᠯᠦᠯ᠂ ᠬᠢᠷᠠᠭᠤ ᠤᠨᠠᠯᠲᠠ ᠶᠢᠨ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠪᠡ᠃    48 ᠴᠠᠭ ᠤᠨ ᠳᠣᠲᠣᠷ᠎ᠠ ᠲᠦᠮᠡᠳ ᠵᠡᠭᠦᠨ ᠬᠤᠰᠢᠭᠤᠨ ᠤ ᠬᠠᠮᠤᠭ ᠳᠣᠣᠷ᠎ᠠ ᠠᠭᠠᠷ ᠤᠨ ᠳᠤᠯᠠᠭᠠᠨ 8 ℃ ᠠᠴᠠ ᠳᠡᠭᠡᠭᠰᠢ ᠳᠤᠷᠤᠭᠰᠢᠯᠠᠨ᠎ᠠ᠃ 19 ᠤ ᠡᠳᠦᠷ ᠤᠨ ᠥᠷᠯᠥᠭᠡ ᠶᠢᠨ ᠬᠠᠮᠤᠭ ᠳᠣᠣᠷ᠎ᠠ ᠠᠭᠠᠷ ᠤᠨ ᠳᠤᠯᠠᠭᠠᠨ ᠳᠡᠭ ᠠᠴᠠ ᠳᠤᠷᠤᠭᠰᠢ 1 ℃  ᠪᠠᠶᠢᠵᠤ᠂ ᠭᠠᠵᠠᠷ ᠤᠨ ᠭᠠᠳᠠᠷᠭᠤ ᠶᠢᠨ ᠬᠠᠮᠤᠭ ᠳᠣᠣᠷ᠎ᠠ ᠳᠤᠯᠠᠭᠠᠨ ᠤ ᠬᠡᠮᠵᠢᠶ᠎ᠡ 0 ℃ ᠬᠦᠷᠲᠡᠯ᠎ᠡ ᠳᠤᠲᠤᠭᠰᠢᠯᠠᠨ᠎ᠠ᠃
C:\Users\bch\Desktop\10.18\10.18  专报  土左旗气象台发布寒潮图.png
 ᠰᠡᠷᠭᠡᠢᠯᠡᠯᠲᠡ ᠶᠢᠨ ᠵᠦᠭᠯᠡᠭᠦᠷ :    ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠦᠢᠲᠡᠨ ᠤᠷᠤᠰᠬᠠᠯ ᠢ ᠰᠡᠷᠭᠡᠶᠢᠯᠡᠬᠦ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃    ᠬᠤᠪᠴᠠᠰᠤ ᠨᠡᠮᠡᠵᠦ ᠳᠤᠯᠠᠭᠠᠯᠠᠬᠤ᠃    ᠰᠠᠯᠬᠢ ᠰᠡᠷᠭᠡᠶᠢᠯᠡᠬᠦ ᠪᠡᠯᠡᠳᠬᠡᠯ ᠠᠵᠢᠯ ᠢ ᠰᠠᠶᠢᠨ ᠬᠢᠬᠦ ᠬᠡᠷᠡᠭᠲᠡᠢ᠃    ᠵᠠᠰᠠᠭ ᠤᠨ ᠣᠷᠳᠣᠨ ᠵᠢᠴᠢ ᠲᠠᠷᠢᠶᠠᠯᠠᠩ ᠣᠶ ᠰᠢᠭᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠢᠷᠠᠭᠤ ᠤᠨᠠᠬᠤ ᠠᠴᠠ ᠰᠡᠷᠭᠡᠶᠢᠯᠡᠬᠦ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃    ᠲᠠᠷᠢᠮᠠᠯ᠂ ᠢᠳᠡᠰᠢᠨ ᠨᠣᠭᠤᠭ᠎ᠠ᠂ ᠬᠤᠸᠠᠷ ᠴᠡᠴᠡᠭ᠂ ᠭᠤᠸᠠ ᠵᠢᠮᠢᠰ᠂ ᠤᠢ ᠰᠢᠭᠤᠢ ᠶᠢᠨ ᠦᠷ᠎ᠡ ᠪᠤᠶᠢᠵᠢᠭᠤᠯᠬᠤ ᠳᠤ ᠵᠣᠬᠢᠬᠤ ᠬᠡᠮᠵᠢᠶᠡᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃    ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠣᠯᠤᠨ ᠲᠠᠷᠢᠶᠠᠴᠢᠨ ᠡᠷᠦᠬᠡ ᠲᠤᠬᠠᠶ ᠶᠢᠨ ᠭᠠᠵᠠᠷ ᠤᠨ ᠬᠢᠷᠠᠭᠤ ᠶᠢᠨ ᠰᠡᠷᠡᠮᠵᠢ ᠶᠢᠨ ᠮᠡᠳᠡᠭᠡ ᠵᠠᠩᠭᠢ ᠶᠢ ᠠᠩᠬᠠᠷᠴᠤ᠂ ᠠᠷᠭ᠎ᠠ ᠬᠡᠮᠵᠢᠶ᠎ᠡ ᠠᠪᠴᠤ ᠪᠠᠶᠢᠭᠠᠳ ᠬᠠᠮᠠᠭᠠᠯᠠᠯᠲᠠ ᠪᠠᠨ ᠴᠢᠩᠭᠠᠳᠬᠠᠬᠤ ᠬᠡᠷᠡᠭᠲᠡᠶ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号