ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠵᠢᠴᠢ ᠬᠢᠷᠢ ᠲᠦᠪᠰᠢᠨ ᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ | ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠦᠯᠦᠭᠡ᠂ 10 ᠰᠠᠷ᠎ᠠ ᠶᠢᠨ 18 ᠤ ᠡᠳᠦᠷ᠂ ᠪᠠᠢ | ᠮᠢᠶᠣᠣ ᠽᠢ ᠪᠠᠯᠭᠠᠰᠤ ᠢᠳᠡᠭᠡᠨ ᠤ ᠠᠮᠤᠷ ᠲᠦᠪᠰᠢᠨ ᠢ ᠪᠠᠲᠤᠯᠠᠬᠤ ᠺᠠᠳ᠋ᠷ ᠤᠨ ᠪᠣᠯᠪᠠᠰᠤᠷᠠᠯ ᠤᠨ ᠶᠡᠭᠡ ᠬᠤᠷᠠᠯ ᠢ | ᠵᠣᠬᠢᠶᠠᠨ ᠪᠠᠶᠢᠭᠤᠯᠤᠨ ᠥᠷᠨᠢᠭᠦᠯᠵᠦ᠂ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ | ᠪᠠᠯᠭᠠᠰᠤᠨ ᠤ ᠳᠠᠷᠤᠭ᠎ᠠ ᠯᠦ ᠭᠦᠸᠧ ᠰᠢᠨ ᠡᠷᠬᠢᠯᠡᠪᠡ᠃ | ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠨᠢ ᠭᠤᠤᠯᠳᠠᠭᠤ ᠢᠳᠡᠭᠡᠨ ᠤ ᠠᠮᠤᠷ ᠲᠦᠪᠰᠢᠨ ᠤ ︽ | ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠲᠤᠬᠠᠶ ᠮᠡᠳᠡᠪᠡᠯ ᠵᠣᠬᠢᠬᠤ ᠮᠡᠳᠡᠯᠭᠡ ᠶᠢ ᠥᠷᠨᠢᠭᠦᠯᠵᠦ᠂ | ᠪᠠᠶᠢᠴᠠᠭᠠᠬᠤ ᠠᠵᠢᠯ ᠢ ᠬᠡᠷᠬᠢᠨ ᠪᠦᠲᠦᠮᠵᠢᠲᠡᠶ ᠥᠷᠨᠢᠭᠦᠯᠬᠦ᠂ ᠬᠠᠮᠢᠶ᠎ᠠ ᠪᠥᠬᠦᠶ ᠠᠵᠢᠯᠲᠠᠨ ᠤ ᠡᠭᠦᠷᠭᠡ ᠴᠢᠳᠠᠪᠤᠷᠢ | ᠡᠭᠦᠷᠭᠡ ᠬᠠᠷᠢᠭᠤᠴᠠᠯᠭ᠎ᠠ᠂ ᠬᠢᠨᠠᠨ ᠵᠢᠯᠣᠭᠤᠳᠬᠤ ᠠᠵᠢᠯ ᠤᠨ ᠶᠠᠪᠤᠴᠠ᠂ ᠳᠠᠭᠠᠳᠬᠠᠯ ᠢ ᠳᠠᠭᠠᠭᠠᠴᠢᠯᠠᠵᠤ ᠬᠢᠨᠠᠨ | ᠵᠢᠯᠣᠭᠤᠳᠬᠤ ᠳᠤ ᠠᠩᠬᠠᠷᠬᠤ ᠵᠦᠢᠯᠡᠰ ᠵᠡᠷᠭᠡ ᠬᠠᠮᠢᠶ᠎ᠠ ᠪᠥᠬᠦᠶ ᠠᠭᠤᠯᠭ᠎ᠠ ᠶᠢ ᠰᠢᠰᠲ᠋ᠧᠮ ᠲᠠᠢ ᠲᠣᠳᠣᠷᠬᠠᠶᠢᠯᠠᠨ | ᠥᠭᠦᠯᠡᠪᠡ᠃ ᠠᠵᠢᠯᠲᠠᠨ ᠤ ᠲᠤᠬᠠᠶ ᠶᠢᠨ ᠲᠠᠯᠠᠪᠤᠷ ᠲᠤ ᠦᠵᠡᠭᠦᠯᠦᠨ ᠵᠢᠭᠠᠬᠤ APP ᠪᠠᠷ ᠳᠠᠮᠵᠢᠭᠤᠯᠤᠨ᠂ | ᠢᠳᠡᠭᠡᠨ ᠤ ᠠᠮᠤᠷ ᠲᠦᠪᠰᠢᠨ ᠤ ᠰᠢᠮᠳᠠᠭᠤᠯᠤᠨ ᠵᠢᠯᠣᠭᠤᠳᠬᠤ ᠡᠭᠦᠷᠭᠡ᠂ ᠠᠯᠬᠤᠮ ᠳᠠᠷᠠᠭ᠎ᠠ ᠪᠠ ᠠᠷᠭ᠎ᠠ ᠶᠢ ᠨᠠᠷᠢᠨ | ᠲᠣᠳᠣᠷᠬᠠᠶ ᠶᠠᠷᠢᠵᠤ᠂ ᠳᠠᠭᠠᠳᠬᠠᠯ ᠢ ᠳᠠᠭᠠᠭᠠᠴᠢᠯᠠᠬᠤ ᠺᠠᠳ᠋ᠷ ᠤᠨ ᠰᠢᠮᠳᠠᠭᠤᠯᠤᠨ ᠵᠢᠯᠣᠭᠤᠳᠬᠤ ᠴᠢᠳᠠᠪᠤᠷᠢ ᠶᠢ | ᠪᠦᠲᠦᠮᠵᠢᠲᠡᠶ ᠳᠡᠭᠡᠭᠰᠢᠯᠡᠭᠦᠯᠬᠦ ᠬᠠᠷᠠᠯᠲᠠ ᠳᠤ ᠬᠦᠷᠴᠦ᠂ ᠳᠠᠭᠠᠳᠬᠠᠯ ᠢ ᠳᠠᠭᠠᠭᠠᠴᠢᠯᠠᠬᠤ ᠺᠠᠳ᠋ᠷ ᠤᠨ ᠲᠤᠰᠢᠶᠠᠯ | ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃ | ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠳᠠᠭᠠᠳᠬᠠᠯ ᠢ ᠳᠠᠭᠠᠭᠠᠴᠢᠯᠠᠭᠰᠠᠨ ᠺᠠᠳ᠋ᠷᠴᠤᠳ ᠤᠨ | ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠳᠠᠭᠠᠳᠬᠠᠯ ᠢ ᠳᠠᠭᠠᠭᠠᠴᠢᠯᠠᠭᠰᠠᠨ | ᠺᠠᠳ᠋ᠷᠴᠤᠳ ᠤᠨ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠡᠭᠦᠨ ᠤ ᠬᠠᠮᠲᠤ᠂ ᠮᠠᠨ ᠤ ᠪᠠᠯᠭᠠᠰᠤᠨ ᠤ ᠠᠷᠠᠳ ᠣᠯᠠᠨ ᠤ | ᠢᠳᠡᠭᠡᠨ ᠤ ᠠᠮᠤᠷ ᠲᠦᠪᠰᠢᠨ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠵᠠᠯᠭᠠᠭᠠᠳ᠂ ᠪᠠᠶ ᠮᠢᠶᠣᠣ ᠽᠢ | ᠪᠠᠯᠭᠠᠰᠤ ᠨᠢ ᠪᠠᠯᠭᠠᠰᠤᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠪᠠ ᠪᠣᠯᠪᠠᠰᠤᠷᠠᠭᠤᠯᠤᠯ ᠤᠨ | ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠪᠠᠯᠭᠠᠰᠤᠨ ᠤ ᠬᠡᠪᠴᠢᠶᠡᠨ ᠤ ᠠᠷᠠᠳ ᠲᠦᠮᠡᠨ ᠤ | ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ |