ᠲᠦᠮᠡᠳ ᠵᠡᠭᠦᠨ ᠬᠤᠰᠢᠭᠤᠨ ᠤ ᠶᠠᠩ ᠭᠤᠸᠠᠩ ᠨᠡᠶᠢᠭᠡᠮ ᠲᠣᠭᠤᠷᠢᠭ ︽ᠤᠯᠤᠰ ᠪᠠᠶᠢᠭᠤᠯᠤᠭᠳᠠᠭᠰᠠᠨ ᠪᠠᠶᠠᠷ ᠢ ᠬᠠᠮᠲᠤ ᠪᠠᠷ ᠪᠡᠯᠭᠡᠯᠡᠵᠦ᠂ ᠬᠥᠭᠵᠢᠯ ᠪᠠᠳᠠᠷᠠᠯ ᠤᠨ ᠡᠳᠦᠷ ᠢ ᠬᠠᠮᠲᠤ ᠪᠠᠷ ᠡᠳ᠋ᠯᠡᠶ᠎ᠡ︾ ᠭᠡᠬᠦ ᠤᠯᠤᠰ ᠤᠨ ᠪᠠᠶᠠᠷ ᠤᠨ ᠭᠤᠤᠯ ᠰᠡᠳᠦᠪᠲᠦ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/8
    9 ᠰᠠᠷ᠎ᠠ ᠶᠢᠨ 30 ᠤ ᠡᠳᠦᠷ᠂ ᠲᠦᠮᠡᠳ ᠵᠡᠭᠦᠨ ᠬᠤᠰᠢᠭᠤᠨ ᠤ ᠶᠠᠩ ᠭᠤᠸᠠᠩ ᠨᠡᠶᠢᠭᠡᠮ ᠲᠣᠭᠤᠷᠢᠭ ︽ᠤᠯᠤᠰ ᠪᠠᠶᠢᠭᠤᠯᠤᠭᠳᠠᠭᠰᠠᠨ ᠪᠠᠶᠠᠷ ᠢ ᠬᠠᠮᠲᠤ ᠪᠠᠷ ᠪᠡᠯᠭᠡᠯᠡᠵᠦ᠂ ᠬᠠᠮᠲᠤ ᠪᠠᠷ ᠴᠡᠴᠡᠭᠯᠡᠨ ᠬᠥᠭᠵᠢᠬᠦ︾ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠠᠵᠢᠯᠯᠠᠭ᠎ᠠ ᠨᠢ ᠤᠳᠬ᠎ᠠ ᠤᠷᠠᠯᠢᠭ ᠤᠨ ᠬᠠᠮᠲᠤᠷᠠᠭᠰᠠᠨ ᠲᠣᠭᠯᠠᠯᠲᠠ ᠶᠢᠨ ᠬᠡᠯᠪᠡᠷᠢ ᠪᠠᠷ ᠳᠠᠮᠵᠢᠭᠤᠯᠤᠨ᠂ ᠲᠤᠬᠠᠶ ᠶᠢᠨ ᠲᠠᠯᠠᠪᠠᠶ ᠶᠢᠨ ᠨᠡᠶᠢᠭᠡᠮ ᠲᠣᠭᠤᠷᠢᠭ ᠤᠨ ᠬᠢᠨ ᠪᠠᠰᠠ ᠣᠯᠠᠨ ᠲᠦᠮᠡᠨ ᠳᠤ ᠰᠦᠢᠳᠭᠡᠯ ᠬᠤᠷᠢᠶᠠᠬᠤ ᠥᠬᠡᠶ ᠪᠠᠷ ᠵᠢᠮᠢᠰ ᠭᠤᠸᠠ ᠬᠠᠩᠭᠠᠵᠤ᠂ ᠰᠠᠭᠤᠭᠠᠯᠢ ᠠᠷᠠᠳ ᠲᠤ ᠬᠠᠯᠠᠭᠤᠨ ᠳᠤᠯᠠᠭᠠᠨ ᠴᠠᠭ ᠮᠥᠴᠡ ᠶᠢ ᠡᠳ᠋ᠯᠡᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠶᠤᠤ ᠵᠢᠤᠢ ᠬᠡᠤᠬᠡᠳ ᠤᠨ ᠴᠡᠴᠡᠷᠯᠢᠭ᠂ ᠬᠠᠷᠢᠶᠠᠲᠤ ᠣᠷᠣᠨ ᠤ ᠤᠯᠠᠭᠠᠨ ᠠᠨᠠᠷ ᠤᠨ ᠤᠳᠬ᠎ᠠ ᠤᠷᠠᠯᠢᠭ ᠤᠨ ᠠᠩᠭᠢ ᠳᠠᠭᠤᠤ ᠪᠥᠵᠢᠭ ᠤᠨ ᠲᠣᠭᠯᠠᠯᠲᠠ ᠭᠠᠷᠭᠠᠵᠤ᠂ ᠭᠤᠶᠢᠳᠠ ᠰᠠᠶᠢᠬᠠᠨ ᠲᠣᠭᠯᠠᠯᠲᠠ ᠨᠢ ᠦᠵᠡᠭᠴᠢᠳ ᠤᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠲᠤᠬᠠᠶ ᠶᠢᠨ ᠲᠠᠯᠠᠪᠠᠢ ᠳᠤ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠲᠡᠯ᠎ᠡ ᠳᠤᠤᠭᠠᠷᠪᠠ᠃    ᠠᠵᠢᠯᠯᠠᠭ᠎ᠠ ᠶᠢᠨ ᠬᠤᠭᠤᠴᠠᠭᠠᠨ ᠳᠤ᠂ ᠷᠦ᠋ ᠢ ᠾᠧ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠪᠠᠰᠠ ᠰᠠᠭᠤᠭᠠᠯᠢ ᠠᠷᠠᠳ ᠲᠤ ᠬᠤᠤᠷ ᠴᠠᠭᠠᠵᠠᠯᠠᠬᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠪᠠ᠃    ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠴᠢᠩᠭᠠᠷᠠᠭᠤᠯᠵᠤ᠂ ᠬᠤᠶᠢᠰᠢᠳᠠ ᠶᠠᠩ ᠭᠤᠸᠠᠩ ᠨᠡᠶᠢᠭᠡᠮ ᠲᠣᠭᠤᠷᠢᠭ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠠᠩ ᠣᠯᠠᠨ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠬᠠᠩᠭᠠᠵᠤ᠂ ᠡᠶ᠎ᠡ ᠵᠣᠬᠢᠴᠠᠯ ᠲᠠᠢ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠬᠤ ᠪᠣᠯᠤᠨ᠎ᠠ᠃
 
ᠢᠷᠡᠯᠲᠡ᠄  ᠶᠢᠨ ᠬᠤᠤ ᠣᠷᠣᠨ ᠪᠦᠰᠡ ᠶᠢᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号