| | | ᠭᠤᠣᠯ ᠰᠡᠳᠦᠪ᠄ ᠬᠦᠴᠦ ᠪᠠᠨ ᠲᠥᠪᠯᠡᠷᠡᠭᠦᠯᠦᠨ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ | ᠲᠣᠬᠢᠷᠠᠮᠵᠢᠲᠠᠢ ᠬᠤᠳᠠ ᠶᠢ ᠪᠦᠲᠦᠭᠡᠨ ᠪᠠᠶᠢᠭᠤᠯᠵᠤ᠂ ᠠᠮᠢ ᠠᠬᠤᠢ ᠶᠢᠨ ᠪᠣᠯᠪᠠᠰᠤᠨ ᠤ ᠥᠨᠳᠦᠷᠯᠢᠭ ᠢ ᠬᠦᠴᠦᠯᠡᠨ | ᠴᠣᠭᠴᠠᠯᠠᠨ᠎ᠠ | ᠴᠠᠭ᠄ 2024-10-3010᠄ 00 | ᠵᠣᠴᠢᠨ᠄ ᠬᠥᠬᠡᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠳᠥᠷᠪᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ ᠹᠧᠩ ᠶᠦᠨ ᠹᠧᠩ | ᠬᠥᠬᠡᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | | ᠬᠠᠮᠢᠶᠠᠷᠤᠭᠴᠢ᠄ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠤᠨ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠤᠳᠬ᠎ᠠ ᠤᠷᠠᠯᠢᠭ ᠤᠨ ᠷᠠᠳᠢᠣ᠋ ᠨᠡᠪᠲᠡᠷᠡᠭᠦᠯᠭᠡ ᠪᠠᠷ ᠶᠠᠪᠤᠭᠳᠠᠭᠰᠠᠨ | ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠠᠨᠳᠠ ᠰᠦᠯᠵᠢᠶᠡᠨ ᠳᠡᠭᠡᠷ᠎ᠡ ᠦᠭᠡ | ᠦᠯᠡᠳᠡᠭᠡᠵᠦ ᠬᠦᠨᠳᠦᠲᠦ ᠵᠣᠴᠢᠳ ᠲᠠᠢ ᠬᠠᠷᠢᠯᠴᠠᠵᠤ ᠪᠤᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ | ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | | ᠬᠦᠲᠦᠯᠦᠭᠴᠢ᠄ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠳᠤᠷᠠᠳᠪᠠ᠃ ᠬᠥᠬᠡᠬᠤᠲᠠ ᠠᠮᠢ ᠠᠬᠤᠢ ᠶᠢᠨ | ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠨᠢᠭᠡ ᠵᠦᠢᠯ ᠤᠨ ᠴᠢᠬᠤᠯᠠ ᠶᠡᠭᠡ ᠡᠭᠦᠷᠭᠡ ᠪᠣᠯᠭᠠᠨ ᠲᠥᠯᠥᠪᠵᠢᠭᠦᠯᠦᠨ ᠪᠠᠶᠢᠷᠢᠯᠠᠭᠤᠯᠵᠤ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ | ᠠᠵᠢᠯ ᠢ ᠬᠡᠷᠬᠢᠨ ᠥᠷᠨᠢᠭᠦᠯᠦᠭᠰᠡᠨ ᠪᠤᠢ︖ | | ᠹᠧᠩ ᠶᠦᠨ ᠹᠧᠩ᠄ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ︽ᠳᠥᠷᠪᠡᠨ ᠨᠢᠷᠤᠭᠤ ᠨᠠᠢᠮᠠᠨ ᠲᠤᠯᠭᠠᠭᠤᠷᠢ︾ ᠶᠢ ᠪᠠᠶᠢᠭᠤᠯᠵᠤ᠂ | ᠰᠦᠷ ᠳᠠᠯᠠᠶᠢᠴᠠᠲᠠᠶ ᠪᠥᠭᠡᠳ ᠲᠣᠳᠣᠷᠬᠠᠶ ᠥᠭᠡᠷᠡᠴᠢᠯᠡᠯᠲᠡ ᠶᠢᠨ ᠬᠠᠭᠤᠳᠠᠰᠤ ᠶᠢ ᠵᠢᠷᠤᠭᠯᠠᠭᠰᠠᠨ ᠪᠠᠶᠢᠨ᠎ᠠ᠃ ︽ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠲᠣᠭᠲᠠᠭᠠᠯ︾ ᠳᠤ᠂ 911ᠦᠰᠦᠭ ᠢᠶᠠᠷ ᠪᠠᠷ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︾ ᠲᠤᠬᠠᠢ ᠴᠢᠬᠤᠯᠠ ᠪᠠᠶᠢᠷᠢᠯᠠᠭᠤᠯᠤᠯᠲᠠ ᠬᠢᠵᠦ᠂ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠢᠯᠡᠷᠡᠭᠦᠯᠪᠡ᠃ ᠬᠥᠬᠡᠬᠤᠲᠠ ᠪᠣᠬᠢᠷᠳᠤᠯ | ᠦᠭᠡᠢ᠂ ᠳᠣᠣᠷ᠎ᠠ ᠨᠡᠭᠦᠷᠡᠰᠦᠲᠥ᠋ᠷᠥᠭᠴᠢ᠂ ᠰᠡᠳᠬᠢᠬᠦᠢ ᠂ ᠠᠷᠭ᠎ᠠ ᠵᠠᠮ ᠤᠨ ᠲᠠᠯ᠎ᠠ ᠪᠠᠷ ᠰᠢᠨ᠎ᠡ ᠶᠢ ᠡᠭᠦᠳᠴᠦ᠂ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠣᠬᠢᠷᠳᠤᠯ ᠦᠭᠡᠢ ᠴᠢᠨᠠᠷ ᠰᠠᠶᠢᠲᠠᠢ | ᠬᠥᠭᠵᠢᠯᠲᠡ ᠶᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠬᠠᠩᠭᠠᠬᠤ ᠥᠷᠭᠡᠨ ᠠᠭᠤᠳᠠᠮ | ᠣᠷᠣᠨ ᠵᠠᠢ ᠶᠢ ᠭᠦᠢᠴᠡᠳ ᠰᠠᠶᠢᠲᠤᠷ ᠬᠡᠷᠡᠭᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠷᠴᠢᠮ ᠢ | ᠲᠠᠰᠤᠷᠠᠯᠲᠠ ᠦᠭᠡᠢ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠩᠷᠢ ᠨᠢ ᠨᠡᠩ ᠴᠡᠯᠮᠡᠭ᠂ ᠤᠰᠤ ᠨᠢ ᠨᠡᠩ ᠲᠤᠩᠭᠠᠯᠠᠭ᠂ | ᠠᠭᠤᠯᠠ ᠨᠢ ᠨᠡᠩ ᠨᠣᠭᠤᠭᠠᠨ᠂ ᠣᠷᠴᠢᠨ ᠲᠣᠭᠤᠷᠢᠨ ᠨᠢ ᠨᠡᠩ ᠦᠵᠡᠰᠬᠦᠯᠡᠩᠲᠦ ᠰᠠᠶᠢᠬᠠᠨ ᠪᠣᠯᠭᠠᠵᠤ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠭᠰᠠᠨ ᠪᠣᠬᠢᠷᠳᠤᠯ ᠦᠭᠡᠢ ᠤᠭ ᠴᠢᠨᠠᠷ ᠶᠢ | ᠨᠡᠩ ᠰᠠᠶᠢᠨ ᠪᠣᠯᠭᠠᠵᠤ᠂ ᠰᠢᠨ᠎ᠡ ᠴᠠᠭ ᠦᠶ᠎ᠡ ᠶᠢᠨ ᠲᠥᠪ ᠬᠤᠲᠠ ᠶᠢᠨ ᠪᠣᠬᠢᠷᠳᠤᠯ ᠦᠭᠡᠢ ᠬᠥᠭᠵᠢᠯᠲᠡ ᠶᠢᠨ | ᠤᠷᠤᠭᠰᠢᠯᠠᠯᠲᠠ ᠶᠢᠨ ᠠᠶᠠᠰ ᠢ ᠴᠤᠤᠷᠢᠶᠠᠲᠤᠭᠤᠯᠪᠠ᠃ | | | ᠬᠦᠲᠦᠯᠦᠭᠴᠢ᠄ | ᠰᠢᠨ᠎ᠡ ᠬᠤᠳᠠ ᠲᠣᠭᠤᠷᠢᠭ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ | ᠬᠡᠷᠬᠢᠨ ᠢᠳᠡᠪᠬᠢᠲᠡᠢ ᠦᠢᠯᠡᠳᠦᠯᠭᠡᠵᠢᠭᠦᠯᠦᠭᠰᠡᠨ ᠪᠤᠢ︖ ᠶᠠᠮᠠᠷ ᠶᠠᠮᠠᠷ ᠠᠮᠵᠢᠯᠲᠠ ᠪᠦᠲᠦᠮᠵᠢ ᠣᠯᠤᠭᠰᠠᠨ ᠪᠤᠢ︖ | | | ᠹᠧᠩ ᠶᠦᠨ ᠹᠧᠩ᠄ | ᠰᠢᠨ᠎ᠡ ᠬᠤᠳᠠ ᠲᠣᠭᠤᠷᠢᠭ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ | ᠬᠥᠬᠡᠬᠤᠲᠠ ᠶᠢᠨ ᠭᠤᠣᠯᠳᠠᠯᠭ᠎ᠠ ᠲᠠᠢ ᠬᠤᠳᠠ ᠲᠣᠭᠤᠷᠢᠭ ᠪᠠᠶᠢᠵᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠬᠤᠷᠮᠣᠢ | ᠂ ᠬᠥᠬᠡᠬᠤᠲᠠ ᠶᠢᠨ ᠬᠤᠶᠢᠲᠤ ᠬᠡᠰᠡᠭ ᠲᠤ ᠪᠠᠶᠢᠷᠢᠯᠠᠵᠤ᠂ ᠬᠥᠬᠡᠬᠤᠲᠠ ᠪᠤᠭᠤᠲᠤ ᠤᠷᠳᠤᠰ ᠶᠢᠨᠴᠦᠸᠠᠨ ᠤ ᠠᠵᠤ | ᠠᠬᠤᠢ ᠶᠢᠨ ᠬᠦᠷᠢᠶ᠎ᠡ ᠶᠢᠨ ᠴᠢᠬᠤᠯᠠ ᠵᠠᠩᠭᠢᠯᠠᠭ᠎ᠠ ᠶᠢᠨ ᠴᠡᠭ ᠪᠣᠯᠤᠨ᠎ᠠ᠃ ᠪᠠᠶᠢᠭᠠᠯᠢ ᠶᠢᠨ ᠡᠬᠢ ᠪᠠᠶᠠᠯᠢᠭ | ᠤᠯᠠᠨ ᠠᠴᠠ ᠣᠨᠴᠠᠭᠠᠢ ᠪᠠᠶᠢᠵᠤ᠂ ᠠᠭᠤᠯᠠ ᠤᠰᠤ ᠤᠢ ᠰᠢᠭᠤᠢ ᠨᠠᠭᠤᠷ ᠪᠦᠷᠢᠳᠦ ᠡᠪᠡᠰᠦ ᠪᠡᠯᠴᠢᠭᠡᠷ ᠡᠮᠬᠢ | ᠳᠢᠭᠯᠢᠮ ᠲᠠᠢ ᠪᠠᠶᠢᠨ᠎ᠠ᠃ ᠤᠢᠢᠷ᠎ᠠ ᠶᠢᠨ ᠵᠢᠯ ᠠᠴᠠ᠂ ᠰᠢᠨ᠎ᠡ ᠬᠤᠳᠠ ᠲᠣᠭᠤᠷᠢᠭ ᠤᠨ ᠬᠢᠨ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ︾ ᠤᠢᠢᠯᠠᠭᠠᠭᠳᠠᠬᠤᠨ ᠢ ᠢᠳᠡᠪᠬᠢᠲᠡᠢ | ᠦᠢᠯᠡᠳᠦᠯᠭᠡᠵᠢᠭᠦᠯᠵᠦ᠂ ︽ᠡᠬᠡ ᠤᠯᠤᠰ ᠤᠨ ᠤᠮᠠᠷᠠᠲᠤ ᠬᠢᠯᠢ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ︾ ᠶᠢᠨ ᠬᠠᠷᠠᠯᠲᠠ ᠳᠤ ᠴᠢᠭᠯᠡᠭᠦᠯᠵᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ | ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠣᠰ ᠬᠦᠷᠳᠦ ᠪᠠᠷ ᠬᠥᠳᠡᠯᠭᠡᠭᠦᠷ ᠪᠣᠯᠭᠠᠵᠤ᠂ 2020 | ᠣᠨ ᠳᠤ᠂ ᠰᠢᠨ᠎ᠡ ᠬᠤᠳᠠ ᠲᠣᠭᠤᠷᠢᠭ ᠤᠨ ᠬᠢᠨ ᠳᠥᠷᠪᠡᠳᠦᠭᠡᠷ ᠪᠦᠯᠦᠭ ᠤᠨ ︽ᠤᠯᠤᠰ ᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ︾ ᠤ ᠴᠣᠯᠠ ᠶᠢ ᠠᠮᠵᠢᠯᠲᠠ ᠲᠠᠢ ᠣᠯᠵᠤ᠂ | 2023 ᠣᠨ ᠳᠤ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠠᠴᠠ ᠳᠣᠯᠣᠳᠤᠭᠠᠷ ᠪᠦᠯᠦᠭ ᠤᠨ | ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠᠨ ᠠᠭᠤᠯᠠ ᠮᠦᠩᠭᠦᠨ ᠠᠭᠤᠯᠠ︾ ᠭᠡᠬᠦ | ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠶᠢᠳᠦᠭᠳᠡᠵᠦ᠂ ᠬᠥᠬᠡᠬᠤᠲᠠ ᠶᠢᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠯᠬᠤᠴᠠ ᠶᠢ ᠴᠢᠨᠠᠭᠰᠢᠳᠠ ᠲᠦᠷᠭᠡᠳᠬᠡᠬᠦ ᠶᠢ ᠠᠬᠢᠭᠤᠯᠪᠠ᠃ | ᠡᠭᠦᠨ ᠤ ᠬᠠᠮᠲᠤ᠂ ᠪᠥᠬᠦ ᠤᠯᠤᠰ ᠤᠨ ᠬᠡᠪᠴᠢᠶᠡᠨ ᠳᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ | ᠦᠢᠯᠡᠳᠦᠯ ᠲᠠᠢ ᠪᠠᠶᠢᠵᠤ᠂ ᠬᠥᠬᠡᠬᠤᠲᠠ ᠵᠢᠴᠢ ᠪᠤᠰᠤᠳ ᠠᠶᠢᠮᠠᠭ ᠬᠤᠲᠠ ᠳᠤ ᠡᠷᠬᠢᠮ ᠨᠠᠨᠳᠢᠨ ᠯᠠᠪᠯᠠᠯᠲᠠ ᠪᠤᠯᠵᠤ᠂ | ᠡᠭᠦᠨ ᠤ ᠤᠯᠠᠮ ᠠᠴᠠ ᠬᠥᠬᠡᠬᠤᠲᠠ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠨᠠᠩ ᠣᠯᠠᠨ ᠪᠠᠯᠠ ᠣᠷᠣᠭᠤᠯᠤᠯᠲᠠ ᠪᠠ ᠵᠢᠭᠤᠯᠴᠢᠯᠠᠯ ᠤᠨ ᠡᠬᠢ ᠪᠠᠶᠠᠯᠢᠭ ᠢ ᠲᠡᠳᠡᠨ | ᠠᠪᠴᠢᠷᠠᠵᠤ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠦᠷᠬᠦᠯᠵᠢᠯᠡᠬᠦᠶᠢᠴᠡ ᠬᠥᠭᠵᠢᠯᠲᠡ ᠶᠢ ᠠᠬᠢᠭᠤᠯᠪᠠ᠃ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠩ ᠴᠢᠩᠭ᠎ᠠ ᠠᠷᠭ᠎ᠠ ᠬᠡᠮᠵᠢᠶ᠎ᠡ ᠪᠣᠯᠣᠨ ᠪᠣᠬᠢᠷᠳᠤᠯ | ᠦᠭᠡᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠬᠥᠬᠡᠬᠤᠲᠠ ᠠᠵᠤ | ᠠᠬᠤᠢ ᠶᠢᠨ ᠬᠥᠭᠵᠢᠯᠲᠡ ᠪᠣᠯᠣᠨ ᠠᠮᠢ ᠠᠬᠤᠢ ᠶᠢᠨ ᠬᠠᠮᠠᠭᠠᠯᠠᠯᠲᠠ ᠶᠢᠨ ᠰᠠᠶᠢᠨ ᠣᠷᠴᠢᠯ ᠢ ᠴᠢᠷᠮᠠᠶᠢᠨ ᠪᠡᠶᠡᠯᠡᠭᠦᠯᠵᠦ | ᠂ ᠠᠷᠠᠳ ᠣᠯᠠᠨ ᠳᠤ ᠨᠡᠩ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠡᠭᠦᠳᠴᠦ ᠦᠭᠭᠦᠨ᠎ᠡ᠃ | ᠰᠢᠨ᠎ᠡ ᠬᠤᠲᠠ ᠲᠣᠭᠤᠷᠢᠭ ᠨᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ | ᠬᠥᠭᠵᠢᠭᠦᠯᠬᠦ︾ ᠣᠨᠣᠯᠵᠢᠬᠤᠨ ᠢ ᠢᠳᠡᠪᠬᠢᠲᠡᠶ ᠦᠢᠯᠡᠳᠦᠯᠭᠡᠵᠢᠭᠦᠯᠵᠦ᠂ ᠳᠥᠷᠪᠡᠳᠦᠭᠡᠷ ᠪᠦᠯᠦᠭ ᠤᠨ ᠤᠯᠤᠰ ᠤᠨ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠪᠠ ᠳᠣᠯᠣᠳᠤᠭᠠᠷ ᠪᠦᠯᠦᠭ ᠤᠨ | ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠᠨ ᠠᠭᠤᠯᠠ ᠮᠦᠩᠭᠦᠨ ᠠᠭᠤᠯᠠ︾ ᠭᠡᠬᠦ | ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠴᠣᠯᠠ ᠶᠢᠨ ᠰᠠᠭᠤᠷᠢᠨ ᠳᠡᠭᠡᠷ᠎ᠡ᠂ ᠡᠯ᠎ᠡ ᠵᠦᠢᠯ ᠤᠨ | ᠠᠵᠢᠯ ᠢ ᠦᠷᠭᠦᠯᠵᠢᠯᠡᠨ ᠭᠦᠨᠵᠡᠭᠡᠶ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ | ᠣᠷᠣᠰᠢᠬᠤ ᠦᠵᠡᠰᠬᠦᠯᠡᠩᠲᠦ ᠰᠠᠶᠢᠬᠠᠨ ᠰᠢᠨ᠎ᠡ ᠬᠤᠲᠠ ᠶᠢ ᠴᠣᠭᠴᠠᠯᠠᠨ ᠪᠠᠶᠢᠭᠤᠯᠵᠤ᠂ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠡᠶᠡᠯᠡᠭᠦᠯᠵᠦ᠂ ︽ᠪᠠᠷᠠᠭᠤᠨ ᠬᠤᠶᠢᠲᠤ | ᠣᠷᠣᠨ ᠤ ᠲᠥᠪ ᠬᠤᠲᠠ ᠲᠣᠭᠤᠷᠢᠭ︾ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠠᠮ ᠢ | ᠰᠦᠪᠡᠭᠴᠢᠯᠡᠨ ᠨᠡᠭᠡᠭᠡᠵᠦ᠂ ᠢᠯᠡᠳᠲᠡ ᠦᠷ᠎ᠡ ᠪᠦᠲᠦᠮᠵᠢ ᠤᠯᠪᠠ᠃ | | ᠬᠦᠲᠦᠯᠦᠭᠴᠢ᠄ | ᠳᠠᠯᠠᠨ ᠬᠠᠷ᠎ᠠ ᠠᠭᠤᠯᠠ ᠨᠢ ᠰᠢᠨ᠎ᠡ ᠬᠤᠲᠠ ᠲᠣᠭᠤᠷᠢᠭ ᠤᠨ ᠴᠢᠬᠤᠯᠠ ᠬᠡᠰᠡᠭ ᠪᠣᠯᠤᠭᠰᠠᠨ ᠤ ᠬᠤᠪᠢ ᠳᠤ᠂ | ᠡᠮᠦᠨ᠎ᠡ ᠪᠠᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠶᠡᠷᠦᠩᠬᠡᠶᠢᠯᠡᠨ ᠵᠠᠰᠠᠬᠤ ᠳᠤᠮᠳᠠ ᠮᠠᠰᠢ ᠣᠯᠠᠨ ᠬᠤᠪᠢ | ᠨᠡᠮᠡᠷᠢ ᠦᠵᠡᠭᠦᠯᠵᠦ᠂ ᠰᠢᠨ᠎ᠡ ᠬᠤᠲᠠ ᠲᠣᠭᠤᠷᠢᠭ ᠨᠢ ᠳᠠᠯᠠᠨ ᠬᠠᠷ᠎ᠠ ᠠᠭᠤᠯᠠ ᠶᠢᠨ ᠠᠮᠢ ᠠᠬᠤᠶ ᠶᠢ ᠶᠡᠷᠦᠩᠬᠡᠶᠢᠯᠡᠨ | ᠵᠠᠰᠠᠵᠤ ᠬᠠᠮᠠᠭᠠᠯᠠᠬᠤ ᠲᠠᠯ᠎ᠠ ᠪᠠᠷ ᠪᠣᠳᠠᠲᠠᠶ ᠶᠠᠮᠠᠷ ᠶᠠᠮᠠᠷ ᠠᠵᠢᠯ ᠢ ᠥᠷᠨᠢᠭᠦᠯᠦᠭᠰᠡᠨ ᠪᠣᠶ︖ | | | ᠹᠧᠩ ᠶᠦᠨ ᠹᠧᠩ᠄ | ᠰᠢᠨ᠎ᠡ ᠬᠤᠲᠠ ᠲᠣᠭᠤᠷᠢᠭ ᠨᠢ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ ᠠᠬᠤᠶ ᠶᠢᠨ | ᠬᠠᠮᠠᠭᠠᠯᠠᠯᠲᠠ ᠶᠢᠨ ᠶᠡᠷᠦᠩᠬᠡᠶᠢᠯᠡᠨ ᠵᠠᠰᠠᠬᠤ ᠢᠨᠵᠧᠨᠧᠷᠢᠩ ᠪᠣᠯ ᠢᠮᠠᠭᠲᠠ ᠭᠤᠤᠯᠳᠠᠯᠭ᠎ᠠ ᠶᠢᠨ ᠳᠣᠲᠣᠷᠠᠬᠢ | ᠭᠤᠤᠯᠳᠠᠯᠭ᠎ᠠ ᠪᠣᠯᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠬᠡᠷᠡᠭᠵᠢᠭᠦᠯᠬᠦ ᠶᠢᠨ ᠬᠠᠮᠲᠤ ︽ᠬᠤᠲᠠ ᠲᠣᠭᠤᠷᠢᠭ ᠨᠢ ᠭᠤᠶᠣ ᠂ ᠣᠷᠴᠢᠨ ᠲᠣᠭᠤᠷᠢᠨ ᠨᠢ ᠰᠢᠯᠢᠳᠡᠭ᠂ ᠬᠥᠮᠦᠨ | ᠰᠣᠶᠣᠯ ᠢᠷᠭᠡᠨᠰᠢᠯ᠂ ᠠᠷᠠᠳ ᠲᠦᠮᠡᠨ ᠵᠢᠷᠭᠠᠯᠠᠩᠲᠠᠢ︾ ᠪᠣᠬᠢᠷᠲᠤᠯ ᠥᠬᠡᠶ ᠬᠥᠭᠵᠢᠯᠲᠡ ᠶᠢᠨ ᠵᠠᠮ ᠢ ᠬᠠᠶᠢᠨ | ᠰᠦᠪᠡᠭᠴᠢᠯᠡᠵᠦ᠂ ᠲᠤᠷᠰᠢᠯᠭ᠎ᠠ ᠪᠠᠨ ᠳ᠋ᠦᠩᠨᠡᠬᠦ᠂ ᠵᠢᠱᠢᠶ᠎ᠡ ᠦᠵᠡᠭᠦᠯᠬᠦ᠂ ᠦᠯᠢᠭᠡᠷ ᠳᠠᠭᠤᠷᠢᠶᠠᠯ ᠪᠣᠯᠬᠤ ᠱᠠᠭᠠᠷᠳᠠᠯᠭ᠎ᠠ | ᠶᠣᠰᠣᠭᠠᠷ᠂ ᠤᠮᠠᠷᠠᠲᠤ ᠬᠡᠰᠡᠭ ᠤᠨ ᠴᠡᠯᠡᠭᠡᠷ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠦᠵᠡᠮᠵᠢ ᠶᠢᠨ | ᠪᠦᠰᠡ ᠶᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠬᠤ ᠪᠠᠷ ᠳᠠᠮᠵᠢᠭᠤᠯᠤᠨ᠂ ᠳᠠᠯᠠᠨ ᠬᠠᠷ᠎ᠠ ᠠᠭᠤᠯᠠ ᠶᠢᠨ | ᠡᠮᠦᠨ᠎ᠡ ᠪᠡᠯ ᠤᠨ ︽ᠠᠮᠢ ᠠᠬᠤᠶ ᠶᠢᠨ ᠨᠣᠭᠤᠭᠠᠨ ᠪᠦᠰᠡ︾ ᠶᠢ ᠥᠨᠳᠥᠷ ᠪᠠᠷᠢᠮᠵᠢᠶ᠎ᠠ ᠪᠠᠷ ᠪᠣᠶ ᠪᠣᠯᠭᠠᠵᠤ᠂ ᠳᠠᠯᠠᠨ | ᠬᠠᠷ᠎ᠠ ᠠᠭᠤᠯᠠ ᠶᠢᠨ ᠡᠮᠦᠨ᠎ᠡ ᠪᠡᠯ ᠢ ᠬᠥᠬᠡᠬᠤᠲᠠ ᠶᠢᠨ ︽ᠨᠣᠭᠤᠭᠠᠨ ᠠᠭᠤᠰᠬᠢ︾ ᠪᠠ ᠤᠮᠠᠷᠠᠲᠤ ᠤᠷᠤᠨ ᠤ | ᠪᠠᠶᠢᠭᠠᠯᠢ ᠶᠢᠨ ᠠᠮᠢ ᠠᠬᠤᠶ ᠶᠢᠨ ᠬᠠᠯᠬᠠᠪᠴᠢ ᠵᠢᠴᠢ ᠣᠷᠣᠨ ᠪᠦᠰᠡ ᠶᠢᠨ ᠴᠢᠨᠠᠷᠲᠠᠶ ᠠᠮᠢ ᠠᠬᠤᠶ ᠶᠢᠨ ᠬᠤᠩᠭᠢᠯ | ᠪᠣᠯᠭᠠᠨ᠎ᠠ᠃ ᠰᠢᠨ᠎ᠡ ᠬᠤᠲᠠ ᠲᠣᠭᠤᠷᠢᠭ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠤ ᠳᠠᠯᠠᠨ ᠬᠠᠷ᠎ᠠ ᠠᠭᠤᠯᠠ ᠶᠢᠨ ᠠᠮᠢ ᠠᠬᠤᠶ ᠶᠢ ᠶᠡᠷᠦᠩᠬᠡᠶᠢᠯᠡᠨ ᠵᠠᠰᠠᠵᠤ ᠬᠠᠮᠠᠭᠠᠯᠠᠬᠤ ᠢᠨᠵᠧᠨᠧᠷᠢᠩ ᠢ | ᠡᠬᠢᠯᠡᠭᠦᠯᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠶ ᠪᠠᠷ ᠳᠠᠭᠠᠵᠤ᠂ ᠪᠥᠬᠦ ᠣᠷᠣᠨ ᠤ | ᠬᠦᠴᠦᠨ ᠢᠶᠠᠷ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ ᠠᠬᠤᠶ ᠶᠢ ᠬᠠᠮᠠᠭᠠᠯᠠᠵᠤ ᠶᠡᠷᠦᠩᠬᠡᠶᠢᠯᠡᠨ ᠵᠠᠰᠠᠬᠤ | ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ 10 ᠲᠦᠮᠡ ᠭᠠᠷᠤᠶ ᠲᠡᠭᠰᠢ ᠳᠥᠷᠪᠡᠯᠵᠢᠨ ᠮᠧᠲᠷ ᠤᠨ ᠨᠢᠴᠦᠭᠦᠨ | ᠠᠭᠤᠯᠠ ᠶᠢ ᠲᠦᠢᠯᠪᠤᠷᠢᠲᠠᠶ ᠵᠠᠰᠠᠨ ᠰᠡᠷᠭᠦᠭᠡᠵᠦ᠂ ᠬᠥᠮᠦᠨ ᠤ ᠬᠦᠴᠦ ᠪᠠᠷ ᠵᠠᠰᠠᠨ ᠰᠡᠷᠭᠦᠭᠡᠬᠦ ᠪᠠ ᠠᠶᠠᠨᠳᠠᠭᠠᠨ | ᠰᠡᠷᠭᠦᠭᠡᠬᠦ ᠶᠢ ᠪᠦᠲᠦᠮᠵᠢᠲᠡᠶ ᠤᠶᠠᠯᠳᠤᠭᠤᠯᠬᠤ ᠶᠢ ᠪᠡᠶᠡᠯᠡᠭᠦᠯᠦᠨ᠎ᠡ᠃ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ | ᠠᠮᠢ ᠠᠬᠤᠶ ᠶᠢᠨ ᠬᠠᠮᠠᠭᠠᠯᠠᠯᠲᠠ ᠶᠢᠨ ᠶᠡᠷᠦᠩᠬᠡᠶᠢᠯᠡᠨ ᠵᠠᠰᠠᠬᠤ ᠢᠨᠵᠧᠨᠧᠷᠢᠩ ᠳᠤ᠂ ᠬᠥᠬᠡᠬᠤᠲᠠ ᠳᠠᠯᠠᠨ ᠬᠠᠷ᠎ᠠ | ᠠᠭᠤᠯᠠ ᠶᠢᠨ ᠡᠮᠦᠨ᠎ᠡ ᠪᠠᠯ ᠤᠨ ᠪᠣᠬᠢᠷᠲᠤᠯ ᠡᠬᠦᠰᠭᠡᠬᠦ 292 ᠠᠵᠤ ᠠᠬᠤᠶᠢᠯᠠᠯ ᠢ ᠬᠠᠭᠠᠵᠤ ᠵᠣᠭᠰᠣᠭᠠᠵᠤ᠂ | ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ 60 ᠲᠦᠮᠡᠨ ᠲᠡᠭᠰᠢ ᠳᠥᠷᠪᠡᠯᠵᠢᠨ ᠮᠧᠲᠷ ᠰᠢᠬᠠᠮ ᠨᠤᠷᠠᠭᠠᠪᠠ᠃ ᠳᠠᠯᠠᠨ | ᠬᠠᠷ᠎ᠠ ᠠᠭᠤᠯᠠ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢ ᠵᠠᠰᠠᠨ ᠰᠡᠷᠭᠦᠭᠡᠬᠦ | ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ 3 ᠦᠯᠡᠳᠡᠭᠳᠡᠯ ᠬᠦᠳᠡᠷ ᠤᠨ ᠬᠥᠮᠥᠷᠭᠡ ᠶᠢ ᠪᠦᠬᠦᠨ ᠢ ᠵᠠᠰᠠᠵᠤ | ᠳᠠᠭᠤᠰᠬᠠᠪᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ | ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠳᠠᠯᠠᠨ ᠬᠠᠷ᠎ᠠ | ᠠᠭᠤᠯᠠ ᠶᠢᠨ ᠡᠮᠦᠨ᠎ᠡ ᠪᠡᠯ ᠤᠨ ᠬᠤᠭᠤᠰᠣᠨ ᠭᠠᠵᠠᠷ ᠵᠢᠴᠢ ᠵᠠᠮ ᠤᠨ ᠬᠤᠶᠠᠷ ᠬᠠᠵᠠᠭᠤ ᠪᠠᠷ 4 ᠲᠦᠮᠡᠨ ᠮᠦ ᠭᠠᠵᠠᠷ | ᠰᠢᠷᠣᠢ ᠶᠢ ᠣᠶᠢᠵᠢᠭᠤᠯᠵᠤ ᠨᠣᠭᠤᠭᠠᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠠᠷᠠᠴᠢᠨ ᠠᠮᠢ ᠠᠬᠤᠢ ᠶᠢᠨ | ᠴᠡᠴᠡᠷᠯᠢᠭ᠂ ᠴᠡᠯᠡᠭᠡᠷ ᠲᠠᠯ᠎ᠠ ᠶᠢᠨ ᠪᠠᠶᠢᠭᠠᠯᠢ ᠶᠢᠨ ᠦᠵᠡᠮᠵᠢ᠂ ᠮᠧᠩ ᠼᠤᠤ ᠡᠪᠡᠰᠦ ᠶᠢᠨ ᠴᠡᠴᠡᠷᠯᠢᠭ ᠵᠡᠷᠭᠡ ᠲᠤᠮᠤ | ᠬᠡᠯᠪᠡᠷᠢ ᠶᠢᠨ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ 9. 8 | ᠲᠦᠮᠡᠨ ᠮᠦ ᠡᠵᠡᠭᠦᠢ ᠭᠠᠵᠠᠷ᠂ ᠠᠲᠠᠷᠰᠢᠭᠰᠠᠨ ᠭᠠᠵᠠᠷ ᠠᠮᠢ ᠠᠬᠤᠢ ᠶᠢᠨ ᠰᠡᠷᠭᠦᠭᠡᠯᠲᠡ ᠶᠢ ᠣᠯᠵᠤ᠂ ᠡᠯ᠎ᠡ | ᠲᠦᠷᠦᠯ ᠤᠨ ᠲᠤᠷᠤᠭ ᠮᠣᠳᠣ᠂ ᠪᠤᠲᠠ ᠮᠣᠳᠣ ᠵᠢᠴᠢ ᠡᠪᠡᠰᠦᠲᠦ ᠤᠷᠭᠤᠮᠠᠯ 1800 ᠭᠠᠷᠤᠢ ᠲᠦᠮᠡᠨ ᠰᠠᠭᠤᠷᠢ ︵ | ᠪᠤᠳᠠ ᠮᠣᠳᠣ︶ ᠲᠠᠷᠢᠵᠤ᠂ ᠨᠣᠭᠤᠭᠠᠷᠠᠭᠤᠯᠤᠯᠲᠠ ᠶᠢᠨ ᠶᠡᠷᠦᠩᠬᠡᠢ ᠲᠠᠯᠠᠪᠠᠢ ᠨᠢ 14 ᠲᠦᠮᠡᠨ ᠮᠦ ᠬᠦᠷᠴᠦ᠂ ᠤᠢ | ᠡᠪᠡᠰᠦ ᠶᠢᠨ ᠪᠦᠷᠬᠦᠴᠡ ᠶᠢᠨ ᠨᠤᠷᠮ᠎ᠠ 63 % ᠳᠤ ᠬᠦᠷᠴᠦ᠂ ᠨᠤᠭᠤᠭᠠᠨ ᠥᠩᠭᠡ ᠨᠢᠭᠡᠨᠲᠡ ᠰᠢᠨ᠎ᠡ ᠬᠤᠳᠠ ᠶᠢᠨ | ︽ᠬᠠᠮᠤᠭ ᠤᠨ ᠭᠤᠶᠤ ᠰᠠᠭᠤᠷᠢ ᠦᠩᠭᠡ︾ ᠪᠣᠯᠤᠭᠰᠠᠨ ᠪᠠᠶᠢᠨ᠎ᠠ᠃ | | ᠬᠦᠲᠦᠯᠦᠭᠴᠢ᠄ | ᠰᠢᠨ᠎ᠡ ᠬᠤᠲᠠ ᠲᠣᠭᠤᠷᠢᠭ ᠤᠨ ᠬᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠰᠠᠶᠢᠵᠢᠷᠠᠭᠤᠯᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠤᠢ︖ | | ᠹᠧᠩ ᠶᠦᠨ ᠹᠧᠩ᠄ | ᠰᠢᠨ᠎ᠡ ᠬᠤᠳᠠ ᠲᠣᠭᠤᠷᠢᠭ ᠤᠨ ᠬᠢᠨ ᠠᠮᠢ ᠠᠬᠤᠢ ᠶᠢᠨ ᠣᠷᠴᠢᠨ ᠲᠣᠭᠤᠷᠢᠨ ᠤ ᠠᠵᠢᠯ ᠢ ᠰᠠᠶᠢᠲᠤᠷ ᠬᠢᠬᠦ ᠶᠢ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠴᠠ ᠴᠢᠬᠤᠯᠠ ᠵᠦᠢᠯ ᠪᠣᠯᠭᠠᠵᠤ᠂ ︽ᠬᠥᠬᠡᠮᠳᠦᠭ | ᠨᠣᠭᠤᠭᠠᠨ ᠠᠭᠤᠯᠠ ᠤᠰᠤ ᠪᠣᠯ ᠳᠠᠷᠤᠢ ᠠᠯᠲᠠᠨ ᠠᠭᠤᠯᠠ ᠮᠦᠩᠭᠦᠨ ᠠᠭᠤᠯᠠ︾ ᠭᠡᠬᠦ ᠬᠥᠭᠵᠢᠯᠲᠡ ᠶᠢᠨ | ᠤᠢᠢᠯᠠᠭᠠᠭᠳᠠᠬᠤᠨ ᠢ ᠪᠠᠲᠤ ᠪᠠᠬᠢ ᠪᠣᠯᠭᠠᠬᠤ ᠶᠢᠨ ᠬᠠᠮᠲᠤ ᠢᠳᠡᠪᠬᠢᠲᠡᠢ ᠦᠢᠯᠡᠳᠦᠯᠭᠡᠵᠢᠭᠦᠯᠵᠦ᠂ ᠠᠮᠢ ᠠᠬᠤᠢ ᠶᠢᠨ | ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠣᠯ ᠪᠣᠯᠭᠠᠵᠤ᠂ ᠠᠮᠢ ᠠᠬᠤᠢ ᠶᠢᠨ ᠣᠷᠴᠢᠨ | ᠲᠣᠭᠤᠷᠢᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠠᠷ ᠬᠠᠷᠠᠯᠲᠠ ᠪᠣᠯᠭᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ | ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠦᠨᠡᠨ ᠪᠣᠳᠠᠲᠠᠢ ᠠᠵᠢᠯᠯᠠᠭ᠎ᠠ ᠪᠠᠷ ᠢᠶᠠᠨ ᠣᠷᠴᠢᠨ | ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠲᠠᠰᠤᠷᠠᠯᠲᠠ ᠦᠭᠡᠢ ᠠᠬᠢᠭᠤᠯᠪᠠ᠃ ᠨᠢᠭᠡ ᠳᠤ᠂ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠦᠷᠭᠦᠯᠵᠢᠯᠡᠨ ᠪᠠᠬᠢᠵᠢᠪᠡ᠃ ᠴᠡᠯᠡᠭᠡᠷ ᠲᠠᠯ᠎ᠠ ᠠᠮᠢ ᠠᠬᠤᠶ ᠶᠢᠨ | ᠥᠯᠢᠭᠡᠷ ᠡᠳ᠋ ᠬᠠᠳᠠᠭᠠᠯᠠᠬᠤ ᠣᠷᠣᠨ ᠵᠠᠶ ᠶᠢᠨ ᠡᠪᠡᠰᠦᠨ ᠤ ᠦᠷ᠎ᠡ ᠡᠭᠦᠯᠳᠡᠷ ᠤᠨ ᠨᠥᠭᠡᠴᠡ ᠶᠢᠨ ᠬᠢᠷᠢ ᠲᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠵᠦ᠂ 2200 ᠵᠦᠢᠯ ᠤᠨ ᠤᠷᠭᠤᠮᠠᠯ ᠤᠨ ᠦᠷ᠎ᠡ ᠡᠳ᠋ ᠤᠨ ᠡᠬᠢ ᠪᠠᠶᠠᠯᠢᠭ ᠢ | ᠬᠤᠷᠢᠶᠠᠨ ᠬᠠᠳᠠᠭᠠᠯᠠᠵᠤ᠂ ᠠᠮᠢ ᠠᠬᠤᠶ ᠶᠢ ᠰᠡᠷᠭᠦᠭᠡᠬᠦ ᠳᠤ ᠬᠡᠷᠡᠭᠰᠡᠬᠦ ᠪᠡᠯᠴᠢᠭᠡᠷ ᠡᠪᠡᠰᠦ ᠶᠢᠨ ᠦᠷ᠎ᠡ ᠶᠢ ᠨᠠᠩ ᠣᠯᠠᠨ | ᠡᠰᠢᠵᠢᠭᠦᠯᠪᠡ᠃ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠶᠢᠨ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ | ᠪᠦᠬᠦᠨ ᠢ ᠳᠠᠭᠤᠰᠬᠠᠵᠤ᠂ 10 ᠲᠦᠮᠡ ᠭᠠᠷᠤᠶ ᠲᠡᠭᠰᠢ ᠳᠥᠷᠪᠡᠯᠵᠢᠨ ᠮᠧᠲᠷ ᠤᠨ ᠢᠯᠡ ᠠᠭᠤᠯᠠ ᠶᠢ | ᠲᠦᠢᠯᠪᠤᠷᠢᠲᠠᠶ ᠰᠡᠷᠭᠦᠭᠡᠵᠦ᠂ ᠬᠥᠮᠦᠨ ᠤ ᠬᠦᠴᠦ ᠪᠠᠷ ᠰᠡᠷᠭᠦᠭᠡᠬᠦ ᠪᠠ ᠠᠶᠠᠨᠳᠠᠭᠠᠨ ᠰᠡᠷᠭᠦᠬᠦ ᠶᠢ ᠪᠦᠲᠦᠮᠵᠢᠲᠡᠶ | ᠤᠶᠠᠯᠳᠤᠭᠤᠯᠬᠤ ᠶᠢ ᠪᠡᠶᠡᠯᠡᠭᠦᠯᠪᠡ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠬᠤ ᠠᠵᠢᠯᠯᠠᠭ᠎ᠠ ᠶᠢ ᠡᠮᠬᠢ ᠵᠢᠷᠤᠮ ᠲᠠᠢ ᠠᠬᠢᠭᠤᠯᠵᠤ᠂ | ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠤᠭᠰᠠᠨ ᠲᠤᠷᠤᠭ ᠪᠤᠳᠠ ᠮᠣᠳᠣᠨ ᠤ ᠣᠶ ᠶᠢ ᠥᠭᠡᠷᠡᠴᠢᠯᠡᠬᠦ | ᠲᠥᠷᠥᠯ ᠵᠦᠢᠯ ᠢ 4.1 ᠲᠦᠮᠡᠨ ᠮᠥ ᠬᠡᠷᠡᠭᠵᠢᠭᠦᠯᠵᠦ᠂ ᠠᠯᠪᠠᠨ ᠵᠢᠷᠤᠮ ᠤᠨ ᠮᠣᠳᠣ ᠨᠡᠶᠢᠲᠡ 125 ᠲᠦᠮᠡ ᠭᠠᠷᠤᠶ | ᠰᠠᠭᠤᠷᠢ ᠮᠣᠳᠣ ᠳᠠᠷᠢᠪᠠ᠃ ᠰᠢᠨ᠎ᠡ ᠬᠤᠲᠠ ᠲᠣᠭᠤᠷᠢᠭ ᠤᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ | ᠥᠷᠲᠡᠭᠡ ᠶᠢ ᠪᠠᠶᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠠᠯᠠᠪᠠᠶ ᠶᠢ 73.4 ᠲᠦᠮᠡᠨ ᠮᠥ ᠲᠣᠭᠲᠠᠭᠠᠵᠤ᠂ | ᠬᠥᠨᠥᠭᠡᠯᠲᠡᠶ ᠠᠮᠢᠳᠤ ᠪᠣᠳᠠᠰ ᠢ 4.5 ᠲᠦᠮᠡᠨ ᠮᠥ ᠰᠡᠷᠭᠡᠶᠢᠯᠡᠨ ᠵᠠᠰᠠᠵᠤ᠂ ᠣᠶ ᠰᠢᠭᠤᠶ ᠨᠤᠲᠤᠭ ᠪᠡᠯᠴᠢᠭᠡᠷ ᠤᠨ | ᠭᠠᠯ ᠢ ᠰᠡᠷᠭᠡᠶᠢᠯᠡᠬᠦ ᠶᠢ ᠪᠦᠲᠦᠮᠵᠢᠲᠡᠶ ᠴᠢᠩᠭᠠᠳᠬᠠᠵᠤ᠂ ᠨᠣᠭᠤᠭᠠᠨ ᠬᠠᠯᠬᠠᠪᠴᠢ ᠶᠢ ᠤᠯᠠᠮ ᠨᠢᠭᠡ ᠠᠯᠬᠤᠮ | ᠪᠠᠬᠢᠵᠢᠭᠦᠯᠪᠡ᠃ ᠬᠤᠶᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠬᠦᠴᠦᠲᠡᠢ ᠠᠬᠢᠭᠤᠯᠪᠠ᠃ PM2.5 ᠪᠠ | ᠣᠽᠣᠨ ᠢ ᠬᠠᠮᠵᠢᠯᠴᠠᠨ ᠬᠠᠮᠢᠶᠠᠷᠤᠨ ᠡᠵᠡᠮᠳᠡᠬᠦ ᠶᠢ ᠭᠦᠨᠵᠡᠭᠡᠶ ᠠᠬᠢᠭᠤᠯᠵᠤ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ | ᠰᠢᠲᠠᠭᠠᠬᠤ ᠶᠢ ᠪᠠᠶᠢᠩᠭᠤᠵᠢᠭᠤᠯᠤᠨ ᠵᠠᠰᠠᠬᠤ ᠶᠢ ᠪᠡᠶᠡᠯᠡᠭᠦᠯᠵᠦ᠂ ᠨᠢᠳᠤᠨᠤᠨ ᠠᠭᠠᠷ ᠤᠨ ᠶᠠᠰᠤ ᠴᠢᠨᠠᠷ ᠰᠢᠯᠢᠳᠡᠭ | ᠰᠠᠶᠢᠨ ᠡᠳᠦᠷ ᠤᠨ ᠲᠤᠭ᠎ᠠ 328 ᠡᠳᠦᠷ ᠲᠤ ᠬᠦᠷᠴᠦ᠂ ᠬᠥᠬᠡ ᠣᠭᠲᠠᠷᠭᠤᠶ ᠴᠠᠭᠠᠨ ᠡᠭᠦᠯᠡ ᠶᠢ ᠬᠡᠪ ᠤᠨ | ᠪᠠᠶᠢᠳᠠᠯ ᠲᠠᠢ ᠪᠣᠯᠭᠠᠪᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠭᠤᠣᠯ ᠤᠨ ᠳᠠᠷᠤᠭ᠎ᠠ ᠶᠢᠨ ᠳᠦᠷᠢᠮ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠮᠡᠳᠡᠭᠡ | ᠵᠠᠩᠭᠢ ᠶᠢᠨ ᠲᠠᠪᠴᠠᠩ ᠨᠢ ᠭᠤᠣᠯ ᠤᠨ ᠵᠠᠮ ᠤᠨ ᠬᠠᠮᠢᠶᠠᠷᠤᠯᠲᠠ ᠶᠢᠨ ᠬᠥᠳᠡᠯᠦᠩᠭᠦᠢ ᠮᠥᠷᠳᠡᠯᠲᠡ ᠶᠢ ᠪᠡᠶᠡᠯᠡᠭᠦᠯᠵᠦ᠂ | ᠭᠤᠣᠯ ᠤᠨ ᠵᠠᠮ ᠤᠨ ︽ᠳᠥᠷᠪᠡᠨ ᠰᠠᠮᠠᠭᠤᠨ︾ 24 ᠬᠡᠰᠡᠭ ᠭᠠᠵᠠᠷ ᠢ ᠴᠡᠭᠴᠡᠯᠡᠨ ᠵᠠᠰᠠᠵᠤ᠂ ᠭᠤᠣᠯ ᠤᠷᠤᠭᠤ | ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ᠡᠬᠢ ᠡᠭᠦᠰᠦᠯ ᠢ ᠡᠷᠢᠬᠦ ᠠᠵᠢᠯ ᠢ 16 ᠭᠠᠵᠠᠷ ᠪᠡᠶᠡᠯᠡᠭᠦᠯᠪᠡ᠃ | ᠲᠠᠷᠢᠶᠠᠯᠠᠩ ᠤᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠰᠦᠯᠢᠶᠣᠣ | ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠨᠤᠷᠮ᠎ᠠ 85% ᠳᠤ ᠬᠦᠷᠴᠦ᠂ ᠡᠰᠢ ᠰᠦᠷᠡᠯ ᠢ ᠶᠡᠷᠦᠩᠬᠡᠶᠢᠯᠡᠨ | ᠠᠰᠢᠭᠯᠠᠬᠤ ᠨᠤᠷᠮ᠎ᠠ 91% ᠳᠤ ᠬᠦᠷᠴᠦ᠂ ᠴᠡᠪᠡᠷ ᠬᠥᠷᠥᠰᠥ ᠶᠢᠨ ᠨᠣᠭᠤᠭᠠᠷᠠᠭᠤᠯᠤᠯᠲᠠ ᠶᠢ ᠨᠡᠷ᠎ᠡ ᠶᠢᠨ | ᠬᠠᠭᠤᠳᠠᠰᠤ ᠪᠣᠯᠭᠠᠪᠠ᠃ | | | ᠬᠦᠲᠦᠯᠦᠭᠴᠢ᠄ | ᠣᠳᠣᠬᠠᠨ ᠳᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠡᠷ ᠣᠷᠣᠨ ᠢ | ᠪᠥᠲᠥᠭᠡᠨ ᠪᠠᠶᠢᠭᠤᠯᠬᠤ ᠨᠢ ᠤᠯᠠᠮ ᠠᠴᠠ ᠤᠯᠠᠮ ᠬᠥᠮᠦᠰ ᠤᠨ ᠠᠩᠬᠠᠷᠤᠯ ᠢ ᠲᠠᠲᠠᠵᠤ ᠪᠠᠶᠢᠨ᠎ᠠ᠂ ᠰᠢᠨ᠎ᠡ ᠬᠤᠲᠠ | ᠲᠣᠭᠤᠷᠢᠭ ᠨᠢ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠠᠮᠢ ᠠᠬᠤᠶ ᠶᠢᠨ | ᠠᠮᠢᠳᠤᠷᠠᠯ ᠤᠨ ᠰᠢᠰᠲ᠋ᠧᠮ ᠢ ᠬᠡᠷᠬᠢᠨ ᠪᠠᠶᠢᠭᠤᠯᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ | ᠲᠣᠬᠢᠷᠠᠮᠵᠢᠲᠠᠶ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠭᠰᠠᠨ ᠪᠣᠶ︖ | | ᠹᠧᠩ ᠶᠦᠨ ᠹᠧᠩ᠄ | ᠰᠢᠨ᠎ᠡ ᠬᠤᠲᠠ ᠲᠣᠭᠤᠷᠢᠭ ᠨᠢ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠡᠷ | ᠣᠷᠣᠨ ᠤ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ︽ᠬᠡᠷ ᠪᠠᠶᠢᠰᠢᠩ ᠢ ᠥᠭᠡᠷᠡᠴᠢᠯᠡᠬᠦ︾ ᠠᠴᠠ ︽ᠠᠮᠢᠳᠤᠷᠠᠯ ᠢ | ᠥᠭᠡᠷᠡᠴᠢᠯᠡᠬᠦ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ | ᠪᠠ ᠬᠤᠲᠠ ᠶᠢᠨ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠭᠡᠭᠰᠢᠯᠡᠭᠦᠯᠪᠡ᠃ ᠪᠣᠳᠠᠲᠠᠶ ᠠᠷᠭ᠎ᠠ ᠬᠡᠮᠵᠢᠶ᠎ᠡ ᠨᠢ | ᠳᠣᠤᠷᠠᠬᠢ ᠮᠡᠲᠦ᠄ ᠨᠢᠭᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ | ᠠᠬᠢᠭᠤᠯᠤᠨ᠎ᠠ᠃ ᠲᠠᠷᠢᠶᠠᠯᠠᠩ ᠤᠨ ᠲᠣᠯᠣᠭᠠᠶᠢᠯᠠᠭᠴᠢ ᠠᠵᠤ ᠠᠬᠤᠶᠢᠯᠠᠯ 13᠂ ᠬᠤᠷᠰᠢᠶ᠎ᠠ 46᠂ ᠭᠡᠷ ᠪᠦᠯᠢ ᠶᠢᠨ | ᠲᠠᠷᠢᠶᠠᠯᠠᠩ ᠮᠠᠯᠵᠢᠯ ᠤᠨ ᠲᠠᠯᠠᠪᠠᠢ 24᠂ ᠵᠠᠯᠠᠨ ᠪᠠᠶᠢᠰᠢᠩ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ | ᠭᠤᠷᠪᠠᠨ ᠪᠠᠶᠢᠰᠢᠩ ᠤᠨ ᠬᠡᠦᠬᠡᠳ ᠤᠨ ᠴᠡᠩᠭᠡᠯ ᠤᠨ ᠬᠦᠷᠢᠶᠡᠯᠡᠩ ᠵᠡᠷᠭᠡ ᠣᠨᠴᠠᠯᠢᠭᠲᠤ ᠲᠥᠷᠥᠯ ᠵᠦᠢᠯ ᠤᠨ | ᠬᠥᠭᠵᠢᠶᠡᠨᠲᠦ ᠡᠵᠡᠩᠨᠡᠯᠲᠡ᠂ ᠲᠤᠰᠬᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠠᠵᠢᠯ ᠢ ᠡᠬᠢᠯᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠪᠠ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠭᠤᠣᠯ ᠴᠣᠭᠴᠠ ᠶᠢᠨ ᠣᠷᠣᠯᠭ᠎ᠠ ᠦᠷᠭᠦᠯᠵᠢᠯᠡᠨ ᠨᠡᠮᠡᠭᠳᠡᠪᠡ᠃ ᠢᠮᠠᠭᠠᠲᠤ ᠤᠢ ᠰᠢᠭᠤᠢ ᠶᠢᠨ | ᠴᠡᠴᠡᠷᠯᠢᠭ ᠤᠨ ᠵᠠᠮ ᠢ ᠥᠭᠡᠷᠡᠴᠢᠯᠡᠨ ᠵᠠᠰᠠᠬᠤ᠂ ᠱᠧᠩ ᠱᠦᠢ ᠯᠢᠶᠠᠩ ᠤᠨ ᠬᠤᠪᠢᠰᠬᠠᠯᠲᠤ ᠠᠮᠢ ᠠᠬᠤᠢ ᠶᠢᠨ | ᠵᠢᠭᠤᠯᠴᠢᠯᠠᠯ ᠤᠨ ᠵᠠᠰᠠᠮᠠᠯ ᠵᠠᠮ ᠢ ᠥᠭᠡᠷᠡᠴᠢᠯᠡᠨ ᠵᠠᠰᠠᠬᠤ ᠠᠵᠢᠯ ᠢ ᠲᠣᠭᠲᠠᠭᠰᠠᠨ ᠬᠤᠭᠤᠴᠠᠭᠠᠨ ᠳᠤ ᠳᠠᠭᠤᠰᠬᠠᠪᠠ᠃ | ᠪᠤᠷᠤᠬᠤᠰᠢᠭᠤ ᠪᠠᠯᠭᠠᠰᠤᠨ ᠤ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢᠨ ᠠᠵᠢᠯ ᠢ | ᠤᠷᠤᠭᠰᠢᠲᠠᠶ ᠳᠠᠭᠤᠰᠬᠠᠵᠤ᠂ ᠬᠠᠷᠠᠴᠢᠨ ᠲᠣᠰᠬᠤᠨ ᠵᠡᠷᠭᠡ 7 ᠬᠡᠷᠡᠭᠯᠡᠬᠡᠨ ᠤ ᠤᠰᠣᠨ ᠤ ᠠᠮᠤᠷ ᠲᠦᠪᠰᠢᠨ ᠢ | ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ | ᠤᠰᠤ ᠶᠢ ᠵᠠᠰᠠᠬᠤ ᠨᠣᠷᠮ᠎ᠠ ᠶᠢ 100% ᠳᠤ ᠬᠦᠷᠦᠭᠦᠯᠵᠦ᠂ ᠤᠰᠤ ᠬᠠᠩᠭᠠᠬᠤ ᠤᠰᠤ ᠲᠠᠲᠠᠷᠠᠭᠤᠯᠬᠤ ᠶᠢ ᠨᠢᠭᠡ | ᠴᠣᠠᠠᠴᠠᠵᠢᠭᠤᠯᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ ᠬᠥᠳᠡᠭᠡ ᠲᠣᠰᠬᠤᠨ ᠤ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ | 301 ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠵᠤ᠂ 72.5 ᠲᠦᠮᠡᠨ ᠲᠡᠭᠰᠢ ᠳᠥᠷᠪᠡᠯᠵᠢᠨ ᠮᠧᠲᠷ | ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠬᠢᠵᠦ᠂ 18 ᠵᠠᠰᠠᠭ ᠵᠠᠬᠢᠷᠭᠠᠨ ᠤ ᠲᠣᠰᠬᠤᠨ ᠤ ᠵᠡᠭᠡᠯᠢ | ᠳᠠᠭᠠᠤ ᠶᠢᠨ ᠨᠣᠭᠤᠭᠠᠷᠠᠭᠤᠯᠤᠯᠲᠠ ᠶᠢ ᠲᠠᠰ ᠳᠡᠪᠰᠢᠭᠦᠯᠦᠨ ᠥᠭᠡᠷᠡᠴᠢᠯᠡᠨ ᠰᠠᠶᠢᠵᠢᠷᠠᠭᠤᠯᠵᠤ᠂ 35 ᠮᠥ ᠰᠢᠶᠠᠩ | ᠪᠠᠯᠭᠠᠰᠤᠨ ᠳᠤ ᠴᠠᠷᠳᠠᠮᠠᠯ ᠵᠠᠮ ᠨᠡᠪᠲᠡᠷᠡᠭᠦᠯᠵᠦ᠂ 24 ᠵᠠᠰᠠᠭ ᠵᠠᠬᠢᠷᠭᠠᠨ ᠤ ᠲᠣᠰᠬᠤᠨ ᠳᠤ ᠴᠠᠷᠳᠠᠮᠠᠯ ᠵᠠᠮ | ᠨᠡᠪᠲᠡᠷᠡᠭᠦᠯᠵᠦ᠂ ᠲᠡᠷᠭᠡ ᠨᠡᠪᠲᠡᠷᠡᠭᠰᠡᠨ ᠨᠣᠷᠮ᠎ᠠ ᠶᠢ 100% ᠳᠤ ᠬᠦᠷᠦᠭᠦᠯᠵᠦ᠂ ᠬᠥᠳᠡᠭᠡ ᠲᠣᠰᠬᠤᠨ ᠤ ᠳᠦᠷᠰᠦ | ᠪᠠᠶᠢᠳᠠᠯ ᠢ ᠰᠢᠨ᠎ᠡ ᠪᠠᠷ ᠳᠡᠭᠡᠭᠰᠢᠯᠡᠭᠦᠯᠬᠦ ᠶᠢ ᠪᠡᠶᠡᠯᠡᠭᠦᠯᠪᠡ᠃ ᠰᠣᠶᠣᠯ ᠤᠨ ᠨᠠᠶᠢᠷ᠂ ᠲᠠᠷᠢᠶᠠᠴᠢᠳ ᠤᠨ ᠡᠯᠪᠡᠭ | ᠬᠤᠷᠢᠶᠠᠯᠲᠠ ᠶᠢᠨ ᠪᠠᠶᠠᠷ ᠵᠡᠷᠭᠡ ᠣᠨᠴᠠᠯᠢᠭᠲᠤ ᠪᠠᠶᠠᠷ ᠤᠨ ᠡᠳᠦᠷ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ | ᠪᠤᠷᠤᠬᠤᠰᠢᠭᠤ ᠪᠠᠯᠭᠠᠰᠤ ᠶᠢ ᠬᠤᠳᠠ ᠶᠢᠨ ᠲᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠪᠠᠯᠭᠠᠰᠤ ᠪᠣᠯᠭᠠᠨ ᠡᠭᠦᠳᠦᠨ ᠪᠠᠶᠢᠭᠤᠯᠵᠤ᠂ ᠣᠪᠤᠭ᠎ᠠ ᠲᠣᠰᠬᠤᠨ ᠥᠪᠡᠷᠲᠡᠭᠡᠨ ᠵᠠᠰᠠᠬᠤ ᠣᠷᠣᠨ ᠤ | ᠲᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠳᠤ ᠰᠣᠩᠭᠤᠭᠳᠠᠪᠠ | ᠃ ᠬᠤᠶᠠᠷ ᠲᠤ᠂ ᠬᠤᠲᠠ ᠶᠢᠨ ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠪᠠ᠃ ᠬᠤᠲᠠ ᠬᠥᠳᠡᠭᠡ ᠶᠢᠨ | ᠬᠥᠭᠵᠢᠯᠲᠡ ᠶᠢᠨ ᠣᠷᠣᠨ ᠵᠠᠶ ᠦᠷᠭᠦᠯᠵᠢᠯᠡᠨ ᠰᠢᠯᠢᠳᠡᠭᠵᠢᠵᠦ᠂ 18 ᠵᠤᠷᠪᠤᠰ ᠵᠠᠮ ᠢ ᠰᠢᠨ᠎ᠡ ᠪᠠᠷ ᠦᠷᠭᠦᠯᠵᠢᠯᠡᠨ | ᠪᠠᠶᠢᠭᠤᠯᠵᠤ᠂ 12 ᠵᠤᠷᠪᠤᠰ ᠮᠤᠬᠤᠷ ᠵᠠᠮ ᠢ ᠨᠡᠪᠲᠡᠷᠡᠭᠦᠯᠵᠦ᠂ 40 ᠵᠤᠷᠪᠤᠰ ᠵᠡᠭᠡᠯᠢ ᠶᠢᠨ ᠵᠢᠵᠢᠭ ᠭᠤᠳᠤᠮᠵᠢ ᠶᠢ | ᠥᠭᠡᠷᠡᠴᠢᠯᠡᠨ ᠵᠠᠰᠠᠵᠤ᠂ ᠬᠤᠲᠠ ᠶᠢᠨ ᠵᠠᠮ ᠬᠠᠷᠢᠯᠴᠠᠭᠠᠨ ᠤ ᠲᠣᠣᠷ ᠤᠯᠠᠮ ᠨᠢᠭᠡ ᠠᠯᠬᠤᠮ ᠰᠠᠭᠠᠳ ᠦᠭᠡᠢ | ᠨᠡᠪᠲᠡᠷᠡᠭᠦᠯᠪᠡ᠃ 70 ᠬᠠᠷᠮᠠᠨ ᠴᠡᠴᠡᠷᠯᠢᠭ᠂ 50 ᠺᠢᠯᠣᠮᠧᠲᠷ ᠤᠨ ᠨᠣᠭᠤᠭᠠᠨ ᠵᠠᠮ ᠢ ᠰᠢᠨ᠎ᠡ ᠪᠠᠷ ᠥᠭᠡᠷᠡᠴᠢᠯᠡᠨ | ᠥᠷᠭᠡᠳᠬᠡᠨ ᠪᠠᠶᠢᠭᠤᠯᠵᠤ᠂ ᠦᠵᠡᠰᠬᠦᠯᠡᠩᠲᠦ ᠰᠠᠶᠢᠬᠠᠨ ᠵᠡᠭᠡᠯᠢ ᠶᠢᠨ ᠥᠨᠴᠥᠭ 200 ᠭᠠᠷᠤᠶ ᠭᠠᠵᠠᠷ ᠢ ᠪᠥᠲᠥᠭᠡᠨ | ᠪᠠᠶᠢᠭᠤᠯᠤᠨ ᠳᠡᠭᠡᠭᠰᠢᠯᠡᠭᠦᠯᠵᠦ᠂ 5626 ᠪᠣᠳᠠ ᠮᠣᠳᠣ ᠶᠢ ᠰᠢᠨ᠎ᠡ ᠪᠠᠷ ᠳᠠᠷᠢᠵᠤ᠂ ᠨᠥᠬᠦᠵᠦ ᠲᠠᠷᠢᠪᠠ᠃ ᠡᠨᠡ ᠵᠢᠯ | 42 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ᠂ 47 ︽ᠤᠰᠤ ᠢᠳᠡᠬᠦ ᠳᠤ | ᠬᠦᠴᠢᠷ︾ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠦ᠂ ᠬᠤᠲᠠ ᠶᠢᠨ | ᠲᠣᠭᠤᠷᠢᠭ ᠤᠨ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠣᠬᠢᠷᠠᠭᠤᠯᠤᠯᠲᠠ ᠶᠢ | ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠢᠷᠢ ᠲᠦᠪᠰᠢᠨ ᠢ | ᠢᠯᠡᠳᠲᠡ ᠳᠡᠭᠡᠭᠰᠢᠯᠡᠭᠦᠯᠪᠡ᠃ ᠭᠤᠷᠪᠠ ᠳᠤ᠂ ᠬᠤᠲᠠ ᠬᠥᠳᠡᠭᠡ ᠶᠢᠨ ᠬᠠᠮᠢᠶᠠᠷᠤᠯᠲᠠ ᠤᠯᠠᠮ ᠨᠠᠷᠢᠯᠢᠭ ᠪᠣᠯᠪᠠ᠃ | ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠵᠠᠮ | ᠬᠠᠷᠢᠯᠴᠠᠭᠠᠨ ᠤ ᠬᠠᠮᠢᠶᠠᠷᠤᠯᠲᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠶᠢ ᠭᠦᠨᠵᠡᠭᠡᠶ ᠥᠷᠨᠢᠭᠦᠯᠪᠡ᠃ ᠠᠢ ᠮᠢᠨ ᠵᠡᠭᠡᠯᠢ᠂ ᠵᠠᠨ ᠳ᠋ᠥᠩ ᠵᠠᠮ ᠤᠨ ᠬᠤᠶᠢᠲᠤ ᠬᠡᠰᠡᠭ ᠵᠡᠷᠭᠡ 8 | ᠵᠤᠷᠪᠤᠰ ᠵᠠᠮ ᠤᠨ ᠵᠡᠭᠡᠯᠢ ᠶᠢᠨ ᠦᠵᠡᠮᠵᠢ ᠶᠢ ᠴᠡᠭᠴᠡᠯᠡᠨ ᠵᠠᠰᠠᠬᠤ ᠶᠢ ᠪᠡᠶᠡᠯᠡᠭᠦᠯᠵᠦ᠂ ᠵᠦᠩ ᠱᠠᠨ ᠵᠡᠭᠦᠨ ᠵᠠᠮ᠂ | ᠰᠢᠯᠢ ᠶᠢᠨ ᠬᠤᠶᠢᠲᠤ ᠵᠠᠮ ᠵᠡᠷᠭᠡ 44 ᠴᠡᠭ ᠤᠨ ᠵᠡᠭᠡᠯᠢ ᠶᠢᠨ ᠦᠵᠡᠮᠵᠢ ᠶᠢ ᠭᠡᠷᠡᠯᠲᠦᠭᠦᠯᠬᠦ ᠶᠢ ᠬᠡᠷᠡᠭᠵᠢᠭᠦᠯᠵᠦ᠂ | ᠨᠢᠭᠡ ᠵᠡᠭᠡᠯᠢ ᠨᠢᠭᠡ ᠦᠵᠡᠮᠵᠢ ᠶᠢᠨ ᠦᠷ᠎ᠡ ᠪᠦᠲᠦᠮᠵᠢ ᠠᠩᠬ᠎ᠠ ᠢᠯᠡᠷᠡᠪᠡ᠃ ᠬᠥᠬᠡᠬᠤᠲᠠ ᠥᠷᠲᠡᠭᠡ ᠶᠢᠨ ᠪᠣᠰᠤᠭ᠎ᠠ | ᠴᠣᠭᠴᠠᠲᠤ ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠵᠤ᠂ 55 ᠲᠡᠷᠭᠡᠨ ᠵᠣᠭᠰᠣᠭᠠᠯ ᠢ ᠰᠢᠨ᠎ᠡ ᠪᠠᠷ | ᠥᠭᠡᠷᠡᠴᠢᠯᠡᠨ ᠥᠷᠭᠡᠳᠬᠡᠨ ᠪᠠᠶᠢᠭᠤᠯᠵᠤ᠂ ᠲᠡᠷᠭᠡ ᠵᠣᠭᠰᠣᠬᠤ ᠵᠣᠭᠰᠣᠭᠠᠯ ᠢ 5991 ᠨᠡᠮᠡᠭᠳᠡᠭᠦᠯᠵᠦ᠂ 2100 | ᠴᠠᠬᠢᠯᠭᠠᠨ ᠴᠡᠨᠡᠭᠯᠡᠬᠦ ᠪᠠᠭᠠᠨ᠎ᠠ ᠶᠢ ᠪᠠᠶᠢᠭᠤᠯᠤᠨ ᠪᠦᠲᠦᠭᠡᠵᠦ᠂ ᠲᠦᠷᠢᠶᠡᠰᠦᠯᠡᠬᠦ ᠪᠠ ᠪᠣᠷᠣᠯᠠᠭᠤᠯᠬᠤ ᠶᠢ ᠵᠡᠷᠭᠡ ᠪᠠᠷ | ᠴᠢᠬᠤᠯᠠᠴᠢᠯᠠᠭᠰᠠᠨ᠂ ᠴᠠᠭ ᠵᠥᠷᠢᠭᠦᠯᠦᠨ ᠬᠠᠮᠲᠤ ᠪᠠᠷ ᠡᠳ᠋ᠯᠡᠵᠦ ᠲᠡᠷᠭᠡᠨ ᠵᠣᠭᠰᠣᠭᠠᠯ ᠢ 1.8 ᠲᠦᠮᠡ ᠪᠣᠯᠭᠠᠪᠠ᠃ | 17 ᠬᠤᠭ ᠨᠣᠪᠰᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢ ᠡᠮᠬᠢᠯᠡᠨ ᠨᠡᠶᠢᠯᠡᠭᠦᠯᠵᠦ ᠲᠠᠰ ᠳᠡᠪᠰᠢᠭᠦᠯᠦᠨ | ᠥᠭᠡᠷᠡᠴᠢᠯᠡᠵᠦ᠂ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶᠢᠳᠡᠭᠦᠯᠦᠨ | ᠰᠢᠶ᠋ᠳᠪᠦᠷᠢᠯᠡᠬᠦ ᠨᠣᠷᠮ᠎ᠠ ᠶᠢ 100% ᠳᠤ ᠬᠦᠷᠦᠭᠦᠯᠦᠨ᠎ᠡ᠃ ᠲᠤᠰᠬᠠᠶᠢᠵᠢᠭᠰᠠᠨ ᠠᠳᠠᠯ ᠠᠬᠤᠶ ᠶᠢᠨ | ᠬᠠᠮᠢᠶᠠᠷᠤᠯᠲᠠ ᠶᠢᠨ ᠵᠢᠵᠢᠭ ᠲᠣᠭᠤᠷᠢᠭ 627 ᠬᠦᠷᠴᠦ᠂ ᠬᠠᠮᠢᠶᠠᠷᠬᠤ ᠬᠥᠮᠦᠨ ᠥᠬᠡᠶ ᠵᠢᠵᠢᠭ ᠲᠣᠭᠤᠷᠢᠭ ᠢ | ᠬᠥᠳᠡᠯᠦᠩᠭᠦᠶ ᠪᠠᠷ ᠦᠭᠡᠶᠢᠰᠬᠡᠬᠦ ᠶᠢ ᠪᠡᠶᠡᠯᠡᠭᠦᠯᠪᠡ᠃ 10 ᠲᠣᠭᠤᠷᠢᠭ ᠲᠤ ᠪᠠᠶᠢᠭᠤᠯᠤᠭᠰᠠᠨ ᠲᠠᠪᠴᠠᠩ ᠤᠨ ᠲᠤᠭ᠎ᠠ | ᠪᠠᠷᠢᠮᠲᠠ ᠨᠢ ᠯᠢᠶᠠᠨ ᠲᠦᠩ ᠡᠭᠦᠯᠡᠨ ᠲᠠᠪᠴᠠᠩ ᠳᠤ ᠰᠢᠯᠵᠢᠵᠦ᠂ ᠭᠤᠷᠪᠠᠨ ᠬᠡᠮᠵᠢᠯᠳᠦ ᠬᠤᠲᠠ ᠶᠢᠨ ᠲᠤᠭ᠎ᠠ | ᠪᠠᠷᠢᠮᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠬᠤᠲᠠ ᠶᠢᠨ ᠤᠶᠤᠨᠴᠢᠯᠠᠭᠰᠠᠨ | ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | | ᠬᠦᠲᠦᠯᠦᠭᠴᠢ᠄ | ᠰᠢᠨ᠎ᠡ ᠬᠤᠲᠠ ᠲᠣᠭᠤᠷᠢᠭ ᠤᠨ ᠠᠵᠤ ᠦᠢᠯᠡᠰ ᠤᠨ ᠪᠣᠬᠢᠷᠲᠤᠯ ᠥᠬᠡᠶ ᠬᠥᠭᠵᠢᠯᠲᠡ ᠨᠢ ᠪᠠᠰᠠ ᠬᠡᠯᠪᠡᠷᠢ ᠪᠠᠨ | ᠬᠤᠪᠢᠷᠠᠭᠤᠯᠬᠤ ᠱᠠᠲᠤᠨ ᠳᠤ ᠪᠠᠶᠢᠨ᠎ᠠ᠂ ᠬᠡᠯᠪᠡᠷᠢ ᠪᠠᠨ ᠬᠤᠪᠢᠷᠠᠭᠤᠯᠬᠤ ᠣᠶᠢᠯᠠᠭᠠᠭᠳᠠᠬᠤᠨ ᠨᠢ ᠶᠠᠭᠤ ᠪᠣᠶ︖ | ᠣᠳᠣ ᠶᠢᠨ ᠠᠷᠭ᠎ᠠ ᠬᠡᠮᠵᠢᠶ᠎ᠡ ᠨᠢ ᠶᠠᠮᠠᠷ ᠶᠠᠮᠠᠷ ᠪᠠᠶᠢᠳᠠᠭ ᠪᠤᠢ︖ | | ᠹᠧᠩ ᠶᠦᠨ ᠹᠧᠩ: | ᠣᠶᠢᠷ᠎ᠠ ᠶᠢᠨ ᠵᠢᠯ ᠤᠳ ᠲᠤ᠂ ᠰᠢᠨ᠎ᠡ ᠬᠤᠲᠠ ᠲᠣᠭᠤᠷᠢᠭ ᠤᠨ ᠬᠢᠨ ᠠᠵᠤ ᠠᠬᠤᠶ ᠨᠡᠶᠢᠭᠡᠮ ᠤᠨ | ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠨᠢᠭᠡᠳᠦᠯᠲᠡᠶ ᠲᠥᠯᠥᠪᠯᠡᠵᠦ᠂ ᠪᠣᠬᠢᠷᠲᠤᠯ ᠥᠬᠡᠶ ᠠᠵᠤ ᠦᠢᠯᠡᠰ ᠤᠨ | ᠪᠦᠲᠦᠴᠡ ᠶᠢᠨ ᠬᠡᠯᠪᠡᠷᠢ ᠪᠠᠨ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠲᠠᠷᠢᠶᠠᠯᠠᠩ ᠢ ᠠᠯᠬᠤᠮ ᠠᠯᠬᠤᠮ ᠢᠶᠠᠷ | ᠬᠤᠲᠠ ᠶᠢᠨ ᠲᠠᠷᠢᠶᠠᠯᠠᠩ᠂ ᠠᠮᠢ ᠠᠬᠤᠶ ᠶᠢᠨ ᠲᠠᠷᠢᠶᠠᠯᠠᠩ ᠳᠠᠰᠢ ᠬᠤᠪᠢᠷᠠᠭᠤᠯᠵᠤ᠂ ᠠᠵᠤ ᠦᠢᠯᠡᠳᠪᠦᠷᠢ ᠶᠢ | ᠠᠯᠬᠤᠮ ᠠᠯᠬᠤᠮ ᠢᠶᠠᠷ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ ᠣᠲᠣ ᠦᠶ᠎ᠡ ᠶᠢᠨ ᠦᠢᠯᠡᠳᠬᠦ ᠦᠢᠯᠡᠰ | ᠪᠣᠯᠭᠠᠨ ᠬᠤᠪᠢᠷᠠᠭᠤᠯᠵᠤ᠂ ᠦᠢᠯᠡᠴᠢᠯᠡᠭᠡᠨ ᠤ ᠦᠢᠯᠡᠰ ᠢ ᠠᠯᠬᠤᠮ ᠠᠯᠬᠤᠮ ᠢᠶᠠᠷ ᠣᠲᠣ ᠦᠶ᠎ᠡ ᠶᠢᠨ | ᠦᠢᠯᠡᠴᠢᠯᠡᠭᠡᠨ ᠤ ᠦᠢᠯᠡᠰ ᠪᠣᠯᠭᠠᠨ ᠬᠤᠪᠢᠷᠠᠭᠤᠯᠪᠠ᠃ ᠪᠣᠳᠠᠲᠠᠶ ᠠᠷᠭ᠎ᠠ ᠬᠡᠮᠵᠢᠶ᠎ᠡ ᠨᠢ ᠳᠣᠤᠷᠠᠬᠢ ᠮᠡᠲᠦ᠄ ︵ᠨᠢᠭᠡ︶ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠢ ᠢᠯᠡᠳᠲᠡ ᠦᠷ᠎ᠡ ᠪᠦᠲᠦᠮᠵᠢ ᠣᠯᠪᠠ᠃ ᠰᠢᠨᠵᠢᠯᠡᠬᠦ | ᠤᠬᠠᠭᠠᠨ ᠮᠡᠷᠭᠡᠵᠢᠯ ᠤᠨ ᠬᠤᠲᠠ ᠨᠢ ︽1 + 3︾ ᠠᠵᠤ ᠦᠢᠯᠡᠰ ᠤᠨ ᠪᠠᠢᠷᠢᠯᠠᠭᠤᠯᠤᠯᠲᠠ ᠶᠢᠨ ᠲᠣᠭᠤᠷᠢᠨ ᠳᠤ᠂ | ᠳᠡᠭᠡᠳᠦ ᠨᠠᠷᠢᠯᠢᠭ ᠰᠢᠯᠢᠳᠡᠭ ᠠᠵᠤ ᠦᠢᠯᠡᠰ ᠤᠨ ᠰᠢᠨ᠎ᠡ ᠬᠥᠳᠡᠯᠭᠡᠬᠦ ᠬᠦᠴᠦᠨ ᠢ ᠳᠤᠪᠤᠶᠢᠮ᠎ᠠ ᠪᠤᠶᠢᠵᠢᠭᠤᠯᠵᠣ᠂ | ᠣᠳᠣᠬᠠᠨ ᠳᠤ ᠥᠪᠥᠷ ᠮᠣᠩᠭᠤᠯ ᠤᠨ ᠣᠷᠣᠨ ᠪᠦᠰᠡ ᠶᠢᠨ ᠶᠡᠷᠦᠩᠬᠡᠢ ᠬᠡᠯᠲᠡᠰ᠂ ᠰᠠᠨᠰᠠᠷ ᠤᠨ ᠠᠶᠠᠯᠠᠯ ᠤᠨ | ᠵᠢᠷᠭᠤᠳᠤᠭᠠᠷ ᠬᠦᠷᠢᠶᠡᠯᠡᠩ ᠤᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠳᠤᠮᠳᠠᠳᠤ ᠤᠯᠤᠰ ᠤᠨ ᠴᠢᠯᠠᠭᠤᠨ | ᠲᠣᠰᠣᠨ ᠤ ᠬᠢᠮᠢ ᠶᠢᠨ ᠰᠢᠨ᠎ᠡ ᠡᠨᠧᠷᠭᠢ ᠶᠢᠨ ᠤᠮᠠᠷᠠᠲᠤ ᠶᠢᠨ ᠰᠤᠳᠤᠯᠬᠤ ᠲᠥᠪ ᠵᠡᠷᠭᠡ ᠪᠠᠷ ᠲᠥᠯᠦᠭᠡᠯᠡᠭᠦᠯᠦᠭᠰᠡᠨ | ᠴᠢᠳᠠᠮᠵᠢ ᠶᠢᠨ ᠬᠡᠯᠪᠡᠷᠢ᠂ ᠣᠷᠣᠨ ᠪᠦᠰᠡ ᠶᠢᠨ ᠶᠡᠷᠦᠩᠬᠡᠢ ᠬᠡᠯᠲᠡᠰ ᠨᠢ ᠵᠠᠯᠭᠠᠭ᠎ᠠ ᠪᠠᠷ ᠠᠰᠢᠭᠯᠠᠯᠲᠠ ᠳᠤ ᠣᠷᠣᠪᠠ᠃ | ᠵᠡᠬᠦᠨ ᠠᠶᠠᠨᠴᠢᠨ ᠤ ᠲᠡᠷᠭᠡᠨ ᠥᠷᠲᠡᠭᠡᠨ ᠤ ᠡᠮᠦᠨ᠎ᠡ ᠠᠭᠤᠳᠠᠮ ᠲᠠᠯᠠᠪᠠᠢ ᠵᠡᠷᠭᠡ 30 ᠲᠦᠮᠡᠨ ᠲᠡᠭᠰᠢ ᠳᠥᠷᠪᠡᠯᠵᠢᠨ | ᠮᠧᠲᠷ ᠰᠤᠯᠠ ᠪᠠᠶᠢᠭ᠎ᠠ ᠠᠰᠠᠷ ᠢ ᠠᠮᠢᠯᠠᠭᠤᠯᠵᠤ᠂ ᠮᠧᠩ ᠨᠢᠦ᠋ ᠰᠦ ᠶᠢᠨ ᠠᠵᠤ ᠦᠢᠯᠡᠰ ᠤᠨ ᠬᠡᠯᠬᠢᠶ᠎ᠡ ᠶᠢᠨ ᠲᠣᠮᠣ | ᠠᠰᠠᠷ᠂ ᠬᠥᠬᠡᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ | ᠪᠡᠭᠡᠵᠢᠩ ᠤᠨ ᠱᠢ ᠹᠧᠩ ᠰᠢᠨᠵᠢᠯᠡᠬᠦ ᠤᠬᠠᠭᠠᠨ ᠮᠡᠷᠭᠡᠵᠢᠯ᠂ ᠤᠯᠤᠰ ᠤᠨ ᠬᠤᠯᠪᠣᠭᠠᠨ ᠤ ᠬᠤᠪᠢ ᠣᠷᠣᠭᠤᠯᠤᠭᠰᠠᠨ | ᠵᠡᠷᠭᠡ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠲᠦᠷᠭᠡᠨ ᠲᠥᠪᠯᠡᠷᠡᠪᠡ᠃ ︽ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠰᠢᠨ᠎ᠡ ᠬᠤᠲᠠ︾ ᠶᠢᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠭᠦᠨᠵᠡᠭᠡᠶ | ᠠᠬᠢᠭᠤᠯᠵᠤ᠂ ᠥᠪᠥᠷ ᠮᠣᠩᠭᠤᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠤᠳᠤᠯᠭᠠᠨ ᠤ ᠲᠥᠪ ᠵᠡᠷᠭᠡ ᠢ | ᠪᠠᠶᠢᠭᠤᠯᠪᠠ᠃ ᠬᠦᠴᠦᠨ ᠪᠦᠬᠦᠢ ᠡᠭᠦᠳᠦᠯᠲᠡ ᠶᠢᠨ ᠲᠤᠰᠬᠠᠢ ᠠᠰᠢᠭ ᠤᠨ ᠶᠡᠷᠦᠩᠬᠡᠢ ᠬᠡᠮᠵᠢᠶ᠎ᠡ ᠨᠡᠶᠢᠲᠡ 896 | ᠬᠤᠪᠢ ᠳᠤ ᠬᠦᠷᠴᠦ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠪᠦᠬᠦ ᠲᠤᠭ᠎ᠠ 1.6 ᠳ᠋ᠦᠩᠰᠢᠭᠤᠷ | ᠲᠦᠭᠦᠷᠢᠭ ᠲᠤ ᠬᠦᠷᠪᠡ᠃ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ 29᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 36᠂ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ 10 ᠶᠢ ᠮᠠᠭᠠᠳᠯᠠᠨ | ᠲᠣᠭᠲᠠᠭᠠᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠳᠤ ᠣᠷᠣᠵᠤ ᠰᠠᠭᠤᠭᠰᠠᠨ ᠠᠵᠤ ᠠᠬᠤᠶᠢᠯᠠᠯ 313 | ᠪᠣᠯᠵᠣ᠂ ᠡᠵᠡᠩᠨᠡᠯᠲᠡ ᠶᠢᠨ ᠣᠷᠣᠯᠭ᠎ᠠ 38 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠶ ᠬᠡᠯᠲᠡᠰ ᠤᠨ ᠠᠵᠤ | ᠠᠬᠤᠶ ᠪᠠ ᠲᠣᠭᠠᠴᠢᠯᠠᠭᠰᠠᠨ ᠠᠵᠤ ᠦᠢᠯᠡᠰ ᠨᠢ ᠨᠢᠭᠡᠨᠲᠡ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠢᠨ᠎ᠡ | ᠬᠥᠳᠡᠯᠭᠡᠭᠦᠷ ᠪᠣᠯᠤᠭᠰᠠᠨ ᠪᠠᠶᠢᠨ᠎ᠠ᠃ ︵ᠬᠤᠶᠠᠷ︶ ᠣᠨᠴᠠᠯᠢᠭᠲᠤ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠦᠨ᠎ᠡ᠃ ᠳᠠᠪᠠᠭᠤᠯᠢᠭ ᠣᠨᠴᠠᠯᠢᠭᠲᠤ ᠠᠮᠢ ᠠᠬᠤᠶ ᠶᠢᠨ ᠲᠠᠷᠢᠶᠠᠯᠠᠩ ᠢ | ᠭᠦᠨᠵᠡᠭᠡᠶᠢᠷᠡᠭᠦᠯᠵᠦ᠂ ᠳᠠᠪᠠᠭᠤᠯᠢᠭ ᠠᠵᠤ ᠦᠢᠯᠡᠰ ᠢ ᠲᠠᠰᠤᠷᠠᠯᠲᠠ ᠦᠭᠡᠢ ᠥᠷᠭᠡᠳᠬᠡᠨ᠎ᠡ᠃ ᠵᠣᠬᠢᠶᠠᠨ ᠪᠠᠶᠢᠭᠤᠯᠵᠤ | ᠬᠥᠲᠥᠯᠥᠨ ᠳᠠᠭᠠᠭᠤᠯᠬᠤ᠂ ᠮᠡᠷᠭᠡᠵᠢᠯ ᠤᠨ ᠦᠢᠯᠡᠴᠢᠯᠡᠭᠡ᠂ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠠᠷ ᠭᠤᠣᠯ | ᠭᠠᠷᠳᠠᠴᠠ ᠪᠣᠯᠭᠠᠵᠤ᠂ ᠰᠢᠨ᠎ᠡ ᠬᠤᠳᠠ ᠲᠣᠭᠤᠷᠢᠭ ᠤᠨ ᠠᠮᠢ ᠠᠬᠤᠶ ᠶᠢᠨ ᠲᠠᠷᠢᠶᠠᠯᠠᠩ ᠳᠤ ︽ᠦᠢᠯᠡᠳᠪᠦᠷᠢᠯᠡᠯ ᠤᠨ | ᠡᠮᠦᠨ᠎ᠡ + ᠦᠢᠯᠡᠳᠪᠦᠷᠢᠯᠡᠯ ᠤᠨ ᠳᠤᠮᠳᠠ + ᠦᠢᠯᠡᠳᠪᠦᠷᠢᠯᠡᠯ ᠤᠨ ᠳᠠᠷᠠᠭᠠᠬᠢ︾ ᠪᠦᠬᠦ ᠬᠡᠯᠬᠢᠶᠡᠨ ᠤ ᠦᠢᠯᠡᠴᠢᠯᠡᠭᠡ | ᠬᠠᠩᠭᠠᠨ᠎ᠠ᠃ ᠡᠷᠳᠡᠨᠢ ᠰᠢᠰᠢ᠂ ᠭᠦᠵᠡᠯᠵᠡᠭᠡᠨ᠎ᠡ᠂ ᠢᠩᠲᠤᠤᠷ᠂ ᠮᠥᠬᠦ᠂ ᠵᠡᠷᠭᠡ ᠡᠯ᠎ᠡ ᠵᠦᠢᠯ ᠤᠨ ᠨᠣᠭᠤᠭ᠎ᠠ | ᠵᠢᠮᠢᠰᠶᠢ ᠶᠡᠬᠡᠪᠡᠷ ᠪᠤᠶᠢᠵᠢᠭᠤᠯᠵᠤ᠂ ︽1+N︾ ᠠᠵᠢᠯ ᠤᠨ ᠵᠠᠭᠪᠤᠷ ᠢ ᠬᠡᠷᠡᠭᠵᠢᠭᠦᠯᠦᠨ᠎ᠡ᠃ ᠲᠤᠬᠠᠶᠢᠯᠠᠪᠠᠯ ᠨᠢᠭᠡ | ᠲᠠᠷᠢᠶᠠᠯᠠᠩ ᠤᠨ ᠮᠡᠷᠭᠡᠵᠢᠯ ᠤᠨ ᠲᠤᠰᠬᠠᠢ ᠮᠡᠷᠭᠡᠵᠢᠯ ᠤᠨ ᠠᠵᠢᠯᠲᠠᠨ + ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ | ᠣᠨᠴᠠ ᠲᠣᠮᠢᠯᠠᠭᠳᠠᠭᠰᠠᠳ ᠲᠠᠷᠢᠶᠠᠯᠠᠩ ᠤᠨ ᠠᠵᠤ ᠦᠢᠯᠡᠰ ᠤᠨ ᠦᠢᠯᠡᠴᠢᠯᠡᠭᠡᠨ ᠤ ᠠᠩᠬᠢ ᠪᠠᠶᠢᠭᠤᠯᠵᠤ᠂ ᠨᠠᠷᠢᠨ | ᠲᠠᠩᠰᠠ ᠭᠠᠷᠭᠠᠵᠤ᠂ ᠠᠰᠠᠭᠤᠳᠠᠯ ᠡᠷᠢᠵᠦ᠂ ᠲᠠᠷᠢᠮᠠᠯ ᠤᠨ ᠡᠷᠦᠬᠡ ᠳᠤ ᠴᠠᠭ ᠲᠤᠬᠠᠢ ᠳᠤᠨᠢ ᠠᠷᠭ᠎ᠠ ᠪᠤᠳᠤᠵᠤ᠂ | ᠲᠤᠯᠭᠠᠭᠤᠷᠢᠯᠠᠬᠤ ᠴᠡᠭ ᠪᠣᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ | + ᠬᠤᠷᠰᠢᠶ᠎ᠠ + ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠵᠠᠭᠪᠤᠷ ᠢ ᠠᠪᠴᠤ᠂ ᠡᠷᠬᠢᠨ ᠲᠣᠭᠤᠷᠢᠨ ᠤ | ᠲᠠᠷᠢᠶᠠᠴᠢᠨ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠵᠢᠷᠤᠮᠵᠢᠭᠤᠯᠤᠨ ᠳᠠᠷᠢᠵᠤ᠂ ᠪᠣᠬᠢᠷᠲᠤᠯ ᠥᠬᠡᠶ | ᠳᠠᠷᠢᠵᠤ ᠤᠷᠭᠤᠭᠤᠯᠤᠨ᠎ᠠ᠃ ᠠᠮᠢ ᠠᠬᠤᠢ ᠶᠢᠨ ᠲᠠᠷᠢᠶᠠᠯᠠᠩ ᠤᠨ ᠠᠵᠤ ᠦᠢᠯᠡᠰ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ ᠰᠢᠢᠳᠪᠦᠷᠢᠯᠡᠬᠦ ᠲᠥᠪ ᠢ | ᠪᠦᠬᠦ ᠲᠠᠯ᠎ᠠ ᠪᠠᠷ ᠲᠡᠰ ᠳᠡᠪᠰᠢᠭᠦᠯᠵᠦ᠂ ᠲᠠᠷᠢᠮᠠᠯ ᠤᠨ ᠬᠦᠷᠢᠶᠡᠯᠡᠩ ᠤᠨ ᠭᠠᠷᠤᠯᠲᠠ ᠪᠠᠨ ᠨᠡᠮᠡᠭᠳᠡᠭᠦᠯᠵᠦ | ᠳᠦᠷᠢᠮ ᠢᠶᠠᠨ ᠥᠷᠭᠡᠳᠬᠡᠨ᠂ ︽ᠨᠢᠭᠡ ᠲᠣᠰᠬᠤᠨ ᠨᠢᠭᠡ ᠪᠦᠲᠦᠭᠡᠭᠳᠡᠬᠦᠨ ᠨᠢᠭᠡ ᠦᠢᠯᠡᠰ︾ ᠤᠨ ᠠᠵᠤ | ᠦᠢᠯᠡᠰ ᠤᠨ ᠪᠠᠶᠢᠷᠢᠰᠢᠯ ᠢ ᠤᠯᠠᠨ ᠶᠠᠩᠵᠤᠴᠢᠯᠠᠨ ᠬᠥᠭᠵᠢᠭᠦᠯᠵᠦ᠂ ᠪᠣᠬᠢᠷᠲᠤᠯ ᠦᠭᠡᠢ ᠲᠠᠷᠢᠶᠠᠯᠠᠩ ᠤᠨ | ᠪᠦᠲᠦᠭᠡᠭᠳᠡᠬᠦᠨ ᠤ ᠭᠡᠷᠡᠴᠢᠯᠡᠯ ᠬᠢᠵᠦ᠂ ᠠᠮᠢ ᠠᠬᠤᠢ ᠶᠢᠨ ᠲᠠᠷᠢᠶᠠᠯᠠᠩ ᠤᠨ ᠠᠵᠤ ᠦᠢᠯᠡᠰ ᠤᠨ ᠳᠠᠪᠠᠭᠤᠯᠢᠭ ᠢ | ᠥᠷᠭᠡᠳᠬᠡᠬᠦ ᠶᠢ ᠪᠡᠶᠡᠯᠡᠭᠦᠯᠦᠨ᠎ᠡ᠃ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ 2᠂ ᠥᠪᠡᠷᠲᠡᠭᠡᠨ ᠵᠠᠰᠠᠬᠤ | ᠣᠷᠣᠨ ᠤ ᠠᠩᠬᠠᠳᠠᠭᠴᠢ ᠬᠦᠷᠡᠩ ᠴᠠᠷᠭᠠᠰᠤ ᠶᠢᠨ ᠠᠮᠢᠳᠤ ᠪᠣᠳᠠᠰ ᠤᠨ ᠠᠮᠤᠷ ᠲᠦᠪᠰᠢᠨ ᠤ ᠦᠨᠡᠯᠡᠯᠲᠡ ᠶᠢᠨ | ᠳᠤᠮᠳᠠᠬᠢ ᠲᠤᠷᠰᠢᠯᠲᠠ ᠶᠢᠨ ᠰᠠᠭᠤᠷᠢᠨ ᠭᠠᠵᠠᠷ ᠢ ᠠᠮᠵᠢᠯᠲᠠ ᠲᠠᠢ ᠪᠠᠷ ᠪᠠᠶᠢᠭᠤᠯᠪᠠ᠃ ᠰᠣᠶᠣᠯ ᠵᠢᠭᠤᠯᠴᠢᠯᠠᠯ ᠤᠨ | ᠠᠵᠤ ᠦᠢᠯᠡᠰ ᠢᠶᠠᠷ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠵᠤ᠂ ᠬᠠᠮᠲᠤ ᠶᠢᠨ | ᠠᠵᠤ ᠠᠬᠤᠢ ᠶᠢᠨ ᠬᠥᠭᠵᠢᠯᠲᠡ ᠶᠢᠨ ᠠᠰᠢᠭ ᠲᠤᠰᠠ ᠶᠢ ᠳᠠᠬᠢᠨ ᠬᠤᠪᠢᠶᠠᠷᠢᠯᠠᠬᠤ᠂ ᠳᠠᠬᠢᠨ ᠪᠡᠯᠡ ᠣᠷᠣᠭᠤᠯᠬᠤ᠂ | ᠳᠠᠬᠢᠨ ᠨᠡᠭᠡᠭᠡᠨ ᠬᠥᠭᠵᠢᠭᠦᠯᠬᠦ᠂ ᠳᠠᠬᠢᠨ ᠠᠳᠠᠯ ᠦᠢᠯᠡᠰ ᠴᠣᠭᠴᠠᠯᠠᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ | ᠠᠵᠤ ᠦᠢᠯᠡᠰ ᠤᠨ ᠠᠵᠤ ᠠᠬᠤᠢ ᠶᠢᠨ ᠳᠣᠲᠣᠭᠠᠳᠤ ᠣᠷᠴᠢᠯ ᠢ ᠲᠠᠰᠤᠷᠠᠯᠲᠠ ᠦᠭᠡᠢ ᠴᠢᠩᠭᠠᠳᠬᠠᠨ᠎ᠠ᠃ ︵ᠭᠤᠷᠪᠠ | ︶ ᠲᠠᠷᠢᠶᠠᠯᠠᠩ ᠰᠣᠶᠣᠯ ᠵᠢᠭᠤᠯᠴᠢᠯᠠᠯ ᠤᠨ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠠᠭᠤᠰᠤᠯᠴᠠᠨ ᠬᠥᠭᠵᠢᠪᠡ᠃ | ᠮᠧᠩ ᠼᠤᠤ ᠡᠪᠡᠰᠦᠨ ᠬᠦᠷᠢᠶᠡᠯᠡᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠱᠧᠩ ᠱᠦᠢ ᠯᠢᠶᠠᠩ ᠵᠢᠦ | ᠯᠦᠩ ᠸᠠᠨ ᠨᠢᠭᠡ ᠴᠤᠭᠴᠠᠵᠢᠭᠰᠠᠨ ᠡᠵᠡᠩᠨᠡᠯᠲᠡ ᠶᠢ ᠪᠡᠶᠡᠯᠡᠭᠦᠯᠪᠡ᠃ ᠣᠪᠣᠭ᠎ᠠ ᠲᠣᠰᠬᠤᠨ ᠭᠤᠷᠪᠠᠳᠤᠭᠠᠷ | ᠪᠦᠯᠦᠭ ᠤᠨ ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ | ᠲᠣᠭᠤᠷᠢᠭ ᠲᠤ ᠰᠣᠩᠭᠤᠭᠳᠠᠵᠤ᠂ ᠰᠢᠨ᠎ᠡ ᠬᠤᠲᠠ ᠲᠣᠭᠤᠷᠢᠭ ᠨᠢ ᠤᠯᠤᠰ ᠤᠨ ᠰᠣᠶᠣᠯ ᠤᠨ ᠠᠵᠤ ᠦᠢᠯᠡᠰ ᠪᠠ | ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠳᠤ | ᠰᠣᠩᠭᠤᠭᠳᠠᠪᠠ᠃ | | ᠬᠦᠲᠦᠯᠦᠭᠴᠢ᠄ | ᠣᠳᠣᠬᠠᠨ ᠳᠤ᠂ ᠰᠢᠨ᠎ᠡ ᠬᠤᠳᠠ ᠲᠣᠭᠤᠷᠢᠭ ᠨᠢᠭᠡᠨᠲᠡ ᠳᠣᠯᠣᠳᠤᠭᠠᠷ ᠪᠦᠯᠦᠭ ᠤᠨ ︽ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠠᠭᠤᠷᠢᠨ ᠢ ᠠᠮᠵᠢᠯᠲᠠ ᠲᠠᠢ | ᠡᠭᠦᠳᠦᠨ ᠪᠠᠶᠢᠭᠤᠯᠵᠤ᠂ ᠰᠢᠨ᠎ᠡ ᠬᠤᠳᠠ ᠲᠣᠭᠤᠷᠢᠭ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠᠨ | ᠠᠭᠤᠯᠠ ᠮᠦᠩᠭᠦᠨ ᠠᠭᠤᠯᠠ︾ ᠭᠡᠬᠦ ᠲᠤᠷᠰᠢᠯᠭ᠎ᠠ ᠶᠢᠨ ᠵᠠᠭᠪᠤᠷ ᠢ ᠬᠤᠪᠢᠷᠠᠭᠤᠯᠬᠤ ᠳᠤ ᠶᠠᠮᠠᠷ ᠶᠠᠮᠠᠷ ᠠᠷᠭ᠎ᠠ ᠬᠡᠮᠵᠢᠶ᠎ᠡ | ᠠᠪᠬᠤ ᠪᠤᠢ︖ | | ᠹᠧᠩ ᠶᠦᠨ ᠹᠧᠩ᠄ | ᠰᠢᠨ᠎ᠡ ᠬᠤᠲᠠ ᠲᠣᠭᠤᠷᠢᠭ ᠨᠢ ᠣᠷᠣᠨ ᠨᠤᠲᠤᠭ ᠤᠨ ᠣᠨᠴᠠᠯᠢᠭ ᠲᠤ ᠨᠡᠶᠢᠴᠡᠭᠰᠡᠨ ᠦᠢᠯᠡᠳᠪᠦᠷᠢᠯᠡᠯ ᠤᠨ | ᠬᠥᠭᠵᠢᠯᠲᠡ᠂ ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠢ ᠶᠢᠨ ᠰᠠᠶᠢᠨ ᠰᠠᠶᠢᠬᠠᠨ ᠠᠮᠢ ᠠᠬᠤᠢ ᠶᠢᠨ | ᠪᠣᠯᠪᠠᠰᠤᠨ ᠤ ᠬᠥᠭᠵᠢᠯᠲᠡ ᠶᠢᠨ ᠵᠠᠮ ᠪᠠ ︽ᠬᠥᠬᠡᠮᠳᠦᠭ ᠨᠣᠭᠤᠭᠠᠨ ᠠᠭᠤᠯᠠ ᠤᠰᠤ︾ ᠬᠢᠭᠡᠳ ︽ᠠᠯᠲᠠ | ᠠᠭᠤᠯᠠ ᠮᠥᠩᠭᠦᠨ ᠠᠭᠤᠯᠠ︾ ᠶᠢ ᠬᠤᠪᠢᠷᠠᠭᠤᠯᠬᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠪᠡ᠃ | ᠨᠢᠭᠡ ᠳᠤ᠂ ᠠᠮᠢ ᠠᠬᠤᠶ ᠶᠢᠨ ᠥᠷᠲᠡᠭ ᠢ ᠬᠤᠪᠢᠷᠠᠭᠤᠯᠬᠤ ᠡᠷᠴᠢᠮ ᠢ ᠴᠢᠩᠭᠠᠷᠠᠭᠤᠯᠤᠨ᠎ᠠ᠃ ᠴᠡᠯᠡᠭᠡᠷ ᠲᠠᠯ᠎ᠠ ᠪᠠᠷ | ᠭᠤᠣᠯ ᠪᠣᠯᠭᠠᠵᠤ᠂ ᠣᠳᠣ ᠶᠢᠨ ᠪᠠᠶᠢᠭ᠎ᠠ ᠲᠣᠮᠣ ᠬᠡᠯᠪᠡᠷᠢ ᠶᠢᠨ ᠲᠠᠯᠠᠪᠠᠶ ᠣᠷᠳᠣᠨ᠂ ᠣᠨᠴᠠᠯᠢᠭᠲᠤ ᠵᠢᠵᠢᠭ ᠪᠠᠯᠭᠠᠰᠤ᠂ | ᠰᠡᠯᠡᠭᠦᠴᠡᠯ ᠤᠨ ᠭᠠᠵᠠᠷ ᠪᠣᠯᠤᠨ ᠲᠠᠷᠢᠶᠠᠯᠠᠩ ᠤᠨ ᠵᠢᠮᠢᠰ ᠨᠣᠭᠤᠭ᠎ᠠ ᠲᠡᠭᠦᠬᠦ ᠶᠢ ᠬᠤᠯᠪᠣᠯᠳᠤᠭᠤᠯᠤᠨ | ᠠᠭᠤᠰᠤᠯᠴᠠᠭᠤᠯᠵᠤ᠂ ᠠᠮᠢ ᠠᠬᠤᠶ + ᠰᠣᠶᠣᠯ ᠵᠢᠭᠤᠯᠴᠢᠯᠠᠯ + ᠲᠠᠷᠢᠶᠠᠯᠠᠩ ᠤᠨ ᠣᠯᠠᠨ ᠡᠯᠧᠮᠧᠨ᠋ᠲ ᠤᠨ | ᠬᠥᠭᠵᠢᠯᠲᠡ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠢᠭᠤᠯᠵᠤ᠂ ᠴᠡᠯᠡᠭᠡᠷ ᠲᠠᠯ᠎ᠠ ᠶᠢᠨ ᠦᠵᠡᠮᠵᠢ ᠶᠢᠨ | ᠰᠣᠶᠣᠯ ᠤᠨ ᠵᠢᠭᠤᠯᠴᠢᠯᠠᠯ ᠤᠨ ᠪᠦᠰᠡ ᠶᠢ ᠥᠨᠳᠥᠷ ᠪᠠᠷᠢᠮᠵᠢᠶ᠎ᠠ ᠪᠠᠷ ᠴᠣᠭᠴᠠᠯᠠᠨ᠎ᠠ᠃ ᠰᠡᠯᠡᠭᠦᠴᠡᠯ ᠵᠤᠭ᠎ᠠ | ᠴᠡᠩᠭᠡᠯ ᠤᠨ ᠲᠠᠯᠠᠪᠤᠷ ᠢ ᠲᠠᠰᠤᠷᠠᠯᠲᠠ ᠥᠬᠡᠶ ᠠᠭᠤᠳᠠᠯᠯᠠᠬᠤ ᠪᠠ ᠪᠥᠲᠥᠭᠡᠨ ᠪᠠᠶᠢᠭᠤᠯᠵᠤ᠂ ᠣᠯᠠᠨ ᠡᠵᠡᠩᠨᠡᠯᠲᠡ ᠶᠢᠨ | ᠬᠡᠯᠪᠡᠷᠢ ᠶᠢᠨ ᠵᠢᠭᠤᠯᠴᠢᠯᠠᠯ ᠤᠨ ᠬᠠᠩᠭᠠᠯᠭ᠎ᠠ ᠶᠢ ᠦᠷᠭᠦᠯᠵᠢᠯᠡᠨ ᠪᠠᠶᠠᠯᠢᠭᠵᠢᠭᠤᠯᠵᠤ᠂ ᠠᠭᠤᠯᠠ ᠳᠠᠭᠠᠤ ᠶᠢᠨ ᠠᠶᠢᠯ | ᠲᠣᠰᠬᠤᠨ ᠤ ᠰᠡᠯᠡᠭᠦᠴᠡᠨ ᠲᠣᠭᠤᠷᠢᠵᠤ ᠰᠡᠯᠡᠭᠦᠴᠡᠨ ᠲᠣᠭᠤᠷᠢᠬᠤ ᠶᠢ ᠪᠡᠶᠡᠴᠢᠯᠡᠨ ᠣᠶᠢᠯᠠᠭᠠᠬᠤ ᠲᠥᠷᠥᠭᠳᠡᠯ ᠢ | ᠲᠠᠰᠤᠷᠠᠯᠲᠠ ᠥᠬᠡᠶ ᠳᠡᠭᠡᠭᠰᠢᠯᠡᠭᠦᠯᠪᠡ᠃ ᠠᠮᠢ ᠠᠬᠤᠶ ᠶᠢᠨ ᠡᠬᠢ ᠪᠠᠶᠠᠯᠢᠭ ᠪᠠ ᠰᠣᠶᠣᠯ ᠪᠡᠶ᠎ᠡ ᠶᠢᠨ ᠲᠠᠮᠢᠷ ᠤᠨ | ᠲᠠᠯᠠᠪᠠᠶ ᠣᠷᠳᠣᠨ ᠢ ᠠᠰᠢᠭᠯᠠᠨ ᠮᠠᠷᠠᠽᠤᠨ᠂ ᠲᠣᠭᠯᠠᠯᠲᠠ ᠶᠢᠨ ᠴᠤᠭᠯᠠᠭᠠᠨ ᠵᠡᠷᠭᠡ ᠲᠣᠮᠣ ᠬᠡᠯᠪᠡᠷᠢ ᠶᠢᠨ | ᠠᠵᠢᠯᠯᠠᠭ᠎ᠠ ᠶᠢ ᠡᠷᠭᠢᠯᠡᠵᠦ᠂ ᠬᠤᠲᠠ ᠶᠢᠨ ᠠᠷᠠᠳ ᠤᠨ ᠪᠡᠶ᠎ᠡ ᠴᠢᠭᠢᠷᠠᠭᠵᠢᠭᠤᠯᠬᠤ᠂ ᠲᠣᠭᠤᠷᠢᠨ ᠦᠵᠡᠬᠦ᠂ ᠵᠤᠭ᠎ᠠ | ᠴᠡᠩᠭᠡᠯ ᠵᠡᠷᠭᠡ ᠣᠯᠠᠨ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠴᠡᠯᠡᠭᠡᠷ ᠲᠠᠯ᠎ᠠ ᠶᠢᠨ | ᠵᠢᠭᠤᠯᠴᠢᠯᠠᠯ ᠤᠨ ᠰᠣᠶᠣᠯ ᠤᠨ ᠨᠠᠶᠢᠷ ᠪᠠ ︽ ᠦᠨᠢᠷ ᠪᠠᠶᠠᠯᠢᠭ ᠰᠢᠨ᠎ᠡ ᠬᠤᠲᠠ︾ ᠶᠢᠨ ᠰᠢᠷᠢᠰ ᠠᠵᠢᠯᠯᠠᠭ᠎ᠠ | ᠵᠡᠷᠭᠡ ᠪᠠᠷ ᠳᠠᠮᠵᠢᠭᠤᠯᠤᠨ᠂ ᠴᠡᠯᠡᠭᠡᠷ ᠲᠠᠯ᠎ᠠ ᠶᠢᠨ ᠨᠡᠷᠡᠲᠦ ᠲᠡᠮᠳᠡᠭ ᠢ ᠦᠷᠭᠦᠯᠵᠢᠯᠡᠨ ᠴᠤᠤᠷᠢᠶᠠᠲᠤᠭᠤᠯᠵᠤ᠂ | ᠣᠷᠣᠨ ᠤ ᠲᠥᠪ ᠬᠤᠲᠠ ᠶᠢᠨ ᠨᠡᠷ᠎ᠡ ᠠᠯᠳᠠᠷᠰᠢᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠤᠶᠠᠷ ᠲᠤ᠂ ᠠᠵᠤ | ᠦᠢᠯᠡᠰ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠣᠯᠭᠠᠨ᠎ᠠ᠃ ᠪᠣᠳᠠᠲᠤ ᠴᠣᠭᠴᠠ ᠶᠢᠨ ᠠᠵᠤ ᠠᠬᠤᠶ ᠪᠠᠷ | ᠬᠦᠴᠦᠯᠡᠬᠦ ᠴᠢᠭ ᠪᠣᠯᠭᠠᠵᠤ᠂ ᠣᠳᠣ ᠦᠶ᠎ᠡ ᠶᠢᠨ ᠲᠠᠷᠢᠶᠠᠯᠠᠩ᠂ ᠳᠡᠭᠡᠳᠦ ᠲᠠᠰ ᠤᠨ ᠦᠢᠯᠡᠴᠢᠯᠡᠭᠡᠨ ᠤ ᠦᠢᠯᠡᠰ ᠢᠶᠠᠷ | ᠲᠤᠯᠭᠠᠭᠤᠷᠢ ᠪᠣᠯᠭᠠᠭᠰᠠᠨ ᠠᠵᠤ ᠦᠢᠯᠡᠰ ᠤᠨ ᠰᠢᠰᠲ᠋ᠧᠮᠵᠢ ᠶᠢ ᠴᠣᠭᠴᠠᠯᠠᠨ ᠪᠠᠶᠢᠭᠤᠯᠤᠨ᠎ᠠ᠃ ︽ᠳᠤᠮᠳᠠᠳᠤ | ᠤᠯᠤᠰ ᠤᠨ ᠨᠢᠭᠡ ᠰᠢᠶᠠᠩ ᠨᠢᠭᠡ ᠪᠦᠲᠦᠭᠡᠭᠳᠡᠬᠦᠨ︾ ᠤ ᠵᠢᠱᠢᠶ᠎ᠡ ᠦᠵᠡᠭᠦᠯᠬᠦ ᠣᠷᠣᠨ ᠤ ᠳᠠᠪᠠᠭᠤᠯᠢᠭ ᠲᠤ | ᠲᠦᠰᠢᠭᠯᠡᠨ᠂ ︽ᠠᠮᠲᠠ ᠰᠠᠶᠢᠬᠠᠨ ᠰᠢᠨ᠎ᠡ ᠬᠤᠲᠠ︾ ᠶᠢᠨ ᠣᠷᠣᠨ ᠪᠦᠰᠡ ᠶᠢᠨ ᠣᠯᠠᠨ ᠨᠡᠶᠢᠲᠡ ᠶᠢᠨ ᠲᠦᠷᠦᠯ | ᠲᠡᠮᠳᠡᠭ ᠢ ᠦᠷᠭᠦᠯᠵᠢᠯᠡᠨ ᠡᠭᠦᠳᠴᠦ᠂ ᠭᠦᠵᠡᠯᠵᠡᠭᠡᠨ᠎ᠡ ᠳᠠᠷᠢᠬᠤ ᠰᠠᠭᠤᠷᠢᠨ ᠭᠠᠵᠠᠷ ᠤᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠲᠦᠷᠭᠡᠳᠬᠡᠵᠦ᠂ ᠰᠡᠯᠡᠭᠦᠴᠡᠨ ᠲᠡᠭᠦᠬᠦ᠂ ᠬᠤᠸᠠᠷ ᠴᠡᠴᠡᠭ ᠰᠣᠨᠢᠷᠬᠠᠬᠤ ᠵᠡᠷᠭᠡ ᠬᠤᠲᠠ ᠶᠢᠨ | ᠲᠠᠷᠢᠶᠠᠯᠠᠩ ᠢ ᠶᠡᠬᠡᠪᠡᠷ ᠬᠥᠭᠵᠢᠭᠦᠯᠦᠨ᠎ᠡ᠃ ᠪᠦᠬᠦᠯᠢ ᠴᠣᠭᠴᠠ ᠪᠠᠷ ᠲᠥᠯᠥᠪᠵᠢᠭᠦᠯᠬᠦ᠂ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ ᠵᠡᠷᠭᠡ ᠲᠠᠯ᠎ᠠ ᠪᠠᠷ ᠬᠢ ᠵᠠᠰᠠᠭ ᠤᠨ ᠣᠷᠳᠣᠨ ᠤ ᠦᠢᠯᠡᠳᠦᠯ ᠢ ᠴᠢᠩᠭᠠᠳᠬᠠᠵᠤ᠂ ᠬᠡᠷᠡᠭᠯᠡᠭᠡ ᠶᠢᠨ | ᠡᠵᠡᠩᠨᠡᠯᠲᠡ ᠶᠢᠨ ᠪᠠᠶᠢᠳᠠᠯ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠳᠡᠭᠡᠳᠦ ᠲᠠᠰ ᠤᠨ | ᠦᠢᠯᠡᠴᠢᠯᠡᠭᠡᠨ ᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠬᠡᠷᠡᠭᠯᠡᠭᠡᠨ᠂ ᠪᠣᠬᠢᠷᠲᠤᠯ ᠦᠭᠡᠶ | ᠬᠡᠷᠡᠭᠯᠡᠭᠡ᠂ ᠡᠷᠡᠭᠦᠯ ᠬᠡᠷᠡᠭᠯᠡᠭᠡ ᠶᠢ ᠶᠡᠬᠡᠪᠡᠷ ᠬᠥᠭᠵᠢᠭᠦᠯᠵᠦ᠂ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠢᠭ ᠢ | ᠢᠳᠡᠪᠬᠢᠲᠡᠶ ᠪᠠᠷ ᠪᠤᠶᠢᠵᠢᠭᠤᠯᠤᠨ᠎ᠠ᠃ ᠭᠤᠷᠪᠠ ᠳᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠵᠤ᠂ | ᠤᠯᠠᠮᠵᠢᠯᠠᠯᠲᠤ ᠪᠣᠳᠠᠰ ᠤᠨ ᠪᠤᠰᠤ ᠰᠣᠶᠣᠯ ᠤᠨ ᠠᠵᠤ ᠦᠢᠯᠡᠰ ᠢ ᠤᠯᠠᠮᠵᠢᠯᠠᠨ᠎ᠠ᠃ ᠮᠥ ᠯᠧ ᠶᠢᠨ ᠪᠣᠳᠠᠰ ᠤᠨ ᠪᠤᠰᠤ | ᠰᠣᠶᠣᠯ ᠤᠨ ᠥᠪ ᠤᠨ ᠦᠢᠯᠡᠳᠬᠡᠯ ᠤᠨ ᠭᠠᠵᠠᠷ ᠨᠢ ᠡᠳᠡᠭᠡᠷ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ | ᠵᠠᠯᠭᠠᠮᠵᠢᠯᠠᠭᠰᠠᠨ ᠢᠶᠠᠷ ᠪᠠᠷᠠᠬᠤ ᠥᠬᠡᠶ᠂ ᠨᠠᠩ ᠴᠤ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ | ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠡᠮᠡᠭᠲᠡᠶᠢᠴᠦᠳ ᠢ ᠡᠯᠰᠡᠨ ᠠᠪᠴᠤ᠂ ᠰᠠᠭᠤᠷᠢᠨ | ᠭᠠᠵᠠᠷ ᠤᠨ ᠠᠳᠠᠯᠢ ᠨᠢᠭᠡᠨ ᠠᠵᠢᠯᠯᠠᠭ᠎ᠠ ᠬᠢᠭᠡᠳ ᠬᠡᠷ ᠪᠦᠯᠢ ᠶᠢᠨ ᠲᠠᠷᠠᠬᠠᠢ ᠦᠢᠯᠡᠳᠪᠦᠷᠢᠯᠡᠯ᠂ ᠲᠤᠬᠠᠶᠢᠯᠠᠭᠰᠠᠨ | ᠠᠵᠢᠯ ᠬᠤᠯᠪᠣᠭᠠᠯᠠᠨ ᠬᠥᠳᠡᠯᠦᠯᠴᠡᠬᠦ ᠥᠪᠡᠷᠮᠢᠴᠡ ᠣᠨᠴᠠᠯᠢᠭ ᠲᠠᠢ ︽ᠡᠮᠡᠭᠲᠡᠶᠢᠴᠦᠳ ᠤᠨ ᠠᠳᠠᠯ ᠦᠢᠯᠡᠰ | ᠴᠣᠭᠴᠠᠯᠠᠬᠤ ᠵᠠᠭᠪᠤᠷ︾ ᠢ ᠪᠣᠶ ᠪᠣᠯᠭᠠᠪᠠ᠃ ᠲᠤᠰ ᠪᠡᠶ᠎ᠡ ᠶᠢᠨ ᠲᠤᠬᠠᠶᠢᠯᠠᠭᠰᠠᠨ ᠠᠵᠢᠯ ᠢᠶᠠᠨ ᠬᠥᠭᠵᠢᠭᠦᠯᠬᠦ ᠶᠢᠨ | ᠬᠠᠮᠲᠤ ᠵᠡᠮᠳᠡᠭᠴᠦᠳ ᠢ ᠢᠳᠡᠪᠬᠢᠲᠡᠶ ᠪᠠᠷ ᠰᠢᠩᠭᠡᠭᠡᠨ ᠠᠪᠴᠤ ᠠᠵᠢᠯ ᠣᠯᠭᠤᠵᠤ᠂ ᠥᠷᠭᠡᠨ ᠣᠯᠠᠨ | ᠵᠡᠮᠳᠡᠭᠴᠦᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠪᠣᠰᠬᠠᠬᠤ ᠶᠢ ᠳᠠᠶᠢᠴᠢᠯᠠᠬᠤ ᠬᠡᠷᠡᠭᠲᠡᠶ᠃ | | ᠬᠠᠮᠢᠶᠠᠷᠤᠭᠴᠢ᠄ | ᠬᠥᠬᠡᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ ᠹᠧᠩ ᠶᠦᠨ ᠹᠧᠩ ᠳᠤ ᠲᠠᠯᠠᠷᠬᠠᠵᠤ ᠪᠠᠶᠢᠨ᠎ᠠ︕ ᠰᠦᠯᠵᠢᠶᠡᠨ ᠠᠨᠳᠠ ᠨᠠᠷ ᠤᠨ ᠠᠩᠬᠠᠷᠤᠯ ᠪᠠ | ᠤᠷᠤᠯᠴᠠᠯᠭ᠎ᠠ ᠳᠤ ᠲᠠᠯᠠᠷᠬᠠᠵᠤ ᠪᠠᠶᠢᠨ᠎ᠠ︕ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠴᠦ | ᠦᠨᠳᠦᠷᠯᠡᠪᠡ᠃ ᠲᠠ ᠪᠦᠬᠦᠨ ᠳᠤ ᠪᠠᠨ ᠪᠠᠶᠠᠷᠯᠠᠯ᠎ᠠ︕ | |