ᠮᠣᠩᠭᠤᠯᠴᠤᠳ ᠤᠨ ᠳᠥᠷᠪᠡᠨ ᠤᠯᠠᠷᠢᠯ ᠤᠨ ᠨᠡᠭᠦᠳᠡᠯ ᠤᠨ ᠵᠠᠩᠰᠢᠯ
ᠨᠡᠶᠢᠲᠡᠯᠡᠭᠰᠡᠨ ᠴᠠᠭ᠄
2024/10/29
    ᠮᠣᠩᠭᠤᠯᠴᠤᠳ ᠲᠠᠪᠤᠨ ᠬᠤᠰᠢᠭᠤ ᠮᠠᠯ ᠢ ᠠᠷᠠᠴᠢᠯᠠᠨ ᠮᠠᠯᠵᠢᠬᠤ ᠦᠢᠯᠡᠳᠪᠦᠷᠢᠯᠡᠯ ᠬᠥᠳᠡᠯᠮᠦᠷᠢ ᠶᠢᠨ ᠶᠠᠪᠤᠴᠠ ᠳᠠᠭᠠᠨ ᠮᠠᠯ ᠠᠵᠤ ᠠᠬᠤᠢ ᠶᠢᠨ ᠪᠠᠶᠠᠯᠢᠭ ᠲᠤᠷᠰᠢᠯᠭ᠎ᠠ ᠶᠢ ᠬᠤᠷᠠᠮᠳᠤᠭᠤᠯᠤᠭᠰᠠᠨ ᠶᠤᠮ᠃ ᠲᠠᠪᠤᠨ ᠬᠤᠰᠢᠭᠤ ᠮᠠᠯ ᠤᠨ ᠠᠳᠠᠯᠢ ᠪᠤᠰᠤ ᠣᠨᠴᠠᠯᠢᠭ ᠪᠣᠯᠤᠨ ᠲᠡᠳᠡᠭᠡᠷ ᠤᠨ ᠴᠠᠭ ᠠᠭᠤᠷ᠂ ᠤᠰᠤ ᠪᠡᠯᠴᠢᠭᠡᠷ ᠤᠨ ᠲᠣᠬᠢᠷᠠᠴᠠ ᠶᠢ ᠦᠨᠳᠦᠰᠦᠯᠡᠵᠦ ᠳᠥᠷᠪᠡᠨ ᠤᠯᠠᠷᠢᠯ ᠤᠨ ᠠᠭᠤᠷ ᠠᠮᠢᠰᠬᠤᠯ ᠤᠨ ᠪᠠᠶᠢᠳᠠᠯ᠂ ᠬᠤᠷ᠎ᠠ ᠲᠤᠨᠳᠠᠰᠤ᠂ ᠡᠪᠡᠰᠦ ᠪᠡᠯᠴᠢᠭᠡᠷ ᠤᠨ ᠪᠠᠶᠢᠳᠠᠯ ᠢ ᠦᠨᠳᠦᠰᠦᠯᠡᠵᠦ᠂ ᠤᠯᠠᠷᠢᠯ ᠢᠶᠠᠷ ᠨᠡᠭᠦᠳᠡᠯᠯᠡᠬᠦ ᠶᠢ ᠤᠷᠲᠤ ᠬᠤᠭᠤᠴᠠᠭ᠎ᠠ ᠪᠠᠷ ᠪᠠᠷᠢᠮᠲᠠᠯᠠᠭᠰᠠᠭᠠᠷ ᠢᠷᠡᠭᠰᠡᠨ ᠶᠤᠮ᠃ ᠢᠩᠭᠢᠵᠦ ᠳᠥᠷᠪᠡᠨ ᠤᠯᠠᠷᠢᠯ ᠢᠶᠠᠷ ᠡᠭᠡᠯᠵᠢᠯᠡᠨ ᠨᠡᠭᠦᠳᠡᠯᠯᠡᠬᠦ ᠶᠢ ᠬᠠᠪᠤᠷᠵᠢᠶ᠎ᠠ ᠳᠤ ᠭᠠᠷᠬᠤ᠂ ᠵᠤᠰᠠᠯᠠᠩ ᠳᠤ ᠪᠠᠭᠤᠬᠤ᠂ ᠨᠠᠮᠤᠷᠵᠢᠶ᠎ᠠ ᠳᠤ ᠪᠠᠭᠤᠬᠤ᠂ ᠡᠪᠦᠯᠵᠢᠶ᠎ᠡ ᠳᠤ ᠪᠠᠭᠤᠬᠤ ᠭᠡᠳᠡᠭ᠃ ᠬᠠᠪᠤᠷᠵᠢᠶ᠎ᠠ ᠳᠤ ᠭᠠᠷᠬᠤ ᠬᠠᠪᠤᠷ ᠤᠨ ᠤᠯᠠᠷᠢᠯ ᠤᠨ ᠨᠡᠭᠦᠳᠡᠯ ᠪᠣᠯ ᠡᠪᠦᠯ ᠤᠨ ᠴᠠᠰᠤ ᠵᠤᠳ ᠢ ᠭᠡᠲᠦᠯᠦᠨ ᠲᠤᠭᠤᠯᠤᠭᠰᠠᠨ ᠮᠠᠯ ᠰᠦᠷᠦᠭ ᠢ ᠣᠨᠳᠣᠷᠣᠭᠤᠯᠵᠤ᠂ ᠡᠪᠡᠰᠦ ᠪᠡᠯᠴᠢᠭᠡᠷ ᠰᠣᠩᠭᠤᠨ ᠮᠠᠯ ᠤᠨ ᠡᠯᠢᠭᠡᠨ ᠲᠠᠷᠭᠤ ᠠᠪᠤᠭᠤᠯᠬᠤ ᠵᠣᠷᠢᠯᠭ᠎ᠠ ᠲᠠᠢ ᠪᠠᠶᠢᠳᠠᠭ᠃ ᠡᠪᠦᠯ ᠤᠨ ᠲᠠᠰᠬᠢᠮ᠎ᠠ ᠬᠦᠢᠲᠡᠨ᠂ ᠴᠠᠰᠤ ᠵᠤᠳ ᠢ ᠲᠤᠭᠤᠯᠤᠭᠠᠳ᠂ ᠲᠤᠷᠠᠵᠤ ᠡᠴᠡᠭᠰᠡᠨ ᠮᠠᠯ ᠰᠦᠷᠦᠭ ᠲᠣᠰᠣᠨ ᠴᠢᠮᠥᠭᠡ ᠠᠯᠳᠠᠵᠤ᠂ ᠪᠣᠷᠣ ᠰᠢᠪᠠᠭᠠᠨ ᠴᠢᠮᠥᠭᠡ ᠲᠠᠢ ᠪᠣᠯᠳᠠᠭ ᠤᠴᠢᠷ ᠠᠴᠠ ᠬᠠᠪᠤᠷ ᠤᠨ ᠤᠯᠠᠷᠢᠯ ᠤᠨ ᠨᠡᠭᠦᠳᠡᠯ ᠨᠢ ᠡᠪᠡᠰᠦᠨ ᠤ ᠰᠣᠷ ᠪᠠᠷᠠᠳᠠᠬᠤ ᠶᠢᠨ ᠬᠠᠮᠲᠤ᠂ ᠠᠭᠢ᠂ ᠬᠥᠪᠲᠦ᠂ ᠬᠢᠯᠭᠠᠨ᠎ᠠ ᠶᠢᠨ ᠶᠣᠵᠣᠭᠤᠷ ᠵᠡᠷᠭᠡ ᠰᠢᠮ᠎ᠡ ᠰᠠᠶᠢᠲᠤ ᠤᠷᠭᠤᠮᠠᠯ ᠲᠠᠢ ᠵᠥᠭᠡᠯᠡᠨ ᠬᠥᠷᠥᠰᠥᠲᠦ ᠪᠡᠯᠴᠢᠭᠡᠷ ᠳᠠᠭᠠᠵᠤ᠂ ᠡᠳᠦᠷ ᠲᠤ ᠨᠢᠭᠡ ᠤᠳᠠᠭ᠎ᠠ ᠤᠰᠤᠯᠠᠨ᠂ ᠮᠠᠯ ᠢ ᠨᠣᠭᠤᠭᠠᠨ ᠳᠤ ᠴᠠᠳᠬᠠᠭᠠᠳ᠂ ᠦᠶ᠎ᠡ ᠭᠡᠰᠢᠭᠦᠦ ᠶᠢ ᠨᠢ ᠴᠢᠩᠭᠠᠷᠠᠭᠤᠯᠬᠤ᠂ ᠲᠦᠷᠭᠡᠨ ᠭᠡᠳᠡᠰᠦᠯᠡᠭᠦᠯᠬᠦ ᠶᠢ ᠠᠩᠬᠠᠷᠬᠤ ᠨᠢ ᠶᠠᠭᠤᠨ ᠠᠴᠠ ᠴᠤ ᠴᠢᠬᠤᠯᠠ ᠪᠠᠶᠢᠳᠠᠭ᠃   
 
ᠢᠷᠡᠯᠲᠡ᠄ ᠲᠦᠮᠡᠳ ᠵᠡᠬᠦᠨ ᠬᠤᠰᠢᠭᠤᠨ ᠤ ᠠᠷᠠᠳ ᠤᠨ ᠵᠠᠰᠠᠭ  ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号