ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 129 ᠳ᠋ᠤᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/23
    10 ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 129 ᠳ᠋ᠦ᠋ᠭᠡᠷ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠶ ᠶᠢᠩ ᠬᠤᠷᠠᠯ ᠡᠷᠭᠢᠯᠡᠪᠡ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠹᠦᠵᠢᠶᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠠᠨᠾᠦ᠋ᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠬᠢ ᠪᠠᠶᠠᠯᠢᠭ ᠤᠨ ᠣᠷᠴᠢᠯ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠪᠠᠶᠢᠭᠤᠯᠬᠤ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠬᠠᠷᠢᠭᠤ ᠵᠠᠬᠢᠳᠠᠯ᠂ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ᠂ ︽ᠦᠨᠡᠨ︾  ᠳᠡᠭᠡᠷ᠎ᠡ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠤᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 144 ᠳ᠋ᠦ᠋ᠭᠡᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 150 ᠳ᠋ᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠪᠥᠬᠦ ᠬᠤᠰᠢᠭᠤᠨ ᠤ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠢ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠲᠤᠰ ᠵᠢᠯ ᠤᠨ ᠠᠵᠤ ᠠᠬᠤᠢ ᠶᠢᠨ ᠬᠠᠷᠠᠯᠲᠠ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠰᠠᠶᠢᠲᠤᠷ ᠬᠢᠬᠦ ᠬᠡᠷᠡᠭᠲᠡᠢ᠃ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠰᠠᠶᠢᠲᠤᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠰᠠᠶᠢᠲᠤᠷ ᠠᠳᠬᠤᠵᠤ᠂ ᠬᠦᠢᠳᠡᠨ ᠬᠥᠮᠥᠷᠭᠡ᠂ ᠬᠦᠢᠳᠡᠨ ᠬᠡᠯᠬᠢᠶᠡᠲᠦ ᠢᠳᠡᠭᠡᠨ᠂ ᠲᠦᠭᠦᠬᠡᠢ ᠰᠣᠷᠭᠤᠭ ᠢᠳᠡᠭᠡᠨ ᠤ ᠬᠡᠳᠦ ᠳᠡᠯᠭᠡᠭᠦᠷ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠪᠣᠯᠤᠨ ᠭᠤᠣᠯᠳᠠᠯᠭ᠎ᠠ ᠲᠠᠢ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠵᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠢ ᠰᠠᠶᠢᠲᠤᠷ ᠪᠠᠲᠤᠯᠠᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠮᠢᠶ᠎ᠠ ᠪᠦᠬᠦᠢ ᠪᠠᠶᠢᠴᠠᠭᠠᠯᠲᠠ ᠥᠷᠨᠢᠭᠦᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠦᠨ ᠠᠷᠢᠯᠭᠠᠬᠤ ᠬᠡᠷᠡᠭᠲᠡᠢ᠃    ᠬᠤᠷᠠᠯ ᠠᠴᠠ᠂ ᠰᠣᠶᠣᠯ ᠵᠤᠭᠠᠴᠠᠯ ᠤᠨ ᠠᠭᠤᠰᠤᠯᠴᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠤᠮᠠᠷᠠᠲᠤ ᠶᠢᠨ ᠰᠣᠶᠣᠯ︾ ᠤᠨ ᠦᠷ᠎ᠡ ᠪᠦᠲᠦᠭᠡᠯ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠢ ᠰᠠᠶᠢᠲᠤᠷ ᠠᠰᠢᠭᠯᠠᠵᠤ᠂ ᠲᠦᠮᠡᠳ ᠵᠡᠭᠦᠨ ᠬᠤᠰᠢᠭᠤᠨ ᠤ ᠣᠨᠴᠠᠯᠢᠭ ᠲᠠᠢ᠂ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠨᠡᠩ ᠤᠯᠠᠨ ᠤᠳᠬ᠎ᠠ ᠤᠷᠠᠯᠢᠭ ᠤᠨ ᠪᠦᠲᠦᠭᠡᠯ ᠢ ᠭᠠᠷᠭᠠᠬᠤ ᠬᠡᠷᠡᠭᠲᠡᠢ᠃ ᠤᠳᠬ᠎ᠠ ᠤᠷᠠᠯᠢᠭ ᠤᠨ ᠠᠵᠢᠯ ᠤᠨ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠠᠶᠤᠯ ᠲᠦᠭᠰᠢᠭᠦᠷᠢ ᠶᠢᠨ ᠪᠣᠭᠤᠮᠲᠠ ᠶᠢ ᠰᠠᠶᠢᠲᠤᠷ ᠠᠳᠬᠤᠵᠤ᠂ ᠵᠥᠪ ᠲᠠᠯ᠎ᠠ ᠠᠴᠠ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ ᠂ ᠤᠳᠬ᠎ᠠ ᠤᠷᠠᠯᠢᠭ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠬᠤᠯᠠᠴᠢᠯᠠᠬᠤ ᠬᠡᠷᠡᠭᠲᠡᠶ᠃ ᠰᠣᠶᠣᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠬᠡᠪᠯᠡᠯ ᠤᠨ ᠪᠦᠲᠦᠭᠡᠭᠳᠡᠬᠦᠨ ᠳᠤ ᠬᠠᠤᠯᠢ ᠶᠣᠰᠣᠭᠠᠷ ᠴᠡᠭᠴᠡᠯᠡᠨ ᠵᠠᠰᠠᠵᠤ ᠴᠣᠬᠢᠯᠲᠠ ᠥᠭᠴᠦ᠂ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠬᠤᠰᠢᠭᠤᠨ ᠤ ᠤᠳᠤᠷᠢᠳᠤᠯᠭ᠎ᠠ ᠯᠢ ᠷᠦᠢ ᠾᠧᠩ᠂ ᠵᠢᠶᠠ ᠶᠢᠨ ᠹᠧᠩ᠂ ᠴᠧᠨ ᠰᠢ ᠯᠧ ᠵᠢᠴᠢ ᠬᠠᠮᠢᠶ᠎ᠠ ᠪᠥᠬᠦᠶ ᠬᠤᠰᠢᠭᠤᠨ ᠤ ᠤᠳᠤᠷᠢᠳᠤᠯᠭ᠎ᠠ ᠪᠣᠯᠤᠨ ᠡᠯ᠎ᠡ ᠰᠢᠶᠠᠩ ᠪᠠᠯᠭᠠᠰᠤᠨ ᠤ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠦᠮᠡᠳ ᠵᠡᠬᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号