2024 ᠣᠨ ᠳᠤ᠂ ᠮᠠᠨ ᠤ ᠪᠠᠯᠭᠠᠰᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ᠂ | ᠪᠠᠯᠭᠠᠰᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠳᠡᠮᠵᠢᠯᠭᠡ ᠳᠣᠣᠷ᠎ᠠ᠂ ᠢᠮᠠᠭᠲᠠ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠬᠦᠴᠦᠯᠡᠨ ᠬᠡᠷᠡᠭᠵᠢᠭᠦᠯᠵᠦ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠠ ᠲᠣᠬᠢᠶᠠᠯ ᠢ | ᠠᠮᠵᠢᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠡᠷᠡᠮᠡᠬᠡᠶᠢᠯᠡᠨ ᠤᠷᠤᠭᠰᠢᠯᠠᠵᠤ᠂ ᠪᠠᠢ ᠮᠢᠶᠣᠣ ᠽᠢ | ᠪᠠᠯᠭᠠᠰᠤᠨ ᠤ ᠠᠵᠤ ᠠᠬᠤᠢ ᠪᠣᠯᠤᠨ ᠨᠡᠶᠢᠭᠡᠮ ᠤᠨ ᠦᠢᠯᠡᠰ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠪᠠ᠃ | ᠡᠳᠦᠭᠡ ᠪᠠᠢ ᠮᠢᠶᠣᠣ ᠽᠢ ᠪᠠᠯᠭᠠᠰᠤᠨ ᠤ 2024 ᠣᠨ ᠤ ᠠᠵᠢᠯ ᠤᠨ ᠪᠠᠶᠢᠳᠠᠯ ᠤᠨ ᠲᠤᠬᠠᠢ ᠲᠣᠪᠴᠢ ᠬᠠᠷᠢᠭᠤ | ᠮᠡᠳᠡᠭᠦᠯᠦᠯᠲᠡ ᠳᠣᠣᠷᠠᠬᠢ ᠮᠡᠲᠦ᠄ | ᠨᠢᠭᠡ᠂ 2024 ᠣᠨ ᠤ ᠠᠵᠢᠯ ᠤᠨ ᠳ᠋ᠦᠩᠨᠡᠯᠲᠡ | ᠨᠠᠮ ᠤᠨ ᠪᠠᠶᠢᠭᠤᠯᠤᠯᠲᠠ ᠪᠠᠷ ᠬᠦᠲᠦᠯᠦᠨ ᠳᠠᠭᠠᠭᠤᠯᠬᠤ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ | ᠨᠢᠭᠲᠠᠷᠠᠭᠤᠯᠤᠨ᠂ ᠲᠤᠰ ᠪᠡᠶ᠎ᠡ ᠶᠢᠨ ᠪᠠᠶᠢᠭᠤᠯᠤᠯᠲᠠ ᠶᠢ ᠨᠡᠩ ᠢᠯᠡᠭᠦᠦ ᠰᠢᠯᠭᠠᠷᠠᠭᠤᠯᠤᠨ᠎ᠠ᠃ | ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠤᠯᠤᠰ ᠲᠦᠷᠦ ᠶᠢᠨ ᠵᠥᠪ ᠴᠢᠭᠯᠡᠯ ᠢ ᠪᠠᠲᠤᠯᠠᠪᠠ᠃ ᠳᠡᠭᠡᠳᠦ | ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ ᠶᠢ ᠪᠠᠷᠢᠮᠲᠠᠯᠠᠵᠤ᠂ ᠪᠠᠭ ᠤᠨ ᠤᠳᠤᠷᠢᠳᠤᠯᠭ᠎ᠠ ᠪᠠᠷ ᠳᠠᠮᠵᠢᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠵᠡᠷᠭᠡ ᠶᠢ ᠢᠳᠡᠪᠬᠢᠲᠡᠢ ᠳᠠᠭᠠᠭᠤᠯᠤᠨ ᠰᠤᠷᠤᠯᠴᠠᠵᠤ᠂ ᠰᠤᠷᠤᠯᠴᠠᠯᠭ᠎ᠠ ᠶᠢ ᠳᠠᠭᠠᠭᠤᠯᠤᠨ | ᠰᠤᠷᠤᠯᠴᠠᠯᠭ᠎ᠠ ᠶᠢ ᠠᠬᠢᠭᠤᠯᠬᠤ ᠦᠢᠯᠡᠳᠦᠯ ᠢ ᠬᠦᠴᠦᠲᠡᠢ ᠪᠠᠳᠠᠷᠠᠭᠤᠯᠪᠠ᠃ ᠣᠳᠣᠬᠠᠨ ᠪᠣᠯᠲᠠᠯ᠎ᠠ᠂ ᠨᠢᠭᠡ ᠤᠳᠠᠭ᠎ᠠ | ᠨᠣᠮ ᠤᠩᠰᠢᠬᠤ ᠠᠩᠭᠢ ᠡᠷᠬᠢᠯᠡᠵᠦ᠂ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 13 | ᠤᠳᠠᠭ᠎ᠠ ᠰᠤᠷᠤᠯᠴᠠᠵᠤ᠂ 9 ᠤᠳᠠᠭ᠎ᠠ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠵᠤ᠂ 70 ᠭᠠᠷᠤᠶ ᠬᠤᠪᠢ | ᠰᠤᠳᠤᠯᠤᠨ ᠶᠠᠷᠢᠯᠴᠠᠬᠤ ᠮᠠᠲ᠋ᠧᠷᠢᠶᠠᠯ ᠪᠢᠴᠢᠵᠡᠶ᠃ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ | ᠰᠠᠭᠤᠷᠢ ᠶᠢ ᠪᠠᠬᠢᠵᠢᠭᠦᠯᠦᠨ᠎ᠡ᠃ ᠨᠠᠮ ᠤᠨ ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ | ᠪᠠᠶᠢᠳᠠᠯ ᠢ ᠴᠢᠩᠳᠠᠯᠠᠵᠤ᠂ ︽ᠭᠤᠷᠪᠠᠨ ᠬᠤᠷᠠᠯ ᠨᠢᠭᠡ ᠬᠢᠴᠢᠶᠡᠯ︾ ᠤᠨ ᠳᠦᠷᠢᠮ᠂ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠤᠨ ᠬᠤᠷᠠᠯ ᠪᠣᠯᠤᠨ ᠤᠳᠤᠷᠢᠳᠬᠤ ᠺᠠᠳ᠋ᠷ ᠨᠠᠮ ᠤᠨ ᠬᠢᠴᠢᠶᠡᠯ ᠣᠷᠣᠬᠤ᠂ ᠰᠡᠳᠬᠢᠯ ᠤᠨ ᠦᠭᠡ ᠪᠠᠨ | ᠶᠠᠷᠢᠯᠴᠠᠬᠤ᠂ ᠦᠵᠡᠯ ᠰᠠᠨᠠᠭᠠᠨ ᠤ ᠬᠠᠷᠢᠭᠤ ᠮᠡᠳᠡᠭᠦᠯᠦᠯᠲᠡ ᠵᠡᠷᠭᠡ ᠳᠦᠷᠢᠮ ᠢ ᠨᠠᠶᠢᠳᠠᠪᠤᠷᠢᠵᠢᠭᠤᠯᠬᠤ᠂ ᠨᠠᠮ ᠤᠨ | ᠪᠠᠶᠢᠭᠤᠯᠤᠯᠲᠠ ᠶᠢᠨ ᠠᠵᠢᠯ ᠤᠨ ᠳᠦᠷᠢᠮᠵᠢᠯᠲᠡ᠂ ᠵᠢᠷᠤᠮᠵᠢᠭᠤᠯᠤᠯᠲᠠ᠂ ᠪᠠᠶᠢᠩᠭᠤᠵᠢᠭᠤᠯᠤᠯᠲᠠ ᠶᠢ ᠲᠦᠯᠬᠢᠨ | ᠠᠬᠢᠭᠤᠯᠤᠨ᠎ᠠ᠃ 2023 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠢ ᠦᠷᠨᠢᠭᠦᠯᠪᠡ᠃ | ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ᠃ ᠳᠦᠷᠢᠮ ᠢ ᠴᠢᠩᠭ᠎ᠠ ᠵᠢᠷᠤᠮᠯᠠᠨ ᠳᠡᠰ | ᠳᠠᠷᠠᠭᠠᠯᠠᠯ ᠶᠣᠰᠣᠭᠠᠷ᠂ ᠨᠠᠮ ᠤᠨ ᠭᠡᠰᠢᠭᠦᠨ ᠢ ᠡᠯᠰᠡᠬᠦ᠂ ᠨᠠᠮ ᠤᠨ ᠰᠦᠢᠳᠬᠡᠯ ᠢ ᠬᠤᠷᠢᠶᠠᠬᠤ᠂ ᠨᠠᠮ ᠤᠨ ᠭᠡᠰᠢᠭᠦᠨ ᠢ | ᠬᠥᠮᠦᠵᠢᠭᠦᠯᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ | ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠣᠯᠠᠨ ᠲᠦᠮᠡᠨ ᠤ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠬᠤᠯᠪᠣᠭᠳᠠᠯ ᠪᠥᠬᠦᠶ ᠬᠤᠷᠠᠯ ᠢ 3 | ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽︿ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠳᠠᠭᠠᠬᠤ﹀ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠠᠵᠢᠯ ᠤᠨ | ᠲᠣᠬᠢᠷᠠᠭᠤᠯᠤᠯᠲᠠ ᠶᠢᠨ ᠬᠦᠰᠦᠨᠦᠭᠲᠦ︾ ᠶᠢ ᠲᠣᠭᠲᠠᠭᠠᠬᠤ ᠶᠢᠨ ᠬᠠᠮᠲᠤ ᠲᠣᠰᠬᠤᠨ ᠤ ᠨᠠᠮ ᠤᠨ ᠡᠭᠦᠷ ᠨᠢᠭᠡᠪᠦᠷᠢ ᠳᠤ | ᠲᠠᠷᠬᠠᠭᠠᠪᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠵᠠᠭᠤᠴᠢᠯᠠᠭᠤᠷ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠸᠢᠴᠠᠲ ᠤᠨ ᠨᠡᠶᠢᠲᠡ ᠶᠢᠨ ᠳ᠋ᠤᠭᠠᠷ᠂ ᠢᠯᠡ ᠨᠡᠶᠢᠲᠡᠯᠡᠬᠦ ᠪᠤᠯᠤᠩ᠂ ᠦᠵᠡᠭᠦᠯᠦᠯᠭᠡ ᠶᠢᠨ | ᠰᠠᠮᠪᠠᠷ᠎ᠠ ᠶᠢᠨ ᠬᠥᠨᠳᠡᠯᠡᠨ ᠪᠢᠴᠢᠭᠡᠰᠦ᠂ ᠡᠷᠦᠬᠡ ᠳᠤ ᠬᠦᠷᠴᠦ ᠰᠤᠷᠪᠤᠯᠵᠢᠯᠠᠬᠤ᠂ ᠲᠥᠪᠯᠡᠷᠡᠭᠦᠯᠦᠨ ᠤᠬᠠᠭᠤᠯᠤᠨ | ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠦᠨ᠎ᠡ᠃ | ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠬᠤᠳᠠ | ᠬᠥᠳᠡᠭᠡ ᠶᠢᠨ ᠳᠦᠷᠰᠦ ᠪᠠᠶᠢᠳᠠᠯ ᠨᠡᠩ ᠦᠵᠡᠰᠬᠦᠯᠡᠩᠲᠦ ᠰᠠᠶᠢᠬᠠᠨ ᠪᠣᠯᠪᠠ᠃ | ᠣᠷᠣᠰᠢᠨ ᠰᠠᠭᠤᠬᠤ ᠣᠷᠴᠢᠨ ᠨᠥᠬᠦᠴᠡᠯ ᠪᠦᠲᠦᠮᠵᠢᠲᠡᠢ ᠳᠡᠭᠡᠭᠰᠢᠯᠡᠪᠡ᠃ ᠠᠶᠢᠯ ᠲᠣᠰᠬᠤᠨ ᠢ ᠴᠡᠪᠡᠷᠯᠡᠬᠦ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ | ᠭᠤᠷᠪᠠᠨ ᠵᠢᠯ ᠤᠨ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠵᠦ᠂ ᠡᠯ᠎ᠡ ᠵᠥᠪᠯᠡᠯ ᠠᠯᠪᠠᠨ ᠬᠡᠷ | ᠲᠣᠪᠴᠢᠶ᠎ᠠ ᠯᠤᠭ᠎ᠠ ᠬᠠᠮᠲᠤᠷᠠᠨ ᠬᠠᠪᠤᠷ ᠤᠨ ᠤᠯᠠᠷᠢᠯ ᠤᠨ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ | ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠵᠦ᠂ | ᠡᠭᠦᠷᠭᠡ ᠶᠢᠨ ᠨᠠᠷᠢᠨ ᠲᠠᠩᠰᠠ ᠶᠢ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠵᠤ᠂ | ᠪᠥᠬᠦ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ 5 ᠡᠳᠦᠷ ᠤᠨ ᠬᠤᠭᠤᠴᠠᠭ᠎ᠠ ᠲᠠᠢ ᠶᠡᠭᠡ | ᠴᠡᠪᠡᠷᠯᠡᠭᠡ ᠬᠢᠵᠦ᠂ ᠲᠤᠰᠬᠠᠶ ᠰᠡᠳᠦᠪᠲᠦ ᠬᠤᠷᠠᠯ 7 ᠤᠳᠠᠭ᠎ᠠ ᠬᠤᠷᠠᠯᠳᠤᠭᠤᠯᠵᠤ᠂ ᠡᠳᠦᠷ ᠲᠤᠲᠤᠮ ᠤᠨ ᠲᠣᠭᠤᠷᠢᠨ | ᠪᠠᠶᠢᠴᠠᠭᠠᠯᠲᠠ ᠶᠢ ᠴᠢᠩᠭᠠᠳᠬᠠᠵᠤ᠂ ᠡᠷᠦᠬᠡ ᠳᠤ ᠣᠷᠣᠵᠤ ᠤᠬᠠᠭᠤᠯᠤᠨ ᠵᠢᠯᠣᠭᠤᠳᠬᠤ᠂ ᠵᠡᠷᠭᠡ ᠪᠠᠷ ᠠᠳᠬᠤᠵᠤ | ᠬᠠᠮᠲᠤ ᠪᠠᠷ ᠬᠠᠮᠢᠶᠠᠷᠬᠤ ᠠᠷᠭ᠎ᠠ ᠬᠡᠯᠪᠡᠷᠢ ᠪᠠᠷ ᠪᠥᠬᠦ ᠪᠠᠯᠭᠠᠰᠤᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠢᠯᠡᠳᠲᠡ ᠰᠠᠶᠢᠵᠢᠷᠠᠭᠤᠯᠪᠠ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠳᠠ ᠠᠭᠤᠯᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ | ᠦᠢᠯᠡᠳᠦᠯᠭᠡᠵᠢᠭᠦᠯᠵᠦ᠂ ︽ᠤᠢ ᠰᠢᠭᠤᠢ ᠶᠢᠨ ᠳᠠᠷᠤᠭ᠎ᠠ᠂ ᠭᠤᠣᠯ ᠤᠨ ᠳᠠᠷᠤᠭ᠎ᠠ᠂ ᠲᠠᠷᠢᠶᠠᠨ ᠭᠠᠵᠠᠷ ᠤᠨ ᠳᠠᠷᠤᠭ᠎ᠠ᠂ | ᠵᠠᠮ ᠤᠨ ᠳᠠᠷᠤᠭ᠎ᠠ︾ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠪᠠᠭ᠋ᠠᠢ ᠮᠣᠳᠣ ᠶᠢ ᠴᠡᠪᠡᠷᠯᠡᠬᠦ | ᠠᠵᠢᠯ ᠢ ᠥᠷᠨᠢᠭᠦᠯᠵᠦ᠂ 1390 ᠭᠠᠷᠤᠢ ᠰᠠᠭᠤᠷᠢ ᠬᠤᠪᠠᠭ᠋ᠠᠶᠢᠷᠠᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ | ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠠᠮᠢ ᠠᠬᠤᠢ ᠶᠢᠨ | ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠴᠢᠩᠭᠠᠳᠬᠠᠪᠠ᠃ | ᠠᠵᠤ ᠠᠬᠤᠶ ᠶᠢᠨ ᠬᠥᠭᠵᠢᠯᠲᠡ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ | ᠲᠦᠷᠭᠡᠨ ᠪᠥᠭᠡᠳ ᠲᠣᠭᠲᠠᠭᠤᠨ ᠪᠠᠶᠢᠯᠭᠠᠬᠤ ᠶᠢ ᠠᠬᠢᠭᠤᠯᠤᠨ᠎ᠠ᠃ | ᠲᠠᠷᠢᠶᠠᠯᠠᠩ ᠤᠨ ᠪᠠᠲᠤᠯᠠᠭ᠎ᠠ ᠦᠷᠭᠦᠯᠵᠢᠯᠡᠨ ᠲᠡᠭᠦᠯᠳᠡᠷᠵᠢᠪᠡ᠃ ᠲᠠᠷᠢᠶᠠᠯᠠᠩ ᠤᠢ ᠰᠢᠭᠤᠶ ᠤᠰᠤᠨ ᠤ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ᠵᠡᠬᠦᠨ ᠪᠠᠭᠰᠢ ᠲᠣᠰᠬᠤᠨ᠂ ᠪᠦᠬᠡᠲᠦ | ᠲᠣᠰᠬᠤᠨ ᠢ ᠥᠭᠡᠷᠡᠴᠢᠯᠡᠬᠦ ᠲᠥᠯᠥᠪᠯᠡᠭᠡ ᠳᠤ ᠣᠷᠣᠭᠤᠯᠤᠨ᠂ ᠵᠢᠱᠢᠯᠲᠡ ᠪᠠᠷ 12000 ᠭᠠᠷᠤᠢ ᠮᠦ | ᠳᠡᠭᠡᠭᠰᠢᠯᠡᠭᠦᠯᠦᠨ ᠥᠭᠡᠷᠡᠴᠢᠯᠡᠵᠦ᠂ 800 ᠭᠠᠷᠤᠢ ᠮᠦ ᠶᠢ ᠰᠢᠨ᠎ᠡ ᠪᠠᠷ ᠪᠠᠶᠢᠭᠤᠯᠵᠤ᠂ ᠠᠲᠠᠷᠰᠢᠭᠤᠯᠤᠭᠰᠠᠨ ᠭᠠᠵᠠᠷ ᠢ | ᠲᠠᠬᠢᠨ ᠲᠠᠷᠢᠶᠠᠯᠠᠬᠤ ᠳᠤ ᠣᠷᠣᠭᠤᠯᠤᠯᠲᠠ ᠪᠠᠨ ᠨᠡᠮᠡᠭᠳᠡᠭᠦᠯᠵᠦ᠂ ᠲᠠᠷᠢᠬᠤ ᠲᠠᠯᠠᠪᠠᠢ ᠶᠢ ᠥᠷᠭᠡᠳᠬᠡᠵᠦ᠂ ᠲᠠᠷᠢᠶᠠᠯᠠᠬᠤ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠡᠵᠡᠩᠨᠡᠨ | ᠪᠣᠷᠣᠯᠠᠭᠤᠯᠬᠤ ᠬᠤᠳᠠᠯᠳᠤᠭᠠᠴᠢᠨ ᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠦᠨᠡᠨᠴᠢ | ᠢᠲᠡᠭᠡᠮᠵᠢᠲᠡᠶ ᠡᠵᠡᠩᠨᠡᠯᠲᠡ ᠶᠢᠨ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠠᠲᠤᠯᠠᠬᠤ ᠶᠢᠨ ᠬᠠᠮᠲᠤ ᠲᠠᠷᠢᠶᠠᠯᠠᠩ ᠤᠨ ᠳᠠᠭᠠᠳᠬᠠᠯ ᠤᠨ ᠤᠬᠠᠭᠤᠯᠭ᠎ᠠ ᠶᠢᠨ | ᠡᠷᠴᠢᠮ ᠢ ᠴᠢᠩᠭᠠᠷᠠᠭᠤᠯᠵᠤ᠂ ᠲᠠᠷᠢᠶᠠᠴᠢᠳ ᠤᠨ ᠠᠰᠢᠭ ᠣᠷᠣᠯᠭ᠎ᠠ ᠶᠢ ᠨᠡᠩ ᠪᠠᠲᠤᠯᠠᠭ᠎ᠠ ᠲᠠᠢ ᠪᠣᠯᠭᠠᠵᠤ᠂ ᠠᠮᠤ | ᠪᠤᠳᠠᠭᠠᠨ ᠤ ᠠᠮᠤᠷ ᠲᠦᠪᠰᠢᠨ ᠢ ᠨᠡᠩ ᠪᠠᠲᠤᠯᠠᠭ᠎ᠠ ᠲᠠᠢ ᠪᠣᠯᠭᠠᠵᠤ᠂ ᠵᠢᠵᠢᠭ ᠲᠠᠷᠢᠶ᠎ᠠ ᠶᠢ ᠲᠤᠮᠤ ᠲᠠᠷᠢᠶ᠎ᠠ᠂ ᠠᠮᠤ | ᠪᠤᠳᠠᠭᠠᠨ ᠤ ᠲᠠᠷᠢᠶᠠᠨ ᠭᠠᠵᠠᠷ ᠢ ᠰᠠᠶᠢᠨ ᠲᠠᠷᠢᠶ᠎ᠠ ᠪᠣᠯᠭᠠᠬᠤ ᠶᠢ ᠠᠬᠢᠭᠤᠯᠬᠤ ᠬᠡᠷᠡᠭᠲᠡᠢ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠯᠠᠪᠳᠠᠭᠤᠨ ᠢᠶᠠᠷ ᠠᠬᠢᠪᠠ᠃ ᠡᠨᠡ ᠵᠢᠯ ᠪᠣᠯ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠪᠥᠬᠦ | ᠪᠠᠯᠭᠠᠰᠤ ᠪᠠᠷ ᠢᠶᠠᠨ ᠭᠤᠤᠯᠯᠠᠬᠤ ᠠᠵᠤ ᠦᠢᠯᠡᠰ ᠤᠨ ᠲᠣᠭᠤᠷᠢᠨ ᠳᠤ᠂ ᠠᠵᠤ ᠠᠬᠤᠶᠢᠯᠠᠯ ᠢ ᠣᠷᠣᠭᠤᠯᠤᠨ | ᠠᠪᠴᠢᠷᠠᠬᠤ ᠪᠥᠬᠦ ᠶᠠᠪᠤᠴᠠ ᠶᠢᠨ ᠬᠠᠮᠢᠶᠠᠷᠤᠯᠲᠠ ᠮᠠᠶ᠋ᠢᠭ ᠤᠨ ᠦᠢᠯᠡᠴᠢᠯᠡᠭᠡ ᠶᠢ ᠬᠡᠷᠡᠭᠵᠢᠭᠦᠯᠵᠦ᠂ ᠭᠠᠵᠠᠷ ᠣᠷᠣᠨ ᠤ | ᠳᠠᠪᠠᠭᠤᠯᠢᠭ ᠢ ᠠᠰᠢᠭᠯᠠᠨ᠂ ᠰᠠᠨᠠᠭᠠᠴᠢᠯᠠᠭ᠎ᠠ ᠠᠴᠠ ᠪᠠᠨ ᠠᠵᠢᠯᠴᠢᠨ ᠡᠯᠰᠡᠬᠦ ᠲᠥᠷᠥᠯ ᠵᠦᠢᠯ ᠭᠠᠷᠭᠠᠵᠤ᠂ ᠪᠥᠬᠦ | ᠠᠷᠠᠳ ᠢᠶᠠᠷ ᠢᠶᠠᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠪᠠᠷᠢᠮᠲᠠᠯᠠᠨ | ᠂ ᠨᠡᠶᠢᠲᠡ 4 ᠠᠵᠤ ᠠᠬᠤᠶᠢᠯᠠᠯ ᠳᠤ ᠣᠷᠣᠵᠤ ᠰᠠᠭᠤᠭᠠᠳ᠂ ᠡᠭᠦᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠲᠥᠷᠥᠯ ᠵᠦᠢᠯ 1᠂ ᠮᠢᠩᠭᠠᠨ ᠲᠦᠮᠡ ᠠᠴᠠ ᠳᠡᠭᠡᠭᠰᠢᠬᠢ ᠲᠥᠷᠥᠯ ᠵᠦᠢᠯ 2᠂ ᠵᠠᠭᠤᠨ ᠲᠦᠮᠡ ᠠᠴᠠ ᠳᠡᠭᠡᠭᠰᠢᠬᠢ | ᠲᠥᠷᠥᠯ ᠵᠦᠢᠯ 1 ᠪᠠᠶᠢᠵᠤ᠂ ᠪᠥᠬᠦ ᠪᠠᠯᠭᠠᠰᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠳᠤ | ᠰᠠᠶᠢᠨ ᠰᠠᠶᠢᠬᠠᠨ ᠡᠬᠢᠯᠡᠯᠲᠡ ᠶᠢ ᠪᠣᠶ ᠪᠣᠯᠭᠠᠪᠠ᠃ | ᠭᠤᠤᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠪᠠ᠃ ᠭᠤᠣᠯ ᠳᠠᠭᠠᠤ ᠶᠢᠨ | ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠮᠢ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ | ᠪᠠᠶᠢᠭᠠᠯᠢ ᠪᠠᠷ ᠭᠤᠣᠯ ᠪᠣᠯᠭᠠᠬᠤ᠂ ᠬᠥᠮᠥᠨ ᠤ ᠬᠦᠴᠦ ᠪᠠᠷ ᠬᠠᠪᠰᠤᠷᠤᠮᠵᠢ ᠪᠣᠯᠭᠠᠬᠤ᠂ ᠠᠷᠪᠢᠲᠠᠢ ᠡᠷᠴᠢᠮᠯᠢᠭ | ᠪᠠᠶᠢᠯᠭᠠᠬᠤ᠂ ᠭᠠᠵᠠᠷ ᠢ ᠨᠣᠭᠤᠭᠠᠷᠠᠭᠤᠯᠬᠤ ᠳᠤ ᠲᠣᠬᠢᠷᠠᠬᠤ ᠵᠠᠷᠴᠢᠮ ᠢ ᠪᠠᠷᠢᠮᠲᠠᠯᠠᠵᠤ᠂ ᠰᠢᠰᠲ᠋ᠧᠮ ᠲᠠᠢ | ᠲᠥᠯᠥᠪᠵᠢᠭᠦᠯᠬᠦ᠂ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠭᠤᠣᠯ ᠤᠨ ᠡᠷᠭᠢ | ᠳᠠᠭᠠᠤ ᠶᠢᠨ ᠭᠤᠷᠪᠠᠨ ᠲᠣᠰᠬᠤᠨ ᠳᠤ ᠪᠦᠬᠦᠯᠢ ᠴᠣᠭᠴᠠ ᠶᠢᠨ ᠲᠥᠯᠥᠪᠵᠢᠭᠦᠯᠭᠡ ᠬᠢᠵᠦ᠂ ᠭᠤᠣᠯ ᠤᠨ ᠡᠷᠭᠢ | ᠳᠠᠭᠠᠤ ᠶᠢᠨ ᠠᠮᠢ ᠠᠬᠤᠢ ᠶᠢᠨ ᠰᠡᠷᠡᠯ ᠢ ᠶᠡᠭᠡ ᠪᠠᠷ ᠳᠡᠭᠡᠭᠰᠢᠯᠡᠭᠦᠯᠦᠨ᠎ᠡ᠃ | ᠠᠷᠠᠳ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠲᠥᠯᠥᠭᠡ ᠬᠦᠴᠢᠷᠳᠡᠯ ᠢ ᠰᠢᠢᠳᠪᠦᠷᠢᠯᠡᠵᠦ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠨᠠᠩ ᠢᠯᠡᠭᠦᠤ ᠰᠡᠳᠬᠢᠯ ᠢ ᠳᠤᠯᠠᠭᠠᠴᠠᠭᠤᠯᠤᠨ᠎ᠠ᠃ | ᠠᠷᠠᠳ ᠤᠨ ᠰᠠᠨᠠᠯ ᠢ ᠰᠣᠨᠣᠰᠬᠤ ᠳᠤ ᠨᠡᠩ ᠣᠪᠣᠷ ᠲᠠᠢ᠃ ᠤᠯᠠᠨ ᠲᠦᠮᠡᠨ ᠤ ︽ᠪᠠᠴᠢᠮᠳᠠᠵᠤ ᠲᠦᠪᠡᠭᠳᠡᠵᠤ | ᠵᠤᠪᠠᠨᠢᠵᠤ ᠬᠦᠰᠡᠵᠤ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ | ᠡᠶᠡᠳᠡᠭᠦᠯᠦᠭᠡ ᠶᠢᠨ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠤᠨ ᠦᠢᠯᠡᠳᠦᠯ ᠢ ᠪᠠᠳᠠᠷᠠᠭᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠲᠠᠰᠤᠷᠠᠯᠳᠠ ᠦᠭᠡᠢ | ᠰᠢᠯᠤᠭᠤᠳᠬᠠᠵᠤ᠂ ︽ᠤᠯᠠᠨ ᠲᠦᠮᠡᠨ ᠵᠠᠭᠠᠯᠳᠤᠯᠭ᠎ᠠ ᠲᠠᠢ᠂ ᠨᠠᠮ ᠤᠨ ᠭᠡᠰᠢᠭᠦᠨ ᠦᠢᠯᠡᠴᠢᠯᠡᠬᠦ︾ ᠪᠠᠷ ᠬᠠᠷᠠᠯᠲᠠ | ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢ ︽ᠨᠢᠭᠡ ᠶᠢ ᠰᠢᠢᠳᠪᠦᠷᠢᠯᠡᠬᠦ︾ ᠠᠴᠠ ︽ᠨᠢᠭᠡ ᠠᠴᠠ | ᠵᠦᠢᠴᠢᠯᠡᠵᠦ ᠨᠦᠬᠦᠭᠡ ᠶᠢ ᠮᠡᠳᠡᠬᠦ︾ ᠲᠡᠰᠢ ᠬᠤᠪᠢᠷᠠᠭᠤᠯᠬᠤ ᠶᠢ ᠠᠬᠢᠭᠤᠯᠵᠤ᠂ ᠵᠠᠭᠠᠯᠳᠤᠭᠰᠠᠨ ᠦᠭᠡᠢ ᠪᠣᠯ | ᠤᠷᠢᠳᠠᠪᠠᠷ ᠰᠢᠢᠳᠪᠦᠷᠢᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠨ᠎ᠠ᠃ | ᠰᠤᠶᠤᠯ ᠤᠨ ᠤᠬᠠᠭᠤᠯᠭ᠎ᠠ ᠤᠯᠠᠮ ᠪᠠᠶᠠᠯᠢᠭ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ | ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢᠨ ᠠᠭᠤᠯᠭ᠎ᠠ ᠶᠢ ᠲᠠᠰᠤᠷᠠᠯᠲᠠ ᠦᠭᠡᠢ | ᠪᠠᠶᠠᠯᠢᠭᠵᠢᠭᠤᠯᠤᠨ ᠰᠢᠨ᠎ᠡ ᠶᠢ ᠡᠭᠦᠳᠴᠦ᠂ ᠰᠣᠶᠣᠯ ᠤᠨ ᠠᠵᠢᠯᠯᠠᠭ᠎ᠠ ᠶᠢ 9 ᠤᠳᠠᠭ᠎ᠠ ᠥᠷᠨᠢᠭᠦᠯᠵᠦ᠂ ᠨᠣᠮ | ᠤᠩᠰᠢᠵᠤ ᠬᠤᠪᠢᠶᠠᠯᠴᠠᠬᠤ ᠠᠵᠢᠯᠯᠠᠭ᠎ᠠ ᠶᠢ 3 ᠤᠳᠠᠭ᠎ᠠ ᠥᠷᠨᠢᠭᠦᠯᠵᠦ᠂ ᠰᠠᠭᠤᠷᠢ ᠶᠢ ᠬᠦᠴᠦᠷᠬᠡᠭᠵᠢᠭᠦᠯᠬᠦ | ᠢᠨᠵᠧᠨᠧᠷᠢᠩ ᠢ ᠠᠰᠢᠭᠯᠠᠨ᠂ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠲᠠᠢ ᠬᠠᠮᠲᠤ ᠪᠠᠷ ᠠᠷᠠᠳ ᠤᠨ | ᠪᠥᠵᠢᠭ ᠤᠨ ᠠᠩᠭᠢ ᠶᠢᠨ ᠰᠢᠯᠢᠨ ᠰᠣᠩᠭᠤᠵᠤ ᠵᠣᠬᠢᠶᠠᠨ ᠪᠠᠶᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠳᠤ ᠤᠬᠠᠭᠤᠯᠭ᠎ᠠ ᠬᠢᠪᠡ᠃ ᠰᠢᠨ᠎ᠡ ᠵᠠᠭᠤᠴᠢᠯᠠᠭᠤᠷ ᠢ ᠠᠰᠢᠭᠯᠠᠨ᠂ ᠮᠡᠳᠡᠭᠡ ᠵᠠᠩᠭᠢ ᠶᠢᠨ ᠵᠣᠬᠢᠶᠠᠯ ᠢ 760 | ᠭᠠᠷᠤᠶ ᠨᠡᠶᠢᠲᠡᠯᠡᠵᠦ᠂ ᠠᠵᠢᠯ ᠤᠨ ᠬᠥᠳᠡᠯᠦᠯ ᠪᠠᠶᠢᠳᠠᠯ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ | ᠵᠡᠷᠭᠡ ᠡᠯ᠎ᠡ ᠲᠥᠷᠥᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠤᠬᠠᠭᠤᠯᠤᠨ ᠨᠡᠶᠢᠲᠡᠯᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠮᠦᠰ ᠤᠨ ᠰᠡᠳᠬᠢᠯ ᠳᠤ | ᠬᠠᠳᠠᠩᠰᠢᠭᠤᠯᠵᠠᠶ᠃ | ᠠᠷᠠᠳ ᠤᠨ ᠠᠮᠢᠳᠤᠷᠠᠯ ᠤᠨ ᠠᠮᠤᠷ ᠲᠦᠪᠰᠢᠨ ᠨᠡᠩ ᠪᠠᠲᠤᠯᠠᠭ᠎ᠠ ᠲᠠᠢ ᠪᠣᠯᠪᠠ᠃ ︽ᠬᠤᠶᠠᠷ ᠢ ᠳᠡᠭᠡᠳᠦᠯᠡᠬᠦ︾ | ᠶᠢ ᠪᠠᠷᠢᠮᠲᠠᠯᠠᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠪᠥᠬᠦ ᠤᠯᠤᠰ ᠤᠨ | 23 ᠳ᠋ᠤᠭᠠᠷ ᠠᠶᠤᠯᠭᠦᠶ ᠦᠢᠯᠡᠳᠪᠦᠷᠢᠯᠡᠯ ᠤᠨ ᠰᠠᠷ᠎ᠠ ᠬᠦᠷᠴᠦ ᠢᠷᠡᠬᠦ ᠠᠴᠠ ᠡᠮᠦᠨ᠎ᠡ᠂ ᠪᠥᠬᠦ ᠪᠠᠯᠭᠠᠰᠤᠨ ᠤ 80 | ᠠᠵᠤ ᠠᠬᠤᠶᠢᠯᠠᠯ ᠳᠤ ᠡᠳᠦᠷ ᠲᠤᠲᠤᠮ ᠤᠨ ᠠᠮᠤᠷ ᠲᠦᠪᠰᠢᠨ ᠤ ᠬᠦᠷᠢᠶᠡᠨ ᠳᠠᠬᠢ 53 ᠤᠳᠠᠭ᠎ᠠ ᠪᠠᠶᠢᠴᠠᠭᠠᠯᠲᠠ | ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ 130 ᠴᠡᠭᠴᠡᠯᠡᠨ ᠵᠠᠰᠠᠵᠤ᠂ 355 ᠢᠳᠡᠭᠡᠨ ᠤ | ᠠᠵᠤ ᠠᠬᠤᠶᠢᠯᠠᠯ ᠢ ᠬᠢᠨᠠᠨ ᠵᠢᠯᠣᠭᠤᠳᠴᠤ᠂ 51 ᠵᠦᠢᠯ ᠤᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ | ᠳᠠᠭᠤᠰᠬᠠᠭᠠᠳ᠂ ᠪᠥᠬᠦ ᠪᠠᠯᠭᠠᠰᠤᠨ ᠤ 5 ᠵᠢᠵᠢᠭ ᠲᠣᠭᠤᠷᠢᠭ ᠲᠤ ᠴᠠᠬᠢᠯᠭᠠᠨ ᠬᠥᠳᠡᠯᠭᠡᠭᠦᠷᠲᠦ ᠲᠡᠷᠭᠡᠨ ᠤ ᠠᠮᠤᠷ | ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠲᠣᠭᠲᠠᠭᠠᠯ ᠠᠴᠠ ᠵᠥᠷᠢᠴᠡᠨ | ᠴᠠᠬᠢᠯᠭᠠᠨ ᠴᠡᠨᠡᠭᠯᠡᠭᠰᠡᠨ ᠪᠠᠶᠢᠳᠠᠯ ᠢ 31 ᠴᠡᠭᠴᠡᠯᠡᠨ ᠰᠠᠶᠢᠵᠢᠷᠠᠭᠤᠯᠪᠠ᠃ ᠣᠶ ᠰᠢᠭᠤᠶ ᠶᠢᠨ ᠭᠠᠯ ᠢ ᠰᠡᠷᠭᠡᠶᠢᠯᠡᠬᠦ᠂ | ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠬᠢᠨᠠᠮᠠᠭᠠᠶ ᠥᠷᠨᠢᠭᠦᠯᠵᠦ᠂ ᠡᠳᠦᠷ ᠲᠤᠲᠤᠮ ᠤᠨ ᠬᠠᠤᠯᠢ | ᠬᠡᠷᠡᠭᠵᠢᠭᠦᠯᠵᠦ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠡᠷᠲᠡ ᠠᠴᠠ ᠴᠣᠬᠢᠯᠲᠠ ᠥᠭᠬᠦ ᠶᠢ | ᠪᠠᠷᠢᠮᠲᠠᠯᠠᠵᠤ᠂ ᠬᠦᠨᠳᠦ ᠨᠣᠴᠢᠲᠠᠶ ᠭᠠᠯ ᠲᠦᠢᠮᠡᠷ ᠡᠭᠦᠰᠬᠦ ᠶᠢ ᠬᠤᠷᠢᠭᠯᠠᠨ᠎ᠠ᠃ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠶᠡᠷ ᠢ ᠰᠡᠷᠭᠡᠶᠢᠯᠡᠵᠦ ᠪᠠᠴᠢᠮ | ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠲᠣᠭᠲᠠᠮᠠᠯ ᠬᠤᠭᠤᠴᠠᠭ᠎ᠠ ᠲᠠᠢ ᠪᠠᠷ ᠪᠦᠷᠢᠳᠬᠡᠨ ᠨᠥᠬᠦᠪᠥᠷᠢᠯᠡᠵᠦ᠂ ᠪᠠᠴᠢᠮ | ᠪᠠᠶᠢᠳᠠᠯ ᠢ ᠠᠷᠭᠠᠴᠠᠭᠠᠬᠤ ᠡᠩᠨᠡᠭᠡ ᠶᠢ ᠴᠠᠭ ᠲᠤᠬᠠᠶ ᠳᠤᠨᠢ ᠲᠣᠬᠢᠷᠠᠭᠤᠯᠤᠨ ᠲᠡᠭᠦᠯᠳᠡᠷᠵᠢᠭᠦᠯᠵᠦ᠂ ᠦᠶᠡᠷ ᠤᠨ | ᠬᠤᠭᠤᠴᠠᠭᠠᠨ ᠳᠤ ᠵᠢᠵᠢᠭᠦᠷᠯᠡᠨ ᠰᠠᠬᠢᠬᠤ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠡᠷ ᠪᠠᠶᠢᠰᠢᠩ ᠤᠨ ᠠᠮᠤᠷ | ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠠᠮᠤᠷ ᠲᠦᠪᠰᠢᠨ ᠤ ᠬᠡᠮ | ᠰᠣᠭᠤᠭ ᠣᠷᠣᠰᠢᠵᠤ ᠪᠠᠶᠢᠭ᠎ᠠ 69 ᠥᠪᠡᠰᠦᠪᠡᠨ ᠪᠠᠷᠢᠭᠰᠠᠨ ᠬᠡᠷ ᠪᠠᠶᠢᠰᠢᠩ ᠢ ᠴᠡᠭᠴᠡᠯᠡᠨ ᠵᠠᠰᠠᠵᠤ᠂ ᠴᠡᠭᠴᠡᠯᠡᠨ | ᠵᠠᠰᠠᠭᠰᠠᠨ ᠨᠣᠷᠮ᠎ᠠ ᠶᠢ 100% ᠳᠤ ᠬᠦᠷᠦᠭᠦᠯᠵᠦ᠂ 23 ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ | ᠵᠠᠰᠠᠬᠤ ᠪᠠᠷ ᠭᠤᠶᠤᠴᠢᠯᠠᠨ ᠮᠡᠳᠡᠭᠦᠯᠵᠦ᠂ ᠪᠦᠬᠦᠨ ᠢ ᠠᠵᠢᠯ ᠡᠬᠢᠯᠡᠭᠦᠯᠪᠡ᠃ ᠴᠠᠬᠢᠯᠭᠠᠨ ᠬᠤᠯᠪᠣᠭ᠎ᠠ ᠰᠦᠯᠵᠢᠶᠡᠨ ᠤ | ᠮᠡᠬᠡᠯᠡᠯ ᠵᠡᠷᠭᠡ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠤᠰᠬᠠᠢ ᠲᠡᠮᠡᠴᠡᠯ ᠢ ᠭᠦᠨᠵᠡᠭᠡᠢ | ᠠᠬᠢᠭᠤᠯᠵᠤ᠂ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠢ ᠨᠡᠩ ᠦᠷᠭᠦᠯᠵᠢᠯᠡᠭᠦᠯᠦᠨ᠎ᠡ᠃ | ᠲᠣᠰ ᠪᠡᠶ᠎ᠡ ᠶᠢᠨ ᠪᠠᠶᠢᠭᠤᠯᠤᠯᠲᠠ ᠪᠠᠨ ᠪᠠᠷᠢᠮᠲᠠᠯᠠᠵᠤ᠂ ᠤᠯᠤᠰ ᠲᠥᠷᠥ ᠶᠢᠨ ᠵᠢᠯᠣᠭᠤᠳᠤᠮᠵᠢ ᠨᠠᠩ ᠢᠳᠡ | ᠬᠦᠴᠦᠨ ᠲᠠᠢ ᠪᠣᠯᠪᠠ᠃ | ᠨᠡᠶᠢᠭᠡᠮ ᠤᠨ ᠶᠡᠭᠡ ᠲᠠᠯ᠎ᠠ ᠲᠣᠭᠲᠠᠭᠤᠨ ᠡᠮᠬᠢ ᠵᠠᠮᠪᠠᠷᠠᠭ᠎ᠠ ᠲᠠᠢ ᠪᠠᠶᠢᠵᠤ᠂ ᠨᠠᠮ ᠵᠠᠰᠠᠭ ᠤᠨ ᠤᠳᠤᠷᠢᠳᠬᠤ | ᠪᠠᠭ ᠤᠨ ᠵᠢᠵᠢᠭᠦᠷᠯᠡᠨ ᠰᠤᠷᠪᠤᠯᠵᠢᠯᠠᠭ᠎ᠠ ᠶᠢ ᠬᠦᠯᠢᠶᠡᠨ ᠠᠪᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠲᠣᠭᠲᠠᠮᠠᠯ | ᠬᠤᠭᠤᠴᠠᠭ᠎ᠠ ᠲᠠᠢ ᠪᠠᠷ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠠᠵᠢᠯ ᠤᠨ ᠬᠤᠷᠠᠯ ᠬᠤᠷᠠᠯᠳᠤᠭᠤᠯᠵᠤ᠂ | ᠴᠢᠬᠤᠯᠠ ᠶᠡᠭᠡ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠳᠤ ᠤᠳᠤᠷᠢᠳᠤᠯᠭ᠎ᠠ ᠬᠡᠷᠡᠭ ᠢ ᠳᠠᠭᠠᠭᠠᠴᠢᠯᠠᠨ | ᠰᠢᠢᠳᠪᠦᠷᠢᠯᠡᠬᠦ ᠬᠠᠷᠢᠭᠤᠴᠠᠯᠭ᠎ᠠ ᠶᠢᠨ ᠲᠦᠷᠢᠮ᠂ ᠲᠤᠰᠬᠠᠶ ᠠᠩᠭᠢ ᠶᠢᠨ ᠠᠵᠢᠯᠯᠠᠭᠠᠨ ᠵᠡᠷᠭᠡ ᠲᠣᠭᠲᠠᠴᠠ ᠶᠢ | ᠬᠡᠷᠡᠭᠵᠢᠭᠦᠯᠵᠦ᠂ ᠰᠠᠨᠠᠭᠠᠴᠢᠯᠠᠭ᠎ᠠ ᠦᠭᠡᠢ ᠪᠠᠷ ᠭᠥᠯᠢᠶᠡᠨ ᠠᠪᠴᠤ ᠰᠢᠢᠳᠪᠦᠷᠢᠯᠡᠬᠦ ᠶᠢ ᠰᠠᠨᠠᠭᠠᠴᠢᠯᠠᠭ᠎ᠠ ᠠᠴᠠ ᠪᠠᠨ | ᠵᠢᠭᠰᠠᠭᠠᠨ ᠪᠠᠶᠢᠴᠠᠭᠠᠬᠤ ᠪᠣᠯᠭᠠᠨ ᠬᠤᠪᠢᠷᠠᠭᠤᠯᠵᠤ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ | ᠵᠠᠰᠠᠬᠤ ᠶᠢ ᠲᠠᠰᠤᠷᠠᠯᠲᠠ ᠦᠭᠡᠢ ᠴᠢᠩᠭᠠᠳᠬᠠᠵᠤ᠂ ︽ᠡᠪᠡᠳᠴᠢᠯᠡᠬᠦ ᠠᠴᠠ ᠡᠮᠦᠨ᠎ᠡ ᠰᠡᠷᠭᠡᠶᠢᠯᠡᠬᠦ︾ ᠶᠢ ᠪᠡᠶᠡᠯᠡᠭᠦᠯᠵᠦ | ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠶᠢ ᠦᠷᠭᠦᠯᠵᠢᠯᠡᠨ ᠠᠬᠢᠭᠤᠯᠪᠠ᠃ ᠪᠥᠬᠦ | ᠪᠠᠯᠭᠠᠰᠤᠨ ᠤ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠴᠢᠨᠠᠷ ᠴᠢᠨᠰᠠᠭ᠎ᠠ ᠢᠯᠡᠳᠲᠡ ᠪᠣᠯᠪᠠ᠃ ᠠᠮᠤᠷ ᠠᠮᠤᠭᠤᠯᠠᠩ ᠤᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠶᠡᠷᠦᠩᠬᠡᠶᠢᠯᠡᠨ ᠵᠠᠰᠠᠬᠤ ᠲᠤᠤᠷᠴᠢᠯᠠᠬᠰᠠᠨ ᠬᠠᠮᠢᠶᠠᠷᠤᠯᠲᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠪᠡ᠃ ᠳᠡᠷᠭᠡᠳᠡᠬᠢ ᠮᠡᠬᠡᠯᠡᠯ ᠤᠨ ᠬᠡᠷᠡᠭ ᠤᠨ ᠵᠢᠱᠢᠶ᠎ᠡ ᠶᠢ ᠤᠬᠠᠭᠤᠯᠬᠤ᠂ ᠮᠡᠬᠡᠯᠡᠯ ᠢ | ᠡᠰᠡᠷᠭᠦᠴᠡᠬᠦ APP ᠶᠢ ᠪᠠᠭᠤᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠤ ᠰᠡᠷᠭᠡᠶᠢᠯᠡᠬᠦ | ᠤᠬᠠᠮᠰᠠᠷ ᠢ ᠴᠢᠩᠭᠠᠷᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ | ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ | ᠰᠤᠷᠲᠠᠯ ᠢ ᠰᠠᠶᠢᠵᠢᠷᠠᠭᠤᠯᠬᠤ ᠡᠷᠴᠢᠮ ᠨᠡᠩ ᠶᠡᠭᠡ ᠪᠠᠶᠢᠨ᠎ᠠ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠪᠣᠯᠤᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ | ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠰᠠᠶᠢᠲᠤᠷ ᠠᠷᠪᠢᠯᠠᠨ ᠭᠠᠮᠨᠠᠬᠤ ᠶᠢ ᠪᠠᠷᠢᠮᠲᠠᠯᠠᠵᠤ | ᠂ ᠠᠯᠪᠠᠨ ᠤ ᠲᠡᠷᠭᠡᠨ ᠤ ᠬᠠᠮᠢᠶᠠᠷᠤᠯᠲᠠ ᠪᠠ ᠠᠯᠪᠠᠨ ᠶᠠᠪᠤᠳᠠᠯ ᠤᠨ ᠵᠣᠴᠢᠯᠠᠭ᠎ᠠ ᠶᠢ ᠤᠯᠠᠮ ᠨᠢᠭᠡ ᠠᠯᠬᠤᠮ | ᠵᠢᠷᠤᠮᠵᠢᠭᠤᠯᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠦᠨᠳᠦᠰᠦᠲᠡᠨ᠂ | ᠱᠠᠰᠢᠨ ᠰᠤᠷᠲᠠᠬᠤᠨ᠂ ᠲᠤᠭ᠎ᠠ ᠪᠦᠷᠢᠳᠬᠡᠯ᠂ ᠵᠡᠪᠰᠡᠭᠲᠦ ᠬᠦᠴᠦᠨ᠂ ᠳᠠᠩᠰᠠ ᠡᠪᠬᠡᠮᠡᠯ ᠵᠡᠷᠭᠡ ᠤᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢ ᠢᠳᠡᠪᠬᠢᠲᠡᠢ ᠳᠡᠮᠵᠢᠨ᠎ᠡ | ᠃ | ᠬᠤᠶᠠᠷ᠂ 2025 ᠣᠨ ᠤ ᠠᠵᠢᠯ ᠤᠨ ᠲᠥᠯᠥᠪᠯᠡᠭᠡ | 2025 ᠣᠨ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢᠨ | ᠵᠢᠱᠢᠯᠲᠡ ᠶᠢ ᠲᠣᠭᠲᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ᠂ | ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃ | ︵ᠨᠢᠭᠡ︶ ᠠᠵᠤ ᠠᠬᠤᠶ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠵᠦᠢᠯ ᠢ | ᠠᠬᠢᠭᠤᠯᠬᠤ ᠡᠷᠴᠢᠮ ᠢᠶᠠᠨ ᠴᠢᠩᠭᠠᠷᠠᠭᠤᠯᠪᠠ | ᠰᠢᠨ᠎ᠡ ᠪᠠᠷ ᠭᠤᠶᠤᠴᠢᠯᠠᠭᠰᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ | ᠠᠬᠢᠭᠤᠯᠵᠤ᠂ ᠭᠤᠣᠯ ᠤᠨ ᠡᠷᠭᠢ ᠳᠠᠭᠠᠤ ᠶᠢᠨ ᠭᠤᠷᠪᠠᠨ ᠲᠣᠰᠬᠤᠨ ᠤ ᠰᠣᠶᠣᠯ ᠵᠢᠭᠤᠯᠴᠢᠯᠠᠯ ᠢ ᠶᠡᠷᠦᠩᠬᠡᠶᠢᠯᠡᠨ | ᠨᠡᠭᠡᠭᠡᠨ ᠬᠥᠭᠵᠢᠭᠦᠯᠬᠦ᠂ ᠳᠠᠬᠢᠯᠲᠠ ᠡᠬᠢ ᠪᠠᠶᠠᠯᠢᠭ ᠤᠨ ᠬᠦᠷᠢᠶᠡᠯᠡᠩ ᠲᠣᠭᠤᠷᠢᠭ ᠵᠡᠷᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠪᠠᠯᠭᠠᠰᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠡᠬᠢ | ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠣᠶᠣᠯ | ᠵᠢᠭᠤᠯᠴᠢᠯᠠᠯ ᠤᠨ ᠠᠵᠤ ᠦᠢᠯᠡᠰ᠂ ᠣᠲᠣ ᠦᠶ᠎ᠡ ᠶᠢᠨ ᠲᠠᠷᠢᠶᠠᠯᠠᠩ᠂ ᠲᠠᠷᠢᠶᠠᠯᠠᠩ ᠤᠨ ᠪᠦᠲᠦᠭᠡᠭᠳᠡᠬᠦᠨ ᠢ | ᠡᠳ᠋ᠰᠢᠭᠦᠯᠬᠦ᠂ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠤᠨ ᠦᠢᠯᠡᠰ ᠵᠡᠷᠭᠡ ᠬᠦᠷᠢᠶ᠎ᠡ ᠴᠠᠷᠠᠭ᠎ᠠ ᠶᠢᠨ | ᠲᠣᠭᠤᠷᠢᠨ ᠳᠤ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠳᠤ ᠨᠡᠶᠢᠴᠡᠭᠰᠡᠨ᠂ ᠰᠠᠶᠢᠨ ᠰᠠᠶᠢᠬᠠᠨ | ᠬᠥᠭᠵᠢᠯᠲᠡ ᠶᠢᠨ ᠢᠷᠡᠭᠡᠳᠦᠶ ᠲᠠᠢ ᠨᠢᠭᠡ ᠪᠦᠯᠦᠭ ᠲᠥᠷᠥᠯ ᠵᠦᠢᠯ ᠢ ᠨᠠᠷᠢᠨ ᠨᠢᠮᠪᠠᠶ ᠲᠥᠯᠥᠪᠵᠢᠭᠦᠯᠵᠦ᠂ ᠲᠥᠷᠥᠯ | ᠵᠦᠢᠯ ᠤᠨ ᠰᠢᠨᠵᠢᠯᠡᠨ ᠪᠠᠶᠢᠴᠠᠭᠠᠬᠤ ᠬᠡᠯᠬᠢᠶ᠎ᠡ ᠶᠢ ᠤᠷᠲᠤᠳᠬᠠᠵᠤ᠂ ᠲᠥᠷᠥᠯ ᠵᠦᠢᠯ ᠤᠨ ᠬᠤᠳᠠᠯᠳᠤᠭᠠᠴᠢᠨ ᠤᠷᠢᠬᠤ᠂ | ᠨᠤᠲᠤᠭ ᠤᠨ ᠮᠡᠷᠭᠡᠳ ᠢᠶᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ | ᠳᠣᠪᠤᠶᠢᠯᠭᠠᠵᠤ᠂ ᠬᠤᠳᠠᠯᠳᠤᠭᠠᠴᠢᠨ ᠤᠷᠢᠬᠤ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠤᠳᠠᠯᠳᠤᠭᠠᠴᠢᠨ | ᠤᠷᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠶ᠎ᠡ | ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠪᠠ ᠬᠠᠪᠰᠤᠷᠤᠨ | ᠲᠡᠳᠬᠦᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ︽ᠳᠥᠷᠪᠡ ᠶᠢ ᠰᠠᠯᠭᠠᠬᠤ ᠥᠬᠡᠶ︾ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠲᠠᠢ | ᠵᠣᠯᠭᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ | ᠨᠢᠭᠡ ᠳᠤ᠂ ᠬᠢᠨᠠᠨ ᠬᠡᠮᠵᠢᠬᠦ ᠡᠩᠨᠡᠭᠡ ᠶᠢ ᠵᠣᠬᠢᠶᠠᠨ ᠪᠠᠶᠢᠭᠤᠯᠵᠤ᠂ ︽ᠠᠷᠠᠳ ᠤᠨ ᠠᠭᠠᠷ ᠤᠨ ᠰᠡᠷᠭᠡᠶᠢᠯᠡᠯᠲᠡ︾ ᠶᠢᠨ | ᠬᠢᠨᠠᠨ ᠬᠡᠮᠵᠢᠬᠦ ᠦᠢᠯᠡᠳᠦᠯ ᠢ ᠪᠠᠳᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠬᠤ ᠶᠢ ᠥᠷᠨᠢᠭᠦᠯᠵᠦ᠂ | ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠬᠤ ᠬᠥᠮᠦᠨ ᠠᠮᠠ ᠶᠢ ᠴᠠᠭ ᠲᠤᠬᠠᠶ ᠳᠤᠨᠢ ᠢᠯᠡᠷᠡᠭᠦᠯᠵᠦ᠂ ᠴᠠᠭ | ᠲᠤᠬᠠᠶ ᠳᠤᠨᠢ ᠬᠠᠪᠰᠤᠷᠤᠨ ᠲᠡᠳᠬᠦᠵᠦ᠂ ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠶᠢ ᠰᠡᠷᠭᠡᠶᠢᠯᠡᠬᠦ | ᠬᠤᠷᠢᠭ᠎ᠠ ᠱᠤᠭᠤᠮ ᠢ ᠡᠷᠡᠰ ᠰᠠᠬᠢᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠭᠰᠡᠨ | ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠶᠢ ᠨᠠᠷᠢᠯᠢᠭ ᠣᠨᠣᠴᠠᠲᠠᠶ ᠪᠠᠷ ᠢᠯᠭᠠᠨ ᠲᠠᠨᠢᠵᠤ᠂ ᠡᠯ᠎ᠡ ᠲᠥᠷᠥᠯ ᠤᠨ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠪᠠ᠃ ᠬᠤᠶᠠᠷ ᠲᠤ᠂ | ᠠᠷᠠᠳ ᠤᠨ ᠶᠠᠪᠤᠳᠠᠯ ᠤᠨ ᠲᠤᠪᠴᠢᠶ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠨ ᠲᠤᠭ᠎ᠠ | ᠪᠠᠷᠢᠮᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ | ᠰᠡᠷᠭᠡᠶᠢᠯᠡᠬᠦ ᠶᠢᠨ ᠬᠢᠨᠠᠨ ᠬᠡᠮᠵᠢᠬᠦ ᠲᠤᠭ᠎ᠠ ᠪᠠᠷᠢᠮᠲᠠ ᠶᠢᠨ ᠬᠥᠮᠥᠷᠭᠡ ᠶᠢ ᠪᠦᠷᠢᠯᠳᠦᠭᠦᠯᠦᠨ᠎ᠡ᠃ ᠭᠤᠷᠪᠠ ᠳᠤ᠂ ᠲᠥᠷᠥᠯ | ᠬᠤᠪᠢᠶᠠᠨ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠬᠢᠨᠠᠨ ᠰᠢᠯᠭᠠᠬᠤ ᠡᠲᠡᠭᠡᠳ ᠤᠨ ᠪᠣᠳᠠᠲᠠᠶ ᠪᠠᠶᠢᠳᠠᠯ ᠢ | ᠦᠨᠳᠦᠰᠦᠯᠡᠨ᠂ ︽ᠡᠷᠦᠬᠡ ᠶᠢᠨ ᠪᠠᠶᠢᠳᠠᠯ ᠳᠤᠨᠢ ᠲᠣᠬᠢᠷᠠᠭᠤᠯᠤᠨ ᠬᠡᠷᠡᠭᠵᠢᠭᠦᠯᠵᠦ᠂ ᠲᠥᠷᠥᠯ ᠬᠤᠪᠢᠶᠠᠨ ᠠᠷᠭ᠎ᠠ | ᠪᠣᠳᠣᠯᠭ᠎ᠠ ᠬᠡᠷᠡᠭᠵᠢᠭᠦᠯᠬᠦ︾ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠠᠶᠢᠭᠤᠯᠤᠨ᠎ᠠ᠃ | ︵ᠭᠤᠷᠪᠠ︶ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠳᠤ ᠠᠩᠬᠠᠷᠤᠯ ᠢᠶᠠᠨ ᠲᠥᠪᠯᠡᠷᠡᠭᠦᠯᠵᠦ᠂ | ᠠᠮᠢᠳᠤᠷᠠᠯ ᠤᠨ ᠴᠢᠨᠠᠷ ᠴᠢᠨᠰᠠᠭ᠎ᠠ ᠶᠢ ᠴᠢᠷᠮᠠᠶᠢᠨ ᠳᠡᠭᠡᠭᠰᠢᠯᠡᠭᠦᠯᠪᠡ᠃ | ᠨᠢᠭᠡ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠪᠠᠷᠢᠮᠲᠠᠯᠠᠨ᠎ᠠ᠃ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ | ᠴᠢᠩᠭᠠᠷᠠᠭᠤᠯᠵᠤ᠂ ᠭᠤᠣᠯ ᠮᠥᠷᠡᠨ ᠤ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ | ᠳᠠᠶᠢᠯᠠᠯᠳᠤᠭᠠᠨ ᠢ ᠰᠠᠶᠢᠲᠤᠷ ᠬᠢᠵᠦ᠂ ᠬᠥᠳᠡᠭᠡ ᠲᠣᠰᠬᠤᠨ ᠤ ︽ᠵᠢᠰᠦ ᠴᠢᠷᠠᠢ︾ ᠶᠢ ᠳᠡᠭᠡᠭᠰᠢᠯᠡᠭᠦᠯᠵᠦ᠂ ᠤᠯᠠᠨ | ᠲᠦᠮᠡᠨ ᠳᠤ ᠰᠠᠶᠢᠨ ᠰᠠᠶᠢᠬᠠᠨ ᠣᠷᠴᠢᠨ ᠲᠣᠭᠤᠷᠢᠨ ᠤ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠬᠠᠩᠭᠠᠨ᠎ᠠ᠃ | ᠬᠤᠶᠠᠷ ᠲᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠳᠤ ᠰᠠᠭᠤᠷᠢᠯᠠᠬᠤ ᠶᠢ ᠪᠠᠷᠢᠮᠲᠠᠯᠠᠵᠤ᠂ ᠬᠤᠲᠠ | ᠬᠥᠳᠡᠭᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ | ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠲᠠᠷᠢᠶᠠᠯᠠᠩ ᠤᠨ ᠣᠯᠠᠨ ᠡᠬᠢᠲᠦ ᠡᠪᠡᠳᠴᠢᠨ᠂ ᠮᠠᠯ | ᠵᠢᠭᠦᠷᠲᠡᠨ ᠢ ᠲᠡᠵᠢᠭᠡᠨ ᠦᠷᠡᠵᠢᠭᠦᠯᠬᠦ ᠶᠢᠨ ᠪᠣᠬᠢᠷᠲᠤᠯ ᠪᠠ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ | ᠵᠠᠰᠠᠬᠤ ᠶᠢ ᠶᠡᠭᠡ ᠪᠠᠷ ᠠᠬᠢᠭᠤᠯᠵᠤ᠂ ᠪᠥᠬᠦ ᠠᠷᠠᠳ ᠢᠶᠠᠷ ᠢᠶᠠᠨ ᠪᠣᠬᠢᠷᠲᠤᠯ ᠥᠬᠡᠶ ᠬᠥᠭᠵᠢᠯᠲᠡ ᠳᠤ ᠣᠷᠣᠯᠴᠠᠬᠤ | ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ᠃ | ︵ᠲᠦᠷᠪᠡ︶ ᠠᠷᠠᠳ ᠤᠨ ᠠᠮᠢᠳᠤᠷᠠᠯ ᠤᠨ ᠠᠵᠠ ᠵᠢᠷᠭᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ | ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠨ᠎ᠠ | ᠨᠢᠭᠡ ᠳᠤ᠂ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠯᠠᠩ ᠢ ᠬᠦᠴᠦᠷᠬᠡᠭᠵᠢᠭᠦᠯᠬᠦ ᠲᠥᠷᠥ ᠶᠢᠨ | ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠤᠨ᠎ᠠ᠃ ᠪᠦᠬᠦ ᠠᠷᠠᠳ ᠤᠨ ᠨᠠᠰᠤᠵᠢᠯ ᠤᠨ ᠳᠠᠭᠠᠳᠬᠠᠯ ᠪᠠ ᠡᠮ | ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠥᠨᠳᠥᠷ ᠨᠠᠰᠤᠲᠠᠶ ᠬᠥᠮᠦᠰ ᠪᠣᠯᠤᠨ ᠵᠡᠮᠳᠡᠭ ᠬᠥᠮᠦᠰ ᠤᠨ ᠮᠡᠳᠡᠭᠡ ᠵᠠᠩᠭᠢ ᠴᠤᠭᠯᠠᠭᠤᠯᠬᠤ ᠪᠠ ᠬᠢᠨᠠᠨ ᠲᠣᠭᠲᠠᠭᠠᠯᠲᠠ | ᠬᠢᠬᠦ ᠠᠵᠢᠯ ᠢ ᠰᠠᠶᠢᠲᠤᠷ ᠬᠢᠵᠦ᠂ ᠵᠡᠮᠳᠡᠭᠴᠦᠳ ᠤᠨ ᠦᠢᠯᠡᠰ ᠢ ᠬᠥᠭᠵᠢᠭᠦᠯᠬᠦ ᠬᠡᠷᠡᠭᠲᠡᠶ᠃ ᠪᠠᠴᠢᠮ | ᠬᠦᠴᠢᠷᠳᠡᠯᠲᠡᠶ ᠶᠢ ᠰᠢᠢᠳᠪᠦᠷᠢᠯᠡᠬᠦ ᠶᠢᠨ ᠲᠣᠭᠤᠷᠢᠨ ᠳᠤ᠂ ᠬᠠᠮᠤᠭ ᠳᠤᠤᠷᠠᠲᠤ ᠠᠮᠢᠳᠤᠷᠠᠯ ᠤᠨ ᠪᠠᠲᠤᠯᠠᠭ᠎ᠠ᠂ | ᠲᠠᠪᠤᠨ ᠪᠠᠲᠤᠯᠠᠭ᠎ᠠ᠂ ᠬᠦᠨᠳᠦ ᠡᠪᠡᠳᠴᠢᠨ ᠢ ᠠᠪᠤᠷᠠᠨ ᠲᠤᠰᠠᠯᠠᠬᠤ᠂ ᠭᠠᠮᠰᠢᠭ ᠠᠴᠠ ᠠᠪᠤᠷᠠᠨ ᠲᠤᠰᠠᠯᠠᠬᠤ᠂ ᠲᠦᠷ | ᠴᠠᠭ ᠠᠪᠤᠷᠠᠨ ᠲᠤᠰᠠᠯᠠᠬᠤ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠶ᠃ ᠬᠤᠶᠠᠷ ᠲᠤ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ ᠢ | ᠣᠶᠢᠯᠠᠭᠠᠵᠤ᠂ ᠦᠨᠡᠨ ᠰᠡᠳᠬᠢᠯ ᠠᠴᠠ ᠪᠠᠨ ᠤᠯᠠᠨ ᠲᠦᠮᠡᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ | ᠰᠢᠢᠳᠪᠦᠷᠢᠯᠡᠵᠦ᠂ ᠠᠷᠠᠳ ᠤᠯᠠᠨ ᠢ ᠨᠡᠩ ᠤᠯᠠᠨ ᠦᠨᠡᠨ ᠪᠣᠳᠠᠲᠠᠢ ᠬᠦᠷᠲᠡᠮᠵᠢ ᠶᠢᠨ ᠲᠦᠷᠦᠭᠳᠡᠯ ᠲᠠᠢ ᠪᠣᠯᠭᠠᠬᠤ | ᠬᠡᠷᠡᠭᠲᠡᠢ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠭᠤᠳᠠᠮ ᠲᠠᠯᠠᠪᠠᠢ ᠶᠢ ᠭᠦᠢᠴᠡᠳ | ᠠᠰᠢᠭᠯᠠᠨ ᠨᠢᠭᠡ ᠪᠦᠯᠦᠭ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠤ | ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠎ᠠ᠃ | ︵ᠲᠠᠪᠤ︶ ᠠᠮᠤᠷ ᠠᠮᠤᠭᠤᠯᠠᠩ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ | ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠶ᠎ᠡ | ᠨᠢᠭᠡ ᠳᠤ᠂ ᠠᠶᠤᠯᠭᠦᠢ ᠦᠢᠯᠡᠳᠪᠦᠷᠢᠯᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠪᠠ᠃ | ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠡᠯ᠎ᠡ | ᠱᠠᠲᠤᠨ ᠤ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠭᠡᠨᠡᠳᠲᠡ ᠡᠭᠦᠰᠬᠦ ᠴᠢᠨᠠᠷᠲᠠᠶ ᠣᠯᠠᠨ ᠨᠡᠶᠢᠲᠡ ᠶᠢᠨ ᠠᠮᠤᠷ ᠲᠦᠪᠰᠢᠨ ᠤ ᠬᠡᠷᠡᠭ ᠢ ᠠᠷᠭᠠᠴᠠᠬᠤ ᠪᠠ ᠰᠢᠢᠳᠪᠦᠷᠢᠯᠡᠬᠦ | ᠴᠢᠳᠠᠪᠤᠷᠢ ᠪᠣᠯᠤᠨ ᠬᠢᠷᠢ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠶᠤᠯ ᠦᠭᠡᠶ ᠶᠢᠨ ᠠᠳᠡᠯ | ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠬᠤᠶᠠᠷ ᠲᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠪᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠲᠣᠣᠷ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ | ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠡᠷᠡᠭᠦᠯ | ᠮᠡᠨᠳᠦ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠨ᠎ᠠ᠃ ᠭᠤᠷᠪᠠ ᠳᠤ᠂ ᠨᠡᠶᠢᠭᠡᠮ ᠤᠨ ᠶᠡᠷᠦᠩᠬᠡᠶᠢᠯᠡᠭᠰᠡᠨ | ᠵᠠᠰᠠᠯᠲᠠ ᠶᠢ ᠦᠨᠡᠨ ᠬᠦ ᠴᠢᠩᠭᠠᠳᠬᠠᠨ᠎ᠠ᠃ ᠬᠦᠴᠢᠷᠳᠡᠯᠲᠡᠢ ᠣᠯᠠᠨ ᠲᠦᠮᠡᠨ ᠤ ᠬᠠᠤᠯᠢ ᠴᠠᠭᠠᠵᠠ ᠶᠢᠨ | ᠲᠤᠰᠠᠯᠠᠮᠵᠢ ᠶᠢ ᠴᠢᠩᠭᠠᠳᠬᠠᠵᠤ᠂ ᠮᠡᠳᠡᠭᠡ ᠵᠠᠩᠭᠢᠵᠢᠯᠲᠠ ᠶᠢᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ | ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ | ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠴᠠᠭ ᠠᠭᠤᠷ᠂ ᠤᠰᠤᠨ ᠰᠢᠨᠵᠢᠯᠡᠭᠡ᠂ ᠭᠠᠵᠠᠷ | ᠰᠢᠨᠵᠢᠯᠡᠭᠡᠨ ᠵᠡᠷᠭᠡ ᠦᠢᠯᠡᠰ ᠢ ᠴᠢᠩᠭᠠᠳᠬᠠᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ | ᠰᠢᠰᠲ᠋ᠧᠮᠵᠢ ᠶᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ | ᠬᠡᠷᠡᠭᠲᠡᠶ᠃ ᠲᠦᠷᠪᠡ ᠳᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠶᠢ ᠴᠢᠩᠭᠠᠳᠬᠠᠵᠤ᠂ | ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠦᠷᠢᠮ ᠢ ᠲᠡᠭᠦᠯᠳᠡᠷᠵᠢᠭᠦᠯᠵᠦ᠂ | ᠨᠡᠶᠢᠭᠡᠮ ᠤᠨ ᠵᠥᠷᠢᠴᠡᠯ ᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ ᠪᠠᠭᠠᠰᠬᠠᠨ᠎ᠠ᠃ | ︵ᠵᠢᠷᠭᠤᠭ᠎ᠠ︶ ᠲᠣᠰ ᠪᠡᠶ᠎ᠡ ᠶᠢᠨ ᠪᠠᠶᠢᠭᠤᠯᠣᠯᠲᠠ ᠳᠤ ᠠᠩᠬᠠᠷᠣᠯ ᠢᠶᠠᠨ ᠲᠦᠪᠯᠡᠷᠡᠭᠦᠯᠵᠦ᠂ ᠬᠠᠣᠯᠢ ᠶᠣᠰᠣᠭᠠᠷ | ᠵᠠᠰᠠᠭ ᠶᠠᠪᠤᠭᠤᠯᠬᠤ ᠵᠠᠰᠠᠯᠳᠠ ᠶᠢᠨ ᠴᠢᠳᠠᠪᠣᠷᠢ ᠪᠠᠨ ᠲᠡᠭᠡᠭᠰᠢᠯᠡᠬᠦᠯᠦᠨ᠎ᠡ | ᠨᠢᠭᠡ ᠳᠤ᠂ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠪᠠ᠃ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ | ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠪᠠᠨ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠪᠠᠷᠢᠮᠲᠠᠯᠠᠨ᠎ᠠ᠃ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠦᠨᠳᠦᠰᠦᠨ ᠠᠷᠭ᠎ᠠ ᠪᠣᠳᠣᠯᠭ᠎ᠠ ᠶᠢ ᠭᠦᠨᠵᠡᠭᠡᠶ | ᠲᠤᠤᠱᠯᠠᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠴᠢᠩᠭ᠎ᠠ ᠵᠢᠷᠤᠮᠯᠠᠨ᠂ ᠬᠠᠤᠯᠢ ᠶᠣᠰᠣᠭᠠᠷ ᠵᠠᠰᠠᠭ | ᠶᠠᠪᠤᠭᠤᠯᠬᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠶ᠃ ᠭᠤᠷᠪᠠ ᠳᠤ᠂ ᠬᠠᠷᠢᠭᠤᠴᠠᠯᠭ᠎ᠠ ᠡᠭᠦᠷᠭᠡᠯᠡᠯ ᠢ | ᠴᠢᠩᠭᠠᠳᠬᠠᠨ᠎ᠠ᠃ ᠤᠬᠠᠮᠰᠠᠷ ᠠᠴᠠ ᠪᠠᠨ ᠨᠢᠭᠡᠳᠦᠯᠲᠡᠢ ᠪᠠᠶᠢᠬᠤ ᠤᠬᠠᠮᠰᠠᠷ ᠢᠶᠠᠨ ᠴᠢᠩᠭᠠᠳᠬᠠᠵᠤ᠂ ᠡᠭᠦᠷᠭᠡ | ᠴᠢᠳᠠᠪᠬᠢ ᠪᠠᠨ ᠲᠦᠷᠭᠡᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠳᠡᠭᠡᠳᠦ ᠱᠠᠲᠤᠨ ᠤ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠳᠤᠲᠠᠭᠤ ᠲᠤᠷᠭᠤᠨ ᠬᠢᠬᠦ ᠦᠭᠡᠢ᠂ | ᠬᠤᠪᠢᠷᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠢᠭᠡᠳ | ᠨᠢᠭᠡ ᠪᠠᠷ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤᠯᠲᠠ ᠥᠭᠬᠦ ᠶᠢ ᠪᠠᠲᠤᠯᠠᠬᠤ ᠬᠡᠷᠡᠭᠲᠡᠢ᠃ | ᠠᠵᠢᠯ ᠤᠨ ᠰᠢᠯᠭᠠᠨ ᠬᠢᠨᠠᠬᠤ᠂ ᠬᠢᠨᠠᠯᠲᠠ ᠲᠠᠯᠪᠢᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠣᠭᠲᠠᠴᠠ ᠶᠢ ᠤᠯᠠᠮ | ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ ᠬᠢᠬᠦ ᠶᠢ ᠪᠤᠳᠤᠬᠤ᠂ ᠠᠵᠢᠯ ᠬᠢᠵᠦ ᠴᠢᠳᠠᠬᠤ᠂ ᠠᠵᠢᠯ | ᠶᠠᠪᠤᠳᠠᠯ ᠪᠦᠲᠦᠭᠡᠬᠦ᠂ ᠤᠴᠢᠷ ᠶᠠᠪᠤᠳᠠᠯ ᠭᠠᠷᠭᠠᠬᠤ ᠦᠭᠡᠢ ᠠᠵᠢᠯ ᠤᠨ ᠠᠭᠤᠷ ᠠᠮᠢᠰᠬᠤᠯ ᠢ ᠴᠢᠷᠮᠠᠶᠢᠨ ᠪᠤᠢ | ᠪᠣᠯᠭᠠᠬᠤ ᠬᠡᠷᠡᠭᠲᠡᠶ᠃ ᠲᠦᠷᠪᠡ ᠳᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠎ᠠ᠃ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠨᠠᠮ ᠤᠨ ᠭᠡᠰᠢᠭᠦᠨ ᠺᠠᠳ᠋ᠷ ᠤᠨ | ᠡᠩᠨᠡᠭᠡᠨ ᠳᠤ ᠣᠷᠣᠰᠢᠵᠤ ᠪᠠᠶᠢᠭ᠎ᠠ ︽ᠬᠡᠪᠲᠡᠭᠡ ᠮᠠᠶ᠋ᠢᠭ︾ ᠤᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠬᠦ ᠦᠭᠡᠢ᠂ | ᠠᠵᠢᠯ ᠬᠢᠬᠦ ᠦᠭᠡᠢ᠂ ᠳᠤᠷ᠎ᠠ ᠪᠠᠷ ᠢᠶᠠᠨ ᠬᠢᠬᠦ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠳᠤ | ᠴᠢᠭᠯᠡᠭᠦᠯᠦᠨ᠂ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ︽ᠬᠠᠭᠤᠷᠮᠠᠭ᠂ ᠵᠠᠶᠢᠯᠠᠬᠤ᠂ | ᠬᠦᠢᠲᠡᠨ᠂ ᠪᠦᠳᠦᠭᠦᠯᠢᠭ᠂ ᠬᠠᠭᠤᠷᠮᠠᠭ ᠢᠶᠠᠷ ᠬᠢᠬᠦ︾ ᠲᠠᠪᠤᠨ ᠵᠦᠢᠯ ᠤᠨ ᠠᠵᠢᠯ ᠤᠨ ᠰᠤᠷᠲᠠᠯ ᠤᠨ ᠲᠠᠯ᠎ᠠ ᠪᠠᠷ ᠬᠢ | ᠠᠷᠬᠠᠭ ᠭᠡᠮ ᠢ ᠦᠨᠳᠦᠰᠦᠨ ᠠᠴᠠ ᠨᠢ ᠠᠷᠢᠯᠭᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ | ᠪᠠᠳᠠᠷᠠᠭᠤᠯᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢᠶᠠᠷ ᠠᠵᠢᠯ ᠤᠨ | ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠠᠷᠠᠳ ᠤᠨ ᠲᠥᠯᠥᠭᠡ ᠪᠣᠳᠠᠲᠠᠢ ᠠᠵᠢᠯ ᠬᠢᠵᠦ᠂ ᠠᠵᠤ | ᠠᠬᠤᠶᠢᠯᠠᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠵᠤ᠂ ᠪᠠᠢ ᠮᠢᠶᠣᠣ | ᠽᠢ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠪᠠ᠃ | ᠪᠠᠢ ᠮᠢᠶᠤᠤ ᠽᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ | 2024 ᠣᠨ ᠤ 10 ᠰᠠᠷ᠎ᠠ ᠶᠢᠨ 30 ᠤ ᠡᠳᠦᠷ |