ᠲᠦᠮᠡᠳ ᠵᠡᠭᠦᠨ ᠬᠤᠰᠢᠭᠤ 2024 ᠣᠨ ᠤ 1 - 10 ᠰᠠᠷ᠎ᠠ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠵᠠᠷᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2024/11/1
   ᠨᠢᠭᠡ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ    2024 ᠣᠨ ᠤ 1 - 10 ᠰᠠᠷ᠎ᠠ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 19.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠡᠭᠦᠷᠭᠡ 22.9 ᠳ᠋ᠦᠩᠰᠢᠭᠤᠷ ᠲᠥᠭᠦᠷᠢᠭ ᠤᠨ 86.4% ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.4 ᠳ᠋ᠦᠩᠰᠢᠭᠤᠷ ᠲᠥᠭᠦᠷᠢᠭ ᠨᠡᠮᠡᠭᠳᠡᠵᠦ᠂ 8.1% ᠪᠠᠷ ᠨᠡᠮᠡᠭᠳᠡᠪᠡ᠃ ᠡᠭᠦᠨ ᠳᠤ᠄ ᠭᠠᠶᠢᠯᠢ ᠲᠠᠲᠠᠪᠤᠷᠢ ᠶᠢᠨ ᠣᠷᠣᠯᠭ᠎ᠠ 17.2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 87.4% ᠶᠢ ᠡᠵᠡᠯᠡᠪᠡ ᠃ ᠭᠠᠶᠢᠯᠢ ᠶᠢᠨ ᠪᠤᠰᠤ ᠣᠷᠣᠯᠭ᠎ᠠ 2.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 12.6% ᠶᠢ ᠡᠵᠡᠯᠡᠪᠡ᠃ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ ᠶᠡᠷᠦᠩᠬᠡᠶ ᠬᠡᠮᠵᠢᠶ᠎ᠡ ᠨᠢ ᠪᠥᠬᠦ ᠬᠤᠲᠠ ᠶᠢᠨ ᠠᠷᠪᠠᠨ ᠨᠢᠭᠡᠨ ᠬᠤᠰᠢᠭᠤ ᠰᠢᠶᠠᠨ ᠲᠣᠭᠤᠷᠢᠭ ᠤᠨ ᠳᠣᠲᠣᠷ᠎ᠠ ᠳᠥᠷᠪᠡᠳᠦᠭᠡᠷ ᠲᠤ ᠵᠢᠭᠰᠠᠭᠠᠭᠳᠠᠵᠤ᠂ ᠨᠡᠮᠡᠭᠳᠡᠯ ᠤᠨ ᠬᠡᠮᠵᠢᠶ᠎ᠡ ᠨᠢ ᠲᠠᠪᠤᠳᠤᠭᠠᠷ ᠲᠤ ᠵᠢᠭᠰᠠᠭᠠᠭᠳᠠᠪᠠ᠃    ᠬᠤᠶᠠᠷ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ    1 - 10 ᠰᠠᠷ᠎ᠠ ᠳᠤ᠂ ᠪᠦᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠨᠡᠶᠢᠲᠡ 39.5 ᠳ᠋ᠦᠩᠰᠢᠭᠤᠷ ᠲᠥᠭᠦᠷᠢᠭ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.09 ᠳ᠋ᠦᠩᠰᠢᠭᠤᠷ ᠲᠥᠭᠦᠷᠢᠭ ᠨᠡᠮᠡᠭᠳᠡᠵᠦ᠂ 0.23% ᠨᠡᠮᠡᠭᠳᠡᠪᠡ᠃ ᠭᠤᠤᠯᠳᠠᠯᠭ᠎ᠠ ᠲᠠᠢ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ᠄ ᠰᠤᠷᠭᠠᠨ ᠬᠥᠮᠦᠵᠢᠯ ᠤᠨ ᠵᠠᠷᠤᠯᠭ᠎ᠠ 5.4 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 16.7% ᠪᠠᠷ ᠨᠡᠮᠡᠭᠳᠡᠪᠡ᠃ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 7.9 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.3% ᠪᠠᠷ ᠪᠠᠭᠤᠷᠠᠪᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 2.2 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 22.7% ᠪᠠᠷ ᠨᠡᠮᠡᠭᠳᠡᠪᠡ᠃ ᠲᠠᠷᠢᠶᠠᠯᠠᠩ ᠣᠶ ᠰᠢᠭᠤᠶ ᠤᠰᠤᠨ ᠤ ᠵᠠᠷᠤᠯᠭ᠎ᠠ 5.7 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.76 % ᠪᠠᠷ ᠪᠠᠭᠤᠷᠠᠪᠠ᠃
 
ᠢᠷᠡᠯᠲᠡ᠄ ᠡᠳ᠋ ᠤᠨ ᠵᠠᠰᠠᠭ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号