10 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠲᠦᠮᠡᠳ ᠵᠡᠭᠦᠨ ᠬᠤᠰᠢᠭᠤ 2024 ᠣᠨ ᠤ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠪᠣᠯᠪᠠᠰᠤᠷᠠᠯ ᠵᠢᠴᠢ ᠰᠢᠯᠢᠳᠡᠭ ᠢ ᠬᠥᠬᠢᠭᠦᠯᠦᠨ | ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠵᠤ᠂ ᠲᠦᠮᠡᠳ ᠵᠡᠭᠦᠨ ᠬᠤᠰᠢᠭᠤᠨ ᠤ ᠡᠯ᠎ᠡ ᠬᠠᠮᠢᠶ᠎ᠠ ᠪᠦᠬᠦᠢ ᠲᠣᠪᠴᠢᠶ᠎ᠠ | ᠂ ᠰᠢᠶᠠᠩ ᠪᠠᠯᠭᠠᠰᠤ᠂ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠬᠠᠮᠢᠶ᠎ᠠ ᠪᠥᠬᠦᠶ ᠲᠥᠯᠥᠭᠡᠯᠡᠭᠴᠢ | ᠠᠵᠢᠯᠯᠠᠭ᠎ᠠ ᠳᠤ ᠣᠷᠣᠯᠴᠠᠵᠠᠶ᠃ | ᠲᠣᠰ ᠤᠳᠠᠭᠠᠨ ᠤ ᠠᠵᠢᠯᠯᠠᠭ᠎ᠠ ᠳᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠶᠢ ᠤᠷᠢᠵᠤ ︽ | ᠣᠳᠣᠬᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠲᠤᠬᠠᠶ ᠬᠡᠳᠦᠨ ᠲᠠᠯ᠎ᠠ ᠶᠢᠨ | ᠪᠣᠳᠣᠯᠬᠢᠯᠠᠯ︾ ᠭᠡᠬᠦ ᠰᠡᠳᠦᠪ ᠢᠶᠠᠷ ᠬᠢᠴᠢᠶᠡᠯ ᠣᠷᠣᠭᠤᠯᠪᠠ᠃ ᠪᠢᠶᠠᠨ ᠵᠢᠶᠠᠨ ᠫᠢᠩ ᠡᠯᠪᠡᠭ ᠪᠠᠶᠠᠯᠢᠭ ᠲᠤᠰᠬᠠᠢ | ᠮᠡᠷᠭᠡᠵᠢᠯ ᠤᠨ ᠮᠡᠳᠡᠯᠭᠡ ᠪᠣᠯᠤᠨ ᠦᠢᠯᠡᠳᠦᠯᠭᠡ ᠶᠢᠨ ᠲᠤᠷᠰᠢᠯᠭ᠎ᠠ ᠳᠠᠭᠠᠨ ᠲᠦᠰᠢᠭᠯᠡᠵᠦ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠭᠤᠣᠯᠳᠠᠯᠭ᠎ᠠ ᠪᠣᠯᠤᠨ ᠬᠦᠴᠢᠷ ᠠᠰᠠᠭᠤᠳᠠᠯ ᠢ ᠭᠦᠨᠵᠡᠭᠡᠢ ᠪᠥᠭᠡᠳ | ᠣᠶᠢᠯᠠᠭᠠᠮᠵᠢᠲᠠᠢ ᠲᠠᠶᠢᠯᠪᠤᠷᠢᠯᠠᠵᠤ᠂ ᠪᠣᠯᠪᠠᠰᠤᠷᠠᠯ ᠤᠨ ᠠᠭᠤᠯᠭ᠎ᠠ ᠳᠤ ᠤᠨᠤᠯ ᠤᠨ ᠰᠠᠭᠤᠷᠢ ᠠᠴᠠ ᠪᠣᠳᠠᠲᠠᠢ | ᠠᠵᠢᠯᠯᠠᠬᠤ ᠡᠯ᠎ᠡ ᠲᠠᠯ᠎ᠠ ᠶᠢ ᠬᠠᠮᠤᠷᠴᠠᠢ᠃ ᠬᠤᠷᠠᠯ ᠳᠤ ᠣᠷᠣᠯᠴᠠᠭᠰᠠᠳ᠂ ᠡᠨᠡ ᠤᠳᠠᠭ᠎ᠠ ᠶᠢᠨ ᠪᠣᠯᠪᠠᠰᠤᠷᠠᠯ ᠢᠶᠠᠷ | ᠳᠠᠮᠵᠢᠨ ᠪᠣᠯᠪᠠᠰᠤᠨ ᠤ ᠦᠢᠯᠡᠳᠦᠯᠭᠡ ᠶᠢᠨ ᠠᠵᠢᠯ ᠳᠤ ᠨᠡᠩ ᠭᠦᠨᠵᠡᠭᠡᠢ ᠲᠠᠨᠢᠯᠲᠠ ᠪᠠ ᠣᠶᠢᠯᠠᠭᠠᠯᠲᠠ ᠲᠠᠢ ᠪᠤᠯᠵᠤ᠂ | ᠬᠤᠶᠢᠰᠢᠳᠠ ᠶᠢᠨ ᠠᠵᠢᠯ ᠢᠶᠠᠨ ᠨᠡᠩ ᠰᠠᠶᠢᠲᠤᠷ ᠥᠷᠨᠢᠭᠦᠯᠬᠦ ᠳᠤ ᠠᠰᠢᠭᠲᠠᠢ ᠶᠤᠮ ᠭᠡᠵᠦ ᠢᠯᠡᠳᠬᠡᠵᠡᠭᠡᠪᠡ᠃ |