ᠲᠦᠮᠡᠳ ᠵᠡᠭᠦᠨ ᠬᠤᠰᠢᠭᠤᠨ ᠤ ᠲᠠᠶᠢᠭ᠎ᠠ ᠮᠤᠳᠤ ᠪᠠᠯᠭᠠᠰᠤᠨ ᠤ ᠬᠡᠰᠡᠭ ᠭᠠᠵᠠᠷ ︵C15᠂ C18︶ ᠡᠵᠡᠮᠰᠢᠯ ᠤᠨ ᠴᠢᠨᠠᠷᠲᠠᠢ ᠨᠠᠷᠢᠨ ᠲᠥᠯᠥᠪᠵᠢᠭᠦᠯᠭᠡ ᠶᠢᠨ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠲᠥᠰᠦᠯ ᠳᠤ ᠲᠣᠬᠢᠷᠠᠭᠤᠯᠤᠯᠲᠠ ᠬᠢᠵᠦ ᠨᠡᠢᠲᠡᠯᠡᠭᠰᠡᠨ  ᠮᠠᠲ᠋ᠧᠷᠢᠶᠠᠯ
ᠨᠡᠶᠢᠲᠡᠯᠡᠭᠰᠡᠨ ᠴᠠᠭ᠄
2024/10/8
    ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠭᠠᠵᠠᠷ ᠰᠢᠷᠣᠶ ᠶᠢ ᠵᠦᠶ ᠵᠣᠬᠢᠰᠲᠠᠶ ᠪᠠᠶᠢᠷᠢᠰᠢᠭᠤᠯᠬᠤ ᠶᠢᠨ ᠲᠥᠯᠥᠭᠡ᠂ ᠭᠠᠵᠠᠷ ᠰᠢᠷᠣᠶ ᠶᠢ ᠵᠢᠷᠤᠮᠵᠢᠭᠤᠯᠤᠨ ᠬᠡᠷᠡᠭᠯᠡᠵᠦ᠂ ᠭᠠᠵᠠᠷ ᠰᠢᠷᠣᠶ ᠶᠢ ᠵᠦᠶ ᠵᠣᠬᠢᠰᠲᠠᠶ ᠨᠡᠭᠡᠭᠡᠨ ᠠᠰᠢᠭᠯᠠᠵᠤ᠂ ᠭᠠᠵᠠᠷ ᠰᠢᠷᠣᠶ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠠᠷᠴᠢᠮ ᠶᠣᠰᠣᠭᠠᠷ᠂ ᠲᠦᠮᠡᠳ ᠵᠡᠭᠦᠨ ᠬᠤᠰᠢᠭᠤᠨ ᠤ ᠲᠠᠶᠢᠭ᠎ᠠ ᠮᠣᠳᠤ ᠪᠠᠯᠭᠠᠰᠤᠨ ᠤ ᠬᠡᠰᠡᠭ ᠭᠠᠵᠠᠷ ︵C15᠂ C18︶ ᠨᠠᠷᠢᠨ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ︵ᠳᠣᠷᠣᠭᠰᠢ ᠲᠣᠰ ᠮᠡᠳᠡᠭᠦᠯᠦᠯᠲᠡ ᠭᠡᠵᠦ ᠲᠣᠪᠴᠢᠯᠠᠨ᠎ᠠ︶ ᠶᠢ ᠵᠣᠬᠢᠶᠠᠨ ᠪᠠᠶᠢᠭᠤᠯᠤᠨ ᠨᠠᠶᠢᠷᠠᠭᠤᠯᠪᠠ ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ ︾᠂ ︽ᠬᠥᠬᠡᠬᠤᠲᠠ ᠶᠢᠨ ᠬᠤᠲᠠ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠮᠡᠷᠭᠡᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠵᠡᠷᠭᠡ ᠱᠠᠭᠠᠷᠳᠠᠯᠭ᠎ᠠ ᠶᠢ ᠦᠨᠳᠦᠰᠦᠯᠡᠨ᠂ ᠲᠦᠮᠡᠳ ᠵᠡᠭᠦᠨ ᠬᠤᠰᠢᠭᠤᠨ ᠤ ᠲᠠᠶᠢᠭ᠎ᠠ ᠮᠣᠳᠤ ᠪᠠᠯᠭᠠᠰᠤ ᠶᠢᠨ C15᠂ C18 ᠭᠠᠵᠠᠷ ᠤᠨ  ᠡᠵᠡᠮᠰᠢᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠵᠦ᠂ ᠨᠠᠶᠢᠷᠠᠭᠤᠯᠤᠨ ᠵᠣᠬᠢᠶᠠᠬᠤ ᠶᠢ ᠭᠦᠨᠵᠡᠭᠡᠶᠢᠷᠡᠭᠦᠯᠬᠦ ᠲᠥᠰᠦᠯ ᠢ ᠢᠯᠡ ᠨᠡᠶᠢᠲᠡᠯᠡᠵᠦ᠂ ᠣᠯᠠᠨ ᠨᠡᠶᠢᠲᠡ ᠶᠢᠨ ᠰᠠᠨᠠᠯ ᠢ ᠬᠤᠷᠢᠶᠠᠨ᠎ᠠ᠃    ᠨᠢᠭᠡ᠂ ᠲᠥᠷᠥᠯ ᠵᠦᠢᠯ ᠤᠨ ᠣᠷᠣᠨ ᠪᠠᠶᠢᠷᠢ    ᠲᠣᠰ ᠤᠳᠠᠭᠠᠨ ᠤ ᠬᠢᠵᠠᠭᠠᠷᠯᠠᠯᠲᠠ ᠶᠢᠨ ᠲᠣᠭᠲᠠᠭᠠᠯ ᠳᠤ ᠵᠠᠰᠠᠪᠤᠷᠢ ᠣᠷᠣᠭᠤᠯᠤᠭᠰᠠᠨ ᠬᠡᠪᠴᠢᠶ᠎ᠡ ᠨᠢ ︽ᠲᠦᠮᠡᠳ ᠵᠡᠭᠦᠨ ᠬᠤᠰᠢᠭᠤᠨ ᠤ ᠲᠠᠶᠢᠭ᠎ᠠ ᠮᠣᠳᠤ ᠪᠠᠯᠭᠠᠰᠤᠨ ᠤ ᠬᠡᠰᠡᠭ ᠲᠣᠭᠤᠷᠢᠭ ᠤᠨ  ᠡᠵᠡᠮᠰᠢᠯ ᠤᠨ ᠴᠢᠨᠠᠷᠲᠠᠶ ᠨᠠᠷᠢᠨ ᠲᠥᠯᠥᠪᠵᠢᠭᠦᠯᠭᠡ︾ ᠶᠢᠨ C15᠂ C18 ᠬᠡᠰᠡᠭ ᠭᠠᠵᠠᠷ ᠪᠣᠯᠤᠨ᠎ᠠ᠃ C15 ᠭᠠᠵᠠᠷ ᠤᠨ ᠬᠡᠰᠡᠭ ᠨᠢ ᠪᠠᠢ ᠱᠢ ᠵᠡᠭᠦᠨ ᠵᠠᠮ ᠠᠴᠠ ᠵᠡᠭᠦᠨᠰᠢ᠂ ᠰᠢᠨ ᠮᠧᠩ ᠲᠣᠰᠣᠨ ᠵᠠᠮ ᠠᠴᠠ ᠡᠮᠦᠨ᠎ᠡ᠂ ᠦ᠋ ᠢ ᠵᠠᠮ ᠠᠴᠠ ᠪᠠᠷᠠᠭᠤᠨᠰᠢ᠂ ᠵᠢᠩ ᠪᠤᠤ ᠲᠡᠮᠦᠷ ᠵᠠᠮ ᠠᠴᠠ ᠬᠤᠶᠢᠰᠢ ᠪᠠᠶᠢᠷᠢᠯᠠᠵᠤ᠂ ᠶᠡᠷᠦᠩᠬᠡᠢ ᠬᠡᠷᠡᠭᠯᠡᠬᠦ ᠭᠠᠵᠠᠷ ᠤᠨ ᠲᠠᠯᠠᠪᠠᠶ ᠨᠢ 140.53 ᠾᠧᠺᠲ᠋ᠠᠷ ᠬᠦᠷᠪᠡ᠃ C18 ᠭᠠᠵᠠᠷ ᠤᠨ ᠬᠡᠰᠡᠭ ᠨᠢ ᠢᠯᠴᠢ ᠴᠠᠬᠢᠯᠭᠠᠨ ᠤ ᠦᠢᠯᠡᠳᠪᠦᠷᠢ ᠶᠢᠨ ᠪᠠᠷᠠᠭᠤᠨ ᠵᠠᠮ ᠠᠴᠠ ᠵᠡᠭᠦᠨᠰᠢ᠂ ᠲᠦᠮᠡᠳ ᠤᠨ ᠪᠠᠷᠠᠭᠤᠨ ᠵᠡᠭᠡᠯᠢ ᠠᠴᠠ ᠡᠮᠦᠨᠡᠰᠢ᠂  ᠲᠥᠯᠥᠪᠵᠢᠬᠦᠯᠭᠡ ᠶᠢᠨ ᠲᠠᠪᠤᠳᠤᠭᠠᠷ ᠵᠠᠮ ᠠᠴᠠ ᠪᠠᠷᠠᠭᠤᠨᠰᠢ᠂ ᠢᠯᠴᠢ ᠴᠠᠬᠢᠯᠭᠠᠨ ᠤ ᠦᠢᠯᠡᠳᠪᠦᠷᠢ ᠶᠢᠨ ᠡᠮᠦᠨ᠎ᠡ ᠵᠡᠭᠡᠯᠢ ᠠᠴᠠ ᠬᠤᠶᠢᠰᠢ ᠪᠠᠨ ᠪᠠᠶᠢᠷᠢᠯᠠᠵᠤ᠂ ᠶᠡᠷᠦᠩᠬᠡᠶ ᠬᠡᠷᠡᠭᠯᠡᠬᠦ ᠭᠠᠵᠠᠷ ᠤᠨ ᠲᠠᠯᠠᠪᠠᠶ ᠨᠢ 139.86 ᠾᠧᠺᠲ᠋ᠠᠷ ᠪᠣᠯᠤᠨ᠎ᠠ᠃
C:\Users\bch\Desktop\10.16\10.08  公示公告图.jpg
    ᠫᠷᠣᠵᠡᠺᠲ ᠤᠨ ᠪᠠᠶᠢᠷᠢ ᠶᠢ ᠵᠠᠰᠠᠬᠤ ᠲᠠᠶᠢᠯᠪᠤᠷᠢ ᠵᠢᠷᠤᠭ    ᠬᠤᠶᠠᠷ᠂ ᠵᠠᠰᠠᠪᠤᠷᠢ ᠣᠷᠣᠭᠤᠯᠤᠭᠰᠠᠨ ᠰᠢᠯᠲᠠᠭᠠᠨ    1. ᠡᠵᠡᠮᠰᠢᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠬᠠᠤᠯᠢ ᠪᠠᠷ ᠲᠣᠭᠲᠠᠭᠠᠭᠰᠠᠨ ᠨᠥᠬᠦᠴᠡᠯ᠄    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠳᠦᠷᠢᠮ︾ ᠢ ᠦᠨᠳᠦᠰᠦᠯᠡᠨ ᠨᠠᠶᠢᠷᠠᠭᠤᠯᠤᠨ ᠵᠣᠬᠢᠶᠠᠭᠰᠠᠨ ᠪᠠᠶᠢᠭᠤᠯᠭ᠎ᠠ ᠨᠢ ᠲᠣᠭᠲᠠᠭᠰᠠᠨ ᠡᠷᠬᠡ ᠮᠡᠳᠡᠯ ᠪᠠ ᠳᠡᠰ ᠳᠠᠷᠠᠭᠠᠯᠠᠯ ᠤᠨ ᠶᠣᠰᠣᠭᠠᠷ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠳᠤ ᠵᠠᠰᠠᠪᠤᠷᠢ ᠣᠷᠣᠭᠤᠯᠵᠤ ᠪᠣᠯᠤᠨ᠎ᠠ᠄    ︵1︶ ᠶᠡᠷᠦᠩᠬᠡᠶ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠭᠰᠠᠨ ᠠᠴᠠ ᠪᠣᠯᠵᠤ ᠬᠤᠲᠠ ᠪᠠᠯᠭᠠᠰᠤ ᠶᠢᠨ ᠪᠠᠶᠢᠷᠢᠰᠢᠭᠤᠯᠤᠯ ᠪᠠ ᠴᠢᠳᠠᠮᠵᠢ ᠳᠤ ᠴᠢᠬᠤᠯᠠ ᠶᠡᠭᠡ ᠨᠥᠯᠥᠭᠡ ᠦᠵᠡᠭᠦᠯᠦᠭᠰᠡᠨ᠃    ︵2︶ ᠲᠥᠯᠥᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠤ ᠨᠤᠲᠠᠯᠠᠭᠰᠠᠨ ᠢᠶᠠᠷ ᠪᠣᠯ ᠵᠠᠰᠠᠪᠤᠷᠢ ᠣᠷᠣᠭᠤᠯᠬᠤ ᠮᠥᠷᠲᠡᠭᠡᠨ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠤᠯᠭ᠎ᠠ ᠪᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠴᠢᠬᠤᠯᠠᠲᠠᠶ ᠭᠡᠰᠡᠨ᠃    ︵3︶ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠭᠤᠤᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠠᠴᠠ ᠪᠣᠯᠵᠣ ᠣᠯᠠᠨ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠳᠤ ᠵᠠᠰᠠᠪᠤᠷᠢ ᠣᠷᠣᠭᠤᠯᠤᠭᠰᠠᠨ᠃    ︵4︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ᠃    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠲᠦᠷᠢᠮ︾ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠪᠡᠯ᠂ ᠲᠣᠰ ᠤᠳᠠᠭᠠᠨ ᠤ ᠬᠡᠷᠡᠭᠯᠡᠬᠦ ᠭᠠᠵᠠᠷ ᠲᠤ ᠵᠠᠰᠠᠪᠤᠷᠢ ᠣᠷᠣᠭᠤᠯᠬᠤ ᠨᠢ ᠬᠠᠤᠯᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠰᠡᠨ ᠬᠤᠶᠠᠳᠤᠭᠠᠷ ᠵᠦᠢᠯ᠄    ᠲᠥᠯᠥᠪᠯᠡᠭᠡ ᠶᠢ ᠬᠡᠷᠡᠭᠵᠢᠭᠦᠯᠬᠦ ᠶᠠᠪᠤᠴᠠ ᠳᠤ ᠨᠤᠲᠠᠯᠠᠯ ᠳᠤ ᠵᠠᠰᠠᠪᠤᠷᠢ ᠤᠷᠤᠭᠤᠯᠬᠤ ᠪᠠ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠤᠯᠭ᠎ᠠ ᠪᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠴᠢᠬᠤᠯᠠ ᠲᠠᠢ ᠭᠡᠵᠦ ᠦᠵᠡᠪᠡᠯ᠃    2. ᠭᠠᠵᠠᠷ ᠬᠡᠷᠡᠭᠯᠡᠬᠦ ᠪᠠᠶᠢᠷᠢᠰᠢᠭᠤᠯᠤᠯ ᠢ ᠰᠢᠯᠢᠳᠡᠭᠵᠢᠭᠦᠯᠵᠦ᠂ ᠭᠠᠵᠠᠷ ᠰᠢᠷᠣᠶ ᠶᠢ ᠡᠷᠴᠢᠮᠵᠢᠭᠦᠯᠦᠨ ᠠᠷᠪᠢᠲᠠᠶ ᠠᠰᠢᠭᠯᠠᠬᠤ᠃    ᠪᠠᠯᠭᠠᠰᠤᠨ ᠤ ᠲᠣᠭᠤᠷᠢᠭ ᠤᠨ ᠭᠠᠵᠠᠷ ᠰᠢᠷᠣᠶ ᠵᠢᠴᠢ ᠡᠷᠬᠢᠨ ᠲᠣᠭᠤᠷᠢᠨ ᠤ ᠪᠣᠳᠠᠲᠠᠶ ᠭᠠᠵᠠᠷ ᠰᠢᠷᠣᠶ ᠶᠢᠨ ᠠᠰᠢᠭᠯᠠᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠣᠳᠣᠬᠢ ᠪᠠᠶᠢᠳᠠᠯ ᠢ ᠰᠤᠯᠠ ᠲᠠᠯᠪᠢᠭᠰᠠᠨ᠂ ᠬᠡᠪᠴᠢᠶ᠎ᠡ ᠪᠠᠷ ᠨᠡᠯᠢᠶᠡᠳ ᠶᠡᠭᠡ᠂ ᠭᠠᠵᠠᠷ ᠰᠢᠷᠣᠶ ᠶᠢᠨ ᠡᠷᠴᠢᠮᠵᠢᠭᠦᠯᠦᠨ ᠠᠷᠪᠢᠯᠠᠬᠤ ᠬᠡᠮᠵᠢᠶ᠎ᠡ ᠪᠠᠷ ᠨᠡᠯᠢᠶᠡᠳ ᠳᠣᠤᠷ᠎ᠠ ᠭᠠᠵᠠᠷ ᠰᠢᠷᠣᠶ ᠶᠢ ᠳᠠᠬᠢᠨ ᠪᠠᠶᠢᠷᠢᠰᠢᠭᠤᠯᠤᠨ᠎ᠠ᠃ ᠰᠢᠨ᠎ᠡ ᠬᠥᠭᠵᠢᠯᠲᠡ ᠶᠢᠨ ᠱᠠᠲᠤᠨ ᠳᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢᠨ ᠬᠠᠮᠲᠤ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠬᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠪᠣᠳᠠᠲᠤ ᠬᠥᠭᠵᠢᠯᠲᠡ ᠲᠠᠢ ᠤᠶᠠᠯᠳᠤᠭᠤᠯᠤᠨ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠴᠢᠬᠤᠯᠠᠲᠠᠢ ᠪᠠᠶᠢᠨ᠎ᠠ᠃    3. ᠰᠢᠨ᠎ᠡ ᠴᠠᠭ ᠦᠶ᠎ᠡ ᠶᠢᠨ ᠣᠷᠣᠨ ᠵᠠᠶ ᠶᠢᠨ ᠵᠠᠰᠠᠯᠲᠠ ᠳᠤ ᠬᠠᠨᠳᠤᠭᠤᠯᠤᠨ᠂ ᠲᠥᠯᠥᠪᠵᠢᠭᠦᠯᠭᠡ ᠶᠢᠨ ᠬᠥᠳᠡᠯᠦᠩᠭᠦᠶ ᠬᠠᠮᠠᠭᠠᠯᠠᠯᠲᠠ ᠶᠢ ᠬᠡᠷᠡᠭᠵᠢᠭᠦᠯᠵᠦ᠂ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢᠨ ᠬᠠᠮᠢᠶᠠᠷᠤᠨ ᠡᠵᠡᠮᠳᠡᠬᠦ ᠬᠦᠴᠦᠨ ᠲᠠᠢ ᠬᠤᠭᠤᠴᠠᠭ᠎ᠠ ᠶᠢ ᠴᠢᠩᠭᠠᠷᠠᠭᠤᠯᠬᠤ ᠬᠡᠷᠡᠭᠲᠡᠶ᠃    2019 ᠣᠨ ᠤ 5 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠲᠤᠬᠠᠶ ᠰᠠᠨᠠᠯ ᠤᠳ︾ ᠢ ᠳᠠᠷᠤᠮᠠᠯᠯᠠᠨ ᠲᠠᠷᠬᠠᠭᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠭᠤᠤᠯ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ᠂ ᠭᠠᠵᠠᠷ ᠰᠢᠷᠣᠶ ᠶᠢᠨ ᠠᠰᠢᠭᠯᠠᠯᠲᠠ ᠶᠢᠨ ᠲᠥᠯᠥᠪᠵᠢᠭᠦᠯᠭᠡ᠂ ᠬᠤᠲᠠ ᠬᠥᠳᠡᠭᠡ ᠶᠢᠨ ᠲᠥᠯᠥᠪᠵᠢᠭᠦᠯᠭᠡ ᠵᠡᠷᠭᠡ ᠣᠷᠣᠨ ᠵᠠᠶ ᠶᠢᠨ ᠲᠥᠯᠥᠪᠵᠢᠭᠦᠯᠭᠡ ᠶᠢ ᠨᠢᠭᠡᠳᠦᠯᠲᠡᠶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠠᠭᠤᠰᠤᠯᠴᠠᠭᠤᠯᠵᠤ᠂ ︽ᠣᠯᠠᠨ ᠲᠥᠯᠥᠪᠵᠢᠭᠦᠯᠭᠡ ᠶᠢ ᠨᠢᠭᠡᠳᠬᠡᠬᠦ︾᠂ ᠣᠷᠣᠨ ᠵᠠᠶ ᠶᠢᠨ ᠲᠥᠯᠥᠪᠵᠢᠭᠦᠯᠭᠡ ᠪᠣᠯ ᠣᠷᠣᠨ ᠵᠠᠶ ᠶᠢᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠮᠥᠨ ᠭᠡᠵᠦ ᠲᠣᠳᠣᠷᠬᠠᠶ ᠳᠤᠷᠠᠳᠤᠨ ᠭᠠᠷᠭᠠᠪᠠ᠃    ᠣᠳᠣᠬᠠᠨ ᠳᠤ ᠮᠤᠵᠢ ᠬᠤᠲᠠ ᠰᠢᠶᠠᠨ ᠤ ᠡᠯ᠎ᠡ ᠱᠠᠲᠤ ᠨᠢ ᠴᠥᠮ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠠᠶᠢᠨ ᠰᠥᠪᠡᠭᠴᠢᠯᠡᠯᠲᠡ ᠰᠤᠳᠤᠯᠤᠯᠲᠠ ᠬᠢᠵᠦ ᠪᠠᠶᠢᠭ᠎ᠠ ᠪᠣᠯᠪᠠᠴᠤ᠂ ᠰᠢᠯᠵᠢᠯᠲᠡ ᠶᠢᠨ ᠬᠤᠭᠤᠴᠠᠭᠠᠨ ᠤ ᠲᠥᠯᠥᠪᠵᠢᠭᠦᠯᠭᠡ ᠬᠠᠮᠢᠶᠠᠷᠤᠯᠲᠠ ᠨᠢ ᠴᠦ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠴᠢᠬᠤᠯᠠ ᠠᠵᠢᠯ ᠪᠣᠯᠤᠨ᠎ᠠ᠃ ︽ᠲᠦᠮᠡᠳ ᠵᠡᠭᠦᠨ ᠬᠤᠰᠢᠭᠤᠨ ᠤ ᠲᠠᠶᠢᠭ᠎ᠠ ᠮᠣᠳᠤ ᠪᠠᠯᠭᠠᠰᠤᠨ ᠤ ᠬᠡᠰᠡᠭ ᠲᠣᠭᠤᠷᠢᠭ ᠤᠨ ᠡᠵᠡᠮᠳᠡᠯ ᠤᠨ ᠴᠢᠨᠠᠷᠲᠠᠢ ᠨᠠᠷᠢᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠴᠠᠭ ᠨᠡᠯᠢᠶᠡᠳ ᠤᠳᠠᠭᠠᠨ᠂ ᠰᠢᠨ᠎ᠡ ᠲᠦᠷᠦ ᠶᠢᠨ ᠪᠤᠳᠤᠯᠭ᠎ᠠ᠂ ᠰᠢᠨ᠎ᠡ ᠣᠶᠢᠯᠠᠭᠠᠭᠳᠠᠬᠤᠨ᠂ ᠰᠢᠨ᠎ᠡ ᠲᠦᠷᠦᠯ ᠵᠦᠢᠯ ᠤᠨ ᠱᠠᠭᠠᠷᠳᠠᠯᠭ᠎ᠠ ᠴᠥᠮ ᠬᠤᠪᠢᠷᠠᠯᠲᠠ ᠭᠠᠷᠴᠤ᠂ ᠣᠳᠣᠬᠠᠨ ᠤ ᠬᠤᠳᠠ ᠶᠢᠨ ᠣᠷᠣᠨ ᠵᠠᠢ ᠶᠢ ᠵᠠᠰᠠᠬᠤ ᠱᠠᠭᠠᠷᠳᠠᠯᠭ᠎ᠠ ᠶᠢ ᠨᠢᠭᠡᠨᠲᠡ ᠬᠠᠩᠭᠠᠵᠤ ᠳᠡᠶᠢᠯᠬᠦ ᠦᠭᠡᠢ ᠪᠤᠯᠵᠤ᠂ ᠣᠷᠣᠨ ᠵᠠᠢ ᠶᠢᠨ ᠲᠥᠯᠥᠪᠵᠢᠭᠦᠯᠭᠡ ᠶᠢᠨ ᠰᠢᠯᠵᠢᠯᠲᠡ ᠶᠢᠨ ᠬᠤᠭᠤᠴᠠᠭᠠᠨ ᠳᠤ ᠤᠳᠤ ᠶᠢᠨ ᠬᠡᠷᠡᠭᠵᠢᠭᠦᠯᠵᠦ ᠪᠠᠶᠢᠭ᠎ᠠ ᠲᠥᠯᠥᠪᠵᠢᠭᠦᠯᠭᠡ ᠳᠤ ᠬᠥᠳᠡᠯᠦᠩᠭᠦᠢ ᠬᠠᠮᠠᠭᠠᠯᠠᠯᠲᠠ ᠬᠢᠬᠦ ᠨᠢ ᠨᠡᠩ ᠴᠢᠬᠤᠯᠠ ᠶᠤᠮ᠃ ︽ᠲᠦᠮᠡᠳ ᠵᠡᠭᠦᠨ ᠬᠤᠰᠢᠭᠤᠨ ᠤ ᠲᠠᠶᠢᠭ᠎ᠠ ᠮᠣᠳᠤ ᠪᠠᠯᠭᠠᠰᠤᠨ ᠤ ᠬᠡᠰᠡᠭ ᠲᠣᠭᠤᠷᠢᠭ ᠤᠨ ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ︾ ᠳᠤ ᠵᠠᠰᠠᠪᠤᠷᠢ ᠣᠷᠣᠭᠤᠯᠬᠤ ᠪᠣᠯ ᠲᠥᠯᠥᠪᠵᠢᠭᠦᠯᠭᠡ ᠶᠢᠨ ᠬᠥᠳᠡᠯᠦᠩᠭᠦᠢ ᠪᠠᠷ ᠬᠠᠮᠠᠭᠠᠯᠠᠬᠤ ᠨᠢᠭᠡ ᠵᠦᠢᠯ ᠤᠨ ᠪᠦᠲᠦᠮᠵᠢᠲᠡᠢ ᠠᠷᠭ᠎ᠠ ᠬᠡᠯᠪᠡᠷᠢ ᠮᠥᠨ᠂ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠤᠯᠭᠠᠭᠤᠷᠢᠯᠠᠬᠤ᠂ ᠡᠵᠡᠮᠳᠡᠬᠦ ᠲᠣᠭᠲᠠᠭᠠᠯ ᠤᠨ ᠬᠠᠮᠢᠶᠠᠷᠤᠨ ᠡᠵᠡᠮᠳᠡᠬᠦ ᠦᠢᠯᠡᠳᠦᠯ ᠢ ᠴᠢᠩᠭᠠᠷᠠᠭᠤᠯᠬᠤ᠂ ᠡᠵᠡᠮᠳᠡᠬᠦ ᠲᠣᠭᠲᠠᠭᠠᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠢᠯᠡᠷᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠤ ᠣᠳᠣᠬᠠᠨ ᠤ ᠨᠢᠭᠡ ᠬᠤᠭᠤᠴᠠᠭᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠬᠤ ᠳᠤ ᠦᠨᠳᠦᠰᠦᠨ ᠦᠨᠳᠦᠰᠦᠯᠡᠯ ᠬᠠᠩᠭᠠᠵᠤ ᠪᠣᠯᠤᠨ᠎ᠠ᠃    ᠭᠤᠷᠪᠠ᠂ ᠠᠭᠤᠯᠭ᠎ᠠ ᠶᠢ ᠲᠣᠬᠢᠷᠠᠭᠤᠯᠬᠤ    1. C15 - 08 ᠤᠨ ᠨᠢᠭᠡᠳᠦᠭᠡᠷ ᠲᠥᠷᠥᠯ ᠤᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ᠪᠠᠷᠢᠯᠭ᠎ᠠ ᠳᠤ ᠳᠡᠭᠡᠳᠦ ᠬᠡᠮᠵᠢᠶ᠎ᠡ ᠪᠠᠷ ᠲᠣᠬᠢᠷᠠᠭᠤᠯᠤᠯᠲᠠ ᠬᠢᠨ᠎ᠡ᠃    2. C18-15 ᠶᠢᠨ ᠨᠢᠭᠡᠳᠦᠭᠡᠷ ᠲᠥᠷᠥᠯ ᠤᠨ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠳᠤ ᠬᠡᠷᠡᠭᠯᠡᠬᠦ ᠭᠠᠵᠠᠷ ᠢ ᠬᠤᠶᠠᠳᠤᠭᠠᠷ ᠲᠥᠷᠥᠯ ᠤᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠪᠣᠯᠭᠠᠨ ᠲᠣᠬᠢᠷᠠᠭᠤᠯᠬᠤ ᠶᠢᠨ ᠬᠠᠮᠲᠤ ᠲᠡᠭᠦᠨ ᠤ ᠭᠦᠢᠴᠡᠳᠬᠡᠬᠦ ᠲᠤᠭ᠎ᠠ ᠳᠤ ᠵᠣᠬᠢᠴᠠᠩᠭᠤᠶ ᠲᠣᠬᠢᠷᠠᠭᠤᠯᠤᠯᠲᠠ ᠬᠢᠬᠦ ᠬᠡᠷᠡᠭᠲᠡᠶ᠃    ᠳᠥᠷᠪᠡ᠂ ᠳ᠋ᠥᠩᠨᠡᠯᠲᠡ    ᠲᠣᠰ ᠤᠳᠠᠭᠠᠨ ᠤ ᠭᠠᠵᠠᠷ ᠰᠢᠷᠣᠶ ᠶᠢ ᠲᠣᠬᠢᠷᠠᠭᠤᠯᠬᠤ ᠳᠤ ᠵᠠᠰᠠᠪᠤᠷᠢ ᠣᠷᠣᠭᠤᠯᠤᠭᠰᠠᠨ ᠨᠢ ᠤᠯᠤᠰ ᠤᠨ ᠬᠠᠮᠢᠶ᠎ᠠ ᠪᠥᠬᠦᠶ ᠵᠢᠷᠤᠮᠵᠢᠯ ᠪᠠ ᠮᠡᠷᠭᠡᠵᠢᠯ ᠤᠨ ᠲᠣᠭᠲᠠᠭᠠᠯ ᠶᠣᠰᠣᠭᠠᠷ ᠬᠢᠭᠰᠡᠨ ᠶᠤᠮ᠃ ᠤᠤᠯ ᠤᠨ ᠡᠵᠡᠮᠳᠡᠵᠦ ᠲᠣᠭᠲᠠᠭᠠᠭᠰᠠᠨ ᠤᠴᠢᠷ ᠰᠢᠯᠲᠠᠭᠠᠨ᠂ ᠲᠣᠭᠲᠠᠭᠠᠯ ᠳᠤ ᠵᠠᠰᠠᠪᠤᠷᠢ ᠣᠷᠣᠭᠤᠯᠤᠭᠰᠠᠨ ᠤᠴᠢᠷ ᠰᠢᠯᠲᠠᠭᠠᠨ᠂ ᠲᠣᠭᠲᠠᠭᠠᠯ ᠳᠤ ᠵᠠᠰᠠᠪᠤᠷᠢ ᠣᠷᠣᠭᠤᠯᠤᠭᠰᠠᠨ ᠨᠥᠯᠥᠭᠡ ᠶᠢᠨ ᠵᠠᠳᠠᠯᠤᠯᠲᠠ ᠪᠠᠷ ᠳᠡᠮᠵᠢᠨ᠂ ᠲᠦᠮᠡᠳ ᠵᠡᠭᠦᠨ ᠬᠤᠰᠢᠭᠤᠨ ᠤ ᠲᠠᠶᠢᠭ᠎ᠠ ᠮᠣᠳᠤ ᠪᠠᠯᠭᠠᠰᠤ ᠶᠢᠨ C15᠂ C18 ᠭᠠᠵᠠᠷ ᠤᠨ ᠭᠠᠵᠠᠷ ᠬᠡᠷᠡᠭᠯᠡᠬᠦ ᠰᠢᠨᠵᠢ ᠴᠢᠨᠠᠷ ᠵᠢᠴᠢ ᠭᠠᠵᠠᠷ ᠬᠡᠷᠡᠭᠯᠡᠬᠦ ᠭᠦᠢᠴᠡᠳᠬᠡᠯ ᠲᠤᠭ᠎ᠠ ᠵᠡᠷᠭᠡ ᠳᠤ ᠲᠣᠬᠢᠷᠠᠭᠤᠯᠤᠯᠲᠠ ᠬᠢᠬᠦ ᠨᠢ ᠴᠢᠬᠤᠯᠠ ᠶᠤᠮ᠂ ᠲᠣᠰ ᠤᠳᠠᠭᠠᠨ ᠤ ᠲᠣᠬᠢᠷᠠᠭᠤᠯᠤᠯᠲᠠ ᠳᠤ ᠨᠠᠩ ᠣᠯᠠᠨ ᠢᠳᠡᠪᠬᠢᠲᠡᠶ ᠵᠥᠪ ᠲᠠᠯ᠎ᠠ ᠶᠢᠨ ᠦᠷ᠎ᠡ ᠠᠰᠢᠭ ᠪᠣᠯᠤᠭᠰᠠᠨ ᠪᠠᠶᠢᠨ᠎ᠠ᠃    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠬᠢᠨᠠᠨ ᠪᠠᠶᠢᠴᠠᠭᠠᠬᠤ ᠶᠠᠮᠤᠨ ᠤ ︽ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠪᠠᠭᠲᠠᠭᠠᠮᠵᠢ ᠶᠢᠨ ᠨᠣᠷᠮ᠎ᠠ ᠶᠢᠨ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠶᠢ ᠴᠢᠩᠭᠠᠳᠬᠠᠬᠤ ᠲᠤᠬᠠᠶ ᠮᠡᠳᠡᠭᠳᠡᠯ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠪᠢᠴᠢᠭ ᠮᠠᠲ᠋ᠧᠷᠢᠶᠠᠯ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠬᠦ ᠲᠥᠰᠦᠯ ᠢ ᠵᠠᠷᠯᠠᠨ ᠨᠡᠶᠢᠲᠡᠯᠡᠬᠦ ᠬᠡᠷᠡᠭᠲᠡᠶ᠂ ᠬᠡᠷᠪᠡ ᠰᠠᠨᠠᠯ ᠲᠠᠢ ᠪᠣᠯ 2024 ᠣᠨ ᠤ 11 ᠳ᠋ᠦᠭᠡᠷ ᠰᠠᠷ᠎ᠠ ᠶᠢᠨ 7 ᠤ ᠡᠳᠦᠷ ᠠᠴᠠ ᠡᠮᠦᠨ᠎ᠡ ᠮᠠᠨ ᠤ ᠨᠢᠭᠡᠴᠡ ᠳᠤ ᠪᠢᠴᠢᠭ ᠤᠨ ᠬᠡᠯᠪᠡᠷᠢ ᠪᠠᠷ ᠲᠤᠰᠬᠠᠬᠤ ᠬᠡᠷᠡᠭᠲᠡᠶ᠃    ᠬᠦᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ᠄ ᠥᠪᠥᠷ ᠮᠣᠩᠭᠤᠯ ᠤᠨ ᠬᠥᠬᠡᠬᠤᠲᠠ ᠶᠢᠨ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ    ᠬᠠᠷᠢᠯᠴᠠᠬᠤ ᠤᠲᠠᠰᠤ᠄ 0471 - 3978108    ᠬᠠᠶ᠋ᠢᠭ᠄ ᠢᠯᠢ ᠶᠡᠭᠡ ᠵᠡᠭᠡᠯᠢ ᠶᠢᠨ ᠴᠡᠯᠡᠭᠡᠷ ᠲᠠᠯ᠎ᠠ ᠰᠦ ᠶᠢᠨ ᠦᠢᠯᠡᠰ ᠤᠨ ᠲᠣᠮᠣ ᠠᠰᠠᠷ    ᠵᠠᠷᠯᠠᠨ ᠨᠡᠶᠢᠲᠡᠯᠡᠬᠦ ᠴᠠᠭ᠄ 30 ᠡᠳᠦᠷ    ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ    ᠣᠨᠴᠠᠭᠠᠶᠢᠯᠠᠨ ᠵᠠᠷᠯᠠᠪᠠ    ᠥᠪᠥᠷ ᠣᠩᠭᠤᠯ ᠤᠨ ᠬᠥᠬᠡᠬᠤᠲᠠ ᠶᠢᠨ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ            2024 ᠣᠨ ᠤ 10 ᠰᠠᠷ᠎ᠠ ᠶᠢᠨ 8 ᠤ ᠡᠳᠦᠷ 
 
ᠢᠷᠡᠯᠲᠡ᠄ ᠥᠪᠥᠷ ᠮᠣᠩᠭᠤᠯ ᠤᠨ ᠬᠥᠬᠡᠬᠤᠲᠠ ᠶᠢᠨ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠪᠥᠲᠥᠭᠡᠨ ᠪᠠᠶᠢᠭᠤᠯᠤᠯ᠊
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号