ᠲᠦᠮᠡᠳ ᠵᠡᠭᠦᠨ ᠬᠤᠰᠢᠭᠤ 2024 ᠣᠨ ᠤ 1 - 9 ᠰᠠᠷ᠎ᠠ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠵᠠᠷᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2024/10/8
    ᠨᠢᠭᠡ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ    ︵ᠨᠢᠭᠡ︶ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠶᠢᠨ ᠶᠡᠷᠦᠩᠬᠡᠢ ᠪᠡᠶᠡᠯᠡᠭᠦᠯᠦᠭᠰᠡᠨ ᠪᠠᠶᠢᠳᠠᠯ    2024 ᠣᠨ ᠤ 1 - 9 ᠰᠠᠷ᠎ᠠ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 175887 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠦᠪ ᠤᠨ ᠣᠷᠣᠯᠭ᠎ᠠ ᠶᠢᠨ ᠡᠭᠦᠷᠭᠡ ᠶᠢ 228634 ᠲᠦᠮᠡᠨ ᠲᠥᠭᠦᠷᠢᠭ ᠤᠨ 76.93% ᠪᠠᠷ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 19741 ᠲᠦᠮᠡᠨ ᠲᠥᠭᠦᠷᠢᠭ ᠨᠡᠮᠡᠭᠳᠡᠵᠦ᠂ 12.64% ᠪᠠᠷ ᠨᠡᠮᠡᠭᠳᠡᠪᠡ᠃ ᠡᠭᠦᠨ ᠳᠤ᠄ ᠭᠠᠶᠢᠯᠢ ᠲᠠᠲᠠᠪᠤᠷᠢ ᠶᠢᠨ ᠣᠷᠣᠯᠭ᠎ᠠ 152743 ᠲᠦᠮᠡᠨ ᠲᠥᠭᠦᠷᠢᠭ ᠢ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 86.84% ᠶᠢ ᠡᠵᠡᠯᠡᠪᠡ᠃    ︵ᠬᠤᠶᠠᠷ︶ ᠡᠩ ᠤᠨ ᠣᠯᠠᠨ ᠨᠡᠶᠢᠲᠡ ᠶᠢᠨ ᠲᠥᠰᠥᠪ ᠤᠨ ᠭᠠᠶᠢᠯᠢ ᠶᠢᠨ ᠲᠦᠷᠦᠯ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ    ᠦᠷᠳᠡᠭ ᠨᠡᠮᠡᠭᠳᠡᠯ ᠤᠨ ᠭᠠᠶᠢᠯᠢ 67961 ᠲᠦᠮᠡᠨ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.46% ᠪᠠᠷ ᠨᠡᠮᠡᠭᠳᠡᠪᠡ᠃    ᠬᠤᠶᠠᠷ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ    ︵ᠨᠢᠭᠡ︶ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠶᠡᠷᠦᠩᠬᠡᠢ ᠪᠡᠶᠡᠯᠡᠭᠦᠯᠦᠭᠰᠡᠨ ᠪᠠᠶᠢᠳᠠᠯ    1 - 9 ᠰᠠᠷ᠎ᠡ ᠳᠤ ᠪᠦᠬᠦ ᠬᠤᠰᠢᠭᠤᠨ ᠤ ᠡᠩ ᠤᠨ ᠤᠯᠠᠨ ᠨᠡᠶᠢᠳᠡ ᠶᠢᠨ ᠲᠦᠰᠦᠪ ᠤᠨ ᠵᠠᠷᠤᠯᠭ᠎ᠠ ᠨᠡᠶᠢᠳᠡ 361042 ᠲᠦᠮᠡᠨ ᠲᠦᠬᠦᠷᠢᠭ ᠪᠡᠶᠡᠯᠡᠬᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5010 ᠲᠦᠮᠡᠨ ᠲᠦᠬᠦᠷᠢᠭ ᠨᠡᠮᠡᠭᠳᠡᠵᠦ᠂ 1.41% ᠪᠠᠷ ᠨᠡᠮᠡᠭᠳᠡᠪᠡ᠃ ᠭᠤᠣᠯᠳᠠᠯᠭ᠎ᠠ ᠲᠠᠢ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ᠄ ᠰᠤᠷᠭᠠᠨ ᠬᠥᠮᠦᠵᠢᠯ ᠤᠨ ᠵᠠᠷᠤᠯᠭ᠎ᠠ 48810 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 17.71% ᠪᠠᠷ ᠨᠡᠮᠡᠭᠳᠡᠪᠡ᠃    ︵ᠬᠤᠶᠠᠷ︶ ᠡᠩ ᠤᠨ ᠣᠯᠠᠨ ᠨᠡᠶᠢᠲᠡ ᠶᠢᠨ ᠲᠦᠰᠦᠪ ᠤᠨ ᠵᠠᠷᠤᠯᠭ᠎ᠠ ᠶᠢᠨ ᠳᠡᠰ ᠬᠤᠪᠢᠶᠠᠭᠰᠠᠨ ᠪᠠᠶᠢᠳᠠᠯ    ᠬᠤᠰᠢᠭᠤᠨ ᠤ ᠲᠣᠰ ᠱᠠᠲᠤᠨ ᠳᠤ ᠨᠡᠶᠢᠲᠡ 290168 ᠲᠦᠮᠡᠨ ᠲᠥᠭᠦᠷᠢᠭ ᠵᠠᠷᠤᠴᠠᠭᠤᠯᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 42053 ᠲᠦᠮᠡᠨ ᠲᠥᠭᠦᠷᠢᠭ ᠪᠠᠭᠠᠰᠴᠤ᠂ 12.66% ᠪᠠᠷ ᠪᠠᠭᠤᠷᠠᠪᠠ᠃
 
ᠢᠷᠡᠯᠲᠡ᠄ ᠲᠦᠮᠡᠳ ᠵᠡᠬᠦᠨ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号